︽ᠦᠨᠳᠦᠰᠦᠨ ᠱᠠᠲᠤᠨ ᠤ ᠵᠡᠮᠳᠡᠭᠴᠦᠳ ᠤᠨ ᠨᠡᠶᠢᠭᠡᠮᠯᠢᠭ ᠤᠨ ᠪᠠᠶᠢᠳᠠᠯ︾  ᠫᠠ ᠢᠦᠢ ᠱᠦ ᠭᠠᠴᠠᠭᠠᠨ ᠤ ᠵᠡᠮᠳᠡᠭᠴᠦᠳ ᠤᠨ ᠨᠡᠶᠢᠭᠡᠮᠯᠢᠭ ᠤᠨ ᠲᠤᠰᠬᠠᠢ ᠵᠥᠪᠯᠡᠯ ᠨᠢ ᠵᠡᠮᠳᠡᠭᠴᠦᠳ ᠤᠨ ᠨᠠᠶᠢᠳᠠᠪᠤᠷᠢᠲᠠᠢ ︽ᠭᠡᠷ ᠤᠨ ᠬᠥᠮᠥᠰ︾᠎ ᠢ ᠰᠠᠶᠢᠲᠤᠷ ᠬᠢᠵᠡᠢ
ᠨᠡᠶᠢᠲᠡᠯᠡᠭᠰᠡᠨ ᠴᠠᠭ᠄
2024/1/8
          ︽ᠠᠨᠢᠶ᠎ᠠ ᠲᠣᠯᠣᠭᠠᠢ ᠥᠨᠳᠡᠢᠨ᠂ ᠨᠢᠳᠦ ᠪᠠᠨ ᠠᠨᠢᠪᠠᠯᠵᠠᠨ᠎ᠠ ︾  ᠂ ᠣᠶᠢᠷ᠎ᠠ ᠳᠤ᠂ ᠵᠢᠪᠬᠤᠯᠠᠩᠲᠤ ᠰᠤᠮᠤ ᠶᠢᠨ ᠢᠦᠢ ᠱᠤ᠋ ᠭᠠᠴᠠᠭ᠎ᠠ ᠳᠤ ᠰᠠᠭᠤᠵᠤ ᠪᠠᠶᠢᠭ᠎ᠠ ᠵᠡᠮᠳᠡᠭ ᠬᠥᠮᠥᠨ ᠰᠥᠩ ᠡᠵᠢ ᠵᠡᠮᠳᠡᠭᠴᠦᠳ ᠤᠨ ᠲᠤᠰᠬᠠᠢ ᠲᠤᠰᠢᠶᠠᠯᠲᠤ ᠭᠡᠰᠢᠭᠦᠨ ᠳ᠋ᠧᠦ ᠦ᠋ ᠯᠢᠩ ᠤᠨ ᠬᠠᠪᠰᠤᠷᠤᠯᠭ᠎ᠠ ᠳᠣᠣᠷ᠎ᠠ ᠲᠡᠭᠦᠨ ᠤ ᠨᠡᠶᠢᠭᠡᠮ ᠤᠨ ᠪᠠᠲᠤᠯᠠᠭ᠎ᠠ ᠶᠢᠨ ᠭᠡᠷᠡᠴᠢᠯᠡᠯ ᠢ ᠤᠷᠤᠭᠰᠢᠲᠠᠢ ᠪᠡᠶᠡᠯᠡᠭᠦᠯᠪᠡ᠃
1704705745161059125.png
        2020 ᠣᠨ ᠳᠤ ᠳ᠋ᠧᠦ ᠦ᠋ ᠯᠢᠩ ᠫᠠ ᠢᠦᠢ ᠱᠣ᠋ ᠭᠠᠴᠠᠭᠠᠨ ᠤ ᠵᠡᠮᠳᠡᠭᠴᠦᠳ ᠤᠨ ᠲᠤᠰᠬᠠᠢ ᠲᠤᠰᠢᠶᠠᠯᠲᠤ ᠭᠡᠰᠢᠭᠦᠨ ᠪᠣᠯᠵᠤ᠂ ᠬᠠᠷᠢᠶᠠᠲᠤ ᠣᠷᠣᠨ ᠤ ᠵᠡᠮᠳᠡᠭᠴᠦᠳ ᠲᠤ ᠨᠠᠩ ᠰᠠᠶᠢᠨ ᠦᠢᠯᠡᠴᠢᠯᠡᠭᠡ ᠬᠠᠩᠭᠠᠬᠤ ᠶᠢᠨ ᠲᠥᠯᠥᠭᠡ᠂ ᠵᠡᠮᠳᠡᠭᠴᠦᠳ ᠨᠢᠭᠡᠪᠦᠷᠢ ᠶᠢᠨ ᠪᠠᠶᠢᠳᠠᠯ ᠢ ᠣᠨᠣᠪᠴᠢᠲᠠᠶ ᠡᠵᠡᠮᠰᠢᠵᠦ᠂ ᠵᠡᠮᠳᠡᠭᠴᠦᠳ ᠤᠨ ᠡᠯ᠎ᠡ ᠵᠦᠢᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠦᠨ᠎ᠡ᠂ ᠲᠡᠷᠡ ᠲᠣᠭᠲᠠᠮᠠᠯ ᠬᠤᠭᠤᠴᠠᠭ᠎ᠠ ᠲᠠᠢ ᠪᠠᠷ ᠬᠠᠷᠢᠶ᠎ᠠ ᠣᠷᠣᠨ ᠤ ᠵᠡᠮᠳᠡᠭᠴᠦᠳ ᠲᠤ ᠡᠷᠦᠬᠡ ᠳᠤ ᠬᠦᠷᠴᠦ ᠬᠠᠷᠢᠭᠤ ᠰᠤᠷᠪᠤᠯᠵᠢᠯᠠᠬᠤ ᠠᠵᠢᠯ ᠢ ᠬᠢᠵᠦ᠂ ᠰᠠᠷ᠎ᠠ ᠪᠦᠷᠢ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠵᠡᠮᠳᠡᠭᠴᠦᠳ ᠲᠤ ᠭᠡᠷ ᠲᠤᠨᠢ ᠬᠦᠷᠴᠦ ᠭᠡᠷᠡᠴᠢᠯᠡᠬᠦ ᠦᠢᠯᠡᠴᠢᠯᠡᠭᠡ ᠬᠠᠩᠭᠠᠵᠤ᠂ ᠬᠦᠴᠢᠷᠳᠡᠯᠲᠡᠢ ᠵᠡᠮᠳᠡᠭᠴᠦᠳ ᠲᠤ ᠠᠮᠢᠳᠤᠷᠠᠯ ᠤᠨ ᠨᠥᠬᠦᠪᠦᠷᠢ ᠭᠤᠶᠤᠴᠢᠯᠠᠵᠤ᠂ ᠵᠡᠮᠳᠡᠭᠴᠦᠳ ᠢ ᠠᠰᠠᠷᠠᠨ ᠰᠤᠪᠢᠯᠠᠬᠤ ᠨᠥᠬᠦᠪᠦᠷᠢ ᠭᠤᠶᠤᠴᠢᠯᠠᠵᠤ᠂ ᠵᠡᠮᠳᠡᠭᠴᠦᠳ ᠲᠤ ᠨᠠᠮ ᠤᠨ ᠵᠡᠮᠳᠡᠭᠴᠦᠳ ᠢ ᠲᠤᠰᠠᠯᠠᠵᠤ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠦᠷᠲᠡᠭᠡᠭᠰᠡᠨ ᠪᠠᠶᠢᠨ᠎ᠠ᠃ ᠲᠡᠷᠡ ᠭᠠᠴᠠᠭᠠᠨ ᠤ ᠵᠡᠮᠳᠡᠭᠴᠦᠳ ᠨᠢᠭᠡᠪᠦᠷᠢ ᠳᠤ ᠬᠦᠷᠴᠦ᠂ ᠰᠡᠳᠬᠢᠯ ᠲᠠᠯᠪᠢᠨ ᠠᠵᠢᠯ ᠢᠶᠠᠨ ᠵᠡᠮᠳᠡᠭᠴᠦᠳ ᠤᠨ ᠠᠮᠢᠳᠤᠷᠠᠯ ᠳᠤ ᠠᠭᠤᠰᠬᠠᠪᠠ᠃        ᠳ᠋ᠧᠦ ᠦ᠋ ᠯᠢᠩ ᠦᠨ ᠳᠣᠲᠣᠨᠣ ᠦᠢᠯᠡᠴᠢᠯᠡᠭᠡ ᠬᠠᠷᠢᠶᠠᠲᠤ ᠣᠷᠣᠨ ᠤ ᠵᠡᠮᠳᠡᠭᠴᠦᠳ ᠦᠨ ᠵᠥᠪᠱᠢᠶᠡᠷᠡᠯ ᠢ ᠣᠯᠵᠤ᠂ ᠶᠡᠭᠡ ᠶᠠᠪᠤᠳᠠᠯ ᠪᠠᠭ᠎ᠠ ᠬᠠᠶᠢᠷ᠎ᠠ ᠨᠠᠶᠢᠷ ᠦᠭᠡᠢ᠂ ᠵᠡᠮᠳᠡᠭᠴᠦᠳ ᠬᠦᠴᠢᠷᠳᠡᠯ ᠲᠤᠯᠭᠠᠷᠠᠪᠠᠯ ᠪᠦᠷ ᠲᠡᠭᠦᠨ ᠢ ᠡᠷᠢᠵᠦ ᠬᠠᠪᠰᠤᠷᠤᠨ᠎ᠠ᠃ ᠦᠨᠳᠦᠰᠦᠨ ᠱᠠᠲᠤᠨ ᠤ ᠵᠡᠮᠳᠡᠭᠴᠦᠳ ᠤᠨ ᠨᠡᠶᠢᠭᠡᠮᠯᠢᠭ ᠤᠨ ᠠᠵᠢᠯᠲᠠᠨ ᠪᠣᠯᠤᠭᠰᠠᠨ ᠤ ᠬᠤᠪᠢ ᠳᠤ᠂ ᠳ᠋ᠧᠦ ᠦ᠋ ᠯᠢᠩ ᠢᠮᠠᠭᠲᠠ ᠴᠢᠩ ᠦᠨᠡᠨᠴᠢ ᠰᠡᠳᠬᠢᠯ ᠢᠶᠠᠷ ᠨᠠᠮ ᠤᠨ ᠵᠡᠮᠳᠡᠭᠴᠦᠳ ᠢ ᠬᠠᠪᠰᠤᠷᠤᠨ ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠰᠤᠷᠤᠯᠴᠠᠨ ᠲᠤᠤᠱᠯᠠᠭᠤᠯᠵᠤ᠂ ᠵᠡᠮᠳᠡᠭᠴᠦᠳ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠵᠦ᠂ ᠵᠡᠮᠳᠡᠭᠴᠦᠳ ᠪᠣᠯᠣᠨ ᠵᠠᠰᠠᠭ ᠤᠨ ᠣᠷᠳᠣᠨ ᠤ ᠬᠤᠭᠤᠷᠣᠨᠳᠤ ᠨᠢᠭᠡ ᠨᠢᠭᠡ ᠪᠠᠷ ᠨᠡᠪᠲᠡᠷᠡᠯᠴᠡᠬᠦ ᠬᠥᠭᠦᠷᠭᠡ ᠲᠠᠯᠪᠢᠵᠤ᠂ ᠵᠡᠮᠳᠡᠭᠴᠦᠳ ᠤᠨ ᠨᠠᠶᠢᠳᠠᠪᠤᠷᠢᠲᠠᠢ ︽ᠭᠡᠷ ᠤᠨ ᠬᠥᠮᠥᠰ︾᠎ ᠢ ᠰᠠᠶᠢᠲᠤᠷ ᠬᠢᠭᠰᠡᠨ ᠪᠠᠶᠢᠨ᠎ᠠ᠃                ᠡᠬᠡ ᠪᠢᠴᠢᠭ ᠲᠤᠭᠤᠷᠪᠢᠭᠴᠢ᠄ ᠳ᠋ᠧᠦ ᠦ᠋ ᠯᠢᠩ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号