ᠡᠷᠴᠢ ᠵᠣᠷᠢᠭ ᠢᠶᠠᠨ ᠬᠥᠪᠴᠢᠯᠡᠵᠦ᠂ ᠦᠨᠡᠨᠴᠢ ᠰᠢᠳᠤᠷᠭᠤ ᠪᠠᠷ ᠴᠢᠷᠮᠠᠶᠢᠬᠤ ᠳᠤ ᠬᠤᠶᠢᠷᠭᠤᠰᠢᠬᠤ ᠦᠭᠡᠢ ᠪᠠᠶᠢᠵᠤ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠨᠢ ᠬᠥᠮᠥᠨ ᠤ ᠪᠠᠭ᠋ᠠᠷᠬᠠᠯ ᠢ ᠲᠠᠲᠠᠨ᠎ᠠ
ᠨᠡᠶᠢᠲᠡᠯᠡᠭᠰᠡᠨ ᠴᠠᠭ᠄
2024/1/8
        ᠴᠠᠭ ᠮᠥᠴᠡ ᠠᠭᠠᠵᠢᠮ ᠠᠭᠠᠵᠢᠮ ᠠᠭᠠᠵᠢᠮ ᠥᠩᠭᠡᠷᠡᠵᠦ᠂ ᠨᠢᠳᠦ ᠢᠷᠮᠡᠬᠦ ᠶᠢᠨ ᠵᠠᠭᠤᠷ᠎ᠠ 2023 ᠣᠨ ᠨᠢᠭᠡᠨᠲᠡ ᠶᠠᠭᠠᠷᠠᠤ ᠰᠠᠨᠳᠤᠷᠤᠤ ᠣᠳᠴᠠᠢ︕ ᠥᠩᠭᠡᠷᠡᠭᠰᠡᠨ ᠨᠢᠭᠡ ᠵᠢᠯ ᠳᠤ᠂ ᠪᠢᠳᠡ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠳᠡᠭᠡᠳᠦ ᠱᠠᠲᠤᠨ ᠤ ᠵᠡᠮᠳᠡᠭᠴᠦᠳ ᠤᠨ ᠬᠤᠯᠪᠤᠭ᠎ᠠ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠵᠢᠴᠢ ᠪᠦᠭᠦ ᠣᠷᠣᠨ ᠤ ᠡᠯ᠎ᠡ ᠵᠡᠮᠳᠡᠭᠴᠦᠳ ᠤᠨ ᠠᠵᠢᠯ ᠤᠨ ᠵᠥᠪᠯᠡᠯ ᠨᠢᠭᠡᠴᠡ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠬᠦᠴᠦᠲᠡᠢ ᠳᠡᠮᠵᠢᠯᠭᠡ ᠳᠣᠣᠷ᠎ᠠ᠂ ᠠᠵᠢᠯ ᠤᠨ ᠳᠤᠮᠳᠠ ᠪᠠᠨ ᠨᠢᠭᠡ ᠠᠴᠠ ᠨᠢᠭᠡᠨ ᠰᠠᠶᠢᠨ ᠠᠮᠵᠢᠯᠲᠠ ᠣᠯᠵᠤ᠂ ᠵᠡᠮᠳᠡᠭᠴᠦᠳ ᠤᠨ ᠦᠢᠯᠡᠳᠪᠦᠷᠢᠯᠡᠯ ᠠᠮᠢᠳᠤᠷᠠᠯ ᠤᠨ ᠬᠢᠷᠢ ᠬᠡᠮᠵᠢᠶ᠎ᠡ ᠨᠢ ᠵᠡᠮᠳᠡᠭᠴᠦᠳ ᠢ ᠲᠤᠰᠠᠯᠠᠵᠤ ᠵᠡᠮᠳᠡᠭᠴᠦᠳ ᠢ ᠬᠠᠷᠠᠭᠠᠯᠵᠠᠵᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠣᠷ᠎ᠠ ᠲᠠᠰᠤᠷᠠᠯᠲᠠ ᠦᠭᠡᠢ ᠳᠡᠭᠡᠭᠰᠢᠯᠡᠵᠦ᠂ ᠵᠡᠮᠳᠡᠭᠴᠦᠳ ᠤᠨ ᠦᠢᠯᠡᠰ ᠲᠦᠷᠭᠡᠨ ᠬᠥᠭᠵᠢᠪᠡ᠃          2023᠂ ᠪᠢᠳᠡ‌‍ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠵᠠᠢ᠃ ᠡᠨᠡ ᠨᠢᠭᠡ ᠵᠢᠯ ᠳᠤ᠂ ᠪᠢᠳᠡ ᠤᠯᠤᠰ ᠲᠥᠷᠥ ᠶᠢᠨ ᠰᠤᠷᠤᠯᠴᠠᠯᠭ᠎ᠠ ᠶᠢ ᠠᠵᠢᠯ ᠤᠨ ᠴᠢᠭᠯᠡᠯ ᠢᠶᠠᠨ ᠲᠥᠪ ᠪᠤᠯᠭᠠᠬᠤ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠱᠤᠭᠤᠬᠤ ᠪᠠᠷ ᠭᠤᠣᠯ ᠰᠢᠵᠢᠮ ᠪᠤᠯᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠪᠠ ᠪᠤᠭᠤᠲᠤ ᠶᠢᠨ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠥᠪᠯᠡᠷᠡᠭᠦᠯᠦᠨ᠂ ᠰᠤᠷᠤᠯᠴᠠᠬᠤ ᠰᠡᠳᠬᠢᠴᠡ ᠪᠠᠷ ᠨᠡᠪᠲᠡᠷᠡᠯᠴᠡᠭᠦᠯᠬᠦ᠂ ᠢᠲᠡᠭᠡᠯ ᠢᠶᠠᠷ ᠨᠢᠭᠡᠳᠬᠡᠬᠦ ᠶᠢ ᠪᠠᠷᠢᠮᠲᠠᠯᠠᠵᠤ᠂ ᠰᠤᠷᠤᠯᠴᠠᠯᠭ᠎ᠠ ᠪᠠᠷ ᠣᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠲᠥᠪ ᠰᠤᠷᠲᠠᠯ ᠢ ᠳᠡᠭᠡᠭᠰᠢᠯᠡᠭᠦᠯᠭᠦ᠂ ᠰᠤᠷᠤᠯᠴᠠᠯᠭ᠎ᠠ ᠪᠠᠷ ᠠᠵᠢᠯ ᠬᠢᠬᠦ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠠᠮᠵᠢᠯᠲᠠ ᠪᠦᠲᠦᠮᠵᠢ ᠣᠯᠬᠤ ᠪᠠᠷ ᠴᠢᠷᠮᠠᠶᠢᠵᠤ᠂ ᠵᠡᠮᠳᠡᠭᠴᠦᠳ ᠢ ᠲᠤᠰᠠᠯᠠᠬᠤ ᠨᠠᠮ ᠤᠨ ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠶᠢᠵᠢᠭᠤᠯᠤᠨ ᠤᠬᠠᠭᠤᠯᠵᠤ᠂ ᠵᠡᠮᠳᠡᠭᠴᠦᠳ ᠨᠢᠭᠡᠪᠦᠷᠢ ᠳᠤ ᠭᠦᠷᠲᠡᠯ᠎ᠡ ᠨᠠᠶᠢᠳᠠᠪᠤᠷᠢᠵᠢᠭᠤᠯᠤᠨ᠎ᠠ᠃ 
1704697150323080046.jpg
        2023 ᠣᠨ ᠳᠤ᠂ ᠪᠢᠳᠡ ᠤᠬᠠᠭᠤᠯᠭ᠎ᠠ ᠶᠢᠨ ᠠᠵᠢᠯ ᠢ ᠣᠯᠠᠨ ᠶᠠᠩᠵᠤ ᠶᠢᠨ ᠬᠡᠯᠪᠡᠷᠢ ᠪᠠᠷ ᠥᠷᠨᠢᠭᠦᠯᠵᠦ᠂ ᠵᠡᠮᠳᠡᠭᠴᠦᠳ ᠤᠨ ᠣᠶᠤᠨ ᠤ ᠰᠣᠶᠣᠯ ᠤᠨ ᠠᠮᠢᠳᠤᠷᠠᠯ ᠢ ᠲᠤᠶᠢᠯ ᠤᠨ ᠶᠡᠭᠡ ᠪᠠᠷ ᠪᠠᠶᠠᠯᠢᠭᠵᠢᠭᠤᠯᠪᠠ᠃ ᠡᠨᠡ ᠨᠢᠭᠡ ᠵᠢᠯ ᠳᠤ᠂ ᠮᠠᠨ ᠤ ᠲᠣᠭᠤᠷᠢᠭ ᠤᠨ ᠰᠢᠯᠢᠳᠡᠭ ᠵᠡᠮᠳᠡᠭ ᠲᠠᠮᠢᠷᠴᠢᠨ ᠰᠢᠦᠢ ᠰᠢᠶᠠᠩ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ 59 ᠺᠢᠯᠣᠭ᠍ᠷᠠᠮ ᠵᠢᠴᠢ ᠳᠣᠣᠷᠠᠳᠤ ᠱᠠᠲᠤᠨ ᠤ ᠬᠦᠨᠳᠦ ᠶᠢ ᠡᠷᠭᠦᠬᠦ ᠮᠠᠩᠯᠠᠶᠢᠯᠠᠵᠤ᠂ ᠨᠢᠭᠡ ᠠᠯᠲᠠᠨ ᠮᠧᠳᠠᠯ ᠢ ᠣᠯᠪᠠ︔ ᠪᠢᠳᠡ ︽ᠲᠠᠪᠤᠨ ᠨᠢᠭᠡ︾᠎ ᠶᠢᠨ ᠢᠨᠵᠧᠨᠧᠷᠢᠩ ᠢᠶᠠᠷ ᠠᠴᠢᠶᠠᠯᠠᠬᠤ ᠶᠢᠨ ᠲᠥᠯᠥᠭᠡ᠂ ︽ᠬᠠᠶᠢᠷᠠᠲᠤ ᠳᠤᠮᠳᠠᠳᠤ ᠤᠯᠤᠰ︾᠂ ︽ᠬᠤᠪᠢᠰᠬᠠᠯᠲᠤ ᠭᠡᠷ ᠤᠨ ᠪᠢᠴᠢᠭ︾᠂ ︽ᠯᠧᠢ ᠹᠧᠩ ᠦᠭᠡ ᠶᠢᠨ ᠲᠡᠮᠳᠡᠭᠯᠡᠯ︾᠂ ︽ᠡᠪ ᠬᠠᠮᠲᠤ ᠨᠠᠮ ᠤᠨ ᠲᠤᠩᠬᠠᠭ︾᠂ ︽ᠬᠤᠩ ᠰᠢᠩ ᠳᠤᠮᠳᠠᠳᠤ ᠤᠯᠤᠰ︾ ᠵᠡᠷᠭᠡ ᠨᠣᠮ ᠪᠢᠴᠢᠭ ᠢ 98 ᠬᠤᠪᠢ ᠲᠠᠷᠬᠠᠭᠠᠪᠠ︔ ᠪᠤᠭᠤᠲᠤ ᠬᠤᠲᠠ ᠶᠢᠨ ᠵᠡᠮᠳᠡᠭᠴᠦᠳ ᠤᠨ ᠬᠤᠯᠪᠣᠭ᠎ᠠ᠂ ᠪᠤᠭᠤᠲᠤ ᠶᠢᠨ ᠰᠣᠨᠢᠨ ᠮᠡᠳᠡᠭᠡᠨ ᠤ ᠰᠦᠯᠵᠢᠶ᠎ᠡ ᠳᠤ 2 ᠬᠤᠪᠢ᠂ ᠪᠤᠭᠤᠲᠤ ᠶᠢᠨ ᠰᠣᠨᠢᠨ ᠮᠡᠳᠡᠭᠡᠨ ᠤ ᠰᠦᠯᠵᠢᠶ᠎ᠡ ᠳᠤ 1 ᠬᠤᠪᠢ᠂ ᠪᠤᠭᠤᠲᠤ ᠶᠢᠨ ᠰᠣᠨᠢᠨ ᠮᠡᠳᠡᠭᠡᠨ ᠤ ᠰᠦᠯᠵᠢᠶ᠎ᠡ ᠳᠤ 1 ᠬᠤᠪᠢ᠂ ᠪᠤᠭᠤᠲᠤ ᠶᠢᠨ ᠰᠣᠨᠢᠨ ᠮᠡᠳᠡᠭᠡᠨ ᠤ ᠰᠦᠯᠵᠢᠶ᠎ᠡ ᠳᠤ 1 ᠬᠤᠪᠢ᠂ ᠰᠢᠭᠤᠶᠢᠲᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠤ 2 ᠬᠤᠪᠢ᠂ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠤ 2 ᠬᠤᠪᠢ᠂ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠤ 268 ᠬᠤᠪᠢ ᠬᠡᠷᠡᠭᠯᠡᠨ᠎ᠡ᠃
        2023 ᠣᠨ ᠳᠤ᠂ ᠪᠢᠳᠡ ᠰᠢᠪᠲᠤᠯᠤᠯᠲᠠ ᠶᠢᠨ ᠬᠤᠷᠳᠤᠴᠠ ᠪᠠᠷ ᠠᠵᠢᠯ ᠢᠶᠠᠨ ᠡᠬᠢᠯᠡᠭᠦᠯᠵᠦ᠂ ᠵᠡᠮᠳᠡᠭᠴᠦᠳ ᠤᠨ ᠠᠵᠢᠯ ᠢ ᠪᠣᠳᠠᠲᠠᠢ ᠭᠠᠵᠠᠷ ᠲᠤᠨᠢ ᠬᠢᠵᠦ᠂ ᠡᠮᠦᠨ᠎ᠡ ᠡᠩᠨᠡᠭᠡᠨ ᠳᠤ ᠶᠠᠪᠤᠭᠤᠯᠵᠠᠢ᠃ ᠡᠨᠡ ᠨᠢᠭᠡ ᠵᠢᠯ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠵᠡᠮᠳᠡᠭᠴᠦᠳ ᠤᠨ ᠦᠢᠯᠡᠰ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠭᠤᠷᠢ ᠰᠤᠮᠤ᠂ ᠪᠠᠲᠤ ᠵᠤᠤ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠪᠣᠯᠣᠨ ᠪᠦᠬᠦ ᠣᠷᠣᠨ ᠤ ᠡᠯ᠎ᠡ ᠵᠡᠮᠳᠡᠭᠴᠦᠳ ᠤᠨ ᠠᠵᠢᠯ ᠤᠨ ᠵᠥᠪᠯᠡᠯ ᠤᠨ ᠨᠢᠭᠡᠴᠡ ᠲᠠᠢ ᠬᠠᠮᠲᠤ ᠪᠠᠷ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ ᠪᠢᠳᠡ ᠵᠡᠮᠳᠡᠭᠴᠦᠳ ᠤᠨ ᠬᠠᠷᠢᠴᠠᠯ ᠢᠶᠠᠷ ᠠᠵᠢᠯ ᠣᠯᠭᠤᠬᠤ ᠪᠠ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢ ᠲᠠᠲᠠᠪᠤᠷᠢᠯᠠᠨ ᠬᠤᠷᠢᠶᠠᠬᠤ ᠵᠢᠴᠢ ᠬᠠᠷᠭᠤᠭᠤᠯᠤᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢᠨ ︽ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ︾᠎ ᠶᠢ ᠪᠡᠶᠡᠯᠡᠭᠦᠯᠵᠦ᠂ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢ ᠲᠠᠲᠠᠪᠤᠷᠢᠯᠠᠨ ᠬᠤᠷᠢᠶᠠᠬᠤ ᠠᠵᠢᠯ ᠤᠨ ᠲᠠᠯ᠎ᠠ ᠪᠠᠷ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠬᠦ ᠶᠢ ᠠᠬᠢᠭᠤᠯᠵᠤ᠂ ᠪᠦᠬᠦ ᠵᠢᠯ ᠳᠤ 398.3 ᠲᠦᠮᠡᠨ ᠲᠥᠭᠦᠷᠢᠭ ᠢ ᠬᠤᠷᠢᠶᠠᠨ ᠠᠪᠴᠤ ᠬᠥᠮᠥᠷᠭᠡ ᠳᠤ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 13.2 ᠲᠦᠮᠡᠨ ᠲᠥᠭᠦᠷᠢᠭ ᠨᠡᠮᠡᠭᠳᠡᠪᠡ︔ ᠪᠥᠬᠦ ᠬᠤᠲᠠ ᠳᠤ ᠵᠡᠮᠳᠡᠭᠴᠦᠳ ᠤᠨ ᠰᠠᠭᠤᠷᠢ ᠲᠤᠭ᠎ᠠ ᠪᠠᠷᠢᠮᠲᠠ ᠶᠢᠨ ᠬᠥᠳᠡᠯᠦᠩᠭᠦᠢ ᠰᠢᠨᠡᠴᠢᠯᠡᠯᠲᠡ ᠶᠢᠨ ᠠᠵᠢᠯ ᠢ ᠤᠷᠢᠳ ᠢᠶᠠᠷ ᠪᠡᠶᠡᠯᠡᠭᠦᠯᠪᠡ᠃
        2023᠂ ᠪᠢᠳᠡ ᠵᠡᠮᠳᠡᠭᠴᠦᠳ ᠤᠨ ᠬᠡᠷᠡᠭᠴᠡᠭᠡ ᠪᠠᠷ ᠭᠠᠷᠳᠠᠴᠠ ᠪᠣᠯᠭᠠᠵᠤ᠂ ︽ᠥᠪᠡᠷᠮᠢᠴᠡ ᠦᠢᠯᠡᠴᠢᠯᠡᠭᠡ︾᠎ ᠶᠢᠨ ᠵᠠᠷᠴᠢᠮ ᠶᠣᠰᠣᠭᠠᠷ᠂ ᠵᠡᠮᠳᠡᠭᠴᠦᠳ ᠤᠨ ᠬᠠᠮᠤᠭ ᠤᠨ ᠦᠨᠳᠦᠰᠦᠨ᠂ ᠬᠠᠮᠤᠭ ᠤᠨ ᠲᠤᠯᠭᠠᠮ ᠬᠡᠷᠡᠭᠴᠡᠭᠡ ᠶᠢ ᠭᠠᠷᠳᠠᠨ ᠰᠢᠢᠳᠪᠦᠷᠢᠯᠡᠪᠡ᠃ ᠡᠨᠡ ᠨᠢᠭᠡ ᠵᠢᠯ ᠳᠤ᠂ ᠪᠢᠳᠡ ᠲᠥᠷᠥᠯ ᠬᠤᠪᠢᠶᠠᠨ ︽ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾᠎ ᠶᠢ ᠪᠠᠷᠢᠮᠲᠠᠯᠠᠵᠤ᠂ ᠠᠳᠠᠯᠢ ᠪᠤᠰᠤ ᠵᠡᠮᠳᠡᠭᠴᠦᠳ ᠤᠨ ᠵᠡᠮᠳᠡᠭ ᠤᠨ ᠬᠡᠮᠵᠢᠶ᠎ᠡ ᠪᠠ ᠬᠤᠪᠢ ᠬᠥᠮᠥᠨ ᠤ ᠬᠡᠷᠡᠭᠴᠡᠭᠡ ᠶᠢ ᠦᠨᠳᠦᠰᠦᠯᠡᠨ ᠥᠪᠡᠷᠮᠢᠴᠡ ᠬᠡᠷᠡᠭᠵᠢᠭᠦᠯᠬᠦ ᠲᠥᠰᠥᠯ ᠢ ᠲᠣᠭᠲᠠᠭᠠᠵᠤ᠂ 36 ᠲᠦᠮᠡᠨ ᠲᠥᠭᠦᠷᠢᠭ ᠤᠨ ᠪᠡᠯᠡ ᠣᠷᠣᠭᠤᠯᠵᠤ 52 ᠵᠡᠮᠳᠡᠭᠴᠦᠳ ᠤᠨ ᠭᠡᠷ ᠪᠦᠯᠢ ᠳᠤ ᠭᠡᠷ ᠤᠨ ᠳᠣᠲᠣᠷᠠᠬᠢ᠂ ᠭᠡᠷ ᠤᠨ ᠭᠠᠳᠠᠨᠠᠬᠢ ᠨᠠᠯᠠᠤ ᠵᠠᠮ ᠵᠢᠴᠢ ᠨᠢᠭᠡ ᠦᠰᠦᠭ ᠤᠨ ᠲᠦᠰᠢᠭᠦᠷᠢ᠂ ᠨᠢᠭᠤᠴᠠ ᠨᠣᠮᠧᠷ ᠤᠨ ᠢᠷᠲᠦ ᠪᠠᠭᠠᠵᠢ ᠶᠢᠨ ᠬᠠᠶᠢᠷ᠎ᠠ᠂ ᠣᠷᠣᠨ ᠰᠢᠯᠵᠢᠭᠦᠯᠬᠦ ᠮᠠᠰᠢᠨ᠂ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠵᠡᠷᠭᠡ ᠶᠢ ᠰᠠᠭᠠᠳ ᠦᠭᠡᠢ ᠥᠭᠡᠷᠡᠴᠢᠯᠡᠪᠡ︔ ᠪᠢᠳᠡ ︽ᠨᠡᠷᠡᠨ ᠬᠡᠷᠡᠯᠳᠦ ᠭᠡᠷ ᠣᠷᠣᠨ︾᠎ ᠤ ᠲᠥᠷᠥᠯ ᠵᠦᠢᠯ ᠢ ᠶᠡᠬᠡᠪᠡᠷ ᠬᠡᠷᠡᠭᠵᠢᠭᠦᠯᠵᠦ᠂ ᠡᠯ᠎ᠡ ᠲᠥᠷᠥᠯ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠲᠦᠰᠢᠭᠯᠡᠨ 18 ᠨᠡᠷᠡᠰ ᠤᠷᠲᠤ ᠬᠤᠭᠤᠴᠠᠭ᠎ᠠ ᠪᠠᠷ ᠠᠰᠠᠷᠠᠨ ᠲᠡᠵᠢᠭᠡᠬᠦ ᠴᠢᠬᠤᠯᠠᠲᠠᠢ ᠣᠶᠤᠨ᠂ ᠣᠶᠤᠨ ᠰᠠᠨᠠᠭ᠎ᠠ ᠪᠠ ᠬᠦᠨᠳᠦ ᠨᠣᠴᠢᠲᠠᠢ ᠮᠥᠴᠢ ᠪᠡᠶ᠎ᠡ ᠶᠢᠨ ᠬᠦᠴᠢᠷᠳᠡᠯᠲᠡᠢ ᠵᠡᠮᠳᠡᠭᠴᠦᠳ ᠲᠤ ᠲᠥᠪᠯᠡᠷᠡᠭᠦᠯᠦᠨ ᠠᠰᠠᠷᠠᠨ ᠲᠡᠵᠢᠭᠡᠬᠦ ᠦᠢᠯᠡᠴᠢᠯᠡᠭᠡ ᠬᠠᠩᠭᠠᠪᠠ︔ ᠵᠡᠮᠳᠡᠭᠴᠦᠳ ᠤᠨ ᠶᠠᠪᠤᠵᠤ ᠰᠠᠭᠤᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠪᠢᠳᠡ 401 ᠵᠡᠮᠳᠡᠭ ᠬᠥᠮᠥᠨ ᠳᠤ 0.468 ᠲᠦᠮᠡᠨ ᠲᠥᠭᠦᠷᠢᠭ ᠤᠨ ᠬᠠᠶᠢᠷ᠎ᠠ ᠬᠠᠯᠠᠮᠵᠢ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠠᠷᠲ ᠣᠯᠭᠤᠪᠠ᠃
        2023᠂ ᠠᠷᠠᠳ ᠲᠦᠮᠡᠨ ᠤ ᠰᠡᠳᠬᠢᠯ ᠢ ᠬᠥᠳᠡᠯᠭᠡᠵᠦ᠂ ᠵᠡᠮᠳᠡᠭᠴᠦᠳ ᠤᠨ ᠰᠤᠷᠤᠯᠭ᠎ᠠ ᠪᠠ ᠠᠵᠢᠯ ᠣᠯᠭᠤᠯᠲᠠ ᠳᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠢ᠃ ᠡᠨᠡ ᠨᠢᠭᠡ ᠵᠢᠯ ᠳᠤ᠂ ᠪᠢᠳᠡ 2.3 ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠵᠤ᠂ 10 ᠵᠡᠮᠳᠡᠭᠴᠦᠳ ᠤᠨ ᠭᠡᠷ ᠪᠦᠯᠢ ᠶᠢᠨ ᠰᠤᠷᠤᠭᠴᠢᠳ ᠵᠢᠴᠢ ᠵᠡᠮᠳᠡᠭ ᠣᠶᠤᠲᠠᠳ ᠲᠤ ︽ᠶᠡᠭᠡ ᠰᠤᠷᠭᠠᠭᠤᠯᠢ ᠶᠢᠨ ᠵᠡᠭᠦᠳᠦ︾᠎ ᠶᠢ ᠰᠠᠶᠢᠲᠤᠷ ᠲᠡᠷᠭᠡᠯᠰᠢᠭᠦᠯᠬᠦ ᠳᠤ ᠬᠦᠴᠦᠨ ᠨᠡᠮᠡᠷᠢᠯᠡᠪᠡ︔ ︽ᠪᠤᠭᠤᠲᠤ ᠬᠤᠲᠠ ᠶᠢᠨ ᠵᠡᠮᠳᠡᠭᠴᠦᠳ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠥᠬᠦ ᠲᠣᠭᠤᠷᠢᠭ ᠤᠨ 30 ᠵᠣᠬᠢᠴᠠᠩᠭᠤᠢ ᠬᠡᠷᠡᠭᠴᠡᠭᠡ ᠲᠠᠢ ᠦᠨᠡᠮᠯᠡᠯ ᠲᠠᠢ ᠵᠡᠮᠳᠡᠭᠴᠦᠳ ᠲᠤ ᠪᠣᠣᠪᠤ ᠬᠠᠭᠰᠠᠭᠠᠬᠤ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠢᠭᠰᠡᠨ ᠪᠥᠭᠡᠳ ᠬᠤᠶᠠᠷ ᠬᠥᠮᠥᠨ ᠳᠤ ᠠᠵᠢᠯ ᠣᠯᠭᠤᠬᠤ ᠶᠢ ᠪᠡᠶᠡᠯᠡᠭᠦᠯᠪᠡ︔ 2.6 ᠲᠦᠮᠡᠨ ᠲᠥᠭᠦᠷᠢᠭ ᠣᠷᠣᠭᠤᠯᠵᠤ᠂ ᠪᠠᠲᠤ ᠵᠤᠤ ᠪᠠᠯᠭᠠᠰᠤᠨ ᠤ 20 ᠦᠨᠡᠮᠯᠡᠯ ᠲᠠᠢ ᠵᠡᠮᠳᠡᠭᠴᠦᠳ ᠲᠤ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠪᠣᠯᠪᠠᠰᠤᠷᠠᠯ ᠬᠦᠷᠲᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ︔ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠵᠣᠯᠭᠠᠭᠤᠯᠵᠤ᠂ ᠵᠡᠮᠳᠡᠭᠴᠦᠳ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠮᠡᠭᠳᠡᠭᠦᠯᠪᠡ︔ ᠬᠠᠷᠢᠶᠠᠲᠤ ᠣᠷᠣᠨ ᠤ ᠠᠵᠤ ᠠᠬᠤᠶᠢᠯᠠᠯ ᠳᠤ ᠭᠡᠷ ᠲᠤᠨᠢ ᠬᠦᠷᠴᠦ ᠤᠬᠠᠭᠤᠯᠬᠤ ᠪᠠ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠵᠡᠮᠳᠡᠭᠴᠦᠳ ᠤᠨ ᠠᠵᠢᠯ ᠣᠯᠭᠤᠯᠲᠠ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ︔ ᠬᠤᠲᠠ ᠪᠠᠯᠭᠠᠰᠤᠨ ᠳᠤ 30 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠶᠢᠨ ᠳᠣᠣᠷᠠᠬᠢ ᠡᠭᠦᠷᠭᠡ ᠶᠢ ᠪᠡᠶᠡᠯᠡᠭᠦᠯᠦᠭᠰᠡᠨ ᠨᠣᠷᠮ᠎ᠠ ᠨᠢ 157.89 %᠎ ᠳᠤ ᠬᠦᠷᠴᠦ᠂ ᠬᠥᠳᠡᠭᠡ ᠲᠣᠰᠬᠤᠨ ᠳᠤ 14 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠶᠢᠨ ᠳᠣᠣᠷᠠᠬᠢ ᠡᠭᠦᠷᠭᠡ ᠶᠢ ᠪᠡᠶᠡᠯᠡᠭᠦᠯᠦᠭᠰᠡᠨ ᠨᠣᠷᠮ᠎ᠠ ᠨᠢ 175 %᠎ ᠳᠤ ᠬᠦᠷᠴᠡᠢ᠃
        2023 ᠣᠨ ᠳᠤ᠂ ᠪᠢᠳᠡ ︽ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠬᠤ︾᠂ ︽ᠲᠣᠬᠢᠷᠠᠭᠤᠯᠪᠠᠰᠤ ᠵᠣᠬᠢᠬᠤ ᠶᠢ ᠨᠢ ᠪᠦᠬᠦᠨ ᠢ ᠲᠣᠬᠢᠷᠠᠭᠤᠯᠬᠤ︾᠎ ᠪᠠᠷ ᠬᠠᠷᠠᠯᠲᠠ ᠪᠣᠯᠭᠠᠵᠤ᠂ ᠵᠡᠮᠳᠡᠭᠴᠦᠳ ᠤᠨ ᠴᠢᠨᠠᠷ ᠰᠠᠶᠢᠲᠠᠢ ᠠᠮᠢᠳᠤᠷᠠᠯ ᠢ ᠪᠠᠲᠤᠯᠠᠨ᠎ᠠ᠃ ᠡᠨᠡ ᠵᠢᠯ ᠳᠤ᠂ 8.12 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠡᠷᠡᠭᠦᠯᠵᠢᠭᠦᠯᠬᠦ ᠬᠡᠷᠡᠭᠴᠡᠭᠡ ᠪᠦᠬᠦᠢ 9 ᠬᠡᠦᠬᠡᠳ ᠲᠤ ᠡᠷᠡᠭᠦᠯᠵᠢᠭᠦᠯᠵᠦ ᠠᠪᠤᠷᠠᠨ ᠲᠤᠰᠠᠯᠠᠪᠠ︔ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠴᠠᠭᠠᠨ ᠬᠠᠷᠠᠩ ᠢ ᠡᠷᠡᠭᠦᠯᠵᠢᠭᠦᠯᠵᠦ ᠠᠪᠤᠷᠠᠨ ᠲᠤᠰᠠᠯᠠᠬᠤ 4 ᠲᠥᠷᠥᠯ ᠵᠦᠢᠯ ᠢ ᠭᠦᠢᠴᠡᠳᠬᠡᠪᠡ︔ 3.4 ᠲᠦᠮᠡᠨ ᠲᠥᠭᠦᠷᠢᠭ ᠤᠨ ᠪᠡᠯᠡ ᠣᠷᠣᠭᠤᠯᠵᠤ ᠬᠠᠷᠢᠶ᠎ᠠ ᠣᠷᠣᠨ ᠤ ᠪᠠᠨ 113 ᠦᠨᠡᠮᠯᠡᠯ ᠲᠠᠢ ᠵᠡᠮᠳᠡᠭᠴᠦᠳ ᠲᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠪᠡ︔ 3.1 ᠲᠦᠮᠡᠨ ᠲᠥᠭᠦᠷᠢᠭ ᠤᠨ ᠪᠡᠯᠡ ᠣᠷᠣᠭᠤᠯᠵᠤ 75 ᠨᠠᠰᠤᠨ ᠠᠴᠠ ᠳᠡᠭᠡᠭᠰᠢᠬᠢ 91 ᠡᠷᠦᠬᠡ ᠳᠤ ᠴᠢᠰᠤᠨ ᠳᠠᠷᠤᠯᠲᠠ ᠶᠢᠨ ᠬᠡᠮᠵᠢᠭᠦᠷ᠂ ᠸᠢᠷᠦ᠋ᠰ ᠢ ᠡᠰᠡᠷᠭᠦᠴᠡᠬᠦ ᠰᠢᠩᠭᠡᠨ᠂ ᠲᠦᠷᠭᠡᠨ ᠦᠷ᠎ᠡ ᠠᠰᠢᠭᠲᠤ ᠵᠢᠷᠦᠬᠡ ᠶᠢ ᠠᠪᠤᠷᠠᠬᠤ ᠡᠮ ᠵᠡᠷᠭᠡ ᠡᠮ ᠤᠨ ᠪᠠᠭᠠᠵᠢ ᠬᠡᠷᠡᠭᠰᠡᠯ ᠢ ᠪᠠᠭᠲᠠᠭᠠᠭᠰᠠᠨ ᠲᠦᠷᠭᠡᠨ ᠠᠪᠤᠷᠠᠬᠤ ᠪᠣᠭᠴᠣ ᠣᠯᠭᠤᠪᠠ︔ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ 100 ᠵᠡᠮᠳᠡᠭᠴᠦᠳ ᠲᠤ ᠰᠠᠶᠢᠨ ᠳᠤᠷ᠎ᠠ ᠶᠢᠨ ᠬᠦᠷᠳᠦᠲᠦ ᠰᠠᠨᠳᠠᠯᠢ᠂ ᠥᠨᠳᠥᠷ ᠲᠦᠰᠢᠯᠭᠡᠲᠦ ᠬᠦᠷᠳᠦᠲᠦ ᠰᠠᠨᠳᠠᠯᠢ᠂ ᠠᠪᠢᠶᠠᠨ ᠤ ᠴᠠᠬᠢᠯᠭᠠᠨ ᠲᠣᠭᠤᠭ᠎ᠠ᠂ ᠰᠣᠨᠣᠷ ᠲᠤᠳᠤᠤᠡᠬᠠᠭᠤᠷ ᠵᠡᠷᠭᠡ ᠲᠤᠰᠠᠯᠠᠬᠤ ᠪᠠᠭᠠᠵᠢ ᠬᠡᠷᠡᠭᠰᠡᠯ ᠢ ᠣᠯᠭᠤᠵᠤ᠂ ᠤᠳᠤ ᠨᠢᠭᠡᠨᠲᠡ ᠠᠯᠬᠤᠮ ᠠᠯᠬᠤᠮ ᠢᠶᠠᠷ ᠲᠠᠷᠬᠠᠭᠠᠵᠠᠢ᠃
1704697887033090985.jpg
        2023᠂ ᠪᠢᠳᠡ ᠰᠢᠨ᠎ᠡ ᠶᠢ ᠡᠭᠦᠳᠦᠨ ᠬᠥᠭᠵᠢᠭᠦᠯᠵᠦ᠂ ᠵᠡᠮᠳᠡᠭᠴᠦᠳ ᠤᠨ ᠵᠣᠯ ᠵᠢᠷᠭᠠᠯᠲᠤ ᠠᠮᠢᠳᠤᠷᠠᠯ ᠤᠨ ᠰᠠᠶᠢᠨ ᠰᠠᠶᠢᠬᠠᠨ ᠬᠠᠭᠤᠳᠠᠰᠤ ᠶᠢ ᠰᠡᠳᠬᠢᠯ ᠲᠠᠯᠪᠢᠨ ᠵᠢᠷᠤᠭᠯᠠᠨ᠎ᠠ᠃ ᠡᠨᠡ ᠨᠢᠭᠡ ᠵᠢᠯ ᠳᠤ᠂ ᠪᠢᠳᠡ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠤᠨ ᠲᠣᠭᠤᠷᠢᠨ ᠳᠤ ᠠᠷᠠᠳ ᠤᠨ ᠠᠮᠢᠳᠤᠷᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤᠯᠠᠨ᠂ ᠵᠣᠯ ᠵᠢᠷᠭᠠᠯ ᠤᠨ ᠥᠨᠳᠥᠷ ᠱᠤᠭᠤᠮ ᠢ ᠳᠡᠭᠡᠭᠰᠢᠯᠡᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠲᠣᠬᠤᠨᠢᠭᠤᠯᠬᠤ ᠬᠡᠯᠪᠡᠷᠢ ᠪᠠᠷ 277 ᠨᠡᠷᠡᠰ ᠬᠠᠷᠢᠶᠠᠲᠤ ᠣᠷᠣᠨ ᠤ ᠬᠦᠴᠢᠷᠳᠡᠯᠲᠡᠢ ᠵᠡᠮᠳᠡᠭᠴᠦᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠡᠶᠢᠲᠡ 14 ᠲᠦᠮᠡᠨ ᠲᠥᠭᠦᠷᠢᠭ ᠤᠨ ᠲᠣᠬᠤᠨᠢᠭᠤᠯᠬᠤ ᠮᠥᠩᠭᠦ ᠬᠦᠷᠭᠡᠪᠡ︔ ᠪᠢᠳᠡ ᠰᠢᠭᠤᠶᠢᠲᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠪᠤᠭᠤᠲᠤ ᠬᠤᠲᠠ ᠶᠢᠨ ᠵᠢᠷᠭᠤᠳᠤᠭᠠᠷ ᠡᠮᠨᠡᠯᠭᠡ ᠶᠢᠨ ᠬᠤᠷᠢᠶ᠎ᠠ᠂ ᠵᠢᠦ ᠶᠤᠸᠠᠨ ᠴᠤᠤ ᠵᠢᠦᠢ ᠨᠢᠳᠦᠨ ᠤ ᠡᠮᠨᠡᠯᠭᠡ ᠶᠢᠨ ᠬᠤᠷᠢᠶ᠎ᠠ᠂ ᠤᠯᠤᠰ ᠤᠨ ᠡᠮ ᠤᠨ ᠤᠮᠠᠷᠠᠲᠤ ᠶᠢᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠡᠮᠳᠡᠭᠴᠦᠳ ᠢ ᠰᠢᠯᠭᠠᠷᠠᠭᠤᠯᠵᠤ ᠦᠨᠡᠮᠯᠡᠯ ᠭᠦᠢᠴᠡᠳᠬᠡᠬᠦ ᠠᠷᠭ᠎ᠠ ᠵᠠᠮ ᠢᠶᠠᠨ ᠴᠢᠷᠮᠠᠶᠢᠨ ᠥᠷᠭᠡᠳᠬᠡᠵᠦ᠂ ᠡᠮᠨᠡᠯᠭᠡ ᠶᠢᠨ ᠬᠤᠷᠢᠶ᠎ᠠ ᠳᠤ 7 ᠤᠳᠠᠭ᠎ᠠ ᠲᠥᠪᠯᠡᠷᠡᠭᠦᠯᠦᠨ ᠦᠨᠡᠯᠡᠨ ᠲᠣᠭᠲᠠᠭᠠᠵᠤ᠂ 160 ᠬᠥᠮᠥᠨ ᠳᠤ ᠵᠡᠮᠳᠡᠭ ᠤᠨ ᠰᠢᠯᠭᠠᠨ ᠲᠣᠭᠲᠠᠭᠠᠯᠲᠠ ᠬᠢᠵᠦ᠂ ᠶᠠᠪᠤᠵᠤ ᠰᠠᠭᠤᠬᠤ ᠳᠤ ᠳᠥᠭᠦᠮ ᠦᠭᠡᠢ 9 ᠵᠡᠮᠳᠡᠭᠴᠦᠳ ᠲᠤ ᠭᠡᠷ ᠲᠤᠨᠢ ᠬᠦᠷᠴᠦ ᠵᠡᠮᠳᠡᠭ ᠤᠨ ᠦᠨᠡᠯᠡᠯᠲᠡ ᠬᠢᠵᠦ᠂ ᠨᠡᠶᠢᠲᠡ 153 ᠵᠡᠮᠳᠡᠭᠴᠦᠳ ᠲᠤ ᠵᠡᠮᠳᠡᠭᠴᠦᠳ ᠤᠨ ᠦᠨᠡᠮᠯᠡᠯ ᠣᠯᠭᠤᠪᠠ᠃
        ᠵᠠᠮ ᠤᠳᠠᠭᠠᠨ ᠮᠥᠷᠲᠡᠭᠡᠨ ᠤᠷᠲᠤ᠂  ᠶᠠᠪᠤᠪᠠᠯ ᠬᠥᠷᠥᠨ᠎ᠡ᠃ 2024 ᠣᠨ ᠳᠤ᠂ ᠪᠢᠳᠡ ᠦᠷᠭᠦᠯᠵᠢᠯᠡᠨ ᠡᠷᠴᠢ ᠵᠣᠷᠢᠭ ᠢᠶᠠᠨ ᠬᠥᠪᠴᠢᠯᠡᠨ ᠰᠢᠨ᠎ᠡ ᠴᠠᠭ ᠦᠶ᠎ᠡ ᠶᠢᠨ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃ ᠢᠷᠡᠬᠦ‍ ᠨᠢᠭᠡ ᠵᠢᠯ ᠳᠤ᠂ ᠪᠢᠳᠡ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠵᠡᠮᠳᠡᠭᠴᠦᠳ ᠢ ᠠᠪᠤᠷᠠᠨ ᠲᠤᠰᠠᠯᠠᠬᠤ ᠠᠵᠢᠯᠯᠠᠭ᠎ᠠ ᠶᠢᠨ ᠲᠥᠯᠥᠪᠯᠡᠭᠡ ᠶᠢ ᠤᠯᠠᠮ ᠨᠢᠭᠡ ᠠᠯᠬᠤᠮ ᠯᠠᠪᠳᠠᠭᠤᠨ ᠪᠠᠲᠤᠲᠠᠢ ᠠᠬᠢᠭᠤᠯᠵᠤ᠂ ᠵᠡᠮᠳᠡᠭᠴᠦᠳ ᠤᠨ ᠡᠷᠡᠭᠦᠯᠵᠢᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠵᠡᠮᠳᠡᠭᠴᠦᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠵᠡᠮᠳᠡᠭᠴᠦᠳ ᠢ ᠬᠥᠮᠥᠨ ᠤ ᠬᠦᠴᠦ ᠪᠠᠷ ᠪᠥᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠠᠷ ᠰᠢᠨ᠎ᠡ ᠠᠮᠢᠵᠢᠷᠠᠯ ᠤᠨ ᠬᠦᠴᠦᠨ ᠪᠣᠯᠭᠠᠵᠤ᠂ ᠬᠥᠮᠥᠨ ᠰᠣᠶᠣᠯ ᠤᠨ ᠬᠠᠯᠠᠮᠵᠢᠯᠠᠯ ᠤᠨ ᠬᠠᠮᠤᠭ ᠤᠨ ᠶᠡᠭᠡ ᠰᠢᠨ᠎ᠡ ᠬᠢᠯᠠᠰ ᠴᠡᠭ ᠪᠣᠯᠭᠠᠬᠤ ᠪᠠᠷ ᠴᠢᠷᠮᠠᠶᠢᠨ᠎ᠠ᠃        ᠨᠣᠣᠷᠠᠭ ᠵᠣᠬᠢᠶᠠᠭᠴᠢ᠄ ᠼᠦᠢ ᠬᠤᠢ ᠮᠢᠨ
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号