ᠡᠮᠴᠢᠯᠡᠭᠡᠨ ᠤ ᠪᠠᠲᠤᠯᠠᠭ᠎ᠠ ᠪᠣᠯ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ | ᠵᠦᠢᠯ ᠢ ᠪᠠᠲᠤᠯᠠᠬᠤ ᠴᠢᠨᠠᠷᠲᠠᠶ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠠᠷᠠᠳ ᠤᠨ | ᠠᠮᠢᠳᠤᠷᠠᠯ ᠢ ᠪᠠᠲᠤᠯᠠᠬᠤ᠂ ᠠᠷᠠᠳ ᠤᠨ ᠬᠦᠴᠦᠨ ᠢ ᠬᠠᠳᠠᠭᠠᠯᠠᠬᠤ ᠴᠢᠬᠤᠯᠠ ᠠᠷᠭ᠎ᠠ ᠪᠠᠷᠢᠯ ᠮᠥᠨ᠃ ᠳᠠᠭᠠᠳᠬᠠᠯ ᠳᠤ | ᠣᠷᠣᠯᠴᠠᠭᠰᠠᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠳᠠᠭᠠᠳᠬᠠᠯ ᠳᠤ | ᠣᠷᠣᠯᠴᠠᠭᠰᠠᠨ ᠠᠵᠢᠯᠲᠠᠨ ᠠᠵᠢᠯᠴᠢᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠵᠦ᠂ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠲᠤᠰᠢᠶᠠᠬᠤ ᠶᠣᠰᠣᠲᠠᠶ ᠶᠢ ᠨᠢ ᠴᠥᠮ | ᠲᠤᠰᠢᠶᠠᠵᠤ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠣᠶᠢᠷ᠎ᠠ ᠳᠤ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠨᠢᠭᠡᠳᠦᠯᠲᠡᠶ ᠲᠣᠬᠢᠷᠠᠭᠤᠯᠤᠨ ᠪᠠᠶᠢᠷᠢᠯᠠᠭᠤᠯᠵᠤ᠂ ︽ᠦᠯᠡᠳᠡᠭᠡᠯ ᠬᠡᠮᠵᠢᠶ᠎ᠡ ᠶᠢ ᠪᠠᠲᠤᠯᠠᠬᠤ | ᠂ ᠨᠡᠮᠡᠭᠳᠡᠯ ᠤᠨ ᠬᠡᠮᠵᠢᠶ᠎ᠡ ᠶᠢ ᠳᠡᠭᠡᠭᠰᠢᠯᠡᠭᠦᠯᠬᠦ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ᠵᠢᠵᠢᠭ ᠬᠡᠯᠪᠡᠷᠢ᠂ | ᠪᠢᠴᠢᠯ ᠬᠡᠯᠪᠡᠷᠢ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠤ ᠠᠬᠤᠶᠢᠯᠠᠯ ᠢᠶᠠᠷ ᠭᠤᠤᠯᠳᠠᠯᠭ᠎ᠠ ᠪᠣᠯᠭᠠᠵᠤ᠂ | ᠪᠠᠭ᠎ᠠ ᠪᠠᠷ ᠣᠯᠠᠨ ᠢ ᠳᠠᠶᠢᠴᠢᠯᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠶᠡᠬᠡᠪᠡᠷ ᠳᠥᠯᠭᠢᠨ ᠠᠬᠢᠭᠤᠯᠪᠠ᠃ | | ᠨᠢᠭᠡᠳᠦᠯᠲᠡᠶ ᠲᠣᠬᠢᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠶᠢ ᠬᠠᠮᠵᠢᠯᠴᠠᠨ | ᠥᠷᠨᠢᠭᠦᠯᠪᠡ | ᠡᠮᠴᠢᠯᠡᠭᠡᠨ ᠤ ᠳᠠᠭᠠᠳᠬᠠᠯ ᠤᠨ ᠲᠠᠰᠤᠭ᠂ ᠰᠢᠭᠤᠶᠢᠲᠤ ᠲᠣᠭᠤᠷᠢᠭ ᠤᠨ ᠬᠥᠳᠡᠯᠮᠦᠷᠢ ᠠᠵᠢᠯᠲᠠᠨ ᠤ | ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ᠂ ᠨᠡᠶᠢᠭᠡᠮ ᠤᠨ ᠪᠠᠲᠤᠯᠠᠭ᠎ᠠ ᠶᠢᠨ ᠲᠥᠪ ᠵᠡᠷᠭᠡ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠲᠤᠰᠬᠠᠶ | ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠠᠷᠢᠶᠠᠲᠤ ᠣᠷᠣᠨ ᠤ ᠳᠣᠲᠣᠷᠠᠬᠢ ᠠᠵᠤ ᠠᠬᠤᠶᠢᠯᠠᠯ ᠳᠤ ᠡᠳᠦᠷ | ᠲᠤᠲᠤᠮ ᠤᠨ ᠰᠤᠷᠪᠤᠯᠵᠢᠯᠠᠬᠤ ᠠᠵᠢᠯ ᠢ ᠥᠷᠨᠢᠭᠦᠯᠪᠡ᠃ ᠠᠵᠤ ᠠᠬᠤᠶᠢᠯᠠᠯ ᠢ ᠡᠵᠡᠩᠨᠡᠯᠲᠡ ᠶᠢᠨ ᠦᠨᠡᠮᠯᠡᠯ᠂ | ᠳᠠᠩᠰᠠ ᠪᠠᠶᠢᠭᠤᠯᠤᠭᠰᠠᠨ ᠪᠠᠩᠬᠢ ᠶᠢᠨ ᠵᠥᠪᠰᠢᠶᠡᠷᠡᠯ ᠤᠨ ᠦᠨᠡᠮᠯᠡᠯ᠂ ᠴᠠᠯᠢᠩ ᠤᠨ ᠬᠦᠰᠦᠨᠦᠭᠲᠦ᠂ ᠬᠤᠪᠢ | ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠰᠦᠢᠳᠬᠡᠯ ᠲᠤᠰᠢᠶᠠᠬᠤ ᠨᠠᠷᠢᠨ ᠬᠦᠰᠦᠨᠦᠭᠲᠦ ᠵᠡᠷᠭᠡ ᠮᠠᠲ᠋ᠧᠷᠢᠶᠠᠯ ᠢ | ᠬᠠᠩᠭᠠᠯᠭᠠᠬᠤ ᠪᠠᠷ ᠳᠠᠮᠵᠢᠭᠤᠯᠤᠨ᠂ ᠰᠦᠢᠳᠬᠡᠯ ᠲᠤᠰᠢᠶᠠᠬᠤ ᠨᠢᠭᠡᠴᠢ ᠶᠢᠨ ᠠᠵᠢᠯᠲᠠᠨ ᠠᠵᠢᠯᠴᠢᠨ ᠤ ᠲᠤᠭ᠎ᠠ ᠪᠠ | ᠴᠠᠯᠢᠩ ᠣᠯᠭᠤᠭᠰᠠᠨ ᠬᠥᠮᠦᠨ ᠤ ᠲᠤᠭ᠎ᠠ ᠶᠢ ᠨᠢ ᠣᠶᠢᠯᠭᠠᠵᠠᠢ᠃ ᠡᠮ ᠡᠮᠨᠡᠯᠭᠡ ᠶᠢᠨ ᠪᠠᠲᠤᠯᠠᠭ᠎ᠠ ᠶᠢᠨ ᠮᠡᠳᠡᠭᠡ | ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠢ ᠨᠢᠭᠡᠨᠲᠡ | ᠲᠤᠰᠢᠶᠠᠭᠰᠠᠨ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠨ ᠨᠡᠷ᠎ᠡ ᠶᠢ ᠬᠥᠲᠥᠯᠥᠨ ᠭᠠᠷᠭᠠᠵᠤ᠂ | ᠰᠤᠷᠪᠤᠯᠵᠢᠯᠠᠭᠰᠠᠨ ᠠᠵᠤ ᠠᠬᠤᠶᠢᠯᠠᠯ ᠤᠨ ᠴᠠᠯᠢᠩ ᠤᠨ ᠬᠦᠰᠦᠨᠦᠭᠲᠦ ᠲᠠᠢ ᠨᠢᠭᠡᠳ ᠨᠢᠭᠡ ᠪᠠᠷ ᠬᠠᠷᠭᠤᠭᠤᠯᠵᠤ᠂ | ᠲᠣᠰ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠦᠬᠦᠨ ᠢᠶᠠᠷ ᠢᠶᠠᠨ ᠳᠠᠭᠠᠳᠬᠠᠯ ᠳᠤ ᠣᠷᠣᠯᠴᠠᠭᠰᠠᠨ ᠥᠬᠡᠶ᠂ | ᠴᠠᠭ ᠲᠤᠬᠠᠶ ᠳᠤᠨᠢ ᠡᠮ ᠡᠮᠨᠡᠯᠭᠡ ᠶᠢᠨ ᠳᠠᠭᠠᠳᠬᠠᠯ ᠲᠤᠰᠢᠶᠠᠭᠰᠠᠨ ᠥᠬᠡᠶ ᠵᠡᠷᠭᠡ ᠪᠠᠶᠢᠳᠠᠯ ᠣᠷᠣᠰᠢᠵᠤ ᠪᠠᠶᠢᠬᠤ | ᠡᠰᠡᠬᠦ ᠶᠢ ᠣᠶᠢᠯᠠᠭᠠᠭᠰᠠᠨ ᠪᠥᠭᠡᠳ ᠲᠡᠮᠳᠡᠭᠯᠡᠪᠡ᠃ ᠬᠠᠮᠢᠶ᠎ᠠ ᠪᠥᠬᠦᠶ ᠲᠠᠩᠰᠠ ᠡᠪᠬᠡᠮᠡᠯ ᠤᠨ ᠮᠠᠲ᠋ᠧᠷᠢᠶᠠᠯ ᠢ | ᠬᠠᠷᠭᠤᠭᠤᠯᠤᠨ ᠪᠠᠶᠢᠴᠠᠭᠠᠬᠤ᠂ ᠲᠤᠬᠠᠶ ᠶᠢᠨ ᠲᠠᠯᠠᠪᠤᠷ ᠲᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠵᠢᠯᠲᠠᠨ ᠠᠵᠢᠯᠴᠢᠨ ᠤ ᠲᠤᠰᠢᠶᠠᠬᠤ ᠶᠣᠰᠣᠲᠠᠶ ᠶᠢ ᠨᠢ ᠴᠥᠮ | ᠲᠤᠰᠢᠶᠠᠯᠭᠠᠵᠤ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠪᠡ᠃ | | ᠠᠵᠢᠯ ᠢᠶᠠᠨ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠶᠡᠬᠡᠪᠡᠷ | ᠤᠬᠠᠭᠤᠯᠪᠠ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠵᠤ ᠬᠡᠪᠴᠢᠶ᠎ᠡ ᠶᠢ ᠥᠷᠭᠡᠳᠬᠡᠬᠦ ᠠᠵᠢᠯ ᠢ ᠥᠷᠨᠢᠭᠦᠯᠬᠦ ᠶᠢᠨ ᠬᠠᠮᠲᠤ ᠡᠮ ᠡᠮᠨᠡᠯᠭᠡ ᠶᠢᠨ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠡᠮ | ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ᠂ ᠡᠮ ᠡᠮᠨᠡᠯᠭᠡ ᠶᠢᠨ | ᠳᠠᠭᠠᠳᠬᠠᠯ ᠤᠨ ᠭᠥᠷᠳᠡᠬᠦ ᠬᠠᠷᠠᠭᠠᠯᠵᠠᠯ᠂ ᠡᠮ ᠡᠮᠨᠡᠯᠭᠡ ᠶᠢᠨ ᠳᠠᠭᠠᠳᠬᠠᠯ ᠢ ᠬᠡᠷᠬᠢᠨ ᠬᠡᠷᠡᠭᠯᠡᠬᠦ ᠶᠢ ᠨᠠᠷᠢᠨ | ᠲᠠᠶᠢᠯᠪᠤᠷᠢᠯᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠳᠠᠭᠠᠳᠬᠠᠯ ᠳᠤ ᠣᠷᠣᠯᠴᠠᠭᠤᠯᠬᠤ ᠪᠠᠷ | ᠳᠠᠮᠵᠢᠭᠤᠯᠤᠨ ᠠᠵᠢᠯᠴᠢᠨ ᠬᠡᠷᠡᠭᠯᠡᠬᠦ᠂ ᠬᠠᠤᠯᠢ ᠶᠢ ᠰᠠᠬᠢᠵᠤ ᠡᠵᠡᠩᠨᠡᠬᠦ ᠶᠢ ᠵᠢᠷᠤᠮᠵᠢᠭᠤᠯᠵᠤ ᠪᠣᠯᠬᠤ ᠪᠠᠷ ᠪᠠᠷᠠᠬᠤ | ᠥᠬᠡᠶ ᠪᠠᠰᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠡᠷᠦᠩᠬᠡᠶᠢᠯᠡᠭᠰᠡᠨ ᠥᠪᠡᠷ ᠤᠨ ᠥᠷᠲᠡᠭ ᠢ ᠪᠠᠭᠤᠷᠠᠭᠤᠯᠵᠤ | ᠂ ᠠᠵᠢᠯᠴᠢᠨ ᠬᠡᠷᠡᠭᠯᠡᠬᠦ ᠠᠶᠤᠯ ᠲᠦᠭᠰᠢᠭᠦᠷᠢ ᠠᠴᠠ ᠵᠠᠶᠢᠯᠠᠰᠬᠢᠵᠦ᠂ ᠠᠵᠤ ᠠᠬᠤᠶᠢᠯᠠᠯ ᠤᠨ ᠠᠵᠢᠯᠲᠠᠨ ᠤ ᠲᠣᠭᠲᠠᠭᠤᠨ | ᠂ ᠠᠯᠤᠰ ᠬᠡᠲᠦ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ ︽ᠨᠠᠮᠠᠶᠢ ᠶᠢ ᠳᠠᠭᠠᠳᠬᠠᠯ ᠳᠤ | ᠣᠷᠣᠯᠴᠠᠭᠤᠯᠬᠤ︾ ᠪᠠᠶᠢᠭᠰᠠᠨ ᠠᠴᠠ ︽ᠪᠢ ᠳᠠᠭᠠᠳᠬᠠᠯ ᠳᠤ ᠣᠷᠣᠯᠴᠠᠬᠤ︾ ᠳᠠᠰᠢ ᠬᠤᠪᠢᠷᠠᠭᠤᠯᠬᠤ ᠶᠢ | ᠠᠬᠢᠭᠤᠯᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠲᠠᠰᠤᠭ ᠦᠷᠭᠦᠯᠵᠢᠯᠡᠨ ᠠᠵᠤ ᠠᠬᠤᠶᠢᠯᠠᠯ ᠤᠨ ᠦᠨᠳᠦᠰᠦᠨ | ᠱᠠᠲᠤᠨ ᠳᠤ ᠭᠦᠨᠵᠡᠭᠡᠶᠢᠷᠡᠵᠦ᠂ ᠠᠵᠢᠯᠲᠠᠨ ᠠᠵᠢᠯᠴᠢᠨ ᠲᠠᠢ ᠨᠢᠭᠤᠷᠲᠠᠨ ᠶᠠᠷᠢᠯᠴᠠᠵᠤ᠂ ᠠᠵᠢᠯᠲᠠᠨ ᠠᠵᠢᠯᠴᠢᠨ ᠳᠤ | ᠡᠮ ᠡᠮᠨᠡᠯᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠪᠠ ᠲᠠᠩᠰᠠ ᠲᠠᠶᠢᠯᠬᠤ ᠶᠠᠪᠤᠴᠠ ᠶᠢ ᠭᠦᠢᠴᠡᠳ | ᠣᠶᠢᠯᠠᠭᠠᠭᠤᠯᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ | ᠲᠤᠬᠠᠶ ᠢᠲᠡᠭᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠲᠢᠺ ᠲᠣᠺ᠂ ᠣᠯᠠᠨ | ᠨᠡᠶᠢᠲᠡ ᠶᠢᠨ ᠸᠢᠴᠠᠲ ᠲᠠᠪᠴᠠᠩ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢ ᠤᠬᠠᠭᠤᠯᠵᠤ᠂ ᠳᠠᠭᠠᠳᠬᠠᠯ ᠳᠤ ᠣᠷᠣᠯᠴᠠᠬᠤ ᠲᠠᠲᠠᠬᠤ ᠬᠦᠴᠦᠨ ᠢ ᠴᠢᠩᠭᠠᠷᠠᠭᠤᠯᠤᠨ᠂ ᠠᠵᠢᠯᠲᠠᠨ | ᠠᠵᠢᠯᠴᠢᠨ ᠣᠯᠠᠨ ᠲᠦᠮᠡᠨ ᠳᠤ ︽ᠲᠣᠳᠣᠷᠬᠠᠶ ᠲᠠᠩᠰᠠ︾ ᠶᠢ ᠰᠠᠶᠢᠲᠤᠷ ᠪᠤᠳᠤᠵᠤ᠂ ᠠᠵᠢᠯᠲᠠᠨ ᠠᠵᠢᠯᠴᠢᠨ ᠤ | ᠳᠠᠭᠠᠳᠬᠠᠯ ᠳᠤ ᠣᠷᠣᠯᠴᠠᠬᠤ ᠤᠬᠠᠮᠰᠠᠷ ᠢ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠳᠠᠭᠠᠳᠬᠠᠯ ᠳᠤ | ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠤᠨ ᠠᠬᠢᠴᠠ ᠶᠢᠨ ᠪᠠᠶᠢᠳᠠᠯ ᠢ ᠨᠢᠭᠲᠠ ᠠᠩᠬᠠᠷᠴᠤ᠂ ᠠᠰᠠᠭᠤᠳᠠᠯ ᠢ | ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠨ᠎ᠡ᠃ | | |