ᠰᠢᠭᠤᠶᠢᠲᠤ ᠵᠡᠭᠡᠯᠢ ᠭᠤᠳᠤᠮᠵᠢ ᠶᠢᠨ ︽ᠭᠤᠷᠪᠠ ᠶᠢ ᠴᠢᠩᠭᠠᠳᠬᠠᠬᠤ︾ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/10/15
        ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠠᠭᠠᠯᠠᠵᠤ᠂ ᠨᠢᠭᠡ ᠭᠠᠵᠠᠷ ᠣᠷᠣᠨ ᠤ ᠠᠮᠤᠷ ᠲᠣᠭᠲᠠᠭᠤᠨ ᠢ ᠪᠠᠲᠤᠯᠠᠵᠤ᠂ ᠨᠢᠭᠡ ᠭᠠᠵᠠᠷ ᠣᠷᠣᠨ ᠤ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ︽ᠭᠤᠷᠪᠠ ᠶᠢ ᠴᠢᠩᠭᠠᠳᠬᠠᠬᠤ︾ ᠪᠠᠷ ᠭᠠᠷᠳᠠᠴᠠ ᠪᠣᠯᠭᠠᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ ᠬᠠᠷᠢᠶ᠎ᠠ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠣᠭᠲᠠᠭᠤᠨ ᠣᠷᠴᠢᠨ ᠲᠣᠭᠤᠷᠢᠨ ᠢ ᠲᠠᠰᠤᠷᠠᠯᠲᠠ ᠦᠭᠡᠢ ᠪᠠᠲᠤᠳᠬᠠᠪᠠ᠃        ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ᠂ ᠲᠣᠣᠷᠵᠢᠯ ᠢ ᠡᠷᠦᠬᠡ ᠳᠤ ᠣᠷᠣᠭᠤᠯᠬᠤ᠂ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠬᠠᠤᠯᠢ ᠲᠦᠭᠡᠮᠡᠯᠵᠢᠭᠦᠯᠬᠦ ᠵᠢᠵᠢᠭ ᠮᠡᠳᠡᠯᠭᠡ ᠶᠢ ᠤᠯᠠᠮᠵᠢᠯᠠᠨ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠶᠡᠬᠡᠪᠡᠷ ᠤᠬᠠᠭᠤᠯᠵᠤ᠂ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠴᠣᠮᠣ᠂ ᠤᠬᠠᠭᠤᠯᠭ᠎ᠠ ᠶᠢᠨ ᠬᠠᠭᠤᠳᠠᠰᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 100 ᠭᠠᠷᠤᠢ ᠬᠤᠪᠢ ᠲᠠᠷᠬᠠᠭᠠᠵᠤ᠂ 500 ᠭᠠᠷᠤᠢ ᠬᠥᠮᠦᠨ ᠳᠤ ᠠᠰᠢᠭ ᠬᠦᠷᠲᠡᠭᠡᠪᠡ᠃
Ƽ.jpg
        ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠰᠠᠭᠤᠳᠠᠯ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ 12345 ᠤᠲᠠᠰᠤ᠂ ᠵᠡᠭᠡᠯᠢ ᠭᠤᠳᠤᠮᠵᠢ᠂ ᠬᠤᠲᠠ ᠶᠢᠨ ᠲᠣᠭᠤᠷᠢᠭ ᠲᠤ ᠣᠴᠢᠬᠤ᠂ ᠪᠡᠭᠡᠵᠢᠩ ᠳᠤ ᠣᠷᠣᠵᠤ ᠬᠥᠬᠡᠬᠤᠲᠠ ᠳᠤ ᠣᠴᠢᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠲᠤᠰᠬᠠᠭᠰᠠᠨ ᠠᠰᠠᠭᠤᠳᠠᠯ ᠢ ᠡᠮᠬᠢᠯᠡᠵᠦ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠶᠢ ᠬᠦᠴᠦᠲᠡᠢ ᠠᠳᠬᠤᠪᠠ᠃ ᠣᠳᠣ ᠪᠣᠯᠲᠠᠯ᠎ᠠ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠭᠰᠡᠨ 5 ᠬᠡᠷᠡᠭ ᠢ ᠴᠥᠮ ᠪᠦᠬᠦᠨ ᠢ ᠰᠢᠢᠳᠪᠦᠷᠢᠯᠡᠨ ᠳᠠᠭᠤᠰᠬᠠᠵᠤ᠂ ᠵᠠᠰᠠᠭ ᠤᠨ ᠣᠷᠳᠣᠨ ᠤ ᠬᠠᠯᠠᠮᠰᠢᠯ ᠤᠲᠠᠰᠤ 8 ᠵᠤᠷᠪᠤᠰ ᠬᠠᠷᠢᠭᠤᠯᠲᠠ ᠥᠭᠴᠦ᠂ ᠡᠳᠦᠷ ᠲᠤᠲᠤᠮ ᠤᠨ ᠵᠥᠷᠢᠴᠡᠯ ᠵᠢᠭᠤᠷᠠᠯᠳᠤᠭᠠᠨ ᠢ 32 ᠬᠤᠪᠢ ᠪᠠᠶᠢᠴᠠᠭᠠᠨ ᠰᠢᠢᠳᠪᠦᠷᠢᠯᠡᠪᠡ᠃
石拐街道“三强化”提升信访维稳工作效能.jpg
        ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠬᠢᠳᠠᠯ ᠰᠤᠷᠪᠤᠯᠵᠢᠯᠠᠯ ᠤᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠪᠣᠳᠠᠲᠠᠢ ᠬᠡᠷᠡᠭᠴᠡᠭᠡ ᠪᠠᠨ ᠦᠨᠳᠦᠰᠦᠯᠡᠨ᠂ ᠰᠠᠷ᠎ᠠ ᠪᠦᠷᠢ ᠠᠳᠠᠭ ᠳᠠᠭᠠᠨ ᠨᠢᠭᠡ ᠤᠳᠠᠭ᠎ᠠ ᠵᠠᠬᠢᠳᠠᠯ ᠰᠤᠷᠪᠤᠯᠵᠢᠯᠠᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠨ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠨ᠂ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠪᠣᠯᠲᠠᠯ᠎ᠠ᠂ ᠵᠠᠬᠢᠳᠠᠯ ᠰᠤᠷᠪᠤᠯᠵᠢᠯᠠᠯ ᠤᠨ ᠬᠠᠮᠲᠤᠷᠠᠭᠰᠠᠨ ᠬᠤᠷᠠᠯ ᠢ ᠨᠡᠶᠢᠲᠡ 7 ᠤᠳᠠᠭ᠎ᠠ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ 13 ᠬᠤᠪᠢ ᠰᠤᠳᠤᠯᠵᠤ᠂ ᠪᠦᠬᠦ ᠤᠯᠤᠰ ᠤᠨ ᠬᠤᠶᠠᠷ ᠬᠤᠷᠠᠯ ᠵᠡᠷᠭᠡ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠴᠢᠬᠤᠯᠠ ᠶᠡᠭᠡ ᠬᠤᠷᠠᠯ ᠤᠨ ᠬᠤᠭᠤᠴᠠᠭᠠᠨ ᠳᠤ᠂ ᠲᠣᠭᠲᠠᠭᠤᠨ ᠢ ᠬᠠᠮᠠᠭᠠᠯᠠᠬᠤ ᠠᠵᠢᠯ ᠤᠨ ᠳᠤᠮᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠯᠠᠪᠳᠠᠭᠤᠨ ᠢᠶᠠᠷ ᠰᠢᠢᠳᠪᠦᠷᠢᠯᠡᠪᠡ᠃ ᠡᠭᠦᠨ ᠤ ᠬᠠᠮᠲᠤ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠶᠢ ᠵᠡᠭᠡᠯᠢ ᠭᠤᠳᠤᠮᠵᠢ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠰᠢᠮᠳᠠᠭᠤᠯᠤᠨ ᠪᠠᠶᠢᠴᠠᠭᠠᠬᠤ ᠨᠠᠷᠢᠨ ᠳᠠᠩᠰᠠ ᠳᠤ ᠣᠷᠣᠭᠤᠯᠵᠤ᠂ ᠭᠠᠷᠠᠭ ᠪᠦᠷᠢ ᠲᠣᠬᠢᠷᠠᠭᠤᠯᠬᠤ ᠶᠢ ᠪᠠᠷᠢᠮᠲᠠᠯᠠᠨ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号