ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ︽ᠦᠨᠡᠨᠴᠢ ᠢᠲᠡᠭᠡᠮᠵᠢ ᠶᠢᠨ ᠡᠮᠴᠢᠯᠡᠭᠡ᠂ ᠡᠶ᠎ᠡ ᠵᠣᠬᠢᠴᠠᠯ ᠲᠠᠢ ᠦᠨᠡᠨᠴᠢ ᠢᠲᠡᠭᠡᠮᠵᠢᠲᠡᠢ ᠪᠠᠶᠢᠬᠤ ᠶᠢ ᠬᠠᠮᠲᠤ ᠪᠠᠷ ᠪᠠᠶᠢᠭᠤᠯᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/15
        ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠴᠢ ᠡᠪᠡᠳᠴᠢᠲᠡᠨ ᠤ ᠬᠤᠭᠤᠷᠣᠨᠳᠣᠬᠢ ᠢᠲᠡᠭᠡᠯ ᠪᠠ ᠣᠶᠢᠯᠠᠭᠠᠯᠲᠠ ᠶᠢ ᠴᠢᠩᠭᠠᠳᠭᠠᠬᠤ ᠶᠢᠨ ᠲᠤᠰᠠᠳᠠ᠂ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ︽ᠦᠨᠡᠨᠴᠢ ᠢᠲᠡᠭᠡᠮᠵᠢ ᠶᠢᠨ ᠡᠮᠴᠢᠯᠡᠭᠡ ᠬᠢᠵᠦ᠂ ᠡᠶ᠎ᠡ ᠵᠣᠬᠢᠴᠠᠯ ᠲᠠᠢ ᠦᠨᠡᠨᠴᠢ ᠢᠲᠡᠭᠡᠮᠵᠢᠲᠡᠢ ᠪᠠᠶᠢᠬᠤ ᠶᠢ ᠬᠠᠮᠲᠤᠪᠠᠷ ᠪᠦᠲᠦᠭᠡᠨ ᠪᠠᠶᠢᠭᠤᠯᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ᠡᠨᠡ ᠨᠢ ᠦᠨᠡᠨᠴᠢ ᠢᠲᠡᠭᠡᠮᠵᠢᠲᠡᠢ ᠪᠠᠶᠢᠬᠤ ᠡᠮᠴᠢᠯᠡᠭᠡᠨ ᠤ ᠣᠷᠴᠢᠨ ᠲᠣᠭᠤᠷᠢᠨ ᠢ ᠪᠣᠢ ᠪᠣᠯᠭᠠᠵᠤ᠂ ᠡᠮᠨᠡᠯᠭᠡ ᠶᠢᠨ ᠬᠤᠷᠢᠶᠠᠨ ᠤ ᠪᠣᠯᠪᠠᠰᠤᠨ ᠳᠠᠪᠰᠢᠯᠲᠠ ᠶᠢ ᠠᠬᠢᠭᠤᠯᠬᠤ ᠶᠢᠨ ᠲᠥᠯᠥᠭᠡ ᠶᠤᠮ᠃
石拐区医院开展“诚信医疗,共建和谐诚信”主题活动(蒙).jpg
        ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ︽ᠡᠪᠡᠳᠴᠢᠲᠡᠨ ᠢᠶᠠᠷ ᠭᠤᠤᠯ ᠪᠣᠯᠭᠠᠬᠤ᠂ ᠶᠠᠰᠤ ᠴᠢᠨᠠᠷ ᠢᠶᠠᠷ ᠭᠤᠤᠯ ᠪᠣᠯᠭᠠᠬᠤ︾  ᠦᠢᠯᠡᠴᠢᠯᠡᠭᠡᠨ ᠤ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠡᠮᠴᠢᠯᠡᠭᠡᠨ ᠤ ᠵᠠᠷᠤᠳᠠᠯ ᠢ ᠢᠯᠡ ᠨᠡᠶᠢᠲᠡᠯᠡᠬᠦ᠂ ᠡᠪᠡᠳᠴᠢᠲᠡᠨ ᠤ ᠡᠷᠬᠡ ᠠᠰᠢᠭ ᠢ ᠬᠠᠮᠠᠭᠠᠯᠠᠬᠤ᠂ ᠦᠨᠡᠨ ᠪᠣᠳᠠᠲᠠᠶ ᠣᠨᠣᠰᠢᠯᠠᠨ ᠡᠮᠨᠡᠬᠦ ᠮᠡᠳᠡᠭᠡ ᠵᠠᠩᠭᠢ ᠶᠢ ᠮᠡᠳᠡᠭᠳᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠡᠪᠡᠳᠴᠢᠲᠡᠨ ᠳᠤ ᠴᠢᠨᠠᠷ ᠰᠠᠶᠢᠲᠠᠶ᠂ ᠬᠢᠮᠳᠠ᠂ ᠥᠨᠳᠥᠷ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠡᠪᠡᠳᠴᠢᠲᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号