ᠲᠥᠷᠥ ᠶᠢᠨ ᠶᠠᠪᠤᠳᠠᠯ ᠤᠨ ᠬᠤᠷᠢᠶᠠᠨ ᠤ ︽ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ | ᠠᠵᠢᠯᠯᠠᠭᠠᠨ ᠤ ᠲᠥᠯᠥᠪᠯᠡᠭᠡ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠤᠨ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠬᠥᠬᠡ ᠣᠭᠲᠠᠷᠭᠤᠢ ᠶᠢ ᠬᠠᠮᠠᠭᠠᠯᠠᠬᠤ | ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠵᠦ᠂ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠥᠯᠥᠭᠡ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ ︽ᠪᠤᠭᠤᠲᠤ ᠬᠤᠲᠠ ᠶᠢᠨ ᠠᠭᠠᠷ ᠤᠨ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ ᠬᠡᠷᠡᠭᠵᠢᠭᠦᠯᠬᠦ | ᠲᠥᠰᠥᠯ︾ ᠭᠡᠵᠦ ᠲᠣᠪᠴᠢᠯᠠᠨ᠎ᠠ︶ ᠢ ᠲᠣᠭᠲᠠᠭᠠᠵᠤ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢ ᠳᠣᠣᠷᠠᠬᠢ ᠮᠡᠲᠦ | ᠲᠠᠶᠢᠯᠪᠤᠷᠢᠯᠠᠶ᠎ᠠ᠃ | ᠨᠢᠭᠡ᠂ ᠲᠣᠭᠲᠠᠭᠠᠭᠰᠠᠨ ᠠᠬᠤᠢ ᠪᠠᠶᠢᠳᠠᠯ | ᠣᠶᠢᠷ᠎ᠠ ᠶᠢᠨ ᠵᠢᠯ ᠳᠤ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ | ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ | ᠲᠣᠬᠢᠷᠠᠭᠤᠯᠤᠨ ᠰᠢᠯᠢᠳᠡᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ | ᠭᠤᠣᠯᠳᠠᠯᠭ᠎ᠠ ᠲᠠᠢ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ᠂ ᠲᠦᠯᠡᠰᠢᠨ | ᠨᠡᠭᠦᠷᠡᠰᠦ᠂ ᠮᠠᠰᠢᠨ ᠲᠡᠷᠭᠡ᠂ ᠣᠯᠠᠨ ᠡᠬᠢᠲᠦ ᠪᠣᠬᠢᠷᠲᠤᠯ ᠵᠡᠷᠭᠡ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠢ | ᠲᠦᠯᠬᠢᠨ ᠠᠬᠢᠭᠤᠯᠵᠤ᠂ ᠠᠭᠠᠷ ᠮᠠᠨᠳᠠᠯ ᠤᠨ ᠪᠣᠬᠢᠷᠲᠤᠯ ᠤᠨ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ | ᠪᠥᠬᠦ ᠬᠤᠲᠠ ᠶᠢᠨ ᠴᠢᠷᠮᠠᠶᠢᠯᠭ᠎ᠠ ᠪᠠᠷ ᠳᠡᠮᠵᠢᠨ ᠠᠭᠠᠷ ᠤᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠭᠰᠠᠨ | ᠪᠣᠯᠪᠠᠴᠤ ᠨᠡᠯᠢᠶᠡᠳ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠠᠷᠠᠯᠲᠠ ᠠᠴᠠ ᠪᠠᠰᠠ ᠨᠡᠯᠢᠶᠡᠳ ᠶᠡᠭᠡ | ᠵᠥᠷᠢᠶ᠎ᠡ ᠲᠠᠢ ᠪᠠᠶᠢᠵᠤ᠂ ᠮᠠᠨ ᠤ ᠬᠤᠲᠠ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠤ ᠪᠠᠶᠢᠳᠠᠯ ᠮᠥᠨ ᠬᠦ ᠬᠦᠨᠳᠦ | ᠨᠣᠴᠢᠲᠠᠢ ᠪᠠᠶᠢᠵᠤ᠂ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠶᠢᠨ ᠣᠷᠳᠣ ᠬᠤᠭᠤᠴᠠᠭᠠᠲᠤ ᠴᠢᠨᠠᠷ᠂ ᠪᠤᠳᠤᠯᠢᠶᠠᠨᠲᠤ | ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠮᠥᠨ ᠬᠦ ᠣᠷᠣᠰᠢᠭᠰᠠᠭᠠᠷ ᠪᠠᠶᠢᠨ᠎ᠠ᠃ ︽ᠬᠡᠷᠡᠭᠵᠢᠭᠦᠯᠬᠦ ᠲᠥᠰᠥᠯ︾ ᠢ | ᠲᠣᠭᠲᠠᠭᠠᠭᠰᠠᠨ ᠨᠢ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠨ ᠤ ᠶᠡᠷᠦᠩᠬᠡᠢ ᠰᠡᠳᠬᠢᠴᠡ᠂ ᠰᠠᠶᠢᠵᠢᠷᠠᠭᠤᠯᠬᠤ | ᠬᠠᠷᠠᠯᠲᠠ᠂ ᠡᠭᠦᠷᠭᠡ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠵᠤ᠂ ᠪᠣᠬᠢᠷᠲᠤᠯ ᠢ ᠨᠠᠷᠢᠯᠢᠭ ᠣᠨᠤᠪᠴᠢᠲᠠᠢ ᠪᠠᠷ | ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠬᠠᠤᠯᠢ ᠶᠣᠰᠣᠭᠠᠷ ᠵᠠᠰᠠᠬᠤ ᠶᠢ ᠳᠣᠪᠤᠶᠢᠯᠭᠠᠵᠤ᠂ ᠪᠤᠭᠤᠲᠤ | ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠠᠬᠢᠭᠤᠯᠬᠤ ᠬᠦᠴᠦᠲᠡᠢ ᠭᠠᠷᠳᠠᠴᠠ ᠪᠠ | ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠪᠦᠲᠦᠮᠵᠢᠲᠡᠶ ᠪᠠᠲᠤᠯᠠᠭ᠎ᠠ ᠪᠣᠯᠬᠤ ᠪᠣᠯᠣᠨ᠎ᠠ᠃ | ᠬᠤᠶᠠᠷ᠂ ᠭᠤᠣᠯ ᠬᠠᠷᠠᠯᠲᠠ | ︽ᠬᠡᠷᠡᠭᠵᠢᠭᠦᠯᠬᠦ ᠲᠥᠰᠥᠯ︾ ᠳᠤ ᠳᠤᠷᠠᠳᠤᠭᠰᠠᠨ ᠭᠤᠣᠯ ᠬᠠᠷᠠᠯᠲᠠ ᠪᠣᠯ 2025 ᠣᠨ ᠪᠣᠯᠬᠤ ᠳᠤ᠂ ᠪᠥᠬᠦ | ᠬᠤᠲᠠ ᠶᠢᠨ ᠨᠠᠷᠢᠨ ᠮᠥᠬᠦᠯᠢᠭᠲᠦ ᠪᠣᠳᠠᠰ ︵PM2.5︶ ᠤᠨ ᠥᠳᠬᠡᠴᠡ ᠶᠢ 35 ᠮᠢᠺᠷᠥᠭᠷᠠᠮ / ᠺᠦᠪ ᠮᠧᠲᠷ ᠠᠴᠠ | ᠳᠣᠭᠤᠭᠰᠢ ᠬᠦᠷᠦᠭᠦᠯᠵᠦ᠂ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ ᠢ 84.8% ᠠᠴᠠ ᠳᠡᠭᠡᠭᠰᠢ ᠳᠤ | ᠬᠦᠷᠦᠭᠦᠯᠵᠦ᠂ ᠬᠦᠨᠳᠦ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠭᠰᠠᠨ ᠡᠳᠦᠷ ᠤᠨ ᠲᠤᠭ᠎ᠠ ᠶᠢᠨ ᠬᠠᠷᠢᠴᠠᠯ ᠢ 0. | 9% ᠶᠢᠨ ᠳᠣᠲᠣᠷ᠎ᠠ ᠬᠢᠵᠠᠭᠠᠷᠯᠠᠨ᠎ᠠ︔ ᠠᠽᠣᠲ ᠤᠨ ᠢᠰᠦᠯ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ︵VOCs︶ | ᠤᠨ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ 2020 ᠣᠨ ᠤ ᠬᠢ ᠠᠴᠠ ᠲᠣᠰ ᠲᠣᠰ 10% ᠠᠴᠠ ᠳᠡᠭᠡᠭᠰᠢ | ᠪᠠᠭᠤᠷᠠᠭᠤᠯᠤᠨ᠎ᠠ᠃ | ᠭᠤᠷᠪᠠ᠂ ᠭᠤᠣᠯ ᠠᠭᠤᠯᠭ᠎ᠠ | ︽ᠬᠡᠷᠡᠭᠵᠢᠭᠦᠯᠬᠦ ᠲᠥᠰᠥᠯ︾ ᠨᠡᠶᠢᠲᠡ ᠠᠷᠪᠠᠨ ᠬᠡᠰᠡᠭ᠂ 33 ᠵᠦᠢᠯ ᠤᠨ ᠠᠭᠤᠯᠭ᠎ᠠ ᠪᠠᠭᠲᠠᠨ᠎ᠠ᠂ ᠭᠤᠣᠯ | ᠠᠭᠤᠯᠭ᠎ᠠ᠄ | 1. ᠶᠡᠷᠦᠩᠬᠡᠢ ᠱᠠᠭᠠᠷᠳᠠᠯᠭ᠎ᠠ᠄ ᠭᠤᠣᠯᠳᠠᠯᠭ᠎ᠠ ᠲᠠᠢ ᠣᠷᠣᠨ ᠪᠦᠰᠡ ᠪᠣᠯᠣᠨ ᠭᠤᠣᠯ ᠬᠠᠷᠠᠯᠲᠠ ᠶᠢ | ᠲᠣᠭᠲᠠᠭᠠᠨ᠎ᠠ᠃ | 2. ᠠᠵᠤ ᠦᠢᠯᠡᠰ ᠤᠨ ᠪᠦᠲᠦᠴᠡ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠄ ︽ᠬᠤᠶᠠᠷ ᠥᠨᠳᠥᠷ | ᠨᠢᠭᠡ ᠳᠣᠣᠷ᠎ᠠ︾ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠬᠤᠴᠤᠷᠤᠩᠭᠤᠢ | ᠦᠢᠯᠡᠳᠪᠦᠷᠢᠯᠡᠯ ᠤᠨ ᠴᠢᠳᠠᠪᠤᠷᠢ ᠶᠢ ᠪᠤᠴᠠᠭᠠᠵᠤ᠂ ᠠᠵᠤ ᠦᠢᠯᠡᠰ ᠤᠨ ᠪᠦᠯᠦᠭᠯᠡᠯ ᠢ ᠳᠡᠰ ᠳᠡᠪᠰᠢᠭᠦᠯᠦᠨ | ᠥᠭᠡᠷᠡᠴᠢᠯᠡᠬᠦ ᠶᠢ ᠲᠦᠯᠬᠢᠨ ᠠᠬᠢᠭᠤᠯᠵᠤ᠂ VOCs ᠶᠢᠨ ᠠᠭᠤᠯᠤᠭᠳᠠᠴᠠ ᠳᠣᠣᠷ᠎ᠠ ︵ᠦᠭᠡᠢ︶ ᠲᠦᠭᠦᠬᠡᠢ | ᠮᠠᠲ᠋ᠧᠷᠢᠶᠠᠯ ᠤᠨ ᠣᠷᠣᠯᠠᠯᠲᠠ ᠶᠢ ᠬᠡᠷᠡᠭᠵᠢᠭᠦᠯᠦᠨ᠎ᠡ᠃ | 3. ᠡᠨᠧᠷᠭᠢ ᠶᠢᠨ ᠴᠡᠪᠡᠷ ᠳᠣᠣᠷ᠎ᠠ ᠨᠡᠭᠦᠷᠡᠰᠦᠲᠥ᠋ᠷᠥᠭᠴᠢᠲᠦ ᠥᠨᠳᠥᠷ ᠪᠦᠲᠦᠮᠵᠢᠲᠡᠶ ᠬᠥᠭᠵᠢᠯᠲᠡ ᠶᠢ | ᠲᠦᠷᠭᠡᠳᠬᠡᠨ᠎ᠡ᠄ ᠡᠨᠧᠷᠭᠢ ᠶᠢᠨ ᠪᠦᠲᠦᠴᠡ ᠶᠢ ᠲᠦᠷᠭᠡᠳᠬᠡᠨ ᠲᠣᠬᠢᠷᠠᠭᠤᠯᠵᠤ᠂ ᠰᠢᠲᠠᠭᠠᠯᠭ᠎ᠠ ᠶᠢᠨ ᠨᠡᠭᠦᠷᠡᠰᠦᠨ ᠤ | ᠵᠤᠤᠬ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠵᠤᠤᠬ᠎ᠠ ᠶᠢ ᠴᠡᠪᠡᠷ | ᠡᠨᠧᠷᠭᠢ ᠪᠠᠷ ᠣᠷᠣᠯᠠᠭᠤᠯᠵᠤ᠂ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠴᠢᠨᠠᠷ ᠰᠠᠶᠢᠲᠠᠢ ᠪᠡᠶᠡᠯᠡᠭᠦᠯᠦᠨ᠎ᠡ᠃ | 4. ᠵᠠᠮ ᠬᠠᠷᠢᠯᠴᠠᠭᠠᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠄ ᠪᠠᠷᠠᠭᠠᠨ ᠤ ᠲᠡᠭᠡᠭᠡᠪᠦᠷᠢ ᠶᠢᠨ ᠪᠦᠲᠦᠴᠡ ᠶᠢ ᠦᠷᠭᠦᠯᠵᠢᠯᠡᠨ | ᠰᠢᠯᠢᠳᠡᠭᠵᠢᠭᠦᠯᠦᠨ ᠲᠣᠬᠢᠷᠠᠭᠤᠯᠵᠤ᠂ ᠮᠠᠰᠢᠨᠲᠤ ᠲᠡᠷᠭᠡᠨ ᠤ ᠴᠡᠪᠡᠷᠵᠢᠯᠲᠡ ᠶᠢᠨ ᠬᠢᠷᠢ ᠲᠦᠪᠰᠢᠨ ᠢ ᠲᠦᠷᠭᠡᠳᠬᠡᠨ | ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠡᠬᠢ ᠰᠤᠷᠪᠤᠯᠵᠢ ᠶᠢᠨ ᠵᠠᠰᠠᠯᠲᠠ ᠶᠢ ᠴᠢᠩᠭᠠᠷᠠᠭᠤᠯᠤᠨ᠂ | ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ | 5. ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠄ ᠲᠣᠭᠤᠰᠣ | ᠰᠢᠷᠣᠢ ᠶᠢᠨ ᠪᠣᠬᠢᠷᠲᠤᠯ ᠢ ᠵᠠᠰᠠᠬᠤ ᠶᠢ ᠭᠦᠨᠵᠡᠭᠡᠶᠢᠷᠡᠭᠦᠯᠵᠦ᠂ ᠠᠭᠤᠷᠬᠠᠢ ᠶᠢᠨ ᠠᠮᠢ ᠠᠬᠤᠢ ᠶᠢᠨ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠢᠲᠠᠭᠠᠬᠤ ᠶᠢ | ᠴᠠᠭᠠᠵᠠᠯᠠᠬᠤ ᠠᠵᠢᠯ ᠢ ᠴᠢᠩᠭᠠᠳᠬᠠᠨ᠎ᠠ᠃ | 6. ᠣᠯᠠᠨ ᠪᠣᠬᠢᠷᠲᠤᠯ ᠪᠣᠳᠠᠰ ᠢ ᠬᠠᠮᠵᠢᠯᠴᠠᠨ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ | ᠴᠢᠩᠭᠠᠷᠠᠭᠤᠯᠤᠨ᠎ᠠ᠄ VOCs ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ | ᠲᠥᠷᠥᠯ ᠤᠨ ᠪᠣᠬᠢᠷᠲᠤᠯ ᠢ ᠭᠦᠨᠵᠡᠭᠡᠢ ᠵᠠᠰᠠᠬᠤ ᠶᠢ ᠠᠬᠢᠭᠤᠯᠵᠤ᠂ ᠢᠳᠡᠭᠡᠨ ᠤᠮᠳᠠᠭᠠᠨ ᠤ ᠲᠣᠰᠣᠨ ᠣᠲᠤᠭ᠎ᠠ᠂ | ᠦᠮᠡᠬᠡᠢ ᠦᠨᠦᠷ᠂ ᠰᠢᠪᠲᠦᠷ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠨ᠎ᠡ᠃ | 7. ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠎ᠡ᠄ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠦᠯᠬᠦ ᠬᠠᠮᠢᠶᠠᠷᠤᠯᠲᠠ ᠶᠢ ᠬᠡᠷᠡᠭᠵᠢᠭᠦᠯᠵᠦ᠂ | ᠬᠠᠮᠲᠤᠷᠠᠨ ᠰᠡᠷᠭᠡᠶᠢᠯᠡᠵᠦ ᠡᠵᠡᠮᠳᠡᠬᠦ ᠪᠠ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠶᠢ ᠴᠢᠩᠭᠠᠷᠠᠭᠤᠯᠤᠨ᠎ᠠ᠃ | | 8. ᠬᠢᠨᠠᠨ ᠬᠠᠮᠢᠶᠠᠷᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠄ ᠬᠢᠨᠠᠨ ᠬᠡᠮᠵᠢᠬᠦ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠭᠠᠷ ᠮᠠᠨᠳᠠᠯ ᠤᠨ ᠣᠷᠴᠢᠨ ᠲᠣᠭᠤᠷᠢᠨ ᠤ ᠬᠢᠨᠠᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ | 9. ᠬᠠᠤᠯᠢ ᠲᠣᠭᠲᠠᠭᠠᠯ ᠤᠨ ᠪᠠᠷᠢᠮᠵᠢᠶ᠎ᠠ ᠪᠠ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠄ ᠬᠠᠤᠯᠢ ᠲᠣᠭᠲᠠᠭᠠᠯ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ | ᠦᠨ᠎ᠡ ᠬᠠᠩᠰᠢ ᠶᠢᠨ ᠭᠠᠶᠢᠯᠢ ᠰᠦᠢᠳᠬᠡᠯ ᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | 10. ᠡᠯ᠎ᠡ ᠲᠠᠯ᠎ᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠄ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠳᠠᠯᠠᠵᠤ᠂ | ᠮᠡᠳᠡᠭᠡ ᠵᠠᠩᠭᠢ ᠶᠢ ᠢᠯᠡ ᠪᠣᠯᠭᠠᠬᠤ᠂ ᠤᠬᠠᠭᠤᠯᠵᠤ ᠬᠥᠲᠥᠯᠥᠨ ᠵᠢᠯᠤᠭᠤᠳᠬᠤ ᠪᠠ ᠪᠦᠬᠦ ᠠᠷᠠᠳ ᠤᠨ ᠠᠵᠢᠯᠯᠠᠭ᠎ᠠ ᠶᠢ | ᠠᠬᠢᠭᠤᠯᠤᠨ᠎ᠠ᠃ | ᠳᠥᠷᠪᠡ᠂ ᠭᠤᠣᠯ ᠣᠨᠴᠠᠯᠢᠭ | ︽ᠬᠡᠷᠡᠭᠵᠢᠭᠦᠯᠬᠦ ᠲᠥᠰᠥᠯ︾ ᠤᠨ ᠭᠤᠣᠯ ᠣᠨᠴᠠᠯᠢᠭ ᠲᠤ ᠳᠣᠣᠷᠠᠬᠢ ᠵᠦᠢᠯᠡᠰ ᠪᠠᠭᠲᠠᠨ᠎ᠠ᠄ | 1. ᠭᠤᠣᠯᠳᠠᠯᠭ᠎ᠠ ᠲᠠᠢ ᠣᠷᠣᠨ ᠪᠦᠰᠡ ᠶᠢ ᠳᠣᠪᠤᠶᠢᠯᠭᠠᠨ᠎ᠠ᠄ ᠪᠤᠭᠤᠲᠤ ᠬᠤᠲᠠ ᠶᠢᠨ ᠱᠠᠨ ᠨᠠᠨ ᠭᠠᠵᠠᠷ | ᠣᠷᠣᠨ ᠤ ᠭᠤᠣᠯᠳᠠᠯᠭ᠎ᠠ ᠲᠠᠢ ᠣᠷᠣᠨ ᠪᠦᠰᠡ ᠶᠢ ᠲᠣᠳᠣᠷᠬᠠᠶᠢᠯᠠᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠡᠵᠡᠮᠳᠡᠬᠦ ᠡᠷᠴᠢᠮ ᠢ ᠴᠢᠩᠭᠠᠳᠬᠠᠨ᠎ᠠ᠃ | 2. ᠰᠢᠰᠲ᠋ᠧᠮᠵᠢᠭᠦᠯᠦᠨ ᠵᠠᠰᠠᠬᠤ ᠶᠢ ᠲᠤᠪᠤᠶᠢᠯᠭᠠᠨ᠎ᠠ᠄ ᠠᠵᠤ ᠦᠢᠯᠡᠰ᠂ ᠡᠨᠧᠷᠭᠢ᠂ ᠵᠠᠮ ᠬᠠᠷᠢᠯᠴᠠᠭ᠎ᠠ ᠵᠡᠷᠭᠡ | ᠭᠤᠷᠪᠠᠨ ᠶᠡᠭᠡ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠪᠠᠷᠢᠮᠲᠠᠯᠠᠵᠤ᠂ ᠨᠡᠭᠦᠷᠡᠰᠦ ᠶᠢ ᠪᠠᠭᠠᠰᠬᠠᠬᠤ᠂ | ᠲᠡᠷᠭᠡ ᠬᠥᠰᠬᠡ ᠶᠢ ᠬᠢᠵᠠᠭᠠᠷᠯᠠᠬᠤ᠂ ᠪᠣᠬᠢᠷᠲᠤᠯ ᠢ ᠵᠠᠰᠠᠬᠤ᠂ ᠲᠣᠭᠤᠰᠣ ᠶᠢ ᠬᠤᠷᠢᠭᠯᠠᠬᠤ ᠵᠡᠷᠭᠡ ᠠᠷᠭ᠎ᠠ ᠬᠡᠮᠵᠢᠶ᠎ᠡ ᠶᠢ | ᠦᠷᠭᠦᠯᠵᠢᠯᠡᠨ ᠠᠬᠢᠭᠤᠯᠤᠨ᠎ᠠ᠃ | 3. ᠪᠣᠬᠢᠷᠲᠤᠯ ᠢ ᠬᠠᠮᠵᠢᠯᠴᠠᠨ ᠪᠠᠭᠠᠰᠬᠠᠬᠤ ᠶᠢ ᠳᠣᠪᠤᠶᠢᠯᠭᠠᠨ᠎ᠠ᠄ ᠭᠤᠣᠯᠳᠠᠯᠭ᠎ᠠ ᠲᠠᠢ ᠠᠵᠢᠯ ᠲᠥᠷᠥᠯ ᠤᠨ | ᠪᠣᠬᠢᠷᠲᠤᠯ ᠢ ᠭᠦᠨᠵᠡᠭᠡᠢ ᠵᠠᠰᠠᠬᠤ ᠪᠠ VOCs ᠪᠥᠬᠦ ᠶᠠᠪᠤᠴᠠ ᠶᠢᠨ ᠪᠥᠬᠦ ᠭᠤᠭᠴᠤᠭ᠎ᠠ ᠶᠢᠨ ᠶᠡᠷᠦᠩᠬᠡᠶᠢᠯᠡᠨ | ᠵᠠᠰᠠᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠠᠽᠣᠲ ᠤᠨ ᠢᠰᠦᠯ ᠤᠨ ᠪᠣᠳᠠᠰ᠂ VOCs ᠵᠡᠷᠭᠡ ᠣᠯᠠᠨ | ᠪᠣᠬᠢᠷᠲᠤᠯ ᠪᠣᠳᠠᠰ ᠢ ᠬᠠᠮᠵᠢᠯᠴᠠᠨ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠳᠣᠪᠤᠶᠢᠯᠭᠠᠨ᠎ᠠ᠃ | 4᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠲᠤᠪᠤᠶᠢᠯᠭᠠᠨ᠎ᠠ᠄ ᠬᠥᠷᠰᠢ ᠵᠡᠷᠭᠡᠯᠡᠳᠡᠭᠡ | ᠠᠶᠢᠮᠠᠭ ᠬᠤᠳᠠ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ | ᠬᠤᠯᠪᠤᠭᠠᠯᠠᠨ ᠵᠠᠰᠠᠬᠤ ᠶᠢ ᠳᠤᠷᠠᠳᠴᠤ᠂ ᠬᠠᠮᠵᠢᠯᠴᠠᠨ ᠬᠠᠮᠲᠤᠷᠠᠯᠴᠠᠬᠤ᠂ ᠬᠠᠮᠵᠢᠯᠴᠠᠨ ᠬᠢᠨᠠᠨ ᠬᠠᠮᠢᠶᠠᠷᠬᠤ᠂ ᠬᠠᠮᠵᠢᠯᠴᠠᠨ | ᠨᠡᠪᠲᠡᠷᠡᠯᠴᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ | |