ᠰᠤᠷᠪᠤᠯᠵᠢᠯᠠᠨ ᠶᠠᠷᠢᠯᠴᠠᠬᠤ ᠴᠠᠭ᠄ 2024 ᠣᠨ ᠤ 1 ᠳ᠋ᠦ᠋ᠭᠡᠷ ᠰᠠᠷ᠎ᠠ ᠶᠢᠨ 22 ᠤ ᠡᠳᠦᠷ | ᠰᠤᠷᠪᠤᠯᠵᠢᠯᠠᠭᠳᠠᠭᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠬᠤᠤ ᠵᠢᠶᠧ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶᠠᠨ ᠳᠡᠳ᠋ | ᠳᠠᠷᠤᠭ᠎ᠠ ᠸᠠᠩ ᠬᠤᠶ | ᠰᠤᠷᠪᠤᠯᠵᠢᠯᠠᠨ ᠶᠠᠷᠢᠯᠴᠠᠬᠤ ᠠᠭᠤᠯᠭ᠎ᠠ ᠶᠢᠨ ᠲᠤᠬᠠᠢ ᠲᠣᠪᠴᠢ ᠲᠠᠨᠢᠯᠴᠠᠭᠤᠯᠭ᠎ᠠ᠄ ᠪᠤᠭᠤᠲᠤ ᠬᠤᠲᠠ ᠶᠢᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠭᠤᠣᠯᠳᠠᠭᠤ | ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠤᠪᠢᠶᠠᠷᠢᠯᠠᠨ ᠰᠢᠯᠵᠢᠭᠦᠯᠬᠦ ᠵᠦᠢᠯᠡᠰ ᠤᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠬᠠᠷᠢᠭᠤᠴᠠᠵᠤ᠂ ᠪᠥᠬᠦ ᠬᠤᠲᠠ ᠶᠢᠨ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ ᠵᠡᠷᠭᠡ | ᠠᠵᠢᠯ ᠢ ᠨᠢᠭᠡᠳᠦᠯᠲᠡᠢ ᠲᠥᠯᠥᠪᠯᠡᠨ ᠵᠢᠯᠤᠭᠤᠳᠬᠤ᠂ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠵᠤ ᠦᠨᠡᠯᠡᠬᠦ ᠶᠢ | ᠬᠠᠷᠢᠭᠤᠴᠠᠵᠤ᠂ ᠬᠤᠲᠠ ᠶᠢᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠮᠣᠩᠭᠤᠯ ᠬᠡᠯᠡᠨ ᠤ ᠵᠠᠰᠠᠭ ᠤᠨ | ᠶᠠᠪᠤᠳᠠᠯ ᠤᠨ ᠰᠦᠯᠵᠢᠶ᠎ᠡ᠂ ᠪᠥᠬᠦ ᠬᠤᠲᠠ ᠶᠢᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ︽ᠮᠥᠩᠬᠡ ᠰᠤᠪᠠᠭ︾ APP ︵ᠪᠤᠭᠤᠲᠤ ᠶᠢᠨ ᠬᠤᠪᠢᠶᠠᠷᠢ ᠪᠦᠯᠦᠭ︶ | ᠶᠢ ᠪᠠᠶᠢᠭᠤᠯᠤᠨ ᠬᠠᠮᠢᠶᠠᠷᠬᠤ ᠶᠢᠨ ᠬᠠᠮᠲᠤ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ | ᠠᠵᠢᠯᠯᠠᠭᠠᠨ ᠤ ᠬᠠᠮᠢᠶᠠᠷᠤᠯᠲᠠ ᠪᠠ ᠰᠠᠯᠠᠭ᠎ᠠ ᠮᠥᠴᠢᠷ ᠤᠨ ᠴᠣᠩᠬᠤᠪᠴᠢ ᠳᠤ ᠣᠷᠣᠵᠤ ᠰᠠᠭᠤᠬᠤ ᠡᠳᠦᠷ | ᠲᠤᠲᠤᠮ ᠤᠨ ᠬᠠᠮᠢᠶᠠᠷᠤᠯᠲᠠ ᠶᠢ ᠬᠠᠷᠢᠭᠤᠴᠠᠨ᠎ᠠ᠃ 2023 ᠣᠨ ᠳᠤ᠂ ᠮᠠᠨ ᠤ ᠲᠣᠪᠴᠢᠶ᠎ᠠ ︽ᠪᠥᠬᠦ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠠᠬᠢᠭᠤᠯᠤᠭᠰᠠᠨ ᠲᠡᠷᠢᠭᠦᠨ ᠤ ᠬᠠᠮᠲᠤ︾ ᠶᠢᠨ ᠢᠷᠠᠭᠤ | ᠠᠯᠳᠠᠷ ᠢ ᠭᠥᠷᠳᠡᠵᠦ᠂ ᠪᠥᠬᠦ ᠤᠯᠤᠰ ᠤᠨ 2023 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠵᠡᠰᠬᠦᠯᠡᠩ ᠤᠨ | ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠢᠳᠠᠪᠤᠷᠢ ᠶᠢᠨ ᠵᠢᠱᠢᠶ᠎ᠡ ᠦᠵᠡᠭᠦᠯᠬᠦ ᠨᠢᠭᠡᠴᠢ︾ ᠪᠠᠷ | ᠦᠨᠡᠯᠡᠭᠳᠡᠵᠦ᠂ ᠪᠥᠬᠦ ᠤᠯᠤᠰ ᠤᠨ ᠲᠣᠭᠠᠴᠢᠯᠠᠭᠰᠠᠨ ᠵᠠᠰᠠᠭ ᠤᠨ ᠣᠷᠳᠣᠨ ᠤ ᠶᠠᠷᠢᠶᠠᠨ ᠤ ᠲᠠᠪᠴᠠᠩ ᠤᠨ ︽2023 | ᠣᠨ ᠤ ᠪᠥᠬᠦ ᠤᠯᠤᠰ ᠤᠨ ᠲᠣᠭᠠᠴᠢᠯᠠᠭᠰᠠᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠦᠭᠰᠡᠨ | ᠱᠠᠩᠨᠠᠯ︾᠂ ᠳᠣᠯᠣᠳᠤᠭᠠᠷ ᠬᠤᠭᠤᠴᠠᠭᠠᠨ ᠤ ᠪᠥᠬᠦ ᠤᠯᠤᠰ ᠤᠨ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠶᠡᠭᠡ ᠬᠤᠷᠠᠯ ᠤᠨ ︽2023 ᠣᠨ ᠤ | ᠶᠠᠰᠤ ᠴᠢᠨᠠᠷ ᠤᠨ ᠳᠡᠭᠡᠭᠰᠢᠯᠡᠯᠲᠡ ᠶᠢᠨ ᠥᠯᠢᠭᠡᠷ ᠳᠠᠭᠤᠷᠢᠶᠠᠯ︾᠂ ︽2023 ᠣᠨ ᠤ ᠦᠢᠯᠡᠴᠢᠯᠡᠭᠡ ᠶᠢ | ᠰᠢᠯᠢᠳᠡᠭᠵᠢᠭᠦᠯᠬᠦ ᠥᠯᠢᠭᠡᠷ ᠳᠠᠭᠤᠷᠢᠶᠠᠯ︾᠂ ᠲᠠᠪᠤᠳᠤᠭᠠᠷ ᠬᠤᠭᠤᠴᠠᠭᠠᠨ ᠤ ᠪᠥᠬᠦ ᠤᠯᠤᠰ ᠤᠨ ᠵᠠᠰᠠᠭ ᠤᠨ | ᠶᠠᠪᠤᠳᠠᠯ ᠤᠨ ᠬᠠᠯᠠᠮᠰᠢᠯ ᠤᠲᠠᠰᠤ ᠶᠢᠨ ︽ᠣᠯᠠᠨ ᠲᠦᠮᠡᠨ ᠳᠤ ᠦᠢᠯᠡᠴᠢᠯᠡᠭᠰᠡᠨ ᠰᠢᠯᠢᠳᠡᠭ ᠨᠢᠭᠡᠴᠢ︾ ᠵᠡᠷᠭᠡ ᠢᠷᠠᠭᠤ | ᠠᠯᠳᠠᠷ ᠤᠨ ᠴᠣᠯᠠ ᠶᠢ ᠭᠥᠷᠳᠡᠪᠡ᠃ | ᠰᠤᠷᠪᠤᠯᠵᠢᠯᠠᠭᠳᠠᠭᠴᠢ ᠬᠤᠤ ᠵᠢᠶᠧ᠄ ᠬᠥᠲᠥᠯᠥᠭᠴᠢ ᠵᠢᠴᠢ ᠥᠷᠭᠡᠨ ᠣᠯᠠᠨ ᠰᠣᠨᠣᠰᠤᠭᠴᠢ ᠨᠠᠶᠢᠵᠠ | ᠨᠠᠷ ᠲᠤ ᠪᠠᠨ ᠥᠷᠯᠥᠭᠡᠨ ᠤ ᠠᠮᠤᠭᠤᠯᠠᠩ ᠢ ᠠᠶᠢᠯᠠᠳᠬᠠᠶ᠎ᠠ᠄ ᠪᠢ ᠪᠣᠯ ᠪᠤᠭᠤᠲᠤ ᠬᠤᠲᠠ ᠶᠢᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ ᠬᠤᠤ | ᠵᠢᠶᠧ ᠮᠥᠨ᠂ ᠡᠨᠡ ᠡᠳᠦᠷ ᠠᠵᠢᠯ ᠲᠦᠷᠦᠯ ᠤᠨ ᠰᠤᠷᠲᠠᠯ ᠤᠨ ᠬᠠᠯᠠᠮᠰᠢᠯ ᠤᠲᠠᠰᠤ ᠪᠠᠷ ᠳᠠᠮᠵᠢᠭᠤᠯᠤᠨ ᠥᠷᠭᠡᠨ | ᠣᠯᠠᠨ ᠰᠣᠨᠣᠰᠤᠭᠴᠢ ᠲᠦᠮᠡᠨ ᠲᠠᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠢ ᠰᠣᠯᠢᠯᠴᠠᠬᠤ ᠪᠣᠯᠤᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ᠃ ᠪᠢᠳᠡ ᠲᠠᠨ ᠪᠦᠬᠦᠨ ᠤ | ᠳᠤᠷᠠᠳᠤᠭᠰᠠᠨ ᠠᠰᠠᠭᠤᠳᠠᠯ ᠳᠤ ᠨᠠᠷᠢᠨ ᠬᠢᠨᠠᠮᠠᠭᠠᠢ ᠬᠠᠷᠢᠭᠤᠯᠲᠠ ᠥᠭᠴᠦ᠂ ᠤᠯᠠᠨ ᠤ ᠰᠠᠨᠠᠯ᠂ ᠰᠠᠨᠠᠭᠤᠯᠭ᠎ᠠ ᠶᠢ ᠳᠠᠷᠤᠤ | ᠬᠢᠴᠢᠶᠡᠩᠭᠦᠢ ᠪᠠᠷ ᠰᠣᠨᠣᠰᠴᠤ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠳᠠ ᠦᠭᠡᠢ ᠰᠠᠶᠢᠵᠢᠷᠠᠭᠤᠯᠵᠤ᠂ | ᠦᠢᠯᠡᠴᠢᠯᠡᠭᠡᠨ ᠤ ᠶᠠᠰᠤ ᠴᠢᠨᠠᠷ ᠢᠶᠠᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠠᠷᠢᠶᠠᠯᠠᠭᠳᠠᠬᠤ ᠰᠡᠳᠬᠢᠯᠭᠡ | ᠪᠣᠯᠣᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠡᠩ ᠰᠠᠶᠢᠲᠤᠷ ᠳᠡᠭᠡᠭᠰᠢᠯᠡᠭᠦᠯᠦᠨ᠎ᠡ᠃ | ᠬᠥᠲᠥᠯᠥᠭᠴᠢ᠄ ︽ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ︾ | ᠭᠡᠭᠰᠡᠭᠡᠷ ᠪᠢᠳᠡ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ︵ᠥᠭᠡᠷ᠎ᠡ ᠪᠠᠷ ᠬᠡᠯᠡᠪᠡᠯ | ᠪᠢᠳᠡᠨ ᠤ ᠦᠷᠭᠦᠯᠵᠢ ᠬᠡᠯᠡᠳᠡᠭ ︽ᠬᠤᠲᠠ ᠶᠢᠨ ᠠᠷᠠᠳ ᠤᠨ ᠶᠡᠭᠡ ᠲᠢᠩᠬᠢᠮ︾︶᠂ ᠪᠠᠰᠠ ᠵᠡᠭᠡᠯᠢ ᠭᠤᠳᠤᠮᠵᠢ᠂ ᠰᠢᠶᠠᠩ | ᠪᠠᠯᠭᠠᠰᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠲᠥᠪ ︵ᠥᠷᠲᠡᠭᠡ︶ ᠵᠡᠷᠭᠡ ᠶᠢ ᠪᠤᠳᠤᠵᠤ ᠣᠯᠣᠨ᠎ᠠ᠃ 2023 ᠣᠨ ᠪᠣᠯ ᠪᠢᠳᠡᠨ ᠤ ᠲᠣᠭᠲᠠᠭᠠᠭᠰᠠᠨ ︽ᠦᠨᠳᠦᠰᠦᠨ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠣᠨ︾ ᠮᠥᠨ᠂ ᠡᠨᠡ ᠨᠢᠭᠡ ᠵᠢᠯ ᠳᠤ | ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠠᠬᠢᠭᠤᠯᠬᠤ ᠶᠢᠨ | ᠲᠥᠯᠥᠭᠡ᠂ ᠮᠠᠨ ᠤ ᠬᠤᠲᠠ ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠣᠪᠴᠢᠶ᠎ᠠ ᠶᠠᠮᠠᠷ ᠶᠠᠮᠠᠷ ᠠᠵᠢᠯ ᠬᠢᠭᠰᠡᠨ | ᠪᠣᠶ︖ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠶᠠᠮᠠᠷ ᠬᠤᠪᠢᠷᠠᠯᠲᠠ ᠲᠠᠢ ᠪᠤᠢ︖ | ᠪᠠᠰᠠ ᠶᠠᠮᠠᠷ ᠠᠰᠠᠭᠤᠳᠠᠯ ᠢ ᠦᠷᠭᠦᠯᠵᠢᠯᠡᠨ ᠠᠬᠢᠭᠤᠯᠬᠤ ᠴᠢᠬᠤᠯᠠᠲᠠᠢ ᠦᠦ︖ | ᠰᠤᠷᠪᠤᠯᠵᠢᠯᠠᠭᠳᠠᠭᠴᠢ ᠬᠤᠤ ᠵᠢᠶᠧ᠄ 2023 ᠣᠨ ᠤ 2 ᠳ᠋ᠤᠭᠠᠷ ᠰᠠᠷ᠎ᠠ ᠳᠤ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ ᠬᠤᠲᠠ ᠳᠤ ︽ᠦᠨᠳᠦᠰᠦᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠵᠦ᠂ ᠪᠥᠬᠦ ᠬᠤᠲᠠ ᠶᠢᠨ | ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ︽ᠭᠤᠯᠳᠤ ᠪᠠᠷ ᠳᠥᠷᠪᠡᠨ ᠱᠠᠲᠤ ᠬᠤᠯᠪᠤᠭᠠᠯᠠᠨ ᠬᠥᠳᠡᠯᠦᠯᠴᠡᠵᠦ᠂ ᠬᠥᠨᠳᠡᠯᠡᠨ ᠢᠶᠠᠷ ᠰᠠᠯᠠᠭ᠎ᠠ | ᠮᠥᠴᠢᠷ ᠬᠠᠮᠵᠢᠯᠴᠠᠭᠰᠠᠨ︾ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ | ᠪᠠᠶᠢᠷᠢᠰᠢᠯ ᠢ ᠪᠣᠶ ᠪᠣᠯᠭᠠᠵᠤ᠂ ︽ᠲᠠᠨ ᠢ ᠰᠡᠳᠬᠢᠯ ᠬᠠᠨᠤᠮᠵᠢᠲᠠᠢ ᠪᠠᠶᠢᠯᠭᠠᠬᠤ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠴᠢᠨᠠᠷ ᠰᠠᠶᠢᠲᠠᠢ ᠪᠣᠶ ᠪᠣᠯᠭᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠠᠵᠢᠯᠯᠠᠭ᠎ᠠ ᠶᠢ ᠥᠷᠨᠢᠭᠦᠯᠦᠭᠰᠡᠨ ᠠᠴᠠ | ᠨᠠᠭᠠᠰᠢ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠬᠤᠶᠠᠷ | ᠱᠠᠲᠤᠨ ᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ | ᠪᠥᠬᠦ ᠲᠠᠯ᠎ᠠ ᠪᠠᠷ ᠳᠡᠭᠡᠭᠰᠢᠯᠡᠵᠦ᠂ ᠦᠨᠳᠦᠰᠦᠨ ᠱᠠᠲᠤᠨ ᠤ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠳᠤ ᠬᠦᠴᠢᠷᠲᠡᠢ᠂ ᠠᠵᠢᠯ ᠶᠠᠪᠤᠳᠠᠯ ᠭᠦᠢᠴᠡᠳᠬᠡᠬᠦ ᠳᠤ ᠤᠳᠠᠭᠠᠨ᠂ ᠣᠯᠠᠨ ᠲᠠᠯ᠎ᠠ ᠠᠴᠠ ᠭᠦᠶᠦᠬᠦ᠂ | ᠨᠠᠭᠠᠰᠢ ᠴᠠᠭᠠᠰᠢ ᠭᠦᠶᠦᠬᠦ ᠵᠡᠷᠭᠡ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠵᠦ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠠᠩ ᠣᠯᠠᠨ ᠪᠠᠲᠤᠯᠠᠭ᠎ᠠ ᠲᠠᠢ ᠪᠣᠯᠭᠠᠪᠠ᠃ | ᠪᠣᠳᠠᠲᠠᠢ ᠪᠠᠷ ᠳᠣᠣᠷᠠᠬᠢ ᠬᠡᠳᠦᠨ ᠲᠠᠯ᠎ᠠ ᠶᠢᠨ ᠢᠯᠡᠷᠡᠯ ᠪᠤᠢ᠄ | ᠨᠢᠭᠡ ᠳᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭᠠᠨ ᠢ ᠨᠠᠩ | ᠪᠠᠷᠢᠮᠵᠢᠶᠠᠵᠢᠭᠤᠯᠪᠠ᠃ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠬᠥᠳᠡᠯᠦᠩᠭᠦᠢ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ | ᠳᠠᠷᠤᠮᠠᠯᠯᠠᠨ ᠲᠠᠷᠬᠠᠭᠠᠵᠤ᠂ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠭᠠᠷᠴᠠᠭ ᠤᠨ ᠨᠠᠷᠢᠨ | ᠬᠠᠭᠤᠳᠠᠰᠤ ︵2023 ᠣᠨ︶ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ 6228 ᠵᠦᠢᠯ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠢ ᠦᠯᠡᠳᠡᠭᠡᠵᠦ᠂ 297 ᠵᠦᠢᠯ ᠢ ᠬᠠᠤᠯᠢ ᠶᠣᠰᠣᠭᠠᠷ ᠬᠦᠴᠦᠨ ᠦᠭᠡᠢ ᠪᠣᠯᠭᠠᠵᠤ᠂ 24 ᠵᠦᠢᠯ ᠢ | ᠳᠣᠷᠣᠭᠰᠢ ᠪᠠᠭᠤᠯᠭᠠᠵᠤ᠂ 7 ᠵᠦᠢᠯ ᠢ ᠨᠠᠶᠢᠳᠠᠭᠤᠯᠪᠠ᠃ ᠪᠥᠬᠦ ᠬᠤᠲᠠ ᠶᠢᠨ 84 ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠪᠠ 795 ᠭᠠᠴᠠᠭ᠎ᠠ ᠲᠣᠰᠬᠤᠨ | ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠨᠡᠷᠡᠶᠢᠳᠦᠯ ᠵᠢᠴᠢ | ᠲᠡᠮᠳᠡᠭ ᠢ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠱᠠᠲᠤ ᠲᠥᠷᠥᠯ ᠬᠤᠪᠢᠶᠠᠨ ᠪᠦᠲᠦᠭᠡᠨ ᠪᠠᠶᠢᠭᠤᠯᠬᠤ | ᠱᠠᠭᠠᠷᠳᠠᠯᠭ᠎ᠠ ᠶᠣᠰᠣᠭᠠᠷ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ ᠬᠡᠪ | ᠳᠠᠭᠤᠷᠢᠶᠠᠯ ᠤᠨ ᠬᠡᠯᠪᠡᠷᠢ᠂ ᠪᠠᠷᠢᠮᠵᠢᠶ᠎ᠠ ᠶᠢᠨ ᠬᠡᠯᠪᠡᠷᠢ᠂ ᠰᠠᠭᠤᠷᠢ ᠬᠡᠯᠪᠡᠷᠢ ᠶᠢᠨ ᠪᠦᠲᠦᠭᠡᠨ ᠪᠠᠶᠢᠭᠤᠯᠤᠯᠲᠠ ᠶᠢ ᠴᠢᠨᠠᠷ | ᠰᠠᠶᠢᠲᠠᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠢ ᠳᠠᠪᠠᠭᠤᠯᠤᠨ | ᠪᠡᠶᠡᠯᠡᠭᠦᠯᠪᠡ᠃ | ᠬᠤᠶᠠᠷ ᠲᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠩ ᠵᠢᠷᠤᠮᠵᠢᠭᠤᠯᠪᠠ᠃ | ᠬᠡᠷᠡᠭ ᠶᠠᠪᠤᠳᠠᠯ ᠢ ᠲᠥᠪᠯᠡᠷᠡᠭᠦᠯᠦᠨ ᠣᠷᠣᠵᠤ ᠰᠠᠭᠤᠬᠤ ᠶᠢ ᠠᠬᠢᠭᠤᠯᠵᠤ᠂ ᠬᠤᠲᠠ ᠶᠢᠨ ᠲᠣᠰ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 1453 ᠵᠦᠢᠯ ᠢ ᠡᠮᠬᠢᠯᠡᠵᠦ᠂ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠲᠤ ᠣᠷᠣᠵᠤ ᠰᠠᠭᠤᠭᠰᠠᠨ ᠨᠣᠷᠮ᠎ᠠ 100% ᠳᠤ ᠬᠦᠷᠪᠡ᠃ ᠬᠤᠲᠠ᠂ ᠰᠢᠶᠠᠨ᠂ ᠰᠢᠶᠠᠩ | ᠭᠤᠷᠪᠠᠨ ᠱᠠᠲᠤᠨ ᠤ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠬᠦ | ᠥᠭᠡᠷᠡᠴᠢᠯᠡᠯᠲᠡ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠶᠡᠷᠦᠩᠬᠡᠶᠢᠯᠡᠭᠰᠡᠨ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ ᠨᠣᠷᠮ᠎ᠠ ᠶᠢ 100% ᠳᠤ | ᠬᠦᠷᠭᠡᠪᠡ᠃ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠶᠡᠷᠦᠩᠬᠡᠶᠢᠯᠡᠭᠰᠡᠨ ᠴᠣᠩᠬᠤᠪᠴᠢ ᠶᠢᠨ ︽ᠶᠢᠰᠦᠨ ᠠᠯᠬᠤᠮᠲᠤ︾ ᠪᠠᠷᠢᠮᠵᠢᠶᠠᠵᠢᠭᠰᠠᠨ ᠦᠢᠯᠡᠴᠢᠯᠡᠭᠡᠨ ᠤ | ᠵᠠᠭᠪᠤᠷ ᠪᠠ ︽ᠲᠠᠪᠤᠨ ᠥᠩᠭᠡᠲᠦ︾ ᠰᠡᠳᠬᠢᠯ ᠢ ᠳᠤᠯᠠᠭᠠᠴᠠᠭᠤᠯᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠬᠡᠷᠡᠭᠵᠢᠭᠦᠯᠵᠦ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠩᠨᠡᠭᠡ ᠶᠢᠨ ᠲᠤᠬᠠᠶᠢᠯᠠᠭᠰᠠᠨ | ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠭᠤᠷᠪᠠ ᠳᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠩ ᠳᠥᠭᠦᠮ | ᠦᠵᠡᠭᠦᠯᠬᠦ ᠪᠣᠯᠭᠠᠪᠠ᠃ ᠡᠨᠡ ᠨᠢ ᠭᠤᠣᠯᠳᠠᠭᠤ 5 ᠲᠠᠯ᠎ᠠ ᠪᠠᠷ ᠢᠯᠡᠷᠡᠵᠦ ᠪᠣᠢ᠃ ᠨᠢᠭᠡᠳᠦᠭᠡᠷ ᠨᠢ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ ᠶᠢ ᠡᠬᠢᠯᠡᠭᠦᠯᠪᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠢ | ᠪᠥᠬᠦ ᠲᠠᠯ᠎ᠠ ᠪᠠᠷ ᠬᠡᠷᠡᠭᠵᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠬᠢᠨᠠᠨ ᠵᠥᠪᠰᠢᠶᠡᠷᠡᠬᠦ ︽ᠭᠤᠷᠪᠠ ᠶᠢ | ᠨᠢᠭᠡ ᠳᠤ ᠳᠠᠭᠠᠭᠠᠴᠢᠯᠠᠭᠤᠯᠬᠤ︾ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠠᠭᠪᠤᠷ ᠢ | ᠨᠠᠶᠢᠳᠠᠪᠤᠷᠢᠵᠢᠭᠤᠯᠤᠨ᠂ ᠪᠥᠬᠦ ᠵᠢᠯ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯᠡᠰ ᠢ 5932 | ᠬᠤᠪᠢ ᠨᠠᠶᠢᠳᠠᠪᠤᠷᠢᠵᠢᠭᠤᠯᠪᠠ᠃ ᠬᠤᠶᠠᠳᠤᠭᠠᠷ ᠨᠢ ᠨᠢᠭᠡ ᠤᠳᠠᠭ᠎ᠠ ᠳᠤ ᠭᠦᠢᠴᠡᠳᠬᠡᠬᠦ ᠶᠢ ᠲᠦᠷᠭᠡᠯᠡᠭᠦᠯᠪᠡ᠃ | ᠤᠤᠯ ᠤᠨ ᠪᠠᠶᠢᠭᠰᠠᠨ 158 ᠵᠦᠢᠯ ᠤᠨ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠵᠦᠢᠯᠡᠰ ᠤᠨ | ᠰᠠᠭᠤᠷᠢᠨ ᠳᠡᠭᠡᠷ᠎ᠡ᠂ ︽ᠨᠢᠭᠡ ᠤᠳᠠᠭ᠎ᠠ ᠳᠤ ᠭᠦᠢᠴᠡᠳᠬᠡᠬᠦ︾ ᠵᠦᠢᠯᠡᠰ ᠤᠨ 120 ᠵᠦᠢᠯ ᠢ ᠳᠠᠬᠢᠨᠲᠠ ᠡᠮᠬᠢᠯᠡᠨ | ᠪᠦᠷᠢᠯᠳᠦᠭᠦᠯᠵᠦ᠂ ᠨᠢᠭᠡᠨᠲᠡ 40 ᠭᠠᠷᠤᠢ ᠲᠦᠮᠡᠨ ᠬᠤᠪᠢ ᠶᠢ ᠭᠦᠢᠴᠡᠳᠬᠡᠭᠰᠡᠨ ᠪᠠᠶᠢᠨ᠎ᠠ᠃ ᠭᠤᠷᠪᠠᠳᠤᠭᠠᠷ ᠨᠢ ᠪᠥᠬᠦ | ᠣᠷᠣᠨ ᠳᠤ ᠨᠡᠶᠢᠳᠡᠮ ᠭᠦᠢᠴᠡᠳᠬᠡᠬᠦ ᠪᠣᠯᠭᠠᠪᠠ᠃ ᠰᠦᠯᠵᠢᠶᠡᠨ ᠭᠠᠳᠠᠨ᠎ᠠ᠂ ᠬᠤᠲᠠ᠂ ᠰᠢᠶᠠᠨ ᠬᠤᠶᠠᠷ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ | ᠴᠣᠩᠬᠤᠪᠴᠢ ᠶᠢ ᠲᠣᠬᠢᠷᠠᠭᠤᠯᠪᠠ︔ ᠰᠦᠯᠵᠢᠶᠡᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠢᠭᠡ | ᠴᠣᠭᠴᠠᠵᠢᠭᠤᠯᠤᠭᠰᠠᠨ ᠲᠠᠪᠴᠠᠩ ᠤᠨ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠭᠥᠯᠢᠶᠡᠨ ᠠᠪᠴᠤ | ᠰᠢᠢᠳᠪᠦᠷᠢᠯᠡᠬᠦ ᠰᠢᠰᠲ᠋ᠧᠮ ᠳᠤ ᠲᠦᠰᠢᠭᠯᠡᠨ᠂ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠴᠢᠳᠠᠮᠵᠢ ᠶᠢᠨ | ᠬᠡᠰᠡᠭ ᠲᠤ ᠰᠢᠨ᠎ᠡ ᠶᠢ ᠡᠭᠦᠳᠴᠦ᠂ ᠨᠢᠭᠡᠨᠲᠡ 1108 ᠬᠤᠪᠢ ᠶᠢ ᠭᠦᠢᠴᠡᠳᠬᠡᠭᠰᠡᠨ ᠪᠠᠶᠢᠨ᠎ᠠ᠃ ᠳᠥᠷᠪᠡᠳᠦᠭᠡᠷ ᠨᠢ | ᠦᠨᠡᠮᠯᠡᠯ ᠠᠴᠠ ᠬᠡᠯᠲᠦᠷᠢᠭᠦᠯᠵᠦ ᠭᠦᠢᠴᠡᠳᠬᠡᠬᠦ ᠶᠢ ᠪᠣᠳᠠᠲᠠᠶᠢᠵᠢᠭᠤᠯᠪᠠ᠃ ᠬᠤᠲᠠ ᠶᠢᠨ ᠱᠠᠲᠤᠨ ᠤ 1474 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠳᠢᠭᠯᠡᠵᠦ᠂ ︽ᠦᠨᠡᠮᠯᠡᠯ ᠠᠴᠠ ᠬᠡᠯᠲᠦᠷᠢᠭᠦᠯᠵᠦ | ᠭᠦᠢᠴᠡᠳᠬᠡᠬᠦ︾ ᠵᠦᠢᠯᠡᠰ ᠤᠨ ᠨᠠᠷᠢᠨ ᠬᠠᠭᠤᠳᠠᠰᠤ ᠶᠢ 841 ᠵᠦᠢᠯ ᠡᠮᠬᠢᠯᠡᠨ ᠭᠠᠷᠭᠠᠪᠠ᠃ ᠡᠯᠧᠺᠲᠷᠣᠨ | ᠦᠨᠡᠮᠯᠡᠯ ᠤᠨ ᠬᠡᠷᠡᠭᠯᠡᠯᠲᠡ ᠶᠢ ᠶᠡᠭᠡ ᠪᠠᠷ ᠠᠬᠢᠭᠤᠯᠵᠤ᠂ 300 ᠲᠦᠮᠡᠨ ᠡᠯᠧᠺᠲᠷᠣᠨ ᠦᠨᠡᠮᠯᠡᠯ ᠢ ᠬᠥᠮᠥᠷᠭᠡ ᠳᠤ | ᠣᠷᠣᠭᠤᠯᠵᠤ᠂ ᠭᠠᠷ ᠤᠨ ᠥᠰᠥᠭ ᠵᠢᠷᠤᠭᠰᠠᠨ ᠨᠣᠷᠮ᠎ᠠ 99.94% ᠳᠤ ᠬᠦᠷᠪᠡ᠃ ᠲᠠᠪᠤᠳᠤᠭᠠᠷ ᠨᠢ ᠮᠥᠩᠬᠡ | ᠰᠤᠪᠠᠭ ᠢ ᠠᠬᠢᠭᠤᠯᠪᠠ᠃ ᠮᠥᠩᠬᠡ ᠰᠤᠪᠠᠭ ᠤᠨ ᠡᠯ᠎ᠡ ᠲᠥᠷᠥᠯ ᠤᠨ ᠤᠬᠠᠭᠤᠯᠤᠨ ᠬᠥᠲᠥᠯᠥᠨ ᠵᠢᠯᠤᠭᠤᠳᠬᠤ | ᠠᠵᠢᠯᠯᠠᠭ᠎ᠠ ᠶᠢ 7042 ᠤᠳᠠᠭ᠎ᠠ ᠥᠷᠨᠢᠭᠦᠯᠵᠦ᠂ ︽ᠮᠥᠩᠬᠡ ᠰᠤᠪᠠᠭ︾ ᠤᠨ ᠣᠯᠠᠨ ᠲᠦᠮᠡᠨ ᠤ ᠳᠤᠮᠳᠠᠬᠢ | ᠣᠶᠢᠯᠠᠭᠠᠬᠤ ᠨᠣᠷᠮ᠎ᠠ ᠪᠠ ᠬᠡᠷᠡᠭᠯᠡᠬᠦ ᠨᠣᠷᠮ᠎ᠠ ᠶᠢ ᠶᠡᠭᠡ ᠪᠠᠷ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠪᠢᠳᠡ ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠳᠡᠭᠡᠭᠰᠢᠯᠡᠭᠦᠯᠬᠦ ᠣᠨ︾ ᠤ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠤᠮᠤ | ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ | ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠭᠦᠨᠵᠡᠭᠡᠢ | ᠳᠡᠭᠡᠭᠰᠢᠯᠡᠭᠦᠯᠵᠦ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠲᠥᠪ ᠪᠠ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠵᠥᠭᠡᠯᠡᠨ | ᠬᠠᠲᠠᠭᠤ ᠲᠣᠨᠤᠭ ᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ 100% ᠪᠠᠷ ᠪᠡᠶᠡᠯᠡᠭᠦᠯᠬᠦ ᠶᠢ | ᠠᠬᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ᠂ | ᠵᠢᠷᠤᠮᠵᠢᠭᠤᠯᠬᠤ᠂ ᠳᠥᠭᠦᠮᠴᠢᠯᠡᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠥᠲᠥᠯᠥᠭᠴᠢ᠄ 2023 ᠣᠨ ᠤ ᠬᠢᠨᠠᠨ ᠵᠥᠪᠰᠢᠶᠡᠷᠡᠬᠦ ᠠᠵᠢᠯ ᠢ ᠨᠠᠷᠢᠯᠢᠭᠵᠢᠭᠤᠯᠬᠤ᠂ ᠠᠷᠠᠳ ᠲᠤ | ᠲᠥᠬᠦᠮ ᠦᠵᠡᠭᠦᠯᠬᠦ ᠲᠠᠯ᠎ᠠ ᠪᠠᠷ᠂ ᠶᠠᠮᠠᠷ ᠰᠢᠨ᠎ᠡ ᠠᠪᠴᠢᠭᠤᠯᠤᠯᠲᠠ ᠪᠠ ᠲᠣᠬᠢᠷᠠᠭᠤᠯᠤᠯᠲᠠ ᠪᠠᠶᠢᠨ᠎ᠠ ᠦᠦ︖ | ᠰᠤᠷᠪᠤᠯᠵᠢᠯᠠᠭᠳᠠᠭᠴᠢ ᠸᠠᠩ ᠬᠤᠢ᠄ ᠨᠢᠭᠡ ᠳᠤ᠂ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢ ᠪᠥᠬᠦ | ᠬᠦᠴᠦᠨ ᠢᠶᠠᠷ ᠢᠶᠠᠨ ᠬᠠᠮᠵᠢᠯᠴᠠᠨ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ | ᠲᠣᠭᠠᠨ ᠤ ᠵᠥᠪᠯᠡᠯ ᠤᠨ ᠠᠯᠪᠠᠨ ᠭᠡᠷ ᠲᠠᠢ ᠬᠠᠮᠵᠢᠯᠴᠠᠨ᠂ 47 ᠬᠤᠲᠠ ᠶᠢᠨ ᠲᠣᠰ ᠱᠠᠲᠤᠨ ᠤ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠨ 1258 ᠵᠦᠢᠯ ᠤᠨ ᠡᠷᠬᠡ ᠲᠤᠰᠢᠶᠠᠯ ᠤᠨ ᠵᠦᠢᠯᠡᠰ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠵᠦᠢᠯᠡᠰ ᠢ ᠪᠥᠬᠦ ᠲᠠᠯ᠎ᠠ ᠪᠠᠷ ᠡᠮᠬᠢᠯᠡᠵᠦ᠂ ᠴᠣᠮᠬᠠᠳᠬᠠᠵᠤ᠂ ᠠᠪᠴᠢᠭᠤᠯᠵᠤ᠂ ᠰᠢᠯᠢᠳᠡᠭᠵᠢᠭᠦᠯᠪᠡ᠃ | ᠡᠷᠬᠡ ᠲᠤᠰᠢᠶᠠᠯ ᠤᠨ ᠵᠦᠢᠯᠡᠰ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ 229 ᠵᠦᠢᠯ ᠢ ᠳᠣᠷᠣᠭᠰᠢ | ᠪᠠᠭᠤᠯᠭᠠᠵᠤ᠂ 277 ᠵᠦᠢᠯ ᠢ ᠬᠦᠴᠦᠨ ᠦᠭᠡᠢ ᠪᠣᠯᠭᠠᠵᠤ᠂ ᠠᠵᠢᠯ ᠶᠠᠪᠤᠳᠠᠯ ᠭᠦᠢᠴᠡᠳᠬᠡᠬᠦ ᠴᠢᠬᠤᠯᠠ ᠨᠥᠬᠦᠴᠡᠯ ᠢ | 560 ᠬᠤᠪᠢ ᠨᠠᠷᠢᠯᠢᠭᠵᠢᠭᠤᠯᠤᠨ ᠴᠣᠮᠬᠠᠳᠬᠠᠵᠤ᠂ ᠶᠠᠪᠤᠴᠠ ᠶᠢᠨ ᠭᠤᠭᠴᠤᠭ᠎ᠠ ᠶᠢ 595 ᠬᠤᠪᠢ ᠪᠠᠭᠠᠰᠬᠠᠵᠤ᠂ | ᠭᠦᠢᠴᠡᠳᠬᠡᠬᠦ ᠴᠠᠭ ᠤᠨ ᠬᠢᠵᠠᠭᠠᠷ ᠢ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠤᠨ ᠰᠠᠭᠤᠷᠢᠨ ᠳᠡᠭᠡᠷ᠎ᠡ | 15047.5 ᠡᠳᠦᠷ ᠪᠣᠭᠤᠨᠢᠰᠬᠠᠪᠠ᠃ | ᠬᠤᠶᠠᠷ ᠲᠤ᠂ ᠤᠯᠠᠨ ᠲᠦᠮᠡᠨ᠂ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠡᠯ᠎ᠡ ᠲᠦᠷᠦᠯ ᠤᠨ ᠬᠢᠨᠠᠨ | ᠵᠥᠪᠰᠢᠶᠡᠷᠡᠬᠦ ᠵᠦᠢᠯᠡᠰ ᠢ ᠪᠣᠳᠠᠲᠠᠢ ᠰᠠᠶᠢᠲᠤᠷ ᠬᠢᠪᠡ᠃ ᠠᠵᠤ ᠠᠬᠤᠶᠢᠯᠠᠯ ᠨᠡᠭᠡᠭᠡᠨ ᠡᠷᠭᠢᠯᠡᠬᠦ᠂ ᠡᠮᠴᠢ ᠳᠠᠩᠰᠠᠯᠠᠬᠤ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠡᠩᠰᠡᠯᠡᠨ ᠪᠠᠶᠢᠭᠤᠯᠬᠤ ᠵᠡᠷᠭᠡ 100 ᠵᠦᠢᠯ ᠤᠨ ᠬᠢᠨᠠᠨ ᠵᠥᠪᠰᠢᠶᠡᠷᠡᠬᠦ | ᠵᠦᠢᠯᠡᠰ ᠤᠨ ᠲᠣᠭᠤᠷᠢᠨ ᠳᠤ᠂ ᠮᠡᠳᠡᠭᠳᠡᠵᠦ ᠠᠮᠠᠯᠠᠭᠤᠯᠬᠤ ᠳᠦᠷᠢᠮ ᠢ ᠬᠡᠷᠡᠭᠵᠢᠭᠦᠯᠬᠦ᠂ ︽ᠦᠨᠡᠮᠯᠡᠯ ᠦᠭᠡᠢ ᠪᠠᠷ | ᠭᠦᠢᠴᠡᠳᠬᠡᠬᠦ︾ ᠦᠢᠯᠡᠴᠢᠯᠡᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠴᠢᠬᠤᠯᠠ ᠨᠥᠬᠦᠴᠡᠯ ᠢ ᠨᠡᠶᠢᠲᠡ 55 ᠬᠤᠪᠢ | ᠨᠠᠷᠢᠯᠢᠭᠵᠢᠭᠤᠯᠤᠨ ᠴᠣᠮᠬᠠᠳᠬᠠᠵᠤ᠂ 51 ᠭᠤᠭᠴᠤᠭ᠎ᠠ ᠶᠢ ᠨᠠᠷᠢᠯᠢᠭᠵᠢᠭᠤᠯᠤᠨ ᠴᠣᠮᠬᠠᠳᠬᠠᠵᠤ᠂ 36 ᠵᠦᠢᠯᠡᠰ ᠢ | ᠨᠢᠭᠡᠨᠲᠡ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ ᠶᠢ ᠪᠡᠶᠡᠯᠡᠭᠦᠯᠵᠦ᠂ ᠴᠠᠭ ᠤᠨ ᠬᠢᠵᠠᠭᠠᠷ ᠢ 2168.5 | ᠡᠳᠦᠷ ᠪᠣᠭᠤᠨᠢᠰᠬᠠᠪᠠ᠃ ︽ᠬᠠᠮᠤᠭ ᠤᠨ ᠣᠯᠠᠨ ᠳᠤ ᠪᠠᠨ ᠨᠢᠭᠡ ᠤᠳᠠᠭ᠎ᠠ ᠭᠦᠶᠦᠬᠦ︾᠂ ︽ᠨᠢᠭᠡ ᠤᠳᠠᠭ᠎ᠠ ᠳᠤ ᠦᠯᠦ | ᠭᠦᠶᠦᠬᠦ︾ ᠳᠠᠩᠰᠠᠯᠠᠨ ᠲᠡᠮᠳᠡᠭᠯᠡᠬᠦ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠳᠠᠩᠰᠠᠯᠠᠨ | ᠲᠡᠮᠳᠡᠭᠯᠡᠬᠦ ᠪᠦᠬᠦ ᠶᠠᠪᠤᠴᠠ ᠶᠢ ᠡᠯᠧᠺᠲᠷᠣᠨᠴᠢᠯᠠᠬᠤ ᠶᠢ ᠠᠬᠢᠭᠤᠯᠵᠤ᠂ ᠠᠵᠤ ᠠᠬᠤᠶᠢᠯᠠᠯ ᠪᠠᠶᠢᠭᠤᠯᠬᠤ ᠴᠠᠭ ᠢ 0.5 | ᠡᠳᠦᠷ ᠪᠣᠯᠭᠠᠨ ᠪᠣᠭᠤᠨᠢᠰᠬᠠᠪᠠ᠃ | ᠬᠥᠲᠥᠯᠥᠭᠴᠢ᠄ ᠰᠠᠶ᠋ᠢᠬᠠᠨ ᠡᠯ᠎ᠡ ᠤᠳᠤᠷᠢᠳᠤᠯᠭ᠎ᠠ ᠪᠢᠳᠡᠨ ᠳᠤ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 2023 ᠣᠨ ᠤ ᠠᠵᠢᠯ ᠤᠨ | ᠠᠷᠭ᠎ᠠ ᠬᠡᠮᠵᠢᠶ᠎ᠡ ᠪᠠ ᠠᠮᠵᠢᠯᠲᠠ ᠪᠦᠲᠦᠮᠵᠢ ᠶᠢ ᠶᠠᠷᠢᠭᠰᠠᠨ ᠪᠠᠶᠢᠨ᠎ᠠ᠂ ᠲᠡᠭᠡᠪᠡᠯ ᠪᠢᠳᠡ 2024 ᠣᠨ ᠤ ᠠᠵᠢᠯ ᠢ | ᠬᠡᠷᠬᠢᠨ ᠲᠥᠯᠥᠪᠯᠡᠨ ᠪᠡᠯᠡᠳᠬᠡᠵᠦ ᠪᠠᠶᠢᠭ᠎ᠠ ᠪᠣᠶ︖ | ᠰᠤᠷᠪᠤᠯᠵᠢᠯᠠᠭᠳᠠᠭᠴᠢ ᠬᠤᠤ ᠵᠢᠶᠧ᠄ 2024 ᠣᠨ ᠳᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ | ᠰᠢᠳᠤᠷᠭᠤ ᠪᠠᠷ ᠦᠢᠯᠡᠳᠦᠯᠭᠡᠵᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ︽ᠬᠤᠶᠠᠷ ᠰᠢᠨ᠎ᠡ︾ ᠶᠢᠨ ᠤᠳᠤᠷᠢᠳᠤᠮᠵᠢ᠂ | ︽ᠬᠤᠶᠠᠷ ᠲᠥᠪ︾ ᠤᠨ ᠪᠦᠲᠦᠭᠡᠨ ᠪᠠᠶᠢᠭᠤᠯᠤᠯᠲᠠ ᠪᠠ ︽ᠬᠤᠶᠠᠷ ᠢ ᠳᠠᠭᠠᠭᠠᠴᠢᠯᠠᠬᠤ︾ ᠣᠷᠴᠢᠨ ᠲᠣᠭᠤᠷᠢᠨ ᠤ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠪᠥᠬᠦ ᠣᠷᠣᠨ ᠤ ᠲᠡᠷᠢᠭᠦᠨ ᠤ ᠪᠠᠶᠢᠬᠤ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠤᠨ ᠬᠠᠷᠠᠯᠲᠠ ᠶᠢ ᠴᠢᠷᠮᠠᠶᠢᠨ ᠲᠣᠭᠲᠠᠭᠠᠵᠤ᠂ ᠦᠨᠳᠦᠰᠦᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠪᠠᠷ ᠭᠤᠣᠯ ᠰᠢᠵᠢᠮ ᠪᠣᠯᠭᠠᠵᠤ᠂ | ᠭᠤᠣᠯᠳᠠᠯᠭ᠎ᠠ ᠶᠢ ᠠᠳᠬᠤᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠢᠯᠠᠰ ᠴᠡᠭ ᠢ ᠡᠭᠦᠳᠴᠦ᠂ ᠪᠥᠬᠦ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ | ᠲᠠᠰ ᠳᠡᠪᠰᠢᠬᠦ ᠶᠢ ᠠᠬᠢᠭᠤᠯᠵᠤ᠂ ︽ᠲᠠᠨ ᠢ ᠰᠡᠳᠬᠢᠯ ᠬᠠᠨᠤᠮᠵᠢᠲᠠᠢ ᠪᠠᠶᠢᠯᠭᠠᠬᠤ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠦᠷᠭᠦᠯᠵᠢᠯᠡᠨ ᠭᠡᠷᠡᠯᠳᠦᠬᠦᠯᠬᠦ ᠪᠣᠯᠣᠨ᠎ᠠ᠃ | ᠨᠢᠭᠡ ᠳᠤ᠂ ᠤᠴᠢᠷ ᠶᠠᠪᠤᠳᠠᠯ ᠢ ᠬᠥᠳᠡᠯᠦᠩᠭᠦᠢ ᠪᠠᠷ ᠲᠣᠬᠢᠷᠠᠭᠤᠯᠬᠤ ᠵᠣᠬᠢᠴᠠᠮᠵᠢ ᠶᠢ ᠨᠠᠶᠢᠳᠠᠪᠤᠷᠢᠵᠢᠭᠤᠯᠤᠨ᠎ᠠ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢ ᠬᠦᠴᠦᠨ ᠦᠭᠡᠢ ᠪᠣᠯᠭᠠᠬᠤ ᠶᠢ | ᠳᠠᠭᠠᠭᠠᠨ ᠠᠪᠬᠤ ᠠᠵᠢᠯ ᠢ ᠰᠠᠶᠢᠲᠤᠷ ᠬᠢᠵᠦ᠂ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠡᠯ᠎ᠡ ᠲᠥᠷᠥᠯ ᠤᠨ ᠨᠠᠷᠢᠨ ᠬᠠᠭᠤᠳᠠᠰᠤ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠪᠥᠬᠦ | ᠲᠠᠯ᠎ᠠ ᠪᠠᠷ ᠴᠢᠩᠭᠠᠳᠬᠠᠨ᠂ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ 100 ᠵᠦᠢᠯ ᠤᠨ ︽ᠪᠥᠬᠦ ᠬᠤᠲᠠ ᠳᠤ | ᠨᠡᠶᠢᠳᠡᠮ ᠭᠦᠢᠴᠡᠳᠬᠡᠬᠦ︾ ᠵᠦᠢᠯᠡᠰ ᠢ ᠡᠮᠬᠢᠯᠡᠨ ᠨᠡᠶᠢᠲᠡᠯᠡᠨ᠎ᠡ︔ ᠳᠠᠬᠢᠨ 500 ᠵᠦᠢᠯ ᠤᠨ ᠠᠩᠬᠠᠷᠤᠯ ᠤᠨ ᠬᠡᠮᠵᠢᠶ᠎ᠡ | ᠥᠨᠳᠥᠷ᠂ ᠥᠷᠭᠦᠯᠵᠢ ᠶᠢᠨ ᠬᠡᠷᠡᠭᠯᠡᠯᠲᠡ ᠲᠠᠢ᠂ ᠭᠤᠶᠤᠴᠢᠯᠠᠨ ᠮᠡᠳᠡᠭᠦᠯᠬᠦ ᠳᠤ ᠳᠥᠭᠦᠮ᠂ ᠶᠠᠪᠤᠴᠠ ᠶᠢᠨ ᠴᠢᠬᠤᠯᠠ | ᠨᠥᠬᠦᠴᠡᠯ ᠤᠨ ᠪᠠᠷᠢᠮᠵᠢᠶ᠎ᠠ ᠵᠢᠷᠤᠮᠵᠢᠯ ᠤᠨ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ | ᠡᠭᠦᠨ ᠤ ᠬᠠᠮᠲᠤ᠂ ᠬᠦᠷᠢᠶᠡᠯᠡᠩ ᠲᠣᠭᠤᠷᠢᠭ ᠤᠨ ᠵᠦᠢᠯᠡᠰ ᠢ ᠳᠣᠷᠣᠭᠰᠢ ᠪᠠᠭᠤᠯᠭᠠᠬᠤ ᠬᠡᠪᠴᠢᠶ᠎ᠡ ᠶᠢ ᠤᠯᠠᠮ ᠨᠢᠭᠡ | ᠠᠯᠬᠤᠮ ᠥᠷᠭᠡᠳᠬᠡᠵᠦ᠂ 50 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠳᠤ ᠦᠷᠭᠦᠯᠵᠢᠯᠡᠨ | ᠪᠠᠭᠤᠯᠭᠠᠵᠤ᠂ ᠪᠥᠬᠦ ᠬᠤᠲᠠ ᠶᠢᠨ ᠡᠯ᠎ᠡ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ | ᠬᠤᠶᠠᠷ ᠲᠤ᠂ ᠬᠢᠨᠠᠨ ᠵᠥᠪᠰᠢᠶᠡᠷᠡᠬᠦ ᠬᠢᠨᠠᠯᠲᠠ ᠬᠠᠮᠢᠶᠠᠷᠤᠯᠲᠠ ᠶᠢ ᠵᠠᠪᠰᠠᠷ ᠦᠭᠡᠢ ᠵᠣᠯᠭᠠᠭᠤᠯᠬᠤ | ᠵᠣᠬᠢᠴᠠᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ︽ᠬᠡᠨ ᠬᠢᠨᠠᠨ ᠵᠥᠪᠰᠢᠶᠡᠷᠡᠪᠡᠯ ᠲᠡᠷᠡ ᠬᠠᠷᠢᠭᠤᠴᠠᠬᠤ᠂ ᠬᠡᠨ | ᠭᠤᠣᠯᠴᠢᠯᠠᠨ ᠬᠠᠮᠢᠶᠠᠷᠪᠠᠯ ᠲᠡᠷᠡ ᠬᠢᠨᠠᠨ ᠬᠠᠮᠢᠶᠠᠷᠬᠤ︾ ᠵᠠᠷᠴᠢᠮ ᠶᠣᠰᠣᠭᠠᠷ᠂ ᠬᠢᠨᠠᠨ ᠵᠥᠪᠰᠢᠶᠡᠷᠡᠬᠦ ᠪᠠ ᠬᠢᠨᠠᠨ | ᠬᠠᠮᠢᠶᠠᠷᠬᠤ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠭᠦᠯᠵᠦ ᠬᠠᠮᠲᠤ ᠪᠠᠷ ᠡᠳ᠋ᠯᠡᠬᠦ ᠪᠠ ᠪᠦᠲᠦᠮᠵᠢᠲᠡᠶ | ᠵᠣᠯᠭᠠᠭᠤᠯᠬᠤ ᠶᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠮᠡᠳᠡᠭᠡ | ᠵᠠᠩᠭᠢ ᠬᠦᠷᠭᠡᠬᠦ ᠳᠦᠷᠢᠮ᠂ ᠬᠠᠮᠲᠤᠷᠠᠭᠰᠠᠨ ᠬᠤᠷᠠᠯ ᠤᠨ ᠳᠦᠷᠢᠮ᠂ ᠲᠤᠬᠠᠢ ᠶᠢᠨ ᠲᠠᠯᠠᠪᠠᠶ ᠳᠤ ᠬᠠᠶᠢᠨ ᠪᠠᠶᠢᠴᠠᠭᠠᠬᠤ | ᠪᠠ ᠤᠴᠢᠷ ᠶᠠᠪᠤᠳᠠᠯ ᠤᠨ ᠳᠤᠮᠳᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠬᠤ ᠵᠣᠬᠢᠴᠠᠮᠵᠢ ᠶᠢ ᠪᠠᠶᠢᠭᠤᠯᠵᠤ᠂ | ᠪᠢᠴᠢᠭ ᠤᠨ ᠬᠡᠯᠪᠡᠷᠢ ᠪᠠᠷ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠴᠠᠭ ᠲᠤᠬᠠᠢ ᠳᠤ ᠨᠢ ᠡᠯ᠎ᠡ ᠬᠤᠯᠪᠣᠭᠳᠠᠯ | ᠪᠦᠬᠦᠢ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠬᠦᠷᠭᠡᠬᠦ ᠬᠡᠯᠪᠡᠷᠢ ᠪᠠᠷ ᠳᠠᠮᠵᠢᠭᠤᠯᠤᠨ᠂ | ᠬᠤᠣᠰ ᠴᠢᠭᠯᠡᠯ ᠢᠶᠠᠷ ᠬᠠᠷᠢᠭᠤ ᠲᠤᠰᠬᠠᠬᠤ ᠶᠢ ᠪᠡᠶᠡᠯᠡᠭᠦᠯᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ | ᠵᠠᠬᠢᠷᠭᠠᠨ ᠤ ᠬᠠᠷᠢᠴᠠᠩᠭᠤᠢ ᠬᠥᠮᠥᠨ ᠤ ᠮᠡᠳᠡᠭᠡ ᠵᠠᠩᠭᠢ ᠶᠢ ᠴᠠᠭ ᠲᠤᠬᠠᠢ ᠳᠤ ᠨᠢ ᠣᠯᠵᠤ᠂ ︽ᠬᠢᠨᠠᠯᠲᠠ | ᠬᠠᠮᠢᠶᠠᠷᠤᠯᠲᠠ ᠶᠢᠨ ᠬᠤᠭᠤᠰᠤᠨ︾ ᠭᠠᠷᠬᠤ ᠠᠴᠠ ᠵᠠᠶᠢᠯᠠᠰᠬᠢᠨ᠎ᠡ᠃ | ᠭᠤᠷᠪᠠ ᠳᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠥᠷᠲᠡᠭᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ᠎ᠠ᠃ ᠨᠢᠭᠡᠨᠲᠡ ᠪᠠᠶᠢᠭᠤᠯᠤᠭᠰᠠᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠤᠨ ᠥᠷᠲᠡᠭᠡ ᠶᠢᠨ ︽ᠨᠢᠭᠡ ᠴᠣᠩᠬᠤᠪᠴᠢ ᠪᠠᠷ ᠶᠡᠷᠦᠩᠬᠡᠶᠢᠯᠡᠨ ᠭᠥᠯᠢᠶᠡᠨ ᠠᠪᠴᠤ | ᠰᠢᠢᠳᠪᠦᠷᠢᠯᠡᠬᠦ︾ ᠵᠠᠭᠪᠤᠷ ᠢ ᠰᠢᠯᠢᠳᠡᠭᠵᠢᠭᠦᠯᠵᠦ᠂ ︽ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ︾ ᠪᠠ ᠥᠪᠡᠷᠲᠡᠭᠡᠨ ᠦᠢᠯᠡᠴᠢᠯᠡᠬᠦ ᠲᠠᠯ᠎ᠠ ᠶᠢ ᠬᠦᠷᠢᠶᠡᠯᠡᠩ ᠲᠣᠭᠤᠷᠢᠭ ᠲᠡᠶᠢᠰᠢ | ᠤᠷᠲᠤᠳᠬᠠᠬᠤ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ | ᠵᠥᠪᠰᠢᠶᠡᠷᠡᠬᠦ ︽ᠭᠤᠷᠪᠠ ᠶᠢ ᠨᠢᠭᠡ ᠳᠤ ᠳᠠᠭᠠᠭᠠᠴᠢᠯᠠᠭᠤᠯᠬᠤ︾ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠡᠷᠴᠢᠮ ᠢ ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠴᠡᠭ ᠲᠤ ︽ᠨᠢᠭᠡ ᠶᠠᠪᠤᠳᠠᠯ ᠢ ᠨᠢᠭᠡ | ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ | ᠭᠠᠷᠳᠠᠮ ᠢ ᠭᠦᠢᠴᠡᠳᠬᠡᠬᠦ ᠬᠤᠷᠳᠤᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠦᠷᠢᠶᠡᠯᠡᠩ ᠲᠣᠭᠤᠷᠢᠭ ᠤᠨ | ᠠᠵᠤ ᠠᠬᠤᠶᠢᠯᠠᠯ ᠪᠠ ᠠᠵᠢᠯᠲᠠᠨ ᠠᠵᠢᠯᠴᠢᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠯᠠᠨ ᠶᠠᠩᠵᠤᠲᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠳᠥᠷᠪᠡ ᠳᠤ᠂ ᠪᠣᠭᠤᠮᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ᠶᠢ ᠵᠢᠯᠣᠭᠤᠳᠤᠨ ᠮᠠᠨᠳᠤᠯ ᠪᠣᠭᠤᠮᠲᠠ ᠶᠢᠨ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠤᠨ ᠥᠷᠲᠡᠭᠡ︾ ᠶᠢᠨ ᠠᠭᠤᠯᠤᠭᠳᠠᠬᠤᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠳᠣᠲᠣᠭᠠᠳᠤ ᠶᠢᠨ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ | ᠭᠤᠭᠴᠤᠭ᠎ᠠ ᠶᠢ ᠪᠠᠭᠠᠰᠬᠠᠵᠤ᠂ ᠪᠣᠭᠤᠮᠲᠠ ᠶᠢᠨ ᠠᠵᠤ ᠠᠬᠤᠶᠢᠯᠠᠯ ᠳᠤ ᠣᠯᠠᠨ ᠲᠠᠯ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠠᠩᠭᠠᠨ᠎ᠠ᠃ | ᠲᠠᠪᠤ ᠳᠤ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠵᠦᠢᠯᠡᠰ ᠤᠨ ᠬᠡᠪᠴᠢᠶ᠎ᠡ ᠶᠢ ᠤᠯᠠᠮ | ᠨᠢᠭᠡ ᠠᠯᠬᠤᠮ ᠥᠷᠭᠡᠳᠬᠡᠨ᠎ᠡ᠃ ᠠᠵᠤ ᠠᠬᠤᠶᠢᠯᠠᠯ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ | ᠬᠤᠯᠪᠣᠭᠳᠠᠯ ᠲᠠᠢ ᠥᠨᠳᠥᠷ ᠳᠠᠪᠲᠠᠮᠵᠢᠲᠤ ᠵᠦᠢᠯᠡᠰ ᠤᠨ ᠲᠣᠭᠤᠷᠢᠨ ᠳᠤ᠂ ︽ᠨᠢᠭᠡ ᠶᠠᠪᠤᠳᠠᠯ ᠢ ᠥᠨᠳᠥᠷ | ᠪᠦᠲᠦᠮᠵᠢᠲᠡᠶ ᠪᠠᠷ ᠭᠦᠢᠴᠡᠳᠬᠡᠬᠦ︾ ᠥᠭᠡᠷᠡᠴᠢᠯᠡᠯᠲᠡ ᠶᠢ ᠬᠡᠷᠡᠭᠵᠢᠭᠦᠯᠵᠦ᠂ ︽ᠨᠢᠭᠡ ᠶᠠᠪᠤᠳᠠᠯ ᠢ ᠨᠢᠭᠡ ᠤᠳᠠᠭ᠎ᠠ ᠳᠤ | ᠭᠦᠢᠴᠡᠳᠬᠡᠬᠦ︾ ᠵᠦᠢᠯᠡᠰ ᠤᠨ ᠲᠤᠭ᠎ᠠ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ᠃ ᠡᠭᠦᠨ ᠤ ᠬᠠᠮᠲᠤ᠂ | ᠭᠤᠶᠤᠴᠢᠯᠠᠯ ᠤᠨ ᠮᠠᠲ᠋ᠧᠷᠢᠶᠠᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠴᠣᠮᠬᠠᠳᠬᠠᠵᠤ᠂ ᠶᠠᠪᠤᠴᠠ ᠶᠢ | ᠰᠢᠯᠢᠳᠡᠭᠵᠢᠭᠦᠯᠦᠨ᠂ ᠬᠤᠯᠪᠤᠭᠠᠯᠠᠨ ᠬᠥᠳᠡᠯᠦᠯᠴᠡᠵᠦ ᠬᠢᠨᠠᠨ ᠵᠥᠪᠰᠢᠶᠡᠷᠡᠬᠦ᠂ ᠬᠠᠮᠲᠤᠷᠠᠨ ᠬᠢᠨᠠᠨ ᠲᠣᠭᠲᠠᠭᠠᠬᠤ ︵ | ᠬᠠᠶᠢᠨ ᠰᠢᠯᠭᠠᠬᠤ᠂ ᠰᠢᠯᠭᠠᠨ ᠠᠪᠬᠤ︶ ᠵᠡᠷᠭᠡ ᠬᠠᠮᠲᠤᠷᠠᠨ ᠭᠦᠢᠴᠡᠳᠬᠡᠬᠦ ᠵᠣᠬᠢᠴᠠᠮᠵᠢ ᠶᠢ ᠢᠳᠡᠪᠬᠢᠲᠡᠢ ᠬᠡᠷᠡᠭᠵᠢᠭᠦᠯᠵᠦ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ︽ᠭᠤᠣᠯ ᠰᠡᠳᠦᠪᠲᠦ ᠮᠠᠶ᠋ᠢᠭ ᠤᠨ ᠦᠢᠯᠡᠴᠢᠯᠡᠭᠡ ᠶᠢ | ᠭᠤᠶᠤᠴᠢᠯᠠᠨ ᠮᠡᠳᠡᠭᠦᠯᠬᠦ᠂ ᠢᠵᠢ ᠬᠡᠯᠪᠡᠷᠢ ᠶᠢᠨ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠬᠦ ᠵᠠᠮ︾ ᠤᠨ ︽ᠨᠢᠭᠡ | ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠵᠠᠭᠪᠤᠷ ᠢ ᠪᠠᠶᠢᠭᠤᠯᠵᠤ᠂ ︽ᠣᠯᠠᠨ ᠲᠦᠮᠡᠨ ᠢ ᠳᠤᠲᠠᠭᠤ ᠭᠦᠶᠦᠯᠭᠡᠵᠦ᠂ | ᠲᠤᠭ᠎ᠠ ᠪᠠᠷᠢᠮᠲᠠ ᠶᠢ ᠢᠯᠡᠭᠦᠦ ᠭᠦᠶᠦᠯᠭᠡᠬᠦ︾ ᠶᠢ ᠦᠨᠡᠨ ᠬᠦ ᠪᠡᠶᠡᠯᠡᠭᠦᠯᠦᠨ᠎ᠡ᠃ | ᠵᠢᠷᠭᠤᠭ᠎ᠠ ᠳᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠬᠠᠯᠠᠮᠰᠢᠯ ᠤᠲᠠᠰᠤᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠲᠠᠢ ᠢᠳᠡᠪᠬᠢᠲᠡᠢ ᠬᠠᠮᠵᠢᠯᠴᠠᠨ 12345 ᠤᠲᠠᠰᠤ ᠶᠢ ᠨᠢᠭᠡ ᠴᠣᠭᠴᠠᠵᠢᠭᠤᠯᠬᠤ | ᠲᠠᠪᠴᠠᠩ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ︽ᠣᠨᠣᠯ ᠤᠨ ᠰᠤᠷᠤᠯᠴᠠᠯᠭ᠎ᠠ ᠪᠠᠷ ᠬᠡᠪ ᠴᠢᠨᠠᠷ ᠢᠶᠠᠨ ᠳᠡᠭᠡᠭᠰᠢᠯᠡᠭᠦᠯᠵᠦ᠂ ᠠᠵᠢᠯ ᠤᠨ ᠪᠠᠶᠢᠷᠢ ᠳᠤ | ᠴᠡᠷᠢᠭ ᠪᠣᠯᠪᠠᠰᠤᠷᠠᠭᠤᠯᠵᠤ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ︾ ᠬᠡᠯᠪᠡᠷᠢ ᠪᠠᠷ ᠳᠠᠮᠵᠢᠭᠤᠯᠤᠨ᠂ ᠦᠵᠡᠯ ᠰᠠᠨᠠᠭ᠎ᠠ | ᠨᠢ ᠨᠢᠭᠡᠳᠦᠯᠲᠡᠢ᠂ ᠠᠵᠢᠯᠯᠠᠭᠠᠨ ᠨᠢ ᠥᠨᠳᠥᠷ ᠪᠦᠲᠦᠮᠵᠢᠲᠡᠶ᠂ ᠦᠢᠯᠡᠴᠢᠯᠡᠭᠡ ᠨᠢ ᠪᠦᠷᠢᠨ ᠭᠦᠢᠴᠡᠳ᠂ | ᠭᠦᠢᠴᠡᠳᠬᠡᠬᠦ ᠳᠤ ᠲᠦᠷᠭᠡᠨ 12345 ᠬᠠᠯᠠᠮᠰᠢᠯ ᠤᠲᠠᠰᠤᠨ ᠤ ᠡᠩᠨᠡᠭᠡ ᠶᠢ ᠪᠠᠶᠢᠭᠤᠯᠤᠨ᠎ᠠ᠃ ᠬᠠᠭᠤᠳᠠᠰᠤ | ᠲᠣᠮᠢᠯᠠᠵᠤ ᠦᠷ᠎ᠡ ᠪᠦᠲᠦᠮᠵᠢ ᠶᠢ ᠮᠥᠷᠳᠡᠨ ᠠᠰᠠᠭᠤᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠪᠠ | ᠣᠯᠠᠨ ᠲᠦᠮᠡᠨ ᠤ ᠵᠦᠢ ᠵᠣᠬᠢᠰᠲᠠᠢ᠂ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠴᠠᠭ ᠲᠤᠬᠠᠢ ᠳᠤ ᠨᠢ | ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠪᠠᠴᠢᠮ ᠪᠡᠷᠬᠡ ᠵᠣᠪᠠᠨᠢᠯ ᠬᠦᠰᠡᠯ ᠢ ︽ | ᠨᠠᠶᠢᠳᠠᠪᠤᠷᠢᠵᠢᠭᠤᠯᠬᠤ︾ ᠶᠢ ᠦᠨᠡᠨ ᠬᠦ ᠪᠠᠲᠤᠯᠠᠨ᠎ᠠ᠃ | ᠬᠥᠲᠥᠯᠥᠭᠴᠢ᠄ ᠰᠣᠨᠣᠰᠤᠭᠴᠢ ᠨᠠᠶᠢᠵᠠ ᠨᠠᠷ᠂ ᠮᠠᠨ ᠤ ᠫᠷᠣᠭ᠍ᠷᠠᠮ ᠤᠳᠠᠯ ᠦᠭᠡᠢ ᠥᠨᠳᠥᠷᠯᠡᠬᠦ ᠪᠣᠯᠣᠯ᠎ᠠ᠂ | ᠬᠠᠮᠤᠭ ᠰᠡᠭᠦᠯ ᠳᠤ ᠨᠢ ᠬᠢᠨᠠᠯᠲᠠ ᠲᠠᠯᠪᠢᠵᠤ ᠯᠠᠪᠯᠠᠬᠤ ᠤᠲᠠᠰᠤ ᠪᠠᠨ ᠨᠡᠶᠢᠲᠡᠯᠡᠬᠦ ᠪᠣᠯᠪᠠᠤ᠃ | ᠰᠤᠷᠪᠤᠯᠵᠢᠯᠠᠭᠳᠠᠭᠴᠢ ᠬᠤᠤ ᠵᠢᠶᠧ᠄ ᠥᠨᠥᠳᠥᠷ᠂ ︽ᠠᠵᠢᠯ ᠲᠥᠷᠥᠯ ᠤᠨ ᠰᠤᠷᠲᠠᠯ ᠤᠨ ᠬᠠᠯᠠᠮᠰᠢᠯ ᠤᠲᠠᠰᠤ︾ | ᠪᠤᠯᠤᠩ ᠢᠶᠠᠷ ᠳᠠᠮᠵᠢᠭᠤᠯᠤᠨ ᠰᠣᠨᠣᠰᠤᠭᠴᠢ ᠨᠠᠶᠢᠵᠠ ᠨᠠᠷ ᠲᠠᠢ ᠬᠠᠷᠢᠯᠴᠠᠨ ᠰᠣᠯᠢᠯᠴᠠᠭᠰᠠᠨ ᠨᠢ ᠮᠠᠨ ᠤ | ᠬᠤᠶᠢᠰᠢᠳᠠ ᠶᠢᠨ ᠠᠵᠢᠯ ᠳᠤ ᠲᠤᠶᠢᠯ ᠤᠨ ᠶᠡᠭᠡ ᠠᠬᠢᠭᠤᠯᠬᠤ ᠦᠢᠯᠡᠳᠦᠯ ᠲᠠᠢ ᠪᠠᠶᠢᠵᠤ᠂ ᠪᠢᠳᠡᠨ ᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠦᠷ᠎ᠡ | ᠪᠦᠲᠦᠮᠵᠢ ᠶᠢ ᠨᠠᠩ ᠬᠠᠨᠳᠤᠯᠭᠠᠲᠤ ᠴᠢᠨᠠᠷᠲᠠᠢ ᠪᠠᠷ ᠳᠡᠭᠡᠭᠰᠢᠯᠡᠭᠦᠯᠬᠦ ᠳᠤ ᠠᠰᠢᠭᠲᠠᠢ ᠶᠤᠮ᠃ ᠥᠨᠥᠳᠥᠷ ᠤᠨ | ᠰᠣᠨᠣᠰᠤᠭᠴᠢ ᠨᠠᠶᠢᠵᠠ ᠨᠠᠷ ᠤᠨ ᠲᠤᠰᠬᠠᠭᠰᠠᠨ ᠪᠣᠳᠠᠲᠠᠢ ᠠᠰᠠᠭᠤᠳᠠᠯ ᠢ ᠪᠢᠳᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠵᠣᠬᠢᠴᠠᠭᠤᠯᠵᠤ ᠪᠠᠶᠢᠭᠠᠳ ᠠᠯᠢ ᠲᠦᠷᠭᠡᠨ ᠢᠶᠠᠷ ᠰᠢᠢᠳᠪᠦᠷᠢᠯᠡᠵᠦ᠂ ᠴᠠᠭ ᠲᠤᠬᠠᠢ ᠳᠤ ᠨᠢ ᠬᠠᠷᠢᠭᠤ | ᠲᠤᠰᠬᠠᠬᠤ ᠪᠣᠯᠣᠨ᠎ᠠ᠃ ᠡᠭᠦᠨ ᠤ ᠬᠠᠮᠲᠤ᠂ ᠥᠷᠭᠡᠨ ᠣᠯᠠᠨ ᠰᠣᠨᠣᠰᠤᠭᠴᠢ ᠨᠠᠶᠢᠵᠠ ᠨᠠᠷ ᠤᠨ ᠮᠠᠨ ᠤ ᠬᠤᠲᠠ ᠶᠢᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠦᠷᠭᠦᠯᠵᠢᠯᠡᠨ | ᠠᠩᠬᠠᠷᠬᠤ ᠶᠢ ᠪᠠᠶᠠᠷᠯᠠᠨ ᠤᠭᠲᠤᠬᠤ ᠶᠢᠨ ᠬᠠᠮᠲᠤ ᠮᠠᠨ ᠤ ᠠᠵᠢᠯ ᠳᠤ ᠬᠢᠨᠠᠯᠲᠠ ᠲᠠᠯᠪᠢᠵᠤ ᠦᠨᠡᠯᠡᠯᠲᠡ ᠬᠢᠵᠦ᠂ | ᠲᠠᠨ ᠤ ᠰᠠᠨᠠᠯ ᠰᠠᠨᠠᠭᠤᠯᠭ᠎ᠠ ᠪᠠᠨ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠂ ᠣᠯᠠᠨ ᠢᠶᠠᠷ ᠢᠶᠠᠨ ︽ᠪᠤᠭᠤᠲᠤ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠠᠯᠪᠠᠨ ᠰᠦᠯᠵᠢᠶ᠎ᠡ︾ ᠳᠤ ᠭᠠᠷᠴᠤ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠪᠤᠶᠤ ᠵᠠᠭᠠᠯᠳᠤᠯᠭ᠎ᠠ | ᠰᠠᠨᠠᠭᠤᠯᠭ᠎ᠠ ᠳᠤᠷᠠᠳᠴᠤ ᠪᠣᠯᠣᠨ᠎ᠠ᠂ ᠪᠠᠰᠠ ᠪᠢᠳᠡᠨ ᠤ ᠠᠰᠠᠭᠤᠨ ᠯᠠᠪᠯᠠᠬᠤ ᠪᠠ ᠵᠠᠭᠠᠯᠳᠤᠬᠤ ᠤᠲᠠᠰᠤᠨ ᠳᠤ | ᠤᠲᠠᠰᠤᠳᠠᠵᠤ ᠪᠣᠯᠣᠨ᠎ᠠ᠂ ᠮᠠᠨ ᠤ ᠵᠠᠭᠠᠯᠳᠤᠯᠭ᠎ᠠ ᠶᠢᠨ ᠤᠲᠠᠰᠤ᠄ 6862732᠂ ᠠᠰᠠᠭᠤᠨ ᠯᠠᠪᠯᠠᠬᠤ ᠤᠲᠠᠰᠤ᠄ | 6862000 ᠪᠣᠯᠣᠨ᠎ᠠ᠃ ᠲᠠ ᠣᠯᠠᠨ ᠳᠤ ᠪᠠᠨ ᠪᠠᠶᠠᠷᠯᠠᠯ᠎ᠠ︕ | |