ᠲᠡᠦᠬᠡ ᠶᠢᠨ ᠳᠤᠷᠠᠰᠬᠠᠯᠲᠤ ᠵᠦᠢᠯ ᠤᠨ ᠡᠬᠡ ᠪᠠᠶᠢᠳᠠᠯ ᠢ ᠲᠣᠳᠣᠷᠬᠠᠢ ᠣᠶᠢᠯᠠᠭᠠᠵᠤ᠂ ᠲᠡᠦᠬᠡ ᠶᠢᠨ | ᠴᠡᠭᠡᠵᠢᠯᠡᠬᠦᠢ ᠶᠢ ᠬᠠᠮᠠᠭᠠᠯᠠᠶ᠎ᠠ᠃ ᠡᠨᠡ ᠵᠢᠯ ᠤᠨ 5 ᠳ᠋ᠤᠭᠠᠷ ᠰᠠᠷ᠎ᠠ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠡᠬᠢᠯᠡᠭᠦᠯᠵᠦ᠂ ᠣᠳᠣ ᠪᠣᠯᠲᠠᠯ᠎ᠠ ᠨᠢᠭᠡᠨᠲᠡ ᠭᠤᠷᠪᠠᠳᠤᠭᠠᠷ ᠤᠳᠠᠭᠠᠨ ᠤ ᠪᠦᠬᠦ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠭᠤᠯᠤᠭᠰᠠᠨ 207 | ᠲᠡᠦᠬᠡ ᠶᠢᠨ ᠳᠤᠷᠠᠰᠬᠠᠯᠲᠤ ᠵᠦᠢᠯᠡᠰ ᠢ ᠲᠤᠬᠠᠢ ᠶᠢᠨ ᠭᠠᠵᠠᠷ ᠲᠤᠨᠢ ᠳᠠᠬᠢᠨ ᠪᠠᠶᠢᠴᠠᠭᠠᠬᠤ ᠠᠵᠢᠯ ᠬᠢᠵᠦ᠂ | ᠰᠢᠯᠵᠢᠭᠦᠯᠵᠦ ᠪᠣᠯᠣᠰᠢ ᠦᠭᠡᠢ 9 ᠲᠡᠦᠬᠡ ᠶᠢᠨ ᠳᠤᠷᠠᠰᠬᠠᠯᠲᠤ ᠵᠦᠢᠯᠡᠰ ᠢ ᠰᠢᠨ᠎ᠡ ᠪᠠᠷ ᠢᠯᠡᠷᠡᠭᠦᠯᠦᠭᠰᠡᠨ ᠪᠠᠶᠢᠨ᠎ᠠ᠃ | ᠲᠦᠷᠦᠭᠦᠬᠡᠨ᠂ ᠰᠤᠷᠪᠤᠯᠵᠢᠯᠠᠭᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠥᠷᠪᠡᠳᠦᠭᠡᠷ | ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠤᠬᠠᠢ ᠶᠢᠨ ᠭᠠᠵᠠᠷ ᠲᠤᠨᠢ ᠪᠠᠶᠢᠴᠠᠭᠠᠬᠤ | ᠨᠡᠶᠢᠳᠡᠮ ᠪᠠᠶᠢᠴᠠᠭᠠᠯᠲᠠ ᠶᠢᠨ ᠠᠩᠭᠢ ᠶᠢ ᠳᠠᠭᠠᠵᠤ᠂ ᠣᠯᠠᠨ ᠰᠤᠮᠤ ᠶᠢᠨ ᠡᠷᠲᠡᠨ ᠤ ᠬᠤᠲᠠ ᠶᠢᠨ ᠵᠡᠭᠦᠨ ᠲᠠᠯ᠎ᠠ ᠳᠤ 5 | ᠺᠢᠯᠣᠮᠧᠲᠷ ᠵᠠᠢ ᠲᠠᠢ ᠪᠠᠶᠢᠭ᠎ᠠ ᠬᠠᠷ᠎ᠠ ᠡᠩᠭᠡᠷ ᠰᠦᠮ᠎ᠡ ᠬᠡᠶᠢᠳ ᠤᠨ ᠪᠠᠭᠤᠷᠢ ᠳᠤ ᠬᠦᠷᠪᠡ᠂ ᠠᠭᠤᠯᠠᠨ ᠳᠡᠭᠡᠷᠡᠬᠢ | ᠰᠦᠮ᠎ᠡ ᠬᠡᠶᠢᠳ ᠨᠢᠭᠡᠨᠲᠡ ᠡᠪᠳᠡᠭᠳᠡᠪᠡ᠂ ᠤᠤᠯ ᠤᠨ ᠰᠦᠮ᠎ᠡ ᠬᠡᠶᠢᠳ ᠲᠤ ᠨᠡᠪᠲᠡᠷᠡᠬᠦ ᠨᠠᠷᠢᠨ ᠵᠠᠮ ᠨᠢ ᠴᠦ ᠨᠤᠷᠠᠭᠰᠠᠨ | ᠬᠡᠮᠬᠡᠷᠬᠡᠢ ᠴᠢᠯᠠᠭᠤᠨ ᠳᠤ ᠪᠦᠷᠬᠦᠭᠳᠡᠪᠡ᠂ ᠨᠡᠶᠢᠳᠡᠮ ᠪᠠᠶᠢᠴᠠᠭᠠᠯᠲᠠ ᠶᠢᠨ ᠠᠩᠭᠢ ᠶᠢᠨ ᠭᠡᠰᠢᠭᠦᠨ ᠡᠭᠴᠡ ᠬᠥᠲᠥᠯ ᠢᠶᠠᠷ | ᠠᠪᠠᠷᠢᠵᠤ ᠰᠦᠮ᠎ᠡ ᠬᠡᠶᠢᠳ ᠤᠨ ᠬᠠᠭᠤᠴᠢᠨ ᠪᠠᠭᠤᠷᠢ ᠲᠤ ᠬᠦᠷᠴᠦ᠂ ᠠᠭᠤᠯᠠᠨ ᠪᠠᠯ ᠳᠡᠭᠡᠷ᠎ᠡ ᠬᠠᠭᠠᠷᠬᠠᠢ ᠸᠠᠭᠠᠷ | ᠲᠣᠭᠤᠰᠭ᠎ᠠ ᠪᠤᠲᠠᠷᠠᠵᠤ᠂ ᠵᠠᠷᠢᠮ ᠳᠠᠭᠠᠨ ᠸᠠᠭᠠᠷ ᠤᠨ ᠬᠠᠭᠠᠷᠬᠠᠢ ᠪᠠ ᠰᠢᠷ᠎ᠠ᠂ ᠨᠣᠭᠤᠭᠠᠨ ᠪᠤᠳᠤᠭᠲᠤ ᠰᠢᠯ ᠸᠠᠭᠠᠷ ᠤᠨ | ᠬᠡᠮᠬᠡᠳᠡᠭ ᠡᠷᠢᠵᠦ ᠣᠯᠳᠠᠭ᠂ ᠨᠡᠶᠢᠳᠡᠮ ᠪᠠᠶᠢᠴᠠᠭᠠᠯᠲᠠ ᠶᠢᠨ ᠠᠩᠭᠢ ᠶᠢᠨ ᠭᠡᠰᠢᠭᠦᠳ ᠵᠠᠷᠢᠮ ᠲᠥᠯᠥᠭᠡᠯᠡᠬᠦ ᠴᠢᠨᠠᠷᠲᠠᠢ | ᠴᠤᠭᠯᠠᠭᠤᠯᠤᠭᠰᠠᠨ ᠪᠣᠳᠠᠰ ᠢ ᠰᠡᠭᠦᠳᠡᠷᠯᠡᠨ᠎ᠡ᠃ | ᠰᠤᠷᠪᠤᠯᠵᠢᠯᠠᠭᠴᠢ ᠰᠤᠷᠪᠤᠯᠵᠢᠯᠠᠵᠤ ᠣᠶᠢᠯᠠᠭᠠᠭᠰᠠᠨ ᠢᠶᠠᠷ᠂ ᠡᠨᠡ ᠵᠢᠯ ᠤᠨ 5 ᠳ᠋ᠤᠭᠠᠷ ᠰᠠᠷ᠎ᠠ ᠶᠢᠨ 21 ᠤ | ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠪᠥᠬᠦ ᠲᠠᠯ᠎ᠠ ᠪᠠᠷ ᠡᠬᠢᠯᠡᠵᠦ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠲᠤᠬᠠᠢ ᠶᠢᠨ ᠭᠠᠵᠠᠷ ᠤᠨ ᠭᠤᠷᠪᠠᠨ ᠨᠡᠶᠢᠳᠡᠮ ᠪᠠᠶᠢᠴᠠᠭᠠᠯᠲᠠ ᠶᠢᠨ ᠠᠩᠭᠢ | ᠪᠠᠶᠢᠭᠤᠯᠵᠤ ᠲᠤᠬᠠᠢ ᠶᠢᠨ ᠭᠠᠵᠠᠷ ᠤᠨ ᠪᠠᠶᠢᠴᠠᠭᠠᠯᠲᠠ ᠥᠷᠨᠢᠭᠦᠯᠪᠡ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠤᠮᠳᠠ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ 509 ᠪᠠᠶᠢᠴᠠᠭᠠᠨ | ᠳᠠᠩᠰᠠᠯᠠᠵᠤ᠂ ᠪᠤᠭᠤᠲᠤ ᠬᠤᠲᠠ ᠶᠢᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠲᠤᠭ᠎ᠠ ᠬᠡᠮᠵᠢᠶ᠎ᠡ ᠶᠢᠨ ᠬᠠᠭᠠᠰ ᠢ ᠡᠵᠡᠯᠡᠬᠦ ᠮᠥᠷᠲᠡᠭᠡᠨ ᠭᠠᠵᠠᠷ ᠠᠭᠤᠳᠠᠮ ᠲᠠᠯᠠᠪᠠᠢ ᠣᠯᠠᠨ ᠲᠠᠷᠠᠬᠠᠢ ᠪᠤᠲᠠᠷᠬᠠᠢ | ᠪᠠᠶᠢᠵᠤ ᠲᠤᠬᠠᠢ ᠶᠢᠨ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠬᠠᠲᠠᠭᠤ ᠪᠡᠷᠬᠡ᠃ ᠲᠤᠬᠠᠢ ᠶᠢᠨ ᠭᠠᠵᠠᠷ | ᠲᠤᠨᠢ ᠪᠠᠶᠢᠴᠠᠭᠠᠯᠲᠠ ᠬᠢᠬᠦ ᠶᠠᠪᠤᠴᠠ ᠳᠤ᠂ ᠨᠡᠶᠢᠳᠡᠮ ᠪᠠᠶᠢᠴᠠᠭᠠᠯᠲᠠ ᠶᠢᠨ ᠠᠩᠭᠢ ᠰᠢᠯᠵᠢᠭᠦᠯᠵᠦ ᠪᠣᠯᠣᠰᠢ ᠦᠭᠡᠢ ᠪᠤᠶᠤ | ᠲᠡᠮᠳᠡᠭᠯᠡᠭᠰᠡᠨ ᠦᠭᠡᠢ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠢᠳᠡᠪᠬᠢᠲᠡᠢ ᠪᠠᠷ ᠬᠠᠶᠢᠨ | ᠰᠦᠪᠡᠭᠴᠢᠯᠡᠨ᠎ᠡ᠃ ᠤᠷᠢᠳᠠᠪᠠᠷ ᠳᠠᠭᠠᠭᠤᠯᠢ ᠤᠳᠤᠨ ᠤ ᠭᠠᠵᠠᠷ ᠤᠨ ᠵᠢᠷᠤᠭ᠂ ᠰᠤᠷᠪᠤᠯᠵᠢ ᠪᠢᠴᠢᠭ ᠮᠠᠲ᠋ᠧᠷᠢᠶᠠᠯ ᠠᠴᠠ | ᠣᠯᠵᠤ ᠮᠡᠳᠡᠭᠡᠳᠦᠢ ᠲᠡᠦᠬᠡ ᠶᠢᠨ ᠳᠤᠷᠠᠰᠬᠠᠯᠲᠤ ᠵᠦᠢᠯ ᠤᠨ ᠰᠦᠪᠡᠭᠴᠢ ᠶᠢ ᠡᠷᠢᠨ᠂ ᠲᠤᠬᠠᠢ ᠶᠢᠨ ᠭᠠᠵᠠᠷ ᠲᠤᠨᠢ | ᠪᠠᠶᠢᠴᠠᠭᠠᠬᠤ ᠱᠠᠲᠤᠨ ᠳᠤ ᠲᠣᠭᠤᠷᠢᠨ ᠪᠠᠶᠢᠴᠠᠭᠠᠵᠤ ᠬᠠᠭᠤᠴᠢ ᠰᠤᠳᠤᠯᠤᠯ ᠤᠨ ᠪᠠᠶᠢᠴᠠᠭᠠᠯᠲᠠ ᠬᠢᠬᠦ ᠶᠢᠨ ᠬᠠᠮᠲᠤ | ᠲᠤᠬᠠᠢ ᠶᠢᠨ ᠭᠠᠵᠠᠷ ᠤᠨ ᠤᠤᠯ ᠤᠨ ᠰᠠᠭᠤᠭ᠎ᠠ ᠤᠯᠠᠨ ᠲᠦᠮᠡᠨ ᠠᠴᠠ ᠯᠠᠪᠯᠠᠨ ᠠᠰᠠᠭᠤᠬᠤ ᠲᠠᠢ ᠤᠶᠠᠯᠳᠤᠭᠤᠯᠵᠤ᠂ | ᠤᠯᠠᠨ ᠲᠠᠯ᠎ᠠ ᠪᠠᠷ ᠣᠯᠵᠤ ᠮᠡᠳᠡᠭᠡᠳᠦᠢ᠂ ᠲᠡᠮᠳᠡᠭᠯᠡᠭᠰᠡᠨ ᠦᠭᠡᠢ ᠰᠢᠯᠵᠢᠭᠦᠯᠬᠦ ᠦᠭᠡᠢ ᠲᠡᠦᠬᠡ ᠶᠢᠨ ᠳᠤᠷᠠᠰᠬᠠᠯᠲᠤ | ᠵᠦᠢᠯ ᠢ ᠡᠷᠢᠵᠡᠢ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠲᠥᠪ ᠤᠨ ᠡᠷᠬᠢᠯᠡᠭᠴᠢ ᠴᠢᠶᠣᠤ ᡁᠢ ᠵᠢᠶᠧ᠂ ᠣᠳᠣᠬᠠᠨ ᠪᠣᠯᠲᠠᠯ᠎ᠠ᠂ ᠨᠢᠭᠡᠨᠲᠡ ︽8 ᠳ᠋ᠤᠭᠠᠷ ᠬᠤᠸᠠᠷᠠᠨ︾᠂ ︽9 ᠳ᠋ᠦ᠋ᠭᠡᠷ | ᠬᠤᠸᠠᠷᠠᠨ︾᠂ ︽ᠴᠢᠩ ᠤᠯᠤᠰ ᠤᠨ ᠦᠶ᠎ᠡ ᠶᠢᠨ ᠤᠭᠤᠷᠬᠠᠢ ᠶᠢᠨ ᠪᠠᠭᠤᠷᠢ︾ ᠵᠢᠴᠢ ︽ᠳᠣᠪᠣᠷᠴᠠᠭ ᠪᠠᠭᠤᠷᠢ︾ ᠵᠡᠷᠭᠡ | ᠶᠢᠰᠦᠨ ᠭᠠᠵᠠᠷ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠰᠢᠨ᠎ᠡ ᠪᠠᠷ | ᠢᠯᠡᠷᠡᠭᠦᠯᠦᠭᠰᠡᠨ ᠪᠥᠭᠡᠳ ᠨᠤᠲᠠᠯᠠᠭᠰᠠᠨ ᠪᠠᠶᠢᠨ᠎ᠠ᠃ ︽8 ᠳ᠋ᠤᠭᠠᠷ ᠬᠤᠸᠠᠷᠠᠨ︾ ᠤ ᠪᠠᠭᠤᠷᠢ ᠪᠣᠯ 1927 ᠣᠨ ᠳᠤ | ᠳᠤᠮᠳᠠᠳᠤ ᠤᠯᠤᠰ ᠤᠨ ᠪᠠᠷᠠᠭᠤᠨ ᠬᠤᠶᠢᠲᠤ ᠶᠢᠨ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠬᠤ ᠪᠦᠯᠬᠦᠮ 8 | ᠵᠢᠯ ᠤᠨ ᠴᠢᠬᠤᠯᠠ ᠡᠬᠢᠯᠡᠯᠲᠡ ᠶᠢᠨ ᠴᠡᠭ ᠢ ᠥᠩᠭᠡᠷᠡᠭᠦᠯᠬᠦ ᠶᠢᠨ ᠬᠠᠮᠲᠤ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠳᠤ ᠬᠤᠶᠠᠷ ᠰᠠᠷ᠎ᠠ ᠪᠠᠶᠢᠴᠠᠭᠠᠵᠤ ᠪᠠᠶᠢᠭᠤᠯᠤᠭᠰᠠᠨ ᠥᠪᠥᠷ ᠮᠣᠩᠭᠤᠯ ᠤᠨ ᠠᠩᠬᠠᠳᠠᠭᠴᠢ ᠴᠠᠭ | ᠠᠭᠤᠷ ᠤᠨ ᠬᠢᠨᠠᠨ ᠬᠡᠮᠵᠢᠬᠦ ᠥᠷᠲᠡᠭᠡ ᠪᠠᠶᠢᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ︔ ︽ᠴᠢᠩ | ᠤᠯᠤᠰ ᠤᠨ ᠦᠶ᠎ᠡ ᠶᠢᠨ ᠤᠭᠤᠷᠬᠠᠢ ᠶᠢᠨ ᠪᠠᠭᠤᠷᠢ︾ ᠠᠴᠠ ᠰᠢᠲᠠᠭᠠᠭᠰᠠᠨ ᠲᠣᠭᠤᠰᠬᠠᠨ ᠤᠭᠤᠷᠬᠠᠢ ᠶᠢᠨ ᠭᠤᠷᠪᠠᠨ | ᠭᠠᠵᠠᠷ᠂ ᠭᠠᠵᠠᠷ ᠤᠨ ᠭᠠᠳᠠᠷᠭᠤ ᠶᠢᠨ ᠦᠯᠡᠳᠡᠭᠳᠡᠯ ᠪᠣᠳᠠᠰ ᠴᠢᠩ ᠤᠯᠤᠰ ᠤᠨ ᠢᠷᠲᠦ ᠪᠠᠭᠠᠵᠢ ᠨᠢᠭᠡ ᠵᠦᠢᠯ᠂ ᠲᠡᠷᠭᠡ | ᠨᠢᠭᠡ ᠵᠦᠢᠯ᠂ ᠭᠠᠤᠯᠢ ᠰᠠᠪᠠ᠂ ᠮᠤᠤᠷ ᠨᠢᠭᠡ ᠪᠠ ᠴᠢᠩ ᠤᠯᠤᠰ ᠤᠨ ᠦᠶ᠎ᠡ ᠶᠢᠨ ᠲᠣᠭᠤᠰᠬ᠎ᠠ ᠵᠢᠷᠭᠤᠭᠠᠨ ᠵᠦᠢᠯ ᠢ | ᠢᠯᠡᠷᠡᠭᠦᠯᠪᠡ︔ ︽ᠳᠣᠪᠣᠷᠴᠠᠭ ᠪᠠᠭᠤᠷᠢ︾ ᠠᠴᠠ ᠪᠠᠰᠠ ᠨᠢᠭᠡ ᠵᠦᠢᠯ ᠤᠨ ᠪᠦᠷᠢᠨ ᠪᠦᠲᠦᠨ ᠬᠤᠪᠢᠯᠭᠠᠨ ᠢ | ᠢᠯᠡᠷᠡᠭᠦᠯᠵᠡᠢ ᠭᠡᠵᠦ ᠲᠠᠨᠢᠯᠴᠠᠭᠤᠯᠪᠠ᠃ | ᠣᠲᠣ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢᠭᠡᠨᠲᠡ ᠭᠤᠷᠪᠠᠳᠤᠭᠠᠷ ᠤᠳᠠᠭᠠᠨ ᠤ | ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠭᠤᠯᠤᠭᠰᠠᠨ | 207 ᠲᠡᠦᠬᠡ ᠶᠢᠨ ᠳᠤᠷᠠᠰᠬᠠᠯᠲᠤ ᠵᠦᠢᠯᠡᠰ ᠢ ᠲᠤᠬᠠᠢ ᠶᠢᠨ ᠭᠠᠵᠠᠷ ᠲᠤᠨᠢ ᠳᠠᠬᠢᠨ ᠪᠠᠶᠢᠴᠠᠭᠠᠬᠤ ᠠᠵᠢᠯ ᠬᠢᠵᠦ᠂ | ᠳᠠᠬᠢᠨ ᠪᠠᠶᠢᠴᠠᠭᠠᠭᠰᠠᠨ ᠤ ᠳᠠᠷᠠᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠡᠦᠬᠡ ᠶᠢᠨ ᠠᠬᠤᠢ ᠪᠠᠶᠢᠳᠠᠯ᠂ | ᠰᠣᠶᠣᠯ ᠤᠨ ᠦᠨ᠎ᠡ ᠥᠷᠲᠡᠭ ᠪᠠ ᠬᠠᠮᠠᠭᠠᠯᠠᠯᠲᠠ ᠶᠢᠨ ᠪᠠᠶᠢᠳᠠᠯ ᠳᠤ ᠪᠥᠬᠦ ᠲᠠᠯ᠎ᠠ ᠶᠢᠨ ᠵᠠᠳᠠᠯᠤᠯᠲᠠ ᠬᠢᠵᠦ᠂ ᠪᠥᠬᠦ | ᠬᠤᠰᠢᠭᠤᠨ ᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠭ᠎ᠠ ᠪᠠᠷᠢᠮᠲᠠ ᠪᠠ | ᠮᠡᠳᠡᠭᠡ ᠵᠠᠩᠭᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | |