︽ᠡᠵᠢ ᠠ᠋᠂ ᠪᠢ ᠡᠨᠡ ︿ᠫᠢᠫᠧᠷ ᠲᠤᠷᠤᠢ﹀ ᠶᠢᠨ ᠨᠣᠮ ᠢ ᠠᠪᠤᠨ᠎ᠠ᠂ ᠲᠡᠷᠡ ︿ᠠᠷᠪᠠᠨ ᠬᠤᠷᠤᠭᠤ ᠶᠢᠨ ᠠᠶᠠᠯᠠᠯ﹀ | ᠭᠡᠬᠦ ᠨᠣᠮ ᠴᠤ ᠰᠠᠶᠢᠬᠠᠨ ᠬᠠᠷᠠᠭᠳᠠᠵᠤ ᠪᠠᠶᠢᠨ᠎ᠠ︾ ᠭᠡᠵᠦ ᠨᠣᠮ ᠤᠨ ᠲᠠᠯᠪᠢᠭᠤᠷ ᠤᠨ ᠡᠮᠦᠨ᠎ᠡ ᠵᠣᠭᠰᠣᠭᠰᠠᠨ | ᠬᠡᠦᠬᠡᠳ ᠤᠨ ᠨᠢᠳᠦ ᠨᠢ ᠭᠡᠷᠡᠯ ᠳᠠᠳᠠᠨ ᠠᠯᠢ ᠠᠯᠢᠨ ᠢ ᠴᠦ ᠠᠪᠤᠶ᠎ᠠ ᠭᠡᠵᠦ ᠭᠠᠷ ᠰᠠᠷᠪᠠᠶᠢᠨ ᠡᠵᠢ ᠲᠠᠢ ᠪᠠᠨ ᠶᠠᠷᠢᠨ᠎ᠠ᠃ | | ︽ᠵᠠ᠂ ᠪᠢᠳᠠ ᠠᠭᠠᠵᠢᠮ ᠰᠣᠩᠭᠤᠶ᠎ᠠ᠂ ᠴᠢ ᠥᠪᠡᠷ ᠤᠨ ᠳᠤᠷᠠᠲᠠᠢ ᠨᠣᠮ ᠢᠶᠠᠨ ᠰᠣᠩᠭᠤ᠂ ᠡᠵᠢ ᠨᠢ ᠴᠤ | ᠥᠪᠡᠷ ᠤᠨ ᠳᠤᠷᠠᠲᠠᠢ ᠨᠣᠮ ᠢᠶᠠᠨ ᠰᠣᠩᠭᠤᠶ᠎ᠠ︕︾ ᠭᠡᠵᠦ ᠬᠠᠵᠠᠭᠤ ᠳᠤ ᠨᠢ ᠵᠣᠭᠰᠣᠭᠰᠠᠨ ᠡᠵᠢ ᠨᠢ ᠬᠠᠷᠠᠭ᠎ᠠ ᠪᠠᠨ | ᠳᠡᠯᠭᠡᠭᠡᠰᠦᠲᠡᠢ ᠨᠣᠮ ᠠᠴᠠ ᠰᠠᠯᠭᠠᠯ ᠦᠭᠡᠢ ᠬᠠᠷᠢᠭᠤ ᠶᠠᠷᠢᠨ᠎ᠠ ᠁ | 8 ᠰᠠᠷ᠎ᠠ ᠶᠢᠨ 29 ᠠᠴᠠ 9 ᠰᠠᠷ᠎ᠠ ᠶᠢᠨ 2 ᠤᠨ ᠡᠳᠦᠷ ᠪᠤᠯᠲᠠᠯ᠎ᠠ ᠶᠠᠪᠤᠭᠳᠠᠬᠤ ᠨᠠᠢᠮᠠᠳᠤᠭᠠᠷ | ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ | ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠳᠤ ᠠᠩᠬ᠎ᠠ ᠤᠳᠠᠭ᠎ᠠ ᠪᠦᠭᠦ ᠤᠯᠤᠰ ᠤᠨ ᠪᠠᠭᠠᠴᠤᠳ ᠬᠡᠦᠬᠡᠳ ᠤᠨ | ᠨᠣᠮ ᠪᠢᠴᠢᠭ ᠤᠨ ᠠᠷᠠᠯᠵᠢᠶᠠᠨ ᠤ ᠴᠤᠭᠯᠠᠭᠠᠨ ᠤ ᠲᠣᠭᠤᠷᠢᠭ ᠭᠠᠷᠭᠠᠨ ︽ᠪᠠᠭᠠᠴᠤᠳ ᠬᠡᠦᠬᠡᠳ ᠤᠨ ᠨᠣᠮ ᠬᠡᠪᠯᠡᠯ | ᠬᠢᠭᠡᠳ ᠤᠩᠰᠢᠯᠭ᠎ᠠ ᠶᠢᠨ ᠦᠢᠯᠡᠴᠢᠯᠡᠭᠡ︾ ᠪᠠᠷ ᠭᠤᠣᠯ ᠰᠡᠳᠦᠪ ᠪᠤᠯᠭᠠᠵᠤ᠂ ᠨᠣᠮ ᠪᠢᠴᠢᠭ ᠤᠨ ᠦᠵᠡᠭᠦᠯᠭᠡ᠂ ᠶᠠᠩᠵᠤ | ᠦᠵᠡᠵᠦ ᠪᠠᠷᠠᠭ᠎ᠠ ᠵᠠᠬᠢᠶᠠᠯᠠᠬᠤ᠂ ᠲᠤᠬᠠᠶᠢᠯᠠᠭᠰᠠᠨ ᠠᠵᠢᠯ ᠤᠨ ᠰᠤᠳᠤᠯᠤᠨ ᠶᠠᠷᠢᠯᠴᠠᠯᠭ᠎ᠠ᠂ ᠮᠡᠳᠡᠭᠡ ᠵᠠᠩᠭᠢ ᠶᠢᠨ | ᠰᠣᠯᠢᠯᠴᠠᠭ᠎ᠠ ᠬᠢᠬᠦ ᠵᠡᠷᠭᠡ ᠶᠢ ᠨᠢᠭᠡ ᠴᠣᠭᠴᠠᠵᠢᠭᠤᠯᠤᠭᠰᠠᠨ ᠥᠨᠳᠥᠷ ᠲᠦᠪᠰᠢᠨ ᠪᠦᠬᠦᠢ ᠰᠣᠶᠣᠯ ᠤᠨ | ᠰᠣᠯᠢᠯᠴᠠᠭ᠎ᠠ ᠶᠢᠨ ᠣᠷᠣᠨ ᠵᠠᠢ ᠶᠢ ᠬᠠᠩᠭᠠᠵᠤ ᠥᠭᠭᠦᠭᠰᠡᠨ ᠪᠠᠶᠢᠨ᠎ᠠ᠃ | ᠪᠦᠭᠦ ᠤᠯᠤᠰ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠠᠷᠠᠯᠵᠢᠶᠠᠨ ᠤ ᠴᠤᠭᠯᠠᠭᠠᠨ ᠤ | ᠲᠤᠬᠠᠢ ᠶᠢᠨ ᠲᠠᠯᠠᠪᠠᠶ ᠳᠤ ᠳᠤᠮᠳᠠᠳᠤ ᠤᠯᠤᠰ ᠤᠨ ᠪᠠᠭᠠᠴᠤᠳ ᠬᠡᠦᠬᠡᠳ ᠤᠨ ᠰᠣᠨᠢᠨ ᠮᠡᠳᠡᠭᠡ ᠬᠡᠪᠯᠡᠯ ᠤᠨ ᠶᠡᠷᠦᠩᠬᠡᠢ | ᠬᠤᠷᠢᠶ᠎ᠠ᠂ ᠠᠨᠾᠦ᠋ᠢ ᠶᠢᠨ ᠪᠠᠭᠠᠴᠤᠳ ᠬᠡᠦᠬᠡᠳ ᠤᠨ ᠬᠡᠪᠯᠡᠯ ᠤᠨ ᠬᠤᠷᠢᠶ᠎ᠠ᠂ ᠬᠤᠨᠠᠨ ᠤ ᠪᠠᠭᠠᠴᠤᠳ ᠬᠡᠦᠬᠡᠳ ᠤᠨ | ᠬᠡᠪᠯᠡᠯ ᠤᠨ ᠬᠤᠷᠢᠶ᠎ᠠ ᠵᠡᠷᠭᠡ 40 ᠭᠠᠷᠤᠢ ᠬᠡᠪᠯᠡᠯ ᠤᠨ ᠬᠤᠷᠢᠶ᠎ᠠ ᠶᠢᠨ 20 ᠲᠦᠮᠡᠨ ᠰᠣᠳᠣᠨ ᠨᠣᠮ ᠪᠢᠴᠢᠭ ᠢ | ᠳᠡᠯᠭᠡᠨ ᠪᠣᠷᠣᠯᠠᠭᠤᠯᠵᠤ ᠪᠤᠢ᠃ ᠡᠭᠦᠨ ᠠᠴᠠ ᠭᠠᠳᠠᠨ᠎ᠠ ᠪᠠᠰᠠ ᠵᠥᠩ ᠰᠢᠨ ᠬᠡᠪᠯᠡᠯ ᠤᠨ ᠺᠤᠮᠫᠠᠨᠢ᠂ ᠠᠷᠠᠳ ᠤᠨ | ᠤᠳᠬ᠎ᠠ ᠵᠣᠬᠢᠶᠠᠯ᠂ ᠵᠢᠶᠠᠩᠰᠤ ᠶᠢᠨ ᠢ ᠯᠢᠨ ᠨᠣᠮ ᠤᠨ ᠺᠤᠮᠫᠠᠨᠢ᠂ ᠸᠧᠨ ᠰᠢᠤᠸᠠᠨ ᠨᠣᠮ ᠤᠨ ᠰᠦᠯᠵᠢᠶ᠎ᠡ ᠵᠡᠷᠭᠡ | ᠤᠯᠤᠰ ᠤᠨ ᠳᠣᠲᠣᠭᠠᠳᠤ ᠶᠢᠨ ᠨᠥᠯᠥᠭᠡ ᠶᠡᠬᠡᠲᠡᠢ ᠬᠡᠪᠯᠡᠯ ᠤᠨ ᠨᠢᠭᠡᠴᠢ᠂ ᠰᠣᠶᠣᠯ ᠤᠨ ᠠᠵᠤ ᠠᠬᠤᠶᠢᠯᠠᠯ ᠨᠢ 1000 | ᠭᠠᠷᠤᠢ ᠵᠦᠢᠯ ᠤᠨ ᠰᠣᠳᠣᠨ ᠨᠣᠮ ᠪᠢᠴᠢᠭ ᠢᠶᠠᠨ ᠠᠷᠠᠯᠵᠢᠶᠠᠨ ᠤ ᠴᠤᠭᠯᠠᠭᠠᠨ ᠳᠤ ᠳᠡᠯᠭᠡᠨ ᠪᠣᠷᠣᠯᠠᠭᠤᠯᠵᠤ᠂ ᠥᠷᠭᠡᠨ | ᠣᠯᠠᠨ ᠤᠩᠰᠢᠬᠴᠢ ᠶᠢᠨ ᠤᠩᠰᠢᠯᠭ᠎ᠠ ᠶᠢᠨ ᠬᠡᠷᠡᠭᠴᠡᠭᠡ ᠶᠢ ᠬᠠᠩᠭᠠᠪᠠ᠃ ᠡᠭᠦᠨ ᠳᠤ ᠲᠤᠮᠳᠠᠳᠤ ᠤᠯᠤᠰ ᠤᠨ | ᠬᠡᠪᠯᠡᠯ ᠤᠨ ᠨᠡᠶᠢᠭᠡᠮᠯᠢᠭ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠠᠵᠢᠯ ᠤᠨ ᠵᠥᠪᠯᠡᠯ᠂ ᠲᠤᠮᠳᠠᠳᠤ | ᠤᠯᠤᠰ ᠤᠨ ᠨᠠᠶᠢᠷᠠᠭᠤᠯᠤᠭᠴᠢ ᠶᠢᠨ ᠨᠡᠶᠢᠭᠡᠮᠯᠢᠭ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠲᠤᠰᠬᠠᠢ | ᠮᠡᠷᠭᠡᠵᠢᠯ ᠤᠨ ᠵᠥᠪᠯᠡᠯ᠂ ᠲᠤᠮᠳᠠᠳᠤ ᠤᠯᠤᠰ ᠤᠨ ᠨᠣᠮ ᠰᠡᠳᠬᠦᠯ ᠲᠠᠷᠬᠠᠭᠠᠬᠤ ᠠᠵᠢᠯ ᠲᠦᠷᠤᠯ ᠤᠨ ᠨᠡᠶᠢᠭᠡᠮᠯᠢᠭ ᠤᠨ | ᠪᠠᠭᠠᠴᠤᠳ ᠬᠡᠦᠬᠡᠳ ᠤᠨ ᠨᠣᠮ ᠪᠢᠴᠢᠭ ᠲᠠᠷᠬᠠᠭᠠᠬᠤ ᠠᠵᠢᠯ ᠤᠨ ᠵᠥᠪᠯᠡᠯ ᠠᠴᠠ ᠮᠠᠨ ᠤ ᠣᠷᠣᠨ ᠤ 12 ᠠᠶᠢᠮᠠᠭ | ᠬᠤᠳᠠ ᠶᠢᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠲᠥᠯᠥᠭᠡᠯᠡᠭᠴᠢᠳ ᠲᠤ 70 ᠭᠠᠷᠤᠢ ᠲᠦᠮᠡᠨ | ᠲᠥᠭᠦᠷᠢᠭ ᠤᠨ ᠦᠷᠳᠡᠭ ᠪᠦᠬᠦᠢ 22000 ᠭᠠᠷᠤᠢ ᠳᠡᠪᠲᠡᠷ ᠢ ᠬᠠᠨᠳᠢᠪᠯᠡᠪᠠ᠃ | ᠤᠩᠰᠢᠭᠴᠢᠳ ᠤᠨ ᠣᠯᠠᠨ ᠡᠰᠢᠵᠢᠭᠰᠡᠨ ᠤᠩᠰᠢᠯᠭ᠎ᠠ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ | ᠬᠠᠩᠭᠠᠬᠤ ᠶᠢᠨ ᠲᠥᠯᠥᠭᠡ ᠪᠦᠭᠦ ᠤᠯᠤᠰ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠠᠷᠠᠯᠵᠢᠶᠠᠨ ᠤ | ᠴᠤᠭᠯᠠᠭᠠᠨ ᠤ ᠬᠤᠭᠤᠴᠠᠭᠠᠨ ᠳᠤ ︽︿ᠴᠣᠯᠮᠣᠨ﹀ ᠬᠡᠦᠬᠡᠳ ᠤᠨ ᠤᠷᠠᠨ ᠵᠣᠬᠢᠶᠠᠯ︾ ᠴᠤᠪᠤᠷᠠᠯ ᠨᠣᠮ ᠤᠨ | ᠬᠤᠪᠢᠶᠠᠯᠴᠠᠬᠤ ᠬᠤᠷᠠᠯ᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ·ᠥᠯᠥᠭᠡᠢ ᠨᠤᠲᠤᠭ ᠤᠨ ᠤᠩᠰᠢᠭᠤ︾ | ︵ᠱᠤᠭ ᠵᠢᠷᠤᠭ ᠤᠨ ᠬᠡᠪᠯᠡᠯ︶ ᠰᠢᠷᠢᠰ ᠰᠢᠨ᠎ᠡ ᠨᠣᠮ ᠨᠡᠶᠢᠲᠡᠯᠡᠬᠦ ᠬᠤᠷᠠᠯ᠂ ᠰᠣᠩᠭᠤᠳᠠᠭ ᠶᠠᠷᠢᠯᠴᠠᠭ᠎ᠠ᠂ ᠰᠢ | ᠵᠦᠴᠦᠭᠡ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠬᠤᠷᠠᠯ᠂ ︽ᠤᠯᠤᠰ ᠤᠨ ᠡᠷᠳᠡᠨᠢ ᠳᠤ ᠨᠢᠭᠤᠭᠳᠠᠵᠤ ᠪᠠᠶᠢᠭ᠎ᠠ | ᠳᠤᠮᠳᠠᠳᠤ ᠤᠯᠤᠰ ᠤᠨ ᠨᠢᠭᠤᠴᠠ ᠨᠣᠮᠧᠷ︾ ᠢ ᠭᠠᠷ ᠤᠨ ᠥᠰᠥᠭ ᠵᠢᠷᠤᠵᠤ ᠬᠤᠳᠠᠯᠳᠤᠬᠤ ᠬᠤᠷᠠᠯ ᠵᠡᠷᠭᠡ ᠤᠯᠠᠨ | ᠵᠦᠢᠯ ᠤᠨ ᠥᠪᠡᠷᠮᠢᠴᠡ ᠣᠨᠴᠠᠯᠢᠭ ᠲᠠᠢ ᠤᠩᠰᠢᠯᠭ᠎ᠠ ᠶᠢᠨ ᠠᠵᠢᠯᠯᠠᠭ᠎ᠠ ᠶᠢ ᠡᠷᠭᠢᠯᠡᠨ ᠶᠠᠪᠤᠭᠳᠠᠭᠤᠯᠵᠤ ᠪᠤᠢ᠃ | ᠲᠤᠬᠠᠢ ᠶᠢᠨ ᠲᠠᠯᠠᠪᠠᠶ ᠳᠤ ᠪᠠᠰᠠ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠠᠶᠠᠯᠠᠯ·ᠬᠡᠦᠬᠡᠳ ᠤᠨ | ︿ᠬᠠᠶᠢᠷ᠎ᠠ﹀ ᠪᠠᠷ ᠤᠮᠠᠷᠠᠲᠤ ᠬᠢᠯᠢ ᠶᠢ ᠵᠢᠷᠤᠭᠯᠠᠬᠤ︾ ᠪᠦᠭᠦ ᠣᠷᠣᠨ ᠤ ᠪᠠᠭᠠᠴᠤᠳ ᠬᠡᠦᠬᠡᠳ ᠤᠨ ᠤᠷᠠᠨ ᠵᠢᠷᠤᠭ ᠢ | ᠡᠯᠰᠡᠨ ᠰᠢᠯᠭᠠᠷᠠᠭᠤᠯᠬᠤ ᠠᠵᠢᠯᠯᠠᠭ᠎ᠠ ᠶᠢᠨ ᠱᠠᠩᠨᠠᠯ ᠣᠯᠭᠤᠬᠤ ᠶᠣᠰᠣᠯᠠᠯ᠂ ︽ᠪᠠᠭᠠᠴᠤᠳ ᠬᠡᠦᠬᠡᠳ ᠤᠨ ᠨᠣᠮ ᠬᠡᠪᠯᠡᠯ | ᠬᠢᠭᠡᠳ ᠤᠩᠰᠢᠯᠭ᠎ᠠ ᠶᠢᠨ ᠦᠢᠯᠡᠴᠢᠯᠡᠭᠡ︾ ᠶᠢᠨ ᠭᠤᠣᠯ ᠰᠡᠳᠦᠪᠲᠦ ᠶᠠᠷᠢᠶᠠᠨ ᠤ ᠲᠠᠪᠴᠠᠩ᠂ ︽ᠤᠮᠠᠷᠠᠲᠤ ᠬᠢᠯᠢ ᠶᠢᠨ | ᠤᠩᠰᠢᠯᠭ᠎ᠠ ᠣᠶᠤᠨᠴᠢ ᠢᠷᠡᠭᠡᠳᠦᠢ ᠶᠢ ᠨᠡᠭᠡᠭᠡᠬᠦ︾ ᠪᠦᠭᠦ ᠤᠯᠤᠰ ᠤᠨ ᠪᠠᠭᠠᠴᠤᠳ ᠬᠡᠦᠬᠡᠳ ᠤᠨ ᠨᠣᠮ ᠤᠨ ᠰᠠᠩ ᠳᠤ | ᠬᠠᠳᠠᠭᠠᠯᠠᠵᠤ ᠪᠠᠶᠢᠭ᠎ᠠ ᠨᠣᠮ ᠪᠢᠴᠢᠭ ᠵᠠᠬᠢᠶᠠᠯᠠᠬᠤ ᠬᠤᠷᠠᠯ ᠵᠡᠷᠭᠡ ᠠᠵᠢᠯᠯᠠᠭ᠎ᠠ ᠥᠷᠨᠢᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠨᠣᠮ ᠬᠡᠪᠯᠡᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠷᠢᠨ ᠬᠠᠷᠠᠭᠤᠯᠪᠠ᠃ | ᠨᠡᠩ ᠴᠧ ᠥᠷᠭᠡᠨ ᠣᠯᠠᠨ ᠤᠩᠰᠢᠭᠴᠢᠳ ᠤᠨ ᠨᠣᠮ ᠬᠤᠳᠠᠯᠳᠤᠨ ᠠᠪᠬᠤ ᠬᠡᠷᠡᠭᠴᠡᠭᠡ ᠶᠢ | ᠬᠠᠩᠭᠠᠬᠤ ᠶᠢᠨ ᠲᠥᠯᠥᠭᠡ ᠲᠤᠬᠠᠢ ᠶᠢᠨ ᠲᠠᠯᠠᠪᠠᠶ ᠳᠤ ᠨᠣᠮ ᠬᠤᠳᠠᠯᠳᠤᠨ ᠠᠪᠤᠪᠠᠯ 5 ᠨᠤᠭᠤᠯᠬᠤ ᠵᠡᠷᠭᠡ ᠤᠯᠠᠨ | ᠵᠦᠢᠯ ᠤᠨ ᠬᠢᠮᠳᠠᠷᠠᠯ ᠤᠨ ᠠᠵᠢᠯᠯᠠᠭ᠎ᠠ ᠥᠷᠨᠢᠭᠦᠯᠦᠭᠰᠡᠨ ᠨᠢ ᠤᠩᠰᠢᠭᠴᠢᠳ ᠤᠨ ᠬᠠᠯᠠᠭᠤᠨ ᠬᠦᠷᠢᠶᠡᠯᠡᠯ ᠢ ᠣᠯᠵᠤ | ᠪᠠᠶᠢᠨ᠎ᠠ᠃ | |