ᠰᠢᠩ ᠸᠠᠩ ᠨᠡᠶᠢᠭᠡᠮ ᠲᠣᠭᠤᠷᠢᠭ ᠰᠠᠭᠤᠭᠠᠯᠢ ᠠᠷᠠᠳ ᠤᠨ ᠮᠡᠳᠡᠭᠡ ᠵᠠᠩᠭᠢ ᠶᠢ ᠨᠠᠷᠢᠯᠢᠬᠵᠢᠭᠤᠯᠤᠨ ᠲᠡᠭᠦᠯᠳᠡᠷᠵᠢᠭᠦᠯᠬᠦ ᠠᠵᠢᠯᠯᠠᠭ᠎ᠠ ᠥᠷᠨᠢᠭᠦᠯᠵᠦ ᠨᠡᠶᠢᠭᠡᠮ ᠲᠣᠭᠤᠷᠢᠭ ᠤᠨ ᠨᠠᠷᠢᠯᠢᠭ ᠣᠨᠣᠴᠠᠲᠠᠶ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/10/29
        ᠨᠡᠶᠢᠭᠡᠮ ᠲᠣᠭᠤᠷᠢᠭ ᠤᠨ ᠲᠣᠣᠷᠵᠢᠭᠤᠯᠤᠭᠰᠠᠨ ᠬᠠᠮᠢᠶᠠᠷᠤᠯᠲᠠ ᠶᠢᠨ ᠰᠠᠭᠤᠷᠢ ᠶᠢ ᠭᠦᠨᠵᠡᠭᠡᠶᠢᠷᠡᠭᠦᠯᠵᠦ᠂ ᠰᠠᠭᠤᠭᠠᠯᠢ ᠠᠷᠠᠳ ᠤᠨ ᠮᠡᠳᠡᠭᠡ ᠵᠠᠩᠭᠢ ᠶᠢᠨ ᠨᠠᠷᠢᠨ ᠲᠣᠳᠣᠷᠬᠠᠢ ᠪᠠᠶᠢᠬᠤ ᠪᠠ ᠣᠨᠣᠪᠴᠢᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠪᠢᠳᠡ ᠰᠠᠭᠤᠭᠠᠯᠢ ᠠᠷᠠᠳ ᠤᠨ ᠦᠢᠯᠡᠴᠢᠯᠡᠭᠡᠨ ᠤ ᠣᠶᠢᠯᠠᠭᠠᠯᠲᠠ ᠶᠢ ᠭᠤᠶᠢᠪᠢᠰᠢ ᠦᠭᠡᠢ ᠰᠢᠯᠢᠳᠡᠭᠵᠢᠭᠦᠯᠬᠦ ᠪᠠᠷ ᠭᠤᠶᠢᠪᠢᠰᠢ ᠦᠭᠡᠢ ᠴᠢᠷᠮᠠᠶᠢᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠣᠳᠣᠬᠢ ᠪᠠᠶᠢᠳᠠᠯ ᠪᠣᠯᠤᠨ ᠬᠡᠷᠡᠭᠴᠡᠭᠡ ᠶᠢ ᠨᠠᠷᠢᠨ ᠨᠢᠮᠪᠠᠢ ᠠᠵᠢᠭᠯᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠪᠠᠶᠢᠳᠠᠯ ᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠬᠦ ᠪᠠᠷ ᠴᠢᠷᠮᠠᠶᠢᠨ᠎ᠠ᠃ ᠤᠶᠢᠷ᠎ᠠ ᠶᠢᠨ ᠡᠳᠦᠷ᠂ ᠰᠢᠭᠤᠶᠢᠲᠦ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠲᠤ ᠰᠠᠭᠤᠭᠠᠯᠢ ᠠᠷᠠᠳ ᠤᠨ ᠮᠡᠳᠡᠭᠡ ᠵᠠᠩᠭᠢ ᠶᠢ ᠨᠠᠷᠢᠯᠢᠭᠵᠢᠭᠤᠯᠤᠨ ᠲᠡᠭᠦᠯᠳᠡᠷᠵᠢᠭᠦᠯᠬᠦ ᠠᠵᠢᠯᠯᠠᠭ᠎ᠠ ᠥᠷᠨᠢᠭᠦᠯᠵᠦ᠂ ᠲᠣᠣᠷ ᠰᠦᠯᠵᠢᠶᠡᠨ ᠤ ᠬᠠᠮᠢᠶᠠᠷᠤᠯᠲᠠ ᠶᠢᠨ ᠪᠠᠲᠤ ᠪᠠᠬᠢ ᠰᠠᠭᠤᠷᠢ ᠶᠢ ᠪᠠᠬᠢᠵᠢᠭᠦᠯᠵᠦ᠂ ᠨᠠᠷᠢᠨ ᠭᠦᠢᠴᠡᠳ ᠰᠠᠭᠤᠷᠢ ᠮᠡᠳᠡᠭᠡ ᠵᠠᠩᠭᠢ ᠶᠢ ᠪᠠᠶᠢᠴᠠᠭᠠᠨ ᠭᠠᠷᠭᠠᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠨᠡᠩ ᠪᠠᠲᠤ ᠪᠠᠬᠢ ᠲᠣᠣᠷ ᠰᠦᠯᠵᠢᠶ᠎ᠡ ᠶᠢ ᠪᠠᠶᠢᠭᠤᠯᠪᠠ᠃        ᠡᠷᠦᠬᠡ ᠳᠤ ᠬᠦᠷᠴᠦ ᠰᠤᠷᠪᠤᠯᠵᠢᠯᠠᠬᠤ ᠦᠶ᠎ᠡ ᠳᠤ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ᠴᠠᠭ ᠲᠤᠬᠠᠶ ᠳᠤᠨᠢ ᠪᠣᠳᠣᠯ ᠰᠠᠨᠠᠯ ᠢᠶᠠᠨ ᠢᠯᠡᠳᠬᠡᠵᠦ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠨᠣᠮᠧᠷ᠂ ᠰᠤᠷᠤᠯᠭ᠎ᠠ ᠶᠢᠨ ᠨᠠᠮᠲᠠᠷ᠂ ᠦᠨᠳᠦᠰᠦᠲᠡᠨ᠂ ᠬᠠᠷᠢᠯᠴᠠᠬᠤ ᠠᠷᠭ᠎ᠠ ᠬᠡᠯᠪᠡᠷᠢ᠂ ᠠᠵᠢᠯ ᠣᠯᠭᠤᠯᠲᠠ ᠶᠢᠨ ᠪᠠᠶᠢᠳᠠᠯ ᠵᠡᠷᠭᠡ ᠦᠨᠳᠦᠰᠦᠨ ᠮᠡᠳᠡᠭᠡ ᠵᠠᠩᠭᠢ ᠶᠢ ᠨᠠᠷᠢᠨ ᠬᠢᠨᠠᠮᠠᠭᠠᠶ ᠬᠠᠷᠭᠤᠭᠤᠯᠵᠤ᠂ ᠲᠡᠳᠡᠨ ᠤ ᠬᠡᠷ ᠪᠦᠯᠢ ᠶᠢᠨ ᠪᠠᠶᠢᠳᠠᠯ ᠵᠢᠴᠢ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠠᠰᠠᠭᠤᠵᠤ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠂ ︽ᠨᠢᠭᠡ ᠰᠦᠯᠵᠢᠶ᠎ᠡ ᠨᠢᠭᠡ ᠲᠠᠩᠰᠠ ᠡᠪᠬᠡᠮᠡᠯ᠂ ᠨᠢᠭᠡ ᠡᠷᠦᠬᠡ ᠨᠢᠭᠡ ᠬᠦᠰᠦᠨᠦᠭᠲᠦ︾ ᠶᠢᠨ ᠠᠵᠢᠯ ᠤᠨ ᠲᠠᠩᠰᠠ ᠡᠪᠬᠡᠮᠡᠯ ᠢ ᠲᠡᠭᠦᠯᠳᠡᠷᠵᠢᠭᠦᠯᠵᠦ᠂    ︽ᠵᠠᠢ ᠦᠭᠡᠢ︾ ᠣᠯᠠᠨ ᠲᠦᠮᠡᠨ ᠤ ᠰᠠᠨᠠᠯ ᠪᠣᠯᠣᠨ ᠰᠡᠳᠬᠢᠯ ᠤᠨ ᠦᠭᠡ ᠶᠢ ᠰᠤᠨᠤᠰᠴᠣ᠂ ᠣᠯᠠᠨ ᠲᠦᠮᠡᠨ ᠤ ᠰᠠᠨᠠᠯ ᠪᠠ ᠰᠡᠳᠬᠢᠯ ᠤᠨ ᠳᠠᠭᠤᠨ ᠢ ︽ᠪᠠᠶᠢᠳᠠᠯ ᠲᠣᠳᠣᠷᠬᠠᠶ᠂ ᠰᠠᠨᠠᠯ ᠲᠣᠳᠣᠷᠬᠠᠶ︾ ᠪᠠᠶᠢᠬᠤ ᠶᠢ ᠪᠡᠶᠡᠯᠡᠭᠦᠯᠪᠡ᠃ ᠡᠭᠦᠨ ᠤ ᠬᠠᠮᠲᠤ ᠨᠠᠰᠤᠲᠠᠶᠢᠴᠤᠳ᠂ ᠭᠠᠭᠴᠠᠭᠠᠷ ᠰᠠᠭᠤᠭ᠎ᠠ ᠨᠠᠰᠤᠲᠠᠶᠢᠴᠤᠳ᠂ ᠬᠦᠴᠢᠷᠳᠡᠯᠲᠡᠶ ᠰᠠᠭᠤᠭᠠᠯᠢ ᠠᠷᠠᠳ ᠵᠡᠷᠭᠡ ᠣᠨᠴᠠᠭᠠᠶ ᠬᠥᠮᠦᠰ ᠢ ᠭᠤᠤᠯᠳᠠᠯᠭ᠎ᠠ ᠲᠠᠢ ᠠᠩᠬᠠᠷᠴᠤ᠂ ᠰᠠᠭᠤᠭᠠᠯᠢ ᠠᠷᠠᠳ ᠤᠨ ᠮᠡᠳᠡᠭᠡ ᠵᠠᠩᠭᠢ ᠶᠢ ᠡᠮᠬᠢᠯᠡᠬᠦ᠂ ᠰᠢᠯᠢᠨ ᠰᠣᠩᠭᠤᠬᠤ᠂ ᠲᠥᠷᠥᠯ ᠬᠤᠪᠢᠶᠠᠵᠤ᠂ ᠵᠦᠷᠢᠶᠡᠴᠢᠯᠡᠭᠰᠡᠨ ᠬᠠᠮᠢᠶᠠᠷᠤᠯᠲᠠ ᠪᠠ ᠦᠢᠯᠡᠴᠢᠯᠡᠭᠡ ᠳᠤ ᠲᠥᠬᠦᠮ ᠦᠵᠡᠭᠦᠯᠦᠨ᠎ᠡ᠃ ᠮᠡᠳᠡᠭᠡ ᠵᠠᠩᠭᠢ ᠶᠢ ᠨᠥᠬᠦᠪᠥᠷᠢᠯᠡᠬᠦ ᠪᠠ ᠬᠥᠳᠡᠯᠦᠩᠭᠦᠶ ᠪᠠᠷ ᠬᠢᠨᠠᠨ ᠬᠡᠮᠵᠢᠬᠦ ᠶᠢ ᠲᠡᠭᠦᠯᠳᠡᠷᠵᠢᠭᠦᠯᠵᠦ᠂ ᠲᠣᠤᠷᠵᠢᠯ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠮᠡᠳᠡᠭᠡ ᠵᠠᠩᠭᠢ ᠴᠤᠭᠯᠠᠭᠤᠯᠬᠤ ᠶᠢ ᠪᠣᠳᠠᠲᠠᠶᠢᠵᠢᠭᠤᠯᠵᠤ᠂ ᠲᠠᠩᠰᠠᠨ ᠳᠤ ᠪᠠᠶᠢᠭ᠎ᠠ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠠᠷᠭᠤᠭᠤᠯᠬᠤ ᠪᠠ ᠨᠥᠬᠦᠪᠥᠷᠢᠯᠡᠵᠦ᠂ ᠬᠠᠷᠢᠶ᠎ᠠ ᠣᠷᠣᠨ ᠤ ᠬᠥᠮᠦᠰ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠣᠨᠣᠪᠴᠢᠲᠠᠶ ᠡᠵᠡᠮᠰᠢᠬᠦ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠳᠠᠯ ᠢ ᠲᠡᠷᠡ ᠳᠠᠷᠤᠶ ᠳᠤᠨᠢ ᠮᠠᠳᠠᠭ ᠲᠠᠢ ᠠᠰᠠᠭᠤᠳᠠᠯ ᠢ ᠬᠠᠷᠢᠭᠤᠯᠵᠤ ᠳᠡᠶᠢᠯᠬᠦ ᠶᠢ ᠨᠢ ᠠᠵᠢᠯᠲᠠᠳ ᠬᠦᠯᠢᠴᠡᠩᠭᠦᠶ ᠪᠠᠷ ᠬᠠᠷᠢᠭᠤᠯᠲᠠ ᠥᠭᠴᠦ᠂ ᠲᠤᠬᠠᠶ ᠶᠢᠨ ᠲᠠᠯᠠᠪᠤᠷ ᠲᠤᠨᠢ ᠬᠠᠷᠢᠭᠤᠯᠲᠠ ᠥᠭᠴᠦ ᠳᠡᠶᠢᠯᠬᠦ ᠥᠬᠡᠶ ᠪᠣᠯ ᠠᠵᠢᠯ ᠤᠨ ᠡᠳᠦᠷ ᠤᠨ ᠲᠡᠮᠳᠡᠭᠯᠡᠯ ᠳᠤ ᠨᠠᠷᠢᠨ ᠬᠢᠨᠠᠮᠠᠭᠠᠶ ᠲᠡᠮᠳᠡᠭᠯᠡᠵᠦ᠂ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠷᠡ ᠳᠠᠷᠤᠶ ᠳᠤᠨᠢ ᠰᠠᠭᠤᠭᠠᠯᠢ ᠠᠷᠠᠳ ᠲᠤ ᠬᠠᠷᠢᠭᠤᠯᠲᠠ ᠥᠭᠭᠦᠨ᠎ᠡ᠃
欣望社区开展居民信息精细化完善行动 提高社区精准化服务水平.jpg
        ᠲᠣᠰ ᠤᠳᠠᠭᠠᠨ ᠤ ᠰᠠᠭᠤᠭᠠᠯᠢ ᠠᠷᠠᠳ ᠤᠨ ᠮᠡᠳᠡᠭᠡ ᠵᠠᠩᠭᠢ ᠶᠢ ᠨᠠᠷᠢᠯᠢᠬᠵᠢᠭᠤᠯᠤᠨ ᠲᠡᠭᠦᠯᠳᠡᠷᠵᠢᠭᠦᠯᠬᠦ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ ᠮᠡᠳᠡᠭᠡ ᠵᠠᠩᠭᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠠᠩ ᠣᠨᠣᠪᠴᠢᠲᠠᠶ ᠦᠢᠯᠡᠴᠢᠯᠡᠬᠦ ᠳᠤ ᠨᠠᠶᠢᠳᠠᠪᠤᠷᠢᠲᠠᠶ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠦᠷᠭᠦᠯᠵᠢᠯᠡᠨ ᠡᠷᠦᠬᠡ ᠳᠤ ᠣᠷᠣᠵᠤ ᠰᠤᠷᠪᠤᠯᠵᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠠᠭᠤᠭᠠᠯᠢ ᠠᠷᠠᠳ ᠣᠯᠠᠨ ᠤ ᠬᠠᠮᠤᠭ ᠤᠨ ᠦᠨᠡᠨ ᠪᠣᠳᠠᠲᠠᠶ ᠲᠠᠭᠤᠨ ᠢ ᠬᠢᠨᠠᠮᠠᠭᠠᠶ ᠰᠣᠨᠣᠰᠴᠤ᠂ ᠣᠯᠠᠨ ᠲᠦᠮᠡᠨ ᠤ ᠲᠤᠰᠬᠠᠭᠰᠠᠨ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠰᠡᠳᠬᠢᠯ ᠳᠡᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠪᠠ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号