︽ᠡᠮᠴᠢᠯᠡᠭᠡᠨ ᠤ ᠬᠠᠮ ᠲᠡᠷᠭᠡ︾᠂ ᠡᠷᠡᠭᠦᠯ ᠮᠡᠨᠳᠦ ᠶᠢ ᠨᠢᠭᠡᠳᠦᠭᠡᠷ ᠹᠷᠣᠨᠲ ᠲᠤ ᠬᠦᠷᠭᠡᠨ᠎ᠡ
ᠨᠡᠶᠢᠲᠡᠯᠡᠭᠰᠡᠨ ᠴᠠᠭ᠄
2024/10/29
        ᠰᠢᠭᠤᠶᠢᠲᠤ ᠲᠣᠭᠤᠷᠢᠭ ᠤᠨ ᠵᠢᠪᠬᠤᠯᠠᠩᠲᠤ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠶ ᠼᠠᠢ ᠭᠧᠦ ᠳᠤ ᠭᠦᠨᠵᠡᠭᠡᠶᠢᠷᠡᠨ ︽ᠡᠮᠴᠢᠯᠡᠭᠡᠨ ᠤ ᠬᠠᠮ ᠲᠡᠷᠭᠡ︾ ᠶᠢ ᠬᠥᠳᠡᠭᠡ ᠲᠣᠰᠬᠤᠨ ᠳᠤ ᠬᠦᠷᠭᠡᠬᠦ  ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ  ᠰᠦᠢᠳᠬᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ᠂ ᠬᠡᠷ ᠪᠦᠯᠢ ᠶᠢᠨ ᠡᠮᠴᠢ ᠶᠢᠨ ᠭᠡᠷ᠎ᠡ  ᠭᠦᠢᠴᠡᠳᠬᠡᠬᠦ ᠦᠢᠯᠡᠴᠢᠯᠡᠭᠡ᠂ ᠡᠮ ᠬᠦᠷᠭᠡᠵᠦ ᠥᠭᠬᠦ ᠠᠵᠢᠯᠯᠠᠭ᠎ᠠ ᠥᠷᠨᠢᠭᠦᠯᠪᠡ᠃
“医疗大篷车”,健康进一线(蒙).jpg
         ᠲᠤᠰ ᠤᠳᠠᠭᠠᠨ ᠤ ᠪᠡᠶ᠎ᠡ ᠵᠢᠨ‌‍ᠪᠠᠶᠢᠴᠠᠭᠠᠯᠲᠠ ᠳᠤ ᠴᠢᠰᠤᠨ ᠳᠠᠷᠤᠯᠲᠠ᠂ ᠴᠢᠰᠤᠨ ᠤ ᠵᠤᠷᠰᠢᠯ᠂ ᠡᠯᠢᠭᠡᠨ ᠤ ᠠᠵᠢᠯ᠂ ᠪᠥᠭᠡᠷ᠎ᠡ ᠶᠢᠨ ᠠᠵᠢᠯ᠂ ᠵᠢᠷᠦᠬᠡᠨ ᠤ ᠯᠤᠭᠰᠢᠯᠲᠠ ᠶᠢᠨ ᠵᠢᠷᠤᠭ᠂ B ᠬᠡᠳᠦ ᠳᠣᠯᠭᠢᠶᠠᠨ ᠤ ᠵᠡᠷᠭᠡ ᠰᠠᠭᠤᠷᠢ ᠪᠠᠶᠢᠴᠠᠭᠠᠯᠲᠠ ᠶᠢᠨ ᠲᠥᠷᠥᠯ ᠵᠦᠢᠯ ᠢ ᠪᠠᠭᠲᠠᠭᠠᠵᠤ᠂ ᠨᠠᠰᠤᠲᠠᠶᠢᠴᠤᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠲᠤᠰᠬᠠᠶᠢᠯᠠᠨ ᠪᠠᠶᠢᠴᠠᠭᠠᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ ᠂ ᠰᠤᠮᠤᠨ ᠤ ᠡᠷᠡᠭᠦᠯ ᠬᠠᠮᠠᠭᠠᠯᠠᠯ ᠤᠨ ᠬ᠊ ᠬᠤᠷᠢᠶ᠎ᠠ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠰᠢᠯᠢᠳᠡᠭᠵᠢᠭᠦᠯᠦᠨ ᠲᠣᠬᠢᠷᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠦᠨᠳᠦᠰᠦᠨ ᠱᠠᠲᠤ ᠲᠡᠰᠢ ᠤᠷᠲᠤᠳᠬᠠᠬᠤ ᠪᠠ ᠳᠣᠷᠣᠭᠰᠢ ᠪᠠᠭᠤᠯᠭᠠᠬᠤ ᠶᠢ ᠠᠬᠢᠭᠤᠯᠵᠤ᠂ ᠨᠡᠩ ᠣᠯᠠᠨ ᠬᠥᠮᠦᠨ ᠳᠤ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠡᠷᠡᠭᠦᠯ ᠮᠡᠨᠳᠦ ᠶᠢᠨ ᠦᠢᠯᠡᠴᠢᠯᠡᠭᠡ ᠶᠢ ᠬᠦᠷᠲᠡᠭᠡᠨ᠎ᠡ  
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号