ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠪᠣᠯ ᠰᠢᠭᠤᠶᠢᠲᠤ ᠬᠠᠭᠤᠴᠢᠨ | ᠲᠣᠭᠤᠷᠢᠭ ᠤᠨ ᠴᠣᠷ ᠤᠨ ᠭᠠᠭᠴᠠ ᠬᠤᠲᠠ ᠶᠢᠨ ᠨᠡᠶᠢᠭᠡᠮ ᠲᠣᠭᠤᠷᠢᠭ ᠪᠣᠯᠤᠨ᠎ᠠ᠂ ᠰᠠᠭᠤᠭᠠᠯᠢ ᠠᠷᠠᠳ ᠨᠢ | ᠨᠠᠰᠤᠲᠠᠶᠢᠴᠤᠳ ᠪᠠ ᠭᠠᠳᠠᠨ᠎ᠠ ᠠᠴᠠ ᠢᠷᠡᠭᠰᠡᠨ ᠬᠥᠯᠥᠰᠥᠨ ᠠᠵᠢᠯ ᠬᠢᠵᠦ ᠪᠠᠶᠢᠭ᠎ᠠ ᠬᠥᠮᠦᠨ ᠠᠮᠠ ᠪᠠᠷ ᠭᠤᠣᠯ | ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠬᠡᠷᠡᠭᠴᠡᠭᠡ ᠶᠢ ᠲᠠᠰᠤᠷᠠᠯᠲᠠ ᠦᠭᠡᠢ | ᠬᠠᠩᠭᠠᠬᠤ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠲᠣᠰ ᠪᠡᠶ᠎ᠡ ᠶᠢᠨ | ᠳᠠᠪᠠᠭᠤᠯᠢᠭ ᠲᠠᠭᠠᠨ ᠲᠦᠰᠢᠭᠯᠡᠨ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠵᠢᠯᠣᠭᠤᠳᠬᠤ ᠶᠢ ᠪᠠᠷᠢᠮᠲᠠᠯᠠᠵᠤ᠂ | ᠣᠯᠠᠨ ᠡᠰᠢᠲᠦ ᠰᠡᠳᠭᠢᠮ ᠶᠢ ᠪᠠᠷ ᠰᠢᠭᠤᠶᠢᠲᠤ ᠲᠣᠭᠤᠷᠢᠭ ᠤᠨ ᠠᠩᠬᠠᠳᠠᠭᠴᠢ ᠨᠡᠶᠢᠭᠡᠮ ᠲᠣᠭᠤᠷᠢᠭ ᠤᠨ ᠬᠠᠮᠲᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠬᠠᠶᠢᠨ ᠰᠦᠪᠡᠭᠴᠢᠯᠡᠨ ᠬᠥᠭᠵᠢᠭᠦᠯᠵᠦ᠂ ᠨᠠᠮ ᠤᠨ | ᠪᠠᠶᠢᠭᠤᠯᠤᠯᠲᠠ ᠶᠢᠨ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠦᠢᠯᠡᠴᠢᠯᠡᠭᠡᠨ ᠤ ᠬᠡᠯᠬᠢᠶ᠎ᠡ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠨᠡᠶᠢᠭᠡᠮ ᠲᠣᠭᠤᠷᠢᠭ ᠤᠨ ᠪᠡᠯᠡ ᠮᠥᠩᠭᠦ ᠶᠢ ᠵᠥᠪᠬᠡᠨ ᠵᠠᠰᠠᠭ ᠤᠨ ᠣᠷᠳᠣᠨ ᠤ ︽ | ᠴᠢᠰᠤ ᠶᠡᠭᠦᠯᠡᠬᠦ ᠮᠠᠶ᠋ᠢᠭ︾ ᠤᠨ ᠳᠡᠮᠵᠢᠯᠭᠡ ᠶᠢᠨ ᠬᠡᠪ ᠵᠠᠭᠪᠤᠷ ᠢ ᠡᠪᠳᠡᠵᠦ᠂ ᠡᠵᠡᠩᠨᠡᠯᠲᠡ ᠶᠢᠨ ᠠᠰᠢᠭ | ᠣᠯᠵᠠᠪᠤᠷᠢ ᠨᠡᠶᠢᠭᠡᠮ ᠲᠣᠭᠤᠷᠢᠭ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠪᠡᠶ᠎ᠡ ᠪᠠᠨ ᠳᠠᠭᠠᠭᠠᠵᠤ | ︽ᠴᠢᠰᠤ ᠪᠦᠲᠦᠭᠡᠬᠦ ᠴᠢᠳᠠᠪᠤᠷᠢ︾ ᠶᠢ ᠦᠷᠭᠦᠯᠵᠢᠯᠡᠨ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠡᠢ᠃ | ︵ᠨᠢᠭᠡ︶ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ | ᠡᠬᠢ ᠪᠠᠶᠠᠯᠢᠭ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠣᠷᠣᠯᠴᠠᠬᠤ ᠶᠢ ᠨᠢᠭᠡᠳᠦᠯᠲᠡᠶ ᠲᠥᠯᠥᠪᠯᠡᠵᠡᠢ᠃ ︽ᠵᠡᠭᠡᠯᠢ | ᠭᠤᠳᠤᠮᠵᠢ ᠶᠢ ᠨᠢᠭᠡᠳᠦᠯᠲᠡᠶ ᠲᠥᠯᠥᠪᠵᠢᠭᠦᠯᠬᠦ᠂ ᠨᠡᠶᠢᠭᠡᠮ ᠲᠣᠭᠤᠷᠢᠭ ᠢᠶᠠᠷ ᠭᠤᠣᠯᠯᠠᠭᠤᠯᠬᠤ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠳᠣᠭᠢᠷᠠᠭᠤᠯᠬᠤ᠂ ᠴᠢᠳᠠᠯ ᠤᠨ ᠢᠶᠠᠨ ᠬᠢᠷᠢ ᠪᠠᠷ ᠬᠢᠬᠦ︾ ᠵᠠᠷᠴᠢᠮ ᠢ ᠪᠠᠷᠢᠮᠲᠠᠯᠠᠨ᠂ ︽ | ᠬᠠᠮᠲᠤᠪᠠᠷ︾ ᠦᠵᠡᠯ ᠤᠬᠠᠮᠰᠠᠷ᠂ ︽ᠨᠢᠭᠡᠳᠬᠡᠬᠦ︾ ᠠᠷᠭ᠎ᠠ ᠶᠢ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ | ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠬᠠᠮᠲᠤ ᠪᠠᠷ ᠬᠠᠶᠢᠨ ᠰᠦᠪᠡᠭᠴᠢᠯᠡᠪᠡ᠃ ᠨᠢᠭᠡ ᠳᠤ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠪᠡ᠃ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠶᠢ | ᠬᠥᠭᠵᠢᠭᠦᠯᠦᠨ ᠪᠤᠵᠠᠭᠠᠶᠢᠷᠠᠭᠤᠯᠬᠤ ᠶᠢ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ | ᠬᠥᠲᠥᠯᠥᠨ ᠳᠠᠭᠠᠭᠤᠯᠬᠤ ︽ᠬᠤᠰᠢᠭᠤᠴᠢ ᠰᠢᠲᠠᠷ᠎ᠠ︾ ᠪᠣᠯᠭᠠᠵᠤ᠂ ︽ᠰᠢᠨ ᠸᠠᠩ ᠨᠡᠶᠢᠭᠡᠮ ᠲᠣᠭᠤᠷᠢᠭ ᠤᠨ | ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠲᠥᠰᠦᠯ︾ ᠢ | ᠰᠤᠳᠤᠯᠤᠨ ᠲᠣᠭᠲᠠᠭᠠᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠪᠥᠬᠦ ᠶᠠᠪᠤᠴᠠ ᠶᠢ | ᠵᠢᠯᠣᠭᠤᠳᠤᠨ ᠡᠵᠡᠮᠳᠡᠵᠦ᠂ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠤᠷ᠎ᠠ ᠵᠢᠷᠤᠮᠵᠢᠯ ᠲᠠᠢ ᠡᠮᠬᠢ ᠵᠢᠷᠤᠮ ᠲᠠᠢ ᠬᠥᠭᠵᠢᠬᠦ ᠶᠢ | ᠦᠨᠡᠨ ᠬᠦ ᠪᠠᠲᠤᠯᠠᠪᠠ᠃ ᠬᠤᠶᠠᠷ ᠲᠤ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠪᠡ᠃ ᠳᠠᠭᠠᠭᠠᠴᠢᠯᠠᠨ | ᠬᠤᠯᠪᠣᠭᠠᠯᠠᠬᠤ ᠨᠢᠭᠡᠴᠢ ᠶᠢᠨ ᠡᠬᠢ ᠪᠠᠶᠠᠯᠢᠭ ᠤᠨ ᠳᠠᠪᠠᠭᠤᠯᠢᠭ ᠵᠢᠴᠢ ᠣᠷᠣᠨ ᠪᠦᠰᠡ ᠶᠢᠨ ᠨᠠᠮ ᠤᠨ | ᠪᠠᠶᠢᠭᠤᠯᠤᠯᠲᠠ ᠶᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠰᠡᠳᠬᠢᠴᠡ ᠶᠢ ᠵᠥᠪᠳᠡᠯᠴᠡᠵᠦ᠂ ᠰᠤᠳᠤᠯᠤᠨ ᠰᠤᠷᠤᠯᠴᠠᠬᠤ᠂ | ᠰᠣᠶᠣᠯ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠠᠷᠭ᠎ᠠ ᠰᠦᠪᠡᠭᠴᠢᠯᠡᠵᠦ᠂ ᠬᠤᠳᠠᠯᠳᠤᠭᠠᠴᠢᠨ ᠪᠠ ᠠᠵᠤ | ᠠᠬᠤᠶᠢᠯᠠᠯ ᠤᠨ ᠲᠥᠯᠥᠭᠡᠯᠡᠭᠴᠢ᠂ ᠬᠠᠯᠠᠭᠤᠨ ᠰᠡᠳᠬᠢᠯᠲᠦ ᠰᠠᠭᠤᠭᠠᠯᠢ ᠠᠷᠠᠳ ᠤᠨ ᠣᠷᠣᠯᠴᠠᠬᠤ ᠶᠢ ᠢᠳᠡᠪᠬᠢᠲᠡᠶ ᠪᠠᠷ | ᠡᠯᠰᠡᠵᠦ᠂ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠶᠢ ᠬᠥᠭᠵᠢᠭᠦᠯᠬᠦ ︽ᠨᠠᠶᠢᠵᠠ ᠶᠢᠨ ᠲᠣᠭᠤᠷᠢᠭ︾ ᠢ | ᠲᠠᠰᠤᠷᠠᠯᠲᠠ ᠥᠬᠡᠶ ᠥᠷᠭᠡᠳᠬᠡᠪᠡ᠃ ᠭᠤᠷᠪᠠ ᠳᠤ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠪᠠ᠃ ︽ᠲᠤᠰᠬᠠᠶ | ᠮᠡᠷᠭᠡᠵᠢᠯ ᠤᠨ ᠠᠵᠢᠯᠲᠠᠨ ᠲᠤᠰᠬᠠᠶ ᠮᠡᠷᠭᠡᠵᠢᠯ ᠤᠨ ᠠᠵᠢᠯ ᠬᠢᠬᠦ︾ ᠦᠵᠡᠯ ᠤᠬᠠᠮᠰᠠᠷ ᠢ ᠪᠣᠶ ᠪᠣᠯᠭᠠᠵᠤ᠂ ᠪᠥᠬᠦ | ᠶᠠᠪᠤᠴᠠ ᠳᠤ ᠠᠵᠤ ᠠᠬᠤᠶ ᠶᠢ ᠣᠶᠢᠯᠠᠭᠠᠬᠤ᠂ ᠬᠠᠮᠢᠶᠠᠷᠤᠯᠲᠠ ᠶᠢ ᠣᠶᠢᠯᠠᠭᠠᠬᠤ᠂ ᠡᠵᠡᠩᠨᠡᠨ ᠪᠣᠷᠣᠯᠠᠭᠤᠯᠬᠤ | ᠠᠵᠢᠯᠲᠠᠨ ᠤ ᠯᠠᠪᠯᠠᠭ᠎ᠠ ᠶᠢ ᠣᠶᠢᠯᠠᠭᠠᠵᠤ᠂ ᠲᠤᠰᠬᠠᠶ ᠮᠡᠷᠭᠡᠵᠢᠯᠲᠡᠨ ᠢ ᠤᠷᠢᠵᠤ ᠨᠡᠶᠢᠭᠡᠮ ᠲᠣᠭᠤᠷᠢᠭ ᠤᠨ ᠨᠡᠶᠢᠭᠡᠮ ᠤᠨ | ᠠᠵᠤ ᠠᠬᠤᠶᠢᠯᠠᠯ ᠤᠨ ᠲᠥᠷᠥᠯ ᠵᠦᠢᠯ ᠥᠷᠨᠢᠭᠦᠯᠬᠦ ᠶᠠᠪᠤᠴᠠ ᠳᠤ ᠮᠡᠷᠭᠡᠵᠢᠯ ᠤᠨ ᠳᠡᠮᠵᠢᠯᠭᠡ ᠦᠵᠡᠭᠦᠯᠬᠦ᠂ | ᠵᠢᠯᠣᠭᠤᠳᠣᠯᠭ᠎ᠠ ᠬᠠᠩᠭᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃ | ︵ᠬᠤᠶᠠᠷ︶ ᠲᠣᠭᠲᠠᠴᠠ ᠶᠢ ᠰᠢᠯᠤᠭᠤᠳᠬᠠᠬᠤ ᠶᠢ ᠪᠠᠷᠢᠮᠲᠠᠯᠠᠨ᠂ ᠬᠠᠮᠲᠤ ᠶᠢᠨ ᠠᠵᠤ ᠠᠬᠤᠢ ᠶᠢᠨ | ᠵᠢᠷᠤᠮᠵᠢᠭᠰᠠᠨ ᠠᠵᠢᠯᠯᠠᠭᠠᠨ ᠢ ᠠᠬᠢᠭᠤᠯᠪᠠ᠃ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠴᠢᠷ ᠶᠠᠪᠤᠳᠠᠯ ᠢᠶᠠᠷ ᠬᠥᠮᠦᠨ ᠢ ᠴᠤᠭᠯᠠᠷᠠᠭᠤᠯᠬᠤ᠂ ᠪᠦᠯᠬᠦᠮᠳᠡᠨ | ᠬᠥᠭᠵᠢᠬᠦ︾ ᠰᠡᠳᠬᠢᠴᠡ ᠶᠣᠰᠣᠭᠠᠷ᠂ ᠬᠤᠳᠠᠯᠳᠤᠭᠠᠨ ᠤ ᠵᠠᠭᠪᠤᠷ ᠢ ᠬᠡᠷᠡᠭᠯᠡᠨ᠂ ᠨᠡᠶᠢᠭᠡᠮ ᠲᠣᠭᠤᠷᠢᠭ ᠤᠨ | ᠬᠠᠮᠲᠤ ᠶᠢᠨ ᠠᠵᠤ ᠠᠬᠤᠶ ᠶᠢ ︽ᠺᠣᠮᠫᠠᠨᠢᠴᠢᠯᠠᠬᠤ︾ ᠡᠵᠡᠩᠨᠡᠯᠲᠡ ᠬᠠᠮᠢᠶᠠᠷᠤᠯᠲᠠ ᠶᠢ ᠥᠷᠨᠢᠭᠦᠯᠪᠡ᠃ ᠨᠢᠭᠡ ᠳᠤ | ᠬᠥᠭᠵᠢᠯᠲᠡ ᠶᠢᠨ ᠲᠠᠪᠴᠠᠩ ᠢ ᠪᠠᠶᠢᠭᠤᠯᠪᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ | ᠡᠷᠬᠢᠯᠡᠭᠴᠢ ᠪᠠᠷ ᠬᠠᠤᠯᠢ ᠶᠢᠨ ᠡᠷᠬᠡᠲᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠶᠢᠭᠤᠯᠵᠤ᠂ 3 ᠬᠡᠷᠡᠭ | ᠮᠡᠳᠡᠭᠴᠢ᠂ 1 ᠬᠢᠨᠠᠭᠴᠢ᠂ 3 ᠵᠠᠬᠢᠷᠤᠯ᠂ 1 ᠲᠤᠰᠬᠠᠢ ᠮᠡᠷᠭᠡᠵᠢᠯ ᠤᠨ ᠡᠳ᠋ ᠤᠨ ᠶᠠᠪᠤᠳᠠᠯ ᠤᠨ ᠠᠵᠢᠯᠲᠠᠨ ᠭᠠᠷᠭᠠᠵᠤ | ᠂ ᠥᠮᠴᠢᠯᠡᠬᠦ ᠡᠷᠬᠡ ᠶᠢᠨ ᠬᠠᠷᠢᠴᠠᠭ᠎ᠠ ᠨᠢ ᠲᠣᠳᠣᠷᠬᠠᠢ᠂ ᠵᠠᠰᠠᠯᠲᠠ ᠶᠢᠨ ᠪᠦᠲᠦᠴᠡ ᠨᠢ ᠰᠢᠨᠵᠢᠯᠡᠬᠦ ᠤᠬᠠᠭᠠᠨᠴᠢ᠂ | ᠡᠵᠡᠩᠨᠡᠯᠲᠡ ᠶᠢᠨ ᠠᠷᠭ᠎ᠠ ᠮᠠᠶ᠋ᠢᠭ ᠨᠢ ᠯᠠᠪᠳᠠᠭᠤᠨ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠨᠢ ᠵᠦᠢ ᠵᠣᠬᠢᠰᠲᠠᠢ | ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠬᠠᠷᠢᠶ᠎ᠠ ᠣᠷᠣᠨ ᠤ ᠡᠬᠢ ᠪᠠᠶᠠᠯᠢᠭ᠂ ᠬᠠᠷᠢᠶ᠎ᠠ ᠣᠷᠣᠨ ᠤ | ᠦᠢᠯᠡᠴᠢᠯᠡᠭᠡ ᠶᠢ ᠺᠣᠮᠫᠠᠨᠢ ᠠᠴᠠ ᠨᠢᠭᠡᠳᠦᠯᠲᠡᠢ ᠨᠡᠭᠡᠭᠡᠨ ᠬᠥᠭᠵᠢᠭᠦᠯᠬᠦ᠂ ᠨᠢᠭᠡᠳᠦᠯᠲᠡᠢ ᠪᠣᠭᠤᠳᠠᠯᠯᠠᠵᠤ᠂ ᠨᠢᠭᠡᠳᠦᠯᠲᠡᠢ | ᠠᠵᠢᠯᠯᠠᠭᠤᠯᠪᠠ᠃ ᠣᠳᠣᠬᠠᠨ ᠳᠤ᠂ ᠰᠢᠨ ᠸᠠᠩ ᠨᠡᠶᠢᠭᠡᠮ ᠲᠣᠭᠤᠷᠢᠭ ᠨᠢᠭᠡᠨᠲᠡ ᠳᠠᠩᠰᠠᠯᠠᠭᠤᠯᠤᠨ ᠪᠠᠶᠢᠭᠤᠯᠵᠤ᠂ | ᠰᠢᠨ ᠸᠠᠩ ᠸᠧᠢ ᠯᠠᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ | ᠪᠠᠶᠢᠭᠤᠯᠵᠤ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠯᠬᠤᠮ ᠠᠯᠬᠤᠮ ᠢᠶᠠᠷ ᠪᠦᠬᠦ ᠲᠠᠯ᠎ᠠ ᠪᠠᠷ | ᠬᠡᠷᠡᠭᠵᠢᠭᠦᠯᠵᠦ ᠪᠠᠶᠢᠨ᠎ᠠ᠃ ᠬᠤᠶᠠᠷ ᠲᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠪᠠ᠃ ︽ᠥᠪᠡᠷ ᠤᠨ ᠬᠢᠨᠠᠯᠲᠠ | ᠬᠠᠮᠢᠶᠠᠷᠤᠯᠲᠠ + ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ + ᠨᠡᠶᠢᠭᠡᠮ ᠤᠨ ᠬᠢᠨᠠᠯᠲᠠ ᠲᠠᠯᠪᠢᠯᠲᠠ︾ ᠶᠢᠨ | ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠨᠡᠶᠢᠭᠡᠮ ᠲᠣᠭᠤᠷᠢᠭ ᠤᠨ ᠨᠡᠶᠢᠭᠡᠮ ᠤᠨ ᠠᠵᠤ ᠠᠬᠤᠶᠢᠯᠠᠯ ᠤᠨ ᠲᠦᠷᠢᠮ ᠢ | ᠬᠡᠷᠡᠭᠵᠢᠭᠦᠯᠬᠦ᠂ ᠡᠳ᠋ ᠤᠨ ᠶᠠᠪᠤᠳᠠᠯ ᠤᠨ ᠠᠵᠢᠯᠯᠠᠭᠠᠨ᠂ ᠠᠰᠢᠭ ᠬᠤᠨᠵᠢᠪᠣᠷᠢ ᠶᠢᠨ ᠬᠤᠪᠢᠶᠠᠷᠢᠯᠠᠯᠲᠠ ᠵᠡᠷᠭᠡ ᠪᠠᠶᠢᠳᠠᠯ ᠢ | ᠬᠢᠨᠠᠨ ᠬᠠᠮᠢᠶᠠᠷᠴᠤ᠂ ᠰᠠᠭᠤᠭᠠᠯᠢ ᠠᠷᠠᠳ ᠪᠠ ᠵᠠᠭᠤᠴᠢᠯᠠᠭᠤᠷ ᠠᠴᠠ ᠲᠥᠷᠥᠯ ᠵᠦᠢᠯ ᠲᠣᠭᠲᠠᠭᠠᠬᠤ᠂ ᠮᠡᠳᠡᠭᠡ | ᠵᠠᠩᠭᠢ ᠶᠢ ᠢᠯᠡ ᠪᠣᠯᠭᠠᠬᠤ᠂ ᠠᠷᠠᠳ ᠲᠦᠮᠡᠨ ᠳᠤ ᠦᠢᠯᠡᠴᠢᠯᠡᠬᠦ ᠵᠡᠷᠭᠡ ᠵᠦᠢᠯᠡᠰ ᠲᠤ ᠬᠢᠨᠠᠯᠲᠠ ᠲᠠᠯᠪᠢᠵᠤ᠂ ᠨᠡᠶᠢᠭᠡᠮ | ᠲᠣᠭᠤᠷᠢᠭ ᠤᠨ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠮᠵᠢᠲᠡᠶ ᠬᠢᠨᠠᠯᠲᠠ | ᠲᠠᠯᠪᠢᠯᠲᠠ ᠶᠢᠨ ᠳᠣᠤᠷ᠎ᠠ ᠠᠵᠢᠯᠯᠠᠭᠠᠨ ᠢ ᠦᠨᠡᠨ ᠬᠦ ᠪᠠᠲᠤᠯᠠᠪᠠ᠃ ᠭᠤᠷᠪᠠ ᠳᠤ ᠤᠯᠠᠨ ᠡᠰᠢᠲᠦ ᠵᠦᠢᠯᠡᠰ ᠢ ᠬᠠᠶᠢᠨ | ᠰᠦᠪᠡᠭᠴᠢᠯᠡᠪᠡ᠃ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠯᠠ ᠪᠠᠶᠢᠬᠤ | ᠲᠠᠯᠠᠪᠤᠷ ᠭᠠᠵᠠᠷ 4᠂ 9500 ᠲᠡᠭᠰᠢ ᠳᠥᠷᠪᠡᠯᠵᠢᠨ ᠮᠧᠲᠷ᠂ ᠰᠤᠯᠠ ᠪᠠᠶᠢᠬᠤ ᠭᠡᠷ ᠪᠠᠶᠢᠰᠢᠩ 30 ᠭᠠᠷᠤᠶ | ᠲᠠᠰᠤᠯᠭ᠎ᠠ᠂ ᠲᠡᠷᠭᠡᠨ ᠵᠣᠭᠰᠣᠭᠠᠯ 1 ᠢ ᠠᠮᠢᠯᠠᠭᠤᠯᠵᠤ᠂ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠣᠷᠣᠨ | ᠵᠠᠶ ᠶᠢ ᠬᠠᠮᠤᠭ ᠤᠨ ᠶᠡᠭᠡ ᠦᠨ᠎ᠡ ᠥᠷᠲᠡᠭ ᠢ ᠨᠢ ᠪᠠᠳᠠᠷᠠᠭᠤᠯᠵᠠᠢ᠃ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠬᠡᠷᠡᠭᠴᠡᠭᠡ ᠱᠠᠭᠠᠷᠳᠠᠯᠭ᠎ᠠ᠂ ᠨᠡᠶᠢᠭᠡᠮ ᠲᠣᠭᠤᠷᠢᠭ ᠤᠨ ᠬᠥᠭᠵᠢᠯᠲᠡ ᠶᠢ ᠠᠬᠢᠭᠤᠯᠬᠤ ᠬᠠᠷᠠᠯᠲᠠ ᠶᠢᠨ | ᠲᠣᠭᠤᠷᠢᠨ ᠳᠤ ᠡᠵᠡᠩᠨᠡᠯᠲᠡ ᠶᠢᠨ ᠲᠥᠷᠥᠯ ᠵᠦᠢᠯ ᠢ ᠲᠣᠭᠲᠠᠭᠠᠵᠤ᠂ ᠬᠤᠨᠣᠭᠯᠠᠬᠤ ᠢᠳᠡᠭᠡᠨ ᠤᠮᠳᠠᠭᠠᠨ᠂ | ᠵᠢᠭᠤᠯᠴᠢᠯᠠᠯ᠂ ᠰᠣᠶᠣᠯ ᠤᠷᠠᠯᠢᠭ ᠤᠨ ᠰᠣᠯᠢᠯᠴᠠᠭ᠎ᠠ ︵ᠺᠢᠨᠣ᠋ ᠲᠧᠯᠸᠢᠰ︶᠂ ᠠᠳᠠᠯ ᠠᠬᠤᠢ ᠶᠢᠨ ᠬᠠᠮᠢᠶᠠᠷᠤᠯᠲᠠ᠂ | ᠨᠠᠰᠤᠲᠠᠳ ᠢ ᠠᠰᠠᠷᠠᠵᠤ ᠨᠠᠰᠤᠲᠠᠨ ᠢ ᠲᠤᠰᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠵᠡᠷᠭᠡ | ᠰᠠᠭᠤᠭᠠᠯᠢ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢᠨ 18 ᠲᠥᠷᠥᠯ ᠵᠦᠢᠯ ᠢ ᠨᠡᠭᠡᠭᠡᠨ | ᠬᠥᠭᠵᠢᠭᠦᠯᠵᠦ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠬᠤᠤᠰ ᠠᠮᠵᠢᠯᠲᠠ ᠶᠢ | ᠪᠡᠶᠡᠯᠡᠭᠦᠯᠪᠡ᠃ | ︵ᠭᠤᠷᠪᠠ︶ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠪᠠ᠃ ︽ᠵᠢᠷᠤᠮᠵᠢᠭᠤᠯᠤᠨ ᠠᠵᠢᠯᠯᠠᠭᠤᠯᠬᠤ᠂ | ᠠᠯᠬᠤᠮ ᠳᠠᠷᠠᠭ᠎ᠠ ᠲᠠᠢ ᠪᠠᠷ ᠤᠷᠤᠭᠰᠢᠯᠠᠭᠤᠯᠬᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠬᠦ᠂ ᠠᠷᠠᠳ ᠤᠨ | ᠠᠮᠢᠳᠤᠷᠠᠯ ᠳᠤ ᠦᠢᠯᠡᠴᠢᠯᠡᠬᠦ︾ ᠤᠳᠤᠷᠢᠳᠤᠮᠵᠢ ᠶᠢ ᠪᠤᠢ ᠪᠣᠯᠭᠠᠵᠤ᠂ ᠨᠡᠶᠢᠭᠡᠮ ᠲᠣᠭᠤᠷᠢᠭ ᠤᠨ ᠬᠠᠮᠲᠤ ᠶᠢᠨ ᠠᠵᠤ | ᠠᠬᠤᠶ ᠶᠢ ᠬᠥᠭᠵᠢᠭᠦᠯᠬᠦ ᠬᠢᠭᠡᠳ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ | ᠵᠡᠷᠭᠡ ᠶᠢ ᠣᠷᠭᠠᠨᠢᠭ ᠢᠶᠠᠷ ᠠᠭᠤᠰᠤᠯᠴᠠᠭᠤᠯᠵᠤ᠂ ᠨᠡᠶᠢᠭᠡᠮ ᠲᠣᠭᠤᠷᠢᠭ ᠤᠨ ᠠᠷᠠᠳ ᠲᠦᠮᠡᠨ ᠳᠤ ᠦᠢᠯᠡᠴᠢᠯᠡᠬᠦ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠨᠢᠭᠡ ᠳᠤ ᠠᠰᠢᠭ ᠬᠤᠨᠵᠢᠪᠤᠷᠢ ᠪᠠᠷ ᠨᠡᠶᠢᠭᠡᠮ ᠲᠣᠭᠤᠷᠢᠭ ᠢ | ᠬᠠᠷᠠᠭᠠᠯᠵᠠᠪᠠ᠃ ᠨᠡᠶᠢᠲᠡ ᠶᠢᠨ ᠠᠰᠠᠷᠠᠮᠵᠢ ᠶᠢ ᠡᠩ ᠲᠡᠷᠢᠭᠦᠨ ᠳᠤ ᠪᠠᠶᠢᠯᠭᠠᠬᠤ ᠶᠢ ᠪᠠᠷᠢᠮᠲᠠᠯᠠᠵᠤ᠂ ᠨᠡᠶᠢᠭᠡᠮ | ᠲᠣᠭᠤᠷᠢᠭ ᠤᠨ ᠨᠡᠶᠢᠭᠡᠮ ᠤᠨ ᠠᠵᠤ ᠠᠬᠤᠶᠢᠯᠠᠯ ᠤᠨ ᠣᠷᠣᠯᠭ᠎ᠠ ᠶᠢᠨ ᠠᠰᠢᠭ ᠣᠯᠵᠠᠪᠤᠷᠢ ᠶᠢ ᠲᠡᠭᠦᠨ ᠤ ᠨᠡᠶᠢᠭᠡᠮ ᠤᠨ | ᠬᠠᠷᠠᠯᠲᠠ ᠶᠢᠨ ᠶᠣᠰᠣᠭᠠᠷ ᠥᠪᠡᠷ ᠤᠨ ᠲᠤᠬᠠᠶᠢᠯᠠᠭᠰᠠᠨ ᠠᠵᠢᠯ ᠳᠠᠭᠠᠨ ᠳᠠᠬᠢᠨ ᠣᠷᠣᠭᠤᠯᠤᠭᠰᠠᠨ ᠤ ᠳᠠᠷᠠᠭ᠎ᠠ᠂ | ᠨᠡᠶᠢᠭᠡᠮ ᠲᠣᠭᠤᠷᠢᠭ ᠤᠨ ᠠᠷᠠᠳᠴᠢᠯᠠᠯ ᠢᠶᠠᠷ ᠵᠥᠪᠳᠡᠯᠴᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ | ᠳᠠᠮᠵᠢᠭᠤᠯᠤᠨ᠂ ᠨᠡᠶᠢᠭᠡᠮ ᠲᠣᠭᠤᠷᠢᠭ ᠲᠤ ᠨᠠᠰᠤᠲᠠᠶᠢᠴᠤᠳ ᠢ ᠲᠡᠳᠬᠦᠨ ᠵᠡᠮᠳᠡᠭᠴᠦᠳ ᠢ ᠲᠤᠰᠠᠯᠠᠬᠤ᠂ ᠬᠦᠴᠢᠷᠳᠡᠯ ᠢ | ᠬᠠᠪᠰᠤᠷᠤᠨ ᠪᠠᠭᠤᠷᠠᠶ ᠶᠢ ᠲᠤᠰᠠᠯᠠᠬᠤ᠂ ᠪᠠᠶᠠᠷ ᠤᠨ ᠡᠳᠦᠷ ᠤᠨ ᠲᠣᠬᠤᠨᠢᠭᠤᠯᠤᠯ᠂ ᠨᠡᠶᠢᠭᠡᠮ ᠲᠣᠭᠤᠷᠢᠭ ᠤᠨ | ᠰᠢᠨᠡᠴᠢᠯᠡᠯᠲᠡ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠰ ᠢ ᠥᠷᠨᠢᠭᠦᠯᠬᠦ ᠳᠤ ᠬᠡᠷᠡᠭᠯᠡᠪᠡ᠃ ᠬᠤᠶᠠᠷ ᠲᠤ ᠨᠡᠶᠢᠭᠡᠮ | ᠲᠣᠭᠤᠷᠢᠭ ᠤᠨ ᠬᠥᠭᠵᠢᠯᠲᠡ ᠶᠢ ᠠᠬᠢᠭᠤᠯᠪᠠ᠃ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢᠨ ᠦᠷ᠎ᠡ ᠪᠦᠲᠦᠭᠡᠯ ᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠠᠴᠠ ᠬᠠᠮᠲᠤᠪᠠᠷ ᠡᠳ᠋ᠯᠡᠬᠦ ᠶᠢ | ᠪᠠᠷᠢᠮᠲᠠᠯᠠᠵᠤ᠂ ᠣᠷᠣᠨ ᠵᠠᠢ ᠪᠠᠷ ᠳᠠᠮᠵᠢᠭᠤᠯᠤᠨ ᠡᠬᠢ ᠪᠠᠶᠠᠯᠢᠭ ᠢᠶᠠᠨ ᠰᠣᠯᠢᠯᠴᠠᠬᠤ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠰᠠᠭᠤᠭᠠᠯᠢ ᠠᠷᠠᠳ ᠲᠤ ᠨᠡᠩ ᠤᠯᠠᠨ ᠬᠥᠭᠵᠢᠯᠲᠡ ᠶᠢᠨ ᠠᠰᠢᠭ ᠲᠤᠰᠠ ᠪᠠ ᠪᠣᠳᠠᠲᠤ ᠠᠰᠢᠭ | ᠬᠦᠷᠲᠡᠭᠡᠨ᠎ᠡ᠃ ᠵᠡᠭᠡᠯᠢ ᠭᠤᠳᠤᠮᠵᠢ ᠶᠢᠨ ᠬᠢᠨ ᠲᠧᠯᠸᠢᠰ ᠵᠦᠴᠦᠭᠡ ᠶᠢᠨ ᠳᠤᠭᠤᠶᠢᠯᠠᠩ ᠢ ᠬᠠᠭᠤᠴᠢᠨ ᠲᠣᠭᠤᠷᠢᠭ ᠲᠤ | ᠲᠡᠳᠡᠨ ᠣᠷᠣᠭᠤᠯᠵᠤ᠂ ᠴᠡᠪᠡᠷ ᠪᠠᠶᠢᠭᠠᠯᠢᠯᠢᠭ ︽ᠺᠢᠨᠣ᠋ ᠲᠧᠯᠸᠢᠰ ᠤᠨ ᠰᠠᠭᠤᠷᠢᠨ ᠭᠠᠵᠠᠷ︾ ᠲᠤ ᠰᠡᠭᠦᠳᠡᠷᠯᠡᠬᠦ ᠪᠠᠷ | ᠤᠷᠢᠨ ᠠᠪᠴᠢᠷᠠᠵᠤ᠂ ᠣᠬᠤᠷ ᠵᠦᠴᠦᠭᠡ + ᠰᠣᠶᠣᠯ ᠵᠢᠭᠤᠯᠴᠢᠯᠠᠯ ᠤᠨ ᠠᠷᠭ᠎ᠠ ᠪᠣᠳᠣᠯᠭ᠎ᠠ ᠶᠢ ᠬᠡᠷᠡᠭᠵᠢᠭᠦᠯᠦᠨ᠂ | ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠠᠯᠢ ᠣᠯᠠᠨ ᠲᠥᠬᠦᠮ ᠦᠢᠯᠡᠴᠢᠯᠡᠭᠡ ᠬᠠᠩᠭᠠᠵᠤ᠂ ᠬᠠᠭᠤᠴᠢᠨ | ᠲᠣᠭᠤᠷᠢᠭ ᠤᠨ ᠬᠥᠮᠦᠨ ᠤ ᠬᠦᠴᠦᠨ ᠤ ᠲᠥᠪᠯᠡᠷᠡᠯ ᠢ ᠠᠬᠢᠭᠤᠯᠤᠨ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ | ᠬᠤᠯᠪᠣᠭᠠᠯᠠᠨ ᠬᠥᠳᠡᠯᠦᠯᠴᠡᠬᠦ᠂ ᠲᠤᠬᠠᠶ ᠶᠢᠨ ᠭᠠᠵᠠᠷ ᠤᠨ ᠠᠵᠤ ᠠᠬᠤᠶ ᠶᠢ ᠳᠠᠶᠢᠴᠢᠯᠠᠬᠤ᠂ ᠭᠠᠵᠠᠷ ᠣᠷᠣᠨ ᠤ | ᠰᠣᠶᠣᠯ ᠵᠡᠷᠭᠡ ᠲᠠᠯ᠎ᠠ ᠪᠠᠷ ᠬᠦᠴᠦᠷᠬᠡᠭ ᠶᠡᠭᠡ ᠡᠨᠧᠷᠭᠢ ᠪᠠ ᠳᠠᠯᠳᠠ ᠬᠦᠴᠦᠨ ᠢ ᠬᠤᠷᠠᠮᠳᠤᠭᠤᠯᠪᠠ᠃ ᠭᠤᠷᠪᠠ ᠳᠤ᠂ | ᠨᠡᠶᠢᠭᠡᠮ ᠲᠣᠭᠤᠷᠢᠭ ᠤᠨ ᠵᠠᠰᠠᠯᠲᠠ ᠳᠤ ᠦᠢᠯᠡᠴᠢᠯᠡᠪᠡ᠃ ︽ᠣᠷᠣᠨ ᠪᠠᠶᠢᠷᠢ ᠰᠣᠯᠪᠢᠴᠠᠭᠤᠯᠬᠤ︾᠂ ︽ᠣᠷᠣᠨ | ᠪᠠᠶᠢᠷᠢ ᠨᠥᠬᠦᠪᠥᠷᠢᠯᠡᠬᠦ︾ ᠵᠠᠷᠴᠢᠮ ᠢ ᠪᠠᠷᠢᠮᠲᠠᠯᠠᠨ᠂ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠶᠢᠨ | ᠲᠥᠷᠥᠯ ᠵᠦᠢᠯ ᠢ ᠲᠣᠭᠲᠠᠭᠠᠬᠤ ᠳᠠᠭᠠᠨ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠠᠳᠠᠯ ᠠᠬᠤᠶ ᠵᠡᠷᠭᠡ | ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠥᠷᠥᠯ ᠵᠦᠢᠯ ᠢ ᠭᠤᠤᠯᠳᠠᠯᠭ᠎ᠠ ᠲᠠᠢ ᠰᠣᠩᠭᠤᠵᠤ᠂ ᠬᠦᠴᠢᠷᠳᠡᠯᠲᠡᠶ | ᠬᠥᠮᠦᠰ ᠲᠤ ᠠᠵᠢᠯ ᠣᠯᠭᠤᠬᠤ ᠶᠢ ᠰᠢᠢᠳᠪᠦᠷᠢᠯᠡᠬᠦ᠂ ᠨᠡᠶᠢᠭᠡᠮ ᠤᠨ ᠭᠠᠳᠠᠭᠤᠷᠴᠢᠯᠠᠯ ᠢ ᠠᠷᠢᠯᠭᠠᠬᠤ᠂ ᠨᠡᠶᠢᠭᠡᠮ | ᠲᠣᠭᠤᠷᠢᠭ ᠤᠨ ᠶᠠᠳᠠᠭᠤ ᠬᠦᠴᠢᠷᠳᠡᠯᠲᠡᠶ ᠶᠢ ᠠᠪᠤᠷᠠᠨ ᠲᠤᠰᠠᠯᠠᠬᠤ᠂ ᠰᠠᠭᠤᠭᠠᠯᠢ ᠠᠷᠠᠳ ᠤᠨ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠲᠠᠯ᠎ᠠ ᠪᠠᠷ ᠵᠠᠰᠠᠭ ᠤᠨ ᠣᠷᠳᠣᠨ ᠤ ᠠᠰᠠᠷᠠᠮᠵᠢ ᠶᠢᠨ ᠬᠤᠭᠤᠰᠣᠨ ᠢ | ᠨᠥᠬᠦᠪᠥᠷᠢᠯᠡᠵᠦ᠂ ᠨᠡᠶᠢᠭᠡᠮ ᠲᠣᠭᠤᠷᠢᠭ ᠤᠨ ᠡᠬᠢ ᠪᠠᠶᠠᠯᠢᠭ ᠳᠤᠲᠠᠭᠳᠠᠬᠤ᠂ ᠲᠤᠰᠬᠠᠶᠢᠵᠢᠭᠰᠠᠨ ᠬᠢᠷᠢ ᠲᠦᠪᠰᠢᠨ | ᠥᠨᠳᠥᠷ ᠪᠢᠰᠢ ᠪᠠᠶᠢᠬᠤ ᠵᠡᠷᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠬᠦᠴᠢᠷ ᠠᠰᠠᠭᠤᠳᠠᠯ ᠢ ᠬᠦᠴᠦᠯᠡᠨ | ᠰᠢᠢᠳᠪᠦᠷᠢᠯᠡᠪᠡ᠃ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠠᠳᠠᠯ ᠠᠬᠤᠢ ᠶᠢᠨ ᠦᠢᠯᠡᠴᠢᠯᠡᠭᠡᠨ ᠤ | ᠬᠦᠴᠢᠷ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠺᠣᠮᠫᠠᠨᠢ ᠠᠴᠠ ᠰᠠᠭᠤᠭᠠᠯᠢ | ᠲᠣᠭᠤᠷᠢᠭ ᠤᠨ ᠠᠳᠠᠯ ᠠᠬᠤᠢ ᠶᠢᠨ ᠬᠡᠷᠡᠭᠵᠢᠭᠦᠯᠬᠦ ᠭᠤᠣᠯ ᠴᠣᠭᠴᠠ ᠪᠣᠯᠭᠠᠵᠤ᠂ ᠬᠢᠮᠳᠠ ᠣᠷᠣᠨ ᠰᠠᠭᠤᠴᠠ ᠶᠢᠨ | ᠰᠠᠭᠤᠭᠠᠯᠢ ᠲᠣᠭᠤᠷᠢᠭ ᠢᠶᠠᠷ ᠲᠤᠷᠰᠢᠯᠲᠠ ᠶᠢᠨ ᠴᠡᠭ ᠪᠣᠯᠭᠠᠵᠤ᠂ ᠪᠦᠷᠢᠨ ᠢᠯᠡ ᠲᠣᠳᠣ ᠠᠳᠠᠯ ᠠᠬᠤᠢ ᠶᠢᠨ | ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠬᠦ ᠶᠢᠨ ᠬᠠᠮᠲᠤ ᠬᠠᠷᠢᠶ᠎ᠠ ᠣᠷᠣᠨ ᠤ ᠬᠦᠴᠢᠷᠳᠡᠯᠲᠡᠢ ᠬᠠᠮᠲᠤᠯᠢᠭ ᠲᠤ | ᠠᠵᠢᠯ ᠣᠯᠭᠤᠬᠤ ᠠᠵᠢᠯ ᠤᠨ ᠪᠠᠶᠢᠷᠢ ᠶᠢ ᠰᠢᠢᠳᠪᠦᠷᠢᠯᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ | ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯ ᠤᠨ ᠲᠦᠷᠦᠭᠳᠡᠯ ᠢ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ | ᠪᠠᠰᠠ ᠬᠠᠷᠢᠶᠠᠲᠤ ᠣᠷᠣᠨ ᠤ ᠠᠵᠤ ᠠᠬᠤᠶᠢᠯᠠᠯ ᠲᠠᠢ ᠦᠷᠭᠦᠯᠵᠢᠯᠡᠨ ᠬᠠᠮᠲᠤᠷᠠᠯᠴᠠᠵᠤ᠂ ᠰᠤᠯᠠ ᠪᠠᠶᠢᠬᠤ ᠡᠳ᠋ | ᠬᠥᠷᠥᠩᠭᠡ ᠪᠠ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ | ᠳᠠᠪᠠᠭᠤᠯᠢᠭ ᠢ ᠭᠦᠢᠴᠡᠳ ᠠᠰᠢᠭᠯᠠᠨ᠂ ᠠᠷᠠᠳ ᠲᠤ ᠲᠥᠬᠦᠮ ᠦᠵᠡᠭᠦᠯᠬᠦ ᠨᠠᠩ ᠣᠯᠠᠨ ᠦᠢᠯᠡᠴᠢᠯᠡᠭᠡᠨ ᠤ ᠲᠥᠷᠥᠯ | ᠵᠦᠢᠯ ᠢ ᠨᠡᠭᠡᠭᠡᠨ ᠬᠥᠭᠵᠢᠭᠦᠯᠵᠦ᠂ ᠵᠣᠬᠢᠬᠤ ᠠᠵᠤ ᠠᠬᠤᠶ ᠶᠢᠨ ᠠᠰᠢᠭ ᠣᠷᠣᠯᠭ᠎ᠠ ᠣᠯᠤᠭᠰᠠᠨ ᠰᠠᠭᠤᠷᠢᠨ ᠳᠡᠭᠡᠷ᠎ᠡ᠂ | ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ ᠲᠦᠪᠰᠢᠨ ᠢ ᠬᠦᠴᠦᠯᠡᠨ | ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠠᠵᠤ ᠠᠬᠤᠶ ᠶᠢᠨ ᠦᠷᠭᠦᠯᠵᠢᠯᠡᠬᠦ ᠴᠢᠨᠠᠷ ᠢ ᠴᠢᠩᠭᠠᠳᠬᠠᠨ᠎ᠠ᠃ | |