ᠰᠢᠭᠤᠢᠲᠤ ᠲᠣᠭᠤᠷᠢᠭ ᠤᠨ 1- 9 ᠳ᠋ᠦ᠋ᠭᠡᠷ ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/10/30
        ᠡᠨᠡ ᠵᠢᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠭᠤᠢᠲᠤ ᠲᠣᠭᠤᠷᠢᠭ ᠨᠢ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠦᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠨᠢ ᠶᠡᠷᠦᠩᠬᠡᠢ ᠳᠡᠭᠡᠨ ᠲᠣᠭᠲᠠᠭᠤᠨ ᠬᠥᠭᠵᠢᠯᠲᠡ ᠶᠢᠨ ᠪᠠᠶᠢᠳᠠᠯ ᠲᠠᠢ ᠪᠣᠯᠪᠠ᠃        ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 71.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 12.4 %᠎ ᠪᠠᠷ ᠨᠡᠮᠡᠭᠳᠡᠨ᠂ ᠪᠥᠬᠦ ᠬᠤᠲᠠ ᠶᠢᠨ ᠭᠤᠷᠪᠠᠳᠤᠭᠠᠷ ᠲᠤ ᠣᠷᠣᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23 %᠎ ᠪᠠᠷ ᠨᠡᠮᠡᠭᠳᠡᠵᠦ᠂ ᠪᠥᠬᠦ ᠬᠤᠲᠠ ᠶᠢᠨ ᠬᠤᠶᠠᠳᠤᠭᠠᠷ ᠲᠤ ᠵᠢᠭᠰᠠᠭᠠᠭᠳᠠᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ 84.6 %᠎ ᠪᠠᠷ ᠨᠡᠮᠡᠭᠳᠡᠵᠦ᠂ ᠪᠥᠬᠦ ᠬᠤᠲᠠ ᠶᠢᠨ ᠬᠤᠶᠠᠳᠤᠭᠠᠷ ᠲᠤ ᠵᠢᠭᠰᠠᠭᠠᠭᠳᠠᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 4.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9 %᠎ ᠪᠠᠷ ᠪᠠᠭᠤᠷᠠᠵᠤ᠂ ᠪᠥᠬᠦ ᠬᠤᠲᠠ ᠶᠢᠨ ᠠᠷᠪᠠᠳᠤᠭᠠᠷ ᠲᠤ ᠵᠢᠭᠰᠠᠭᠠᠭᠳᠠᠪᠠ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 11.1 %᠎ ᠪᠠᠷ ᠨᠡᠮᠡᠭᠳᠡᠵᠦ᠂ ᠪᠥᠬᠦ ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 1.6 %᠎ ᠪᠠᠷ ᠪᠠᠭᠤᠷᠠᠵᠤ᠂ ᠪᠥᠬᠦ ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 1.6 %᠎ ᠪᠠᠷ ᠪᠠᠭᠤᠷᠠᠵᠤ᠂ ᠪᠥᠬᠦ ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 1.6 %᠎ ᠪᠠᠷ ᠪᠠᠭᠤᠷᠠᠵᠤ᠂ ᠪᠥᠬᠦ ᠬᠤᠲᠠ ᠶᠢᠨ ᠭᠤᠷᠪᠠᠳᠤᠭᠠᠷ ᠲᠤ ᠣᠷᠤᠪᠠ᠃        ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 41572 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7%᠎ ᠪᠠᠷ ᠨᠡᠮᠡᠭᠳᠡᠨ᠂ ᠪᠥᠬᠦ ᠬᠤᠲᠠ ᠶᠢᠨ ᠵᠢᠷᠭᠤᠳᠤᠭᠠᠷ ᠲᠤ ᠵᠢᠭᠰᠠᠭᠠᠭᠳᠠᠵᠤ᠂ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17732 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7%᠎ ᠪᠠᠷ ᠨᠡᠮᠡᠭᠳᠡᠨ᠂ ᠪᠥᠬᠦ ᠬᠤᠲᠠ ᠶᠢᠨ ᠭᠤᠷᠪᠠᠳᠤᠭᠠᠷ ᠲᠤ ᠣᠷᠣᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号