ᠬᠤᠪᠢᠯᠭᠠᠨ ᠣᠩᠭᠤᠴᠠ ᠠᠷᠪᠠ ᠶᠢᠰᠦᠳᠦᠭᠡᠷ ᠤᠨ ᠰᠠᠨᠰᠠᠷᠴᠢᠳ ᠤᠨ ᠳᠤᠭᠤᠶᠢᠯᠠᠩ ᠢ ᠲᠣᠭᠲᠠᠭᠠᠪᠠ︕ ᠬᠠᠷᠪᠤᠬᠤ ᠴᠠᠭ ᠢ ᠲᠣᠭᠲᠠᠭᠠᠪᠠ︕
ᠨᠡᠶᠢᠲᠡᠯᠡᠭᠰᠡᠨ ᠴᠠᠭ᠄
2024/10/30
     ᠬᠤᠪᠢᠯᠭᠠᠨ ᠣᠩᠭᠤᠴᠠ ᠠᠷᠪᠠ ᠶᠢᠰᠦᠳᠦᠭᠡᠷ ᠤᠨ ᠬᠥᠮᠥᠨ ᠠᠴᠢᠭᠰᠠᠨ ᠨᠢᠰᠦᠯᠲᠡ ᠶᠢᠨ ᠡᠭᠦᠷᠭᠡ ᠶᠢᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠢ 29 ᠤ ᠡᠳᠦᠷ ᠵᠢᠦᠴᠢᠤᠸᠠᠨ ᠳᠠᠭᠠᠭᠤᠯᠢ ᠣᠳᠣ ᠬᠠᠷᠪᠤᠬᠤ ᠲᠥᠪ ᠲᠤ ᠶᠠᠪᠤᠭᠳᠠᠭᠤᠯᠵᠠᠢ᠃ ᠳᠤᠮᠳᠠᠳᠤ ᠤᠯᠤᠰ ᠤᠨ ᠬᠥᠮᠥᠨ ᠠᠴᠢᠭᠰᠠᠨ ᠰᠠᠨᠰᠠᠷ ᠠᠶᠠᠯᠠᠯ ᠤᠨ ᠢᠨᠵᠧᠨᠧᠷᠢᠩ ᠤᠨ ᠰᠣᠨᠢᠨ ᠮᠡᠳᠡᠭᠡ ᠥᠭᠦᠯᠡᠭᠴᠢ ᠯᠢᠨ ᠰᠢ ᠴᠢᠶᠠᠩ ᠬᠤᠷᠠᠯ ᠳᠡᠭᠡᠷ᠎ᠡ ᠢᠯᠡᠷᠬᠡᠶᠢᠯᠡᠭᠰᠡᠨ ᠢᠶᠠᠷ᠂ ᠡᠭᠦᠷᠭᠡ ᠶᠢᠨ ᠶᠡᠷᠦᠩᠬᠡᠢ ᠵᠢᠯᠤᠭᠤᠳᠬᠤ ᠭᠠᠵᠠᠷ ᠠᠴᠠ ᠪᠡᠭᠡᠵᠢᠩ ᠤᠨ ᠴᠠᠭ ᠢᠶᠠᠷ 10 ᠳ᠋ᠤᠭᠠᠷ ᠰᠠᠷ᠎ᠠ ᠶᠢᠨ 30 ᠤ ᠡᠳᠦᠷ ᠤᠨ 4 ᠴᠠᠭ 27 ᠮᠢᠨᠦ᠋ᠲ ᠲᠤ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠥᠨ ᠠᠴᠢᠭᠰᠠᠨ ᠨᠢᠰᠬᠦ ᠣᠩᠭᠤᠴᠠ ᠶᠢ ᠬᠠᠷᠪᠤᠬᠤ ᠪᠠᠷ ᠰᠤᠳᠤᠯᠤᠨ ᠲᠣᠭᠲᠠᠭᠠᠪᠠ᠃    ᠳᠤᠮᠲᠠᠲᠦ ᠤᠯᠤᠰ ᠤᠨ ᠬᠥᠮᠥᠨ ᠠᠴᠢᠭᠰᠠᠨ ᠰᠠᠨᠰᠠᠷ ᠠᠶᠠᠯᠠᠯ ᠤᠨ ᠢᠨᠵᠧᠨᠧᠷᠢᠩ ᠤᠨ ᠠᠯᠪᠠᠨ ᠭᠡᠷ ᠤᠨ ᠮᠡᠳᠡᠭᠡ ᠶᠢ ᠦᠨᠳᠦᠰᠦᠯᠡᠪᠡᠯ᠂ ᠡᠭᠦᠷᠭᠡ ᠶᠢᠨ ᠶᠡᠷᠦᠩᠬᠡᠢ ᠵᠢᠯᠤᠭᠤᠳᠬᠤ ᠭᠠᠵᠠᠷ ᠠᠴᠠ ᠬᠤᠪᠢᠯᠭᠠᠨ ᠣᠩᠭᠤᠴᠠ ᠠᠷᠪᠠ ᠶᠢᠰᠦᠳᠦᠭᠡᠷ ᠤᠨ ᠬᠥᠮᠥᠨ ᠠᠴᠢᠭᠰᠠᠨ ᠰᠠᠨᠰᠠᠷ ᠠᠶᠠᠯᠠᠯ ᠤᠨ ᠡᠭᠦᠷᠭᠡ ᠶᠢ ᠭᠦᠢᠴᠡᠳᠬᠡᠬᠦ ᠰᠠᠨᠰᠠᠷᠴᠢᠳ ᠤᠨ ᠳᠤᠭᠤᠶᠢᠯᠠᠩ ᠨᠢ ᠼᠠᠢ ᠰᠢᠦᠢ ᠵᠧ᠂ ᠰᠦᠩ ᠯᠢᠩ ᠳ᠋ᠦᠩ᠂ ᠸᠠᠩ ᠬᠤᠤ ᠽᠧ 3 ᠰᠠᠨᠰᠠᠷᠴᠢᠨ ᠢᠶᠠᠷ ᠪᠦᠷᠢᠯᠳᠦᠵᠦ᠂ ᠼᠠᠢ ᠰᠢᠦᠢ ᠵᠧ ᠶᠢ ᠵᠠᠷᠯᠢᠭᠳᠠᠨ ᠤ ᠲᠤᠰᠢᠶᠠᠯ ᠡᠭᠦᠷᠭᠡᠯᠡᠭᠦᠯᠬᠦ ᠪᠠᠷ ᠲᠣᠭᠲᠠᠭᠠᠪᠠ᠃ ᠡᠭᠦᠨ ᠳᠤ ᠰᠠᠨᠰᠠᠷᠴᠢᠨ ᠼᠠᠢ ᠰᠢᠦᠢ ᠵᠧ ᠬᠤᠪᠢᠯᠭᠠᠨ ᠣᠩᠭᠤᠴᠠ ᠠᠷᠪᠠᠨ ᠳᠥᠷᠪᠡᠳᠦᠭᠡᠷ ᠤᠨ ᠬᠥᠮᠥᠨ ᠠᠴᠢᠭᠰᠠᠨ ᠨᠢᠰᠦᠯᠲᠡ ᠶᠢᠨ ᠡᠭᠦᠷᠭᠡ ᠶᠢ ᠭᠦᠢᠴᠡᠳᠬᠡᠵᠦ ᠥᠩᠭᠡᠷᠡᠵᠡᠢ︔ ᠰᠠᠨᠰᠠᠷᠴᠢᠨ ᠰᠥᠩ ᠯᠢᠩ ᠳ᠋ᠦᠩ᠂ ᠰᠠᠨᠰᠠᠷᠴᠢᠨ ᠸᠠᠩ ᠬᠤᠤ ᠽᠧ ᠨᠢ ᠨᠢᠰᠦᠯᠲᠡ ᠶᠢᠨ ᠡᠭᠦᠷᠭᠡ ᠶᠢ ᠠᠩᠬ᠎ᠠ ᠤᠳᠠᠭ᠎ᠠ ᠭᠦᠢᠴᠡᠳᠬᠡᠬᠦ ᠭᠡᠵᠦ ᠪᠠᠶᠢᠭ᠎ᠠ ᠶᠡᠷᠡᠭᠡᠳ ᠣᠨ ᠳᠤ ᠲᠥᠷᠥᠭᠰᠡᠳ ᠪᠥᠭᠡᠳ ᠰᠠᠨᠰᠠᠷᠴᠢᠨ ᠸᠠᠩ ᠬᠤᠤ ᠽᠧ ᠨᠢ ᠮᠠᠨ ᠤ ᠤᠯᠤᠰ ᠤᠨ ᠰᠠᠨᠰᠠᠷ ᠠᠶᠠᠯᠠᠯ ᠤᠨ ᠠᠩᠬᠠᠳᠠᠭᠴᠢ ᠡᠮᠡᠭᠲᠡᠢ ᠢᠨᠵᠧᠨᠧᠷ ᠪᠣᠯᠣᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号