ᠭᠤᠷᠪᠠᠨ ᠲᠠᠯ᠎ᠠ ᠪᠠᠷ ᠢᠶᠠᠨ ᠦᠭᠡ ᠨᠡᠶᠢᠯᠡᠵᠦ ᠰᠡᠳᠬᠢᠯ ᠨᠢᠭᠡᠳᠦᠨ ᠬᠠᠮᠲᠤ ᠪᠠᠷ ᠬᠦᠴᠢᠷ ᠠᠰᠠᠭᠤᠳᠠᠯ ᠢ ᠰᠢᠢᠳᠪᠦᠷᠢᠯᠡᠪᠡ — ᠰᠢᠨ ᠸᠠᠩ ᠨᠡᠶᠢᠭᠡᠮ ᠲᠣᠭᠤᠷᠢᠭ ᠤᠨ ᠬᠢᠨ ︽ᠭᠤᠷᠪᠠᠨ ᠲᠠᠯ᠎ᠠ ᠶᠢᠨ ᠬᠠᠮᠵᠢᠯᠴᠠᠭ᠎ᠠ︾ ᠪᠠᠷ ᠵᠣᠯ ᠵᠢᠷᠭᠠᠯᠲᠤ ᠨᠡᠶᠢᠭᠡᠮ ᠲᠣᠭᠤᠷᠢᠭ ᠤᠨ ︽ᠪᠢᠴᠢᠯ ᠵᠠᠰᠠᠯᠲᠠ︾ ᠶᠢ ᠬᠥᠳᠡᠯᠭᠡᠪᠡ
ᠨᠡᠶᠢᠲᠡᠯᠡᠭᠰᠡᠨ ᠴᠠᠭ᠄
2024/11/1
        ᠡᠨᠡ ᠵᠢᠯ ᠠᠴᠠ ᠨᠠᠭᠠᠰᠢ᠂ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠨᠢ ᠣᠳᠣ ᠦᠶ᠎ᠡ ᠶᠢᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ︽ᠨᠡᠶᠢᠭᠡᠮ ᠲᠣᠭᠤᠷᠢᠭ᠂ ᠠᠵᠢᠯ ᠦᠢᠯᠡᠰ ᠤᠨ ᠵᠥᠪᠯᠡᠯ᠂ ᠠᠳᠠᠯ ᠠᠬᠤᠢ ᠶᠢᠨ ᠺᠣᠮᠫᠠᠨᠢ︾ ᠭᠤᠷᠪᠠᠨ ᠲᠠᠯ᠎ᠠ ᠶᠢᠨ ᠬᠠᠮᠵᠢᠯᠴᠠᠬᠤ ᠲᠣᠭᠲᠠᠴᠠ ᠳᠤ ᠲᠦᠰᠢᠭᠯᠡᠨ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ︽ᠠᠷᠠᠳ ᠤᠨ ᠪᠠᠶᠢᠳᠠᠯ ᠢ ᠭᠤᠷᠪᠠᠨ ᠲᠠᠯ᠎ᠠ ᠬᠤᠯᠪᠣᠭᠠᠯᠠᠨ ᠰᠤᠷᠪᠤᠯᠵᠢᠯᠠᠬᠤ᠂ ᠢᠷᠭᠡᠨ ᠤ ᠬᠡᠷᠡᠭ ᠢ ᠭᠤᠷᠪᠠᠨ ᠲᠠᠯ᠎ᠠ ᠬᠤᠯᠪᠣᠭᠠᠯᠠᠨ ᠵᠥᠪᠯᠡᠯᠴᠡᠬᠦ᠂ ᠠᠷᠠᠳ ᠤᠨ ᠵᠣᠪᠠᠨᠢᠯ ᠢ ᠭᠤᠷᠪᠠᠨ ᠲᠠᠯ᠎ᠠ ᠬᠤᠯᠪᠣᠭᠠᠯᠠᠨ ᠰᠢᠢᠳᠪᠦᠷᠢᠯᠡᠬᠦ︾ ᠰᠠᠶᠢᠨ ᠨᠥᠬᠦᠴᠡᠯ ᠢ ᠪᠣᠢ ᠪᠣᠯᠭᠠᠵᠤ᠂ ᠰᠠᠭᠤᠭᠠᠯᠢ ᠠᠷᠠᠳ ᠣᠯᠠᠨ ᠤ ︽ᠪᠤᠬᠢᠨᠢᠳᠤᠵᠤ ᠪᠠᠶᠢᠭ᠎ᠠ ᠤᠴᠢᠷ︾ ᠢ ᠪᠦᠲᠦᠮᠵᠢᠲᠡᠢ ᠰᠢᠢᠳᠪᠦᠷᠢᠯᠡᠪᠡ᠃
三方碰头话家常 齐心共建解难题——欣望社区以“三方协同”撬动幸福社区“微治理”.jpg
        ᠨᠡᠶᠢᠭᠡᠮ ᠲᠣᠭᠤᠷᠢᠭ ᠤᠨ ᠵᠠᠰᠠᠯᠲᠠ ᠲᠤᠳᠤᠨᠤᠰᠤᠭ ᠪᠠᠶᠢᠵᠤ᠂ ᠠᠳᠠᠯ ᠠᠬᠤᠢ ᠬᠠᠪᠰᠤᠷᠴᠤ ᠬᠠᠷᠢᠭᠤᠴᠠᠯᠭ᠎ᠠ ᠲᠠᠢ ᠮᠡᠲᠦ ᠪᠠᠶᠢᠪᠠ        ᠰᠢᠨ ᠸᠠᠩ ᠨᠡᠶᠢᠭᠡᠮ ᠲᠣᠭᠤᠷᠢᠭ ᠤᠨ ᠲᠣᠣᠷᠵᠢᠯ ᠤᠨ ᠠᠵᠢᠯᠲᠠᠨ ᠠᠮᠤᠷ ᠲᠦᠪᠰᠢᠨ ᠤ ᠪᠠᠶᠢᠴᠠᠭᠠᠯᠲᠠ ᠪᠠᠷ ᠳᠠᠮᠵᠢᠨ ᠣᠶᠢᠯᠠᠭᠠᠭᠰᠠᠨ ᠨᠢ᠂ ᠰᠠᠭᠤᠭᠠᠯᠢ ᠲᠣᠭᠤᠷᠢᠭ ᠤᠨ ᠵᠠᠷᠢᠮ ᠣᠶ ᠮᠣᠳᠣ ᠨᠢᠭᠡᠨᠲᠡ 5 ᠳᠠᠪᠬᠤᠷ ᠠᠴᠠ ᠥᠨᠳᠥᠷ ᠪᠣᠯᠵᠣ᠂ ᠰᠠᠭᠤᠭᠠᠯᠢ ᠠᠷᠠᠳ ᠤᠨ ᠬᠡᠪ ᠤᠨ ᠬᠡᠷᠡᠯ ᠲᠤᠰᠤᠯᠲᠠ ᠶᠢ ᠬᠦᠨᠳᠦ ᠨᠣᠴᠢᠲᠠᠶ ᠨᠥᠯᠥᠭᠡᠯᠡᠭᠰᠡᠨ ᠪᠥᠭᠡᠳ ᠴᠠᠬᠢᠯᠭᠠᠨ ᠬᠠᠩᠭᠠᠬᠤ ᠱᠤᠭᠤᠮ ᠲᠠᠢ ᠰᠣᠯᠪᠢᠴᠠᠵᠤ᠂ ᠮᠠᠰᠢ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃ ᠨᠡᠶᠢᠭᠡᠮ ᠲᠣᠭᠤᠷᠢᠭ ᠲᠡᠷᠡ ᠳᠠᠷᠤᠶ ᠳᠤ ᠨᠢ ᠯᠢᠦᠶ ᠶᠤᠸᠠᠨ ᠵᠢᠶᠧ ᠠᠳᠠᠯ ᠠᠬᠤᠶ ᠶᠢᠨ ᠺᠣᠮᠫᠠᠨᠢ ᠲᠠᠢ ᠬᠤᠯᠪᠣᠭᠠᠯᠠᠨ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠦᠢᠯᠡᠴᠢᠯᠡᠭᠡᠨ ᠤ ᠨᠡᠶᠢᠲᠡ ᠶᠢᠨ ᠲᠦᠷᠢᠶᠡᠰᠦᠨ ᠠᠰᠠᠷ ᠤᠨ ᠬᠠᠵᠠᠭᠤ ᠶᠢᠨ ᠮᠣᠳᠣᠳ ᠮᠠᠰᠢ ᠥᠨᠳᠥᠷ ᠪᠠᠶᠢᠬᠤ ᠶᠢ ᠢᠯᠡᠷᠡᠭᠦᠯᠵᠡᠢ᠂ ᠮᠣᠳᠣᠨ ᠤ ᠨᠠᠪᠴᠢ ᠤᠨᠵᠢᠢᠵᠤ ᠰᠠᠯᠠᠭ᠎ᠠ ᠨᠠᠮᠠᠭ᠎ᠠ ᠨᠢ ᠬᠤᠪᠠᠭ᠋ᠠᠶᠢᠷᠠᠭᠰᠠᠨ ᠪᠥᠭᠡᠳ ᠰᠠᠯᠬᠢ ᠪᠣᠷᠣᠭᠠᠨ ᠤ ᠳᠤᠮᠳᠠ ᠮᠣᠳᠣᠨ ᠰᠠᠯᠠᠭ᠎ᠠ ᠮᠠᠰᠢ ᠠᠮᠠᠷᠬᠠᠨ ᠬᠤᠭᠤᠷᠠᠵᠤ᠂ ᠶᠠᠪᠠᠭᠠᠨ ᠬᠥᠮᠦᠨ ᠪᠠ ᠲᠡᠷᠭᠡ ᠬᠥᠰᠬᠡ ᠶᠢ ᠪᠠᠯᠪᠠᠴᠢᠬᠤ ᠳᠠᠯᠳᠠ ᠬᠡᠮ ᠣᠷᠣᠰᠢᠵᠤ ᠪᠠᠶᠢᠨ᠎ᠠ᠃ ᠡᠭᠦᠨ ᠤ ᠬᠠᠮᠲᠤ᠂ ᠥᠨᠳᠥᠷ ᠳᠤᠯᠠᠭᠠᠨ ᠴᠠᠭ ᠤᠯᠠᠷᠢᠯ ᠳᠤ ᠬᠤᠪᠠᠭ᠋ᠠᠶᠢᠷᠠᠭᠰᠠᠨ ᠰᠠᠯᠠᠭ᠎ᠠ ᠨᠠᠮᠠᠭ᠎ᠠ ᠨᠢ ᠪᠠᠰᠠ ᠢᠯᠠᠭ᠎ᠠ ᠪᠠᠲᠠᠭᠠᠨ᠎ᠠ ᠶᠢ ᠳᠠᠭᠠᠭᠤᠯᠵᠤ᠂ ᠳᠣᠤᠷ᠎ᠠ ᠳᠠᠪᠬᠤᠷᠭ᠎ᠠ ᠳᠤ ᠰᠠᠭᠤᠭ᠎ᠠ ᠰᠠᠭᠤᠭᠠᠯᠢ ᠠᠷᠠᠳ ᠲᠤ ᠨᠥᠯᠥᠭᠡ ᠠᠪᠴᠢᠷᠠᠳᠠᠭ ᠃ ᠨᠡᠶᠢᠭᠡᠮ ᠲᠣᠭᠤᠷᠢᠭ ᠤᠨ ᠳᠠᠭᠠᠭᠤᠯᠭ᠎ᠠ ᠳᠣᠣᠷ᠎ᠠ᠂ ᠠᠳᠠᠯ ᠠᠬᠤᠢ ᠳᠠᠷᠦ᠋ᠢᠬᠠᠨ ᠠᠵᠢᠯᠯᠠᠭ᠎ᠠ ᠥᠷᠨᠢᠭᠦᠯᠵᠦ᠂ ︽ᠪᠤᠬᠢᠨᠢᠳᠤᠯ ᠤᠨ ᠰᠠᠯᠠᠭ᠎ᠠ︾ ᠶᠢ ᠲᠥᠪᠯᠡᠷᠡᠭᠦᠯᠦᠨ ᠬᠠᠶᠢᠴᠢᠯᠠᠵᠤ ᠵᠠᠰᠠᠨ᠂ ᠬᠠᠷᠢᠶ᠎ᠠ ᠣᠷᠣᠨ ᠤ ᠤᠯᠠᠨ ᠲᠦᠮᠡᠨ ᠤ ᠨᠢᠭᠡᠳᠦᠯᠲᠡᠢ ᠰᠠᠶᠢᠨ ᠦᠨᠡᠯᠡᠯᠲᠡ ᠶᠢ ᠣᠯᠵᠤ᠂ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠡᠷᠡᠬᠡᠢ ᠬᠤᠷᠤᠭᠤ ᠪᠠᠨ ᠭᠤᠵᠤᠶᠢᠯᠭᠠᠪᠠ᠃
        ᠨᠡᠪᠲᠡᠷᠡᠯᠴᠡᠬᠦ ᠠᠷᠭ᠎ᠠ ᠵᠠᠮ ᠢᠶᠠᠨ ᠢᠳᠡᠪᠬᠢᠲᠡᠢ ᠪᠠᠷ ᠥᠷᠭᠡᠳᠬᠡᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠥᠷᠭᠡᠨ ᠢᠶᠠᠷ  ᠴᠤᠭᠯᠠᠭᠤᠯᠪᠠ        ᠰᠢᠨ ᠸᠠᠩ ᠨᠡᠶᠢᠭᠡᠮ ᠲᠣᠭᠤᠷᠢᠭ ᠤᠨ ᠬᠢᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠶᠢ ᠢᠳᠡᠪᠬᠢᠲᠡᠢ ᠦᠢᠯᠡᠳᠦᠯᠭᠡᠵᠢᠭᠦᠯᠵᠦ᠂ ᠠᠳᠠᠯ ᠠᠬᠤᠢ ᠶᠢᠨ ᠺᠣᠮᠫᠠᠨᠢ ᠲᠠᠢ ᠬᠤᠯᠪᠣᠭᠠᠯᠠᠨ ᠲᠣᠭᠲᠠᠮᠠᠯ ᠬᠤᠭᠤᠴᠠᠭ᠎ᠠ ᠲᠠᠢ ᠪᠠᠷ ︽ᠭᠤᠷᠪᠠᠨ ᠲᠠᠯ᠎ᠠ ᠪᠠᠷ ᠢᠶᠠᠨ ᠬᠥᠳᠡᠯᠦᠯᠴᠡᠬᠦ︾ ᠬᠤᠷᠠᠯ ᠢ ᠥᠷᠨᠢᠭᠦᠯᠵᠦ᠂ ᠰᠠᠭᠤᠭᠠᠯᠢ ᠠᠷᠠᠳ ᠲᠤ ᠬᠦᠴᠢᠷᠳᠡᠯ ᠢ ︽ᠨᠢᠭᠤᠷᠳᠠᠨ ᠰᠢᠢᠳᠪᠤᠷᠢᠯᠡᠵᠦ︾ ᠥᠭᠪᠡ᠃ ᠣᠳᠣᠬᠠᠨ ᠪᠣᠯᠲᠠᠯ᠎ᠠ᠂ ︽ᠭᠤᠷᠪᠠᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ︾ ᠬᠤᠷᠠᠯ ᠢ ᠨᠡᠶᠢᠲᠡ 6 ᠤᠳᠠᠭ᠎ᠠ ᠥᠷᠨᠢᠭᠦᠯᠵᠦ᠂ ᠨᠡᠶᠢᠲᠡ 13 ᠵᠤᠷᠪᠤᠰ ᠠᠰᠠᠭᠤᠳᠠᠯ ᠢ ᠴᠤᠭᠯᠠᠭᠤᠯᠪᠠ᠂ ᠡᠭᠦᠨ ᠳᠤ ᠰᠠᠭᠤᠭᠠᠯᠢ ᠠᠷᠠᠳ ᠤᠨ ᠦᠢᠯᠡᠴᠢᠯᠡᠭᠡᠨ ᠤ ᠲᠥᠷᠥᠯ 8 ᠵᠤᠷᠪᠤᠰ ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠵᠢᠴᠢ ᠵᠣᠭᠰᠣᠭᠠᠬᠤ ᠠᠰᠠᠭᠤᠳᠠᠯ 2 ᠵᠤᠷᠪᠤᠰ᠂ ᠠᠳᠠᠯ ᠠᠬᠤᠶ ᠶᠢᠨ ᠦᠢᠯᠡᠴᠢᠯᠡᠭᠡᠨ ᠤ ᠲᠥᠷᠥᠯ 3 ᠵᠤᠷᠪᠤᠰ ᠪᠠᠶᠢᠪᠠ᠃ ᠨᠡᠶᠢᠭᠡᠮ ᠲᠣᠭᠤᠷᠢᠭ᠂ ᠠᠳᠠᠯ ᠠᠬᠤᠶ᠂ ᠥᠮᠴᠢᠲᠡᠨ ᠤ ᠵᠥᠪᠯᠡᠯ ᠭᠤᠷᠪᠠᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠬᠤᠷᠠᠯ ᠢᠶᠠᠷ ᠳᠠᠮᠵᠢᠭᠤᠯᠤᠨ᠂ ᠳᠡᠭᠡᠷᠡᠬᠢ ᠠᠰᠠᠭᠤᠳᠠᠯ ᠢ ᠴᠥᠮ ᠲᠣᠬᠢᠲᠠᠶ ᠰᠢᠢᠳᠪᠦᠷᠢᠯᠡᠪᠡ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ ᠪᠠ ᠰᠢᠢᠳᠪᠦᠷᠢᠯᠡᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠬᠡᠷᠡᠭ ᠰᠢᠢᠳᠪᠦᠷᠢᠯᠡᠬᠦ ᠴᠢᠳᠠᠪᠤᠷᠢ ᠪᠠ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠤᠭᠤᠷᠣᠨᠳᠣᠬᠢ ᠵᠥᠷᠢᠴᠡᠯ ᠢ ᠨᠠᠮᠳᠠᠭᠤᠯᠵᠤ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠲᠤ ᠬᠠᠷᠢᠶᠠᠯᠠᠭᠳᠠᠬᠤ ᠰᠡᠳᠬᠢᠯᠭᠡ ᠪᠠ ᠮᠡᠳᠡᠷᠡᠬᠦ ᠰᠡᠳᠬᠢᠯᠭᠡ ᠶᠢ ᠨᠡᠮᠡᠭᠳᠡᠭᠦᠯᠪᠡ᠃        ᠵᠢᠵᠢᠭ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠵᠥᠪᠯᠡᠯ ᠤᠨ ᠡᠭᠦᠷᠭᠡ ᠴᠢᠳᠠᠪᠤᠷᠢ ᠪᠠᠨ ᠪᠦᠲᠦᠮᠵᠢᠲᠡᠶ ᠪᠠᠳᠠᠷᠠᠭᠤᠯᠪᠠ        ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠬᠤ ᠴᠢᠳᠠᠪᠤᠷᠢ ᠪᠠ ᠢᠳᠡᠪᠬᠢᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠠᠴᠠ ᠠᠵᠢᠯᠲᠠᠨ ᠢ ᠵᠣᠬᠢᠶᠠᠨ ᠪᠠᠶᠢᠭᠤᠯᠵᠤ᠂ ᠡᠷᠦᠬᠡ ᠳᠤ ᠣᠷᠣᠵᠤ ᠤᠬᠠᠭᠤᠯᠬᠤ ᠪᠠ ᠰᠠᠨᠠᠯ ᠴᠤᠭᠯᠠᠭᠤᠯᠬᠤ ᠠᠵᠢᠯ ᠢ ᠥᠷᠨᠢᠭᠦᠯᠬᠦ ᠶᠢᠨ ᠲᠤᠰᠠᠳᠠ᠂ ᠰᠠᠭᠤᠭᠠᠯᠢ ᠠᠷᠠᠳ ᠲᠤ ᠥᠮᠴᠢᠲᠡᠨ ᠤ ᠵᠥᠪᠯᠡᠯ ᠤᠨ ᠦᠢᠯᠡᠳᠦᠯ ᠵᠢᠴᠢ ᠠᠴᠢ ᠬᠤᠯᠪᠣᠭᠳᠠᠯ ᠢ ᠲᠠᠶᠢᠯᠪᠤᠷᠢᠯᠠᠨ ᠥᠭᠴᠦ᠂ ᠥᠮᠴᠢᠲᠡᠨ ᠤ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠤ ᠬᠤᠭᠤᠷᠣᠨᠳᠣᠬᠢ ᠬᠥᠭᠦᠷᠭᠡ ᠶᠢ ᠪᠠᠶᠢᠭᠤᠯᠵᠤ᠂ ᠥᠮᠴᠢᠲᠡᠨ ᠤ ᠰᠠᠨᠠᠯ ᠪᠠ ᠰᠠᠨᠠᠭᠤᠯᠭ᠎ᠠ ᠶᠢ ᠴᠠᠭ ᠲᠤᠬᠠᠶ ᠳᠤ ᠨᠢ ᠴᠤᠭᠯᠠᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠬᠠᠷᠢᠭᠤ ᠲᠤᠰᠬᠠᠬᠤ ᠶᠢᠨ ᠬᠠᠮᠲᠤ ᠲᠡᠭᠦᠨ ᠢ ᠰᠢᠮᠳᠠᠭᠤᠯᠤᠨ ᠰᠠᠶᠢᠵᠢᠷᠠᠭᠤᠯᠵᠤ ᠠᠵᠢᠯ ᠤᠨ ᠵᠥᠪᠯᠡᠯ ᠠᠴᠠ ᠡᠯ᠎ᠡ ᠲᠠᠯ᠎ᠠ ᠶᠢᠨ ᠬᠠᠷᠢᠴᠠᠭ᠎ᠠ ᠶᠢ ᠢᠳᠡᠪᠬᠢᠲᠡᠶ ᠵᠣᠬᠢᠴᠠᠭᠤᠯᠵᠤ᠂ ᠬᠠᠮᠲᠤᠷᠠᠯᠴᠠᠭ᠎ᠠ ᠪᠠ ᠣᠶᠢᠯᠠᠭᠠᠯᠲᠠ ᠶᠢ ᠠᠬᠢᠭᠤᠯᠪᠠ᠃ ᠰᠠᠭᠤᠭᠠᠯᠢ ᠠᠷᠠᠳ ᠤᠨ ᠥᠪᠡᠷᠲᠡᠭᠡᠨ ᠰᠢᠢᠳᠪᠦᠷᠢᠯᠡᠬᠦ ᠶᠢ ᠬᠦᠨᠳᠦᠳᠬᠡᠭᠰᠡᠨ ᠰᠠᠭᠤᠷᠢᠨ ᠳᠡᠭᠡᠷ᠎ᠡ ᠲᠡᠳᠡᠨ ᠤ ᠡᠷᠬᠡ ᠪᠠᠨ ᠬᠡᠷᠡᠭᠵᠢᠭᠦᠯᠬᠦ ᠶᠢ ᠬᠥᠲᠥᠯᠥᠨ ᠵᠢᠯᠣᠭᠤᠳᠴᠤ᠂ ᠲᠤᠰ ᠪᠡᠶ᠎ᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠨᠢ ᠪᠠᠲᠤᠯᠠᠪᠠ᠃        ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ ᠠᠰᠠᠭᠤᠳᠠᠯ ᠢ ᠰᠢᠢᠳᠪᠦᠷᠢᠯᠡᠭᠰᠡᠨ ᠨᠢ ᠰᠠᠭᠤᠭᠠᠯᠢ ᠠᠷᠠᠳ ᠤᠨ ᠢᠲᠡᠭᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠷᠠᠭᠤᠯᠵᠤ᠂ ᠤᠯᠠᠨ ᠲᠠᠯ᠎ᠠ ᠶᠢᠨ ᠬᠠᠮᠵᠢᠯᠴᠠᠭ᠎ᠠ ᠶᠢ ᠵᠣᠷᠢᠭᠵᠢᠭᠤᠯᠵᠤ᠂ ᠠᠷᠠᠳ ᠤᠯᠠᠨ ᠤ ᠣᠷᠣᠯᠴᠠᠬᠤ ᠶᠢ ᠪᠠᠲᠤᠯᠠᠵᠤ᠂ ︽ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ᠂ ᠬᠠᠮᠲᠤ ᠪᠠᠷ ᠬᠦᠷᠲᠡᠬᠦ︾ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠦᠨᠡᠨ ᠬᠦ ᠢᠯᠡᠷᠡᠭᠦᠯᠬᠦ ᠪᠣᠯᠣᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号