ᠴᠢᠳᠠᠪᠤᠷᠢᠲᠠᠨ ᠮᠠᠨᠳᠤᠪᠠᠯ ᠦᠨᠳᠦᠰᠦᠲᠡᠨ ᠮᠠᠨᠳᠤᠵᠤ᠂ ᠴᠢᠳᠠᠪᠤᠷᠢᠲᠠᠨ ᠬᠦᠴᠦᠷᠬᠡᠭᠵᠢᠪᠡᠯ ᠤᠯᠤᠰ ᠣᠷᠣᠨ | ᠬᠦᠴᠦᠷᠬᠡᠭᠵᠢᠨ᠎ᠡ᠃ ᠴᠢᠳᠠᠪᠤᠷᠢᠲᠠᠨ ᠪᠣᠯ ᠢᠮᠠᠭᠲᠠ ᠨᠢᠭᠡ ᠤᠯᠤᠰ᠂ ᠨᠢᠭᠡ ᠦᠨᠳᠦᠰᠦᠲᠡᠨ ᠤ ᠬᠥᠭᠵᠢᠯᠲᠡ ᠶᠢᠨ | ᠰᠠᠭᠤᠷᠢ᠂ ᠥᠨᠢ ᠤᠳᠠᠭᠠᠨ ᠪᠠᠶᠢᠬᠤ ᠶᠢᠨ ᠬᠦᠴᠦᠨ ᠴᠢᠳᠠᠯ ᠮᠥᠨ᠃ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ | ᠬᠥᠮᠦᠵᠢᠭᠦᠯᠬᠦ ᠵᠠᠮ ᠢᠶᠠᠷ ᠰᠠᠶᠢᠲᠤᠷ ᠵᠠᠮᠨᠠᠬᠤ ᠶᠢᠨ ᠲᠥᠯᠥᠭᠡ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ | ᠠᠵᠢᠯ ᠣᠯᠭᠤᠬᠤ ᠠᠵᠢᠯ ᠢ ᠰᠠᠶᠢᠲᠤᠷ ᠬᠢᠵᠦ᠂ ᠰᠢᠭᠤᠶᠢᠲᠤ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠵᠠᠬ᠎ᠠ | ᠳᠡᠯᠭᠡᠭᠦᠷᠴᠢᠯᠡᠭᠰᠡᠨ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ | ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠴᠢᠩᠭᠠᠷᠠᠭᠤᠯᠵᠤ᠂ ᠳᠤᠮᠳᠠ ᠵᠢᠵᠢᠭ ᠠᠵᠤ | ᠠᠬᠤᠶᠢᠯᠠᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠨᠥᠭᠡᠴᠡᠯᠡᠬᠦ ᠪᠠᠷ ᠭᠠᠷᠳᠠᠴᠠ ᠪᠣᠯᠭᠠᠬᠤ ᠶᠢ | ᠦᠷᠭᠦᠯᠵᠢᠯᠡᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠤᠯᠬᠤ | ᠴᠢᠳᠠᠪᠤᠷᠢ ᠶᠢ ᠳᠡᠭᠡᠭᠰᠢᠯᠡᠭᠦᠯᠵᠦ᠂ ᠨᠢᠭᠡ ᠪᠦᠯᠦᠭ ᠵᠣᠬᠢᠬᠤ ᠲᠤᠰᠬᠠᠢ ᠮᠡᠷᠭᠡᠵᠢᠯ ᠤᠨ ᠮᠡᠳᠡᠯᠭᠡ ᠲᠠᠢ᠂ | ᠦᠢᠯᠡᠳᠦᠯᠭᠡ ᠶᠢᠨ ᠳᠠᠪᠲᠠᠨ ᠪᠤᠯᠪᠠᠰᠤᠷᠠᠯ ᠢᠶᠠᠷ ᠳᠠᠮᠵᠢᠨ ᠬᠠᠮᠢᠶᠠᠷᠬᠤ᠂ ᠰᠤᠳᠤᠯᠤᠨ ᠨᠡᠭᠡᠭᠡᠬᠦ ᠪᠠ | ᠦᠢᠯᠡᠳᠪᠦᠷᠢᠯᠡᠯ ᠤᠨ ᠤᠷ᠎ᠠ ᠴᠢᠳᠠᠪᠤᠷᠢ ᠲᠠᠢ ᠶᠡᠷᠦᠩᠬᠡᠶᠢᠯᠡᠭᠰᠡᠨ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠵᠦ᠂ | ᠰᠢᠭᠤᠶᠢᠲᠤ ᠲᠤᠭᠤᠷᠢᠭ ᠤᠨ ᠦᠢᠯᠡᠰ ᠪᠤᠰᠬᠠᠵᠤ ᠠᠵᠢᠯ ᠣᠯᠭᠤᠬᠤ ᠢᠨᠵᠧᠨᠧᠷᠢᠩ ᠪᠠ ᠴᠢᠳᠠᠪᠤᠷᠢᠲᠠᠨ ᠢᠶᠠᠷ | ᠲᠤᠭᠤᠷᠢᠭ ᠢᠶᠠᠨ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠶᠤᠮ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶᠢᠯᠠᠯ ᠳᠤ ᠬᠠᠨᠳᠤᠭᠤᠯᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠯᠢᠨ | ᠳᠡᠪᠰᠢᠭᠦᠯᠵᠦ ᠨᠥᠭᠡᠴᠡᠯᠡᠬᠦ ᠠᠵᠢᠯ ᠤᠨ ᠬᠡᠷᠡᠭᠵᠢᠭᠦᠯᠬᠦ ᠲᠥᠰᠦᠯ︾ ︵ᠥᠪᠥᠷ ᠬᠥᠮᠦᠨ ᠠᠯᠪᠠᠨ ᠲᠠᠷᠬᠠᠭᠠᠭᠰᠠᠨ ﹇ | 2009﹈ 186 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠳᠤᠮᠳᠠ ᠵᠢᠵᠢᠭ ᠠᠵᠤ | ᠠᠬᠤᠶᠢᠯᠠᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠨᠥᠭᠡᠴᠡᠯᠡᠬᠦ ᠲᠥᠯᠥᠪᠯᠡᠭᠡ ᠨᠢ ᠥᠪᠡᠷᠲᠡᠭᠡᠨ ᠵᠠᠰᠠᠬᠤ | ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠳᠤᠮᠳᠠ ᠵᠢᠵᠢᠭ ᠠᠵᠤ ᠠᠬᠤᠶᠢᠯᠠᠯ ᠪᠣᠯᠤᠨ ᠦᠨᠳᠦᠰᠦᠨ | ᠱᠠᠲᠤᠨ ᠤ ᠨᠡᠶᠢᠭᠡᠮ ᠤᠨ ᠪᠦᠯᠬᠦᠮ ᠵᠢᠴᠢ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠳᠤ | ᠬᠦᠷᠴᠦ ᠠᠵᠢᠯ ᠣᠯᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠳᠤᠮᠳᠠ ᠵᠢᠵᠢᠭ ᠠᠵᠤ ᠠᠬᠤᠶᠢᠯᠠᠯ | ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠠᠵᠢᠯ ᠣᠯᠭᠤᠬᠤ ᠠᠵᠢᠯ ᠤᠨ ᠪᠠᠶᠢᠷᠢ ᠬᠠᠩᠭᠠᠵᠤ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠦᠯᠢᠶᠡᠨ ᠠᠪᠬᠤ ᠨᠢᠭᠡ ᠵᠦᠢᠯ ᠤᠨ ᠦᠨᠳᠦᠰᠦᠨ ᠱᠠᠲᠤᠨ ᠤ ᠲᠥᠷᠥᠯ | ᠵᠦᠢᠯ ᠪᠣᠯᠤᠨ᠎ᠠ᠃ ᠰᠢᠭᠤᠶᠢᠲᠤ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠠᠵᠢᠯ ᠣᠯᠭᠤᠬᠤ ᠰᠠᠯᠠᠭ᠎ᠠ ᠮᠥᠴᠢᠷ ᠢᠶᠠᠷ ᠳᠠᠮᠵᠢᠭᠤᠯᠤᠨ ᠴᠢᠳᠠᠪᠤᠷᠢᠲᠠᠨ | ᠨᠥᠭᠡᠴᠡᠯᠡᠬᠦ ᠠᠵᠢᠯ ᠤᠨ ᠶᠠᠪᠤᠴᠠ ᠶᠢᠨ ᠶᠣᠰᠣᠭᠠᠷ ᠬᠢᠨᠠᠨ ᠬᠠᠷᠭᠤᠭᠤᠯᠪᠠ᠂ ᠣᠳᠣᠬᠠᠨ ᠳᠤ ᠪᠣᠯᠲᠠᠯ᠎ᠠ᠂ ᠨᠡᠶᠢᠲᠡ 2 | ᠠᠵᠤ ᠠᠬᠤᠶᠢᠯᠠᠯ ᠤᠨ 6 ᠠᠵᠢᠯᠲᠠᠨ ᠴᠢᠳᠠᠪᠤᠷᠢᠲᠠᠨ ᠨᠥᠭᠡᠴᠡᠯᠡᠬᠦ ᠨᠥᠬᠦᠴᠡᠯ ᠳᠤ ᠨᠡᠶᠢᠴᠡᠵᠦ᠂ ᠣᠲᠣ ᠨᠢᠭᠡᠨᠲᠡ | ᠪᠦᠬᠦᠨ ᠢ ᠨᠥᠭᠡᠴᠡᠯᠡᠵᠦ ᠳᠠᠭᠤᠰᠬᠠᠪᠠ᠃ | ᠬᠤᠶᠢᠰᠢᠳᠠ᠂ ᠰᠢᠭᠤᠶᠢᠲᠤ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠳ ᠠᠵᠢᠯ ᠢ ᠠᠬᠢᠭᠤᠯᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠮᠤᠷᠬᠤ | ᠬᠡᠪᠴᠢᠶ᠎ᠡ ᠶᠢ ᠥᠷᠭᠡᠳᠬᠡᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠠᠵᠤ ᠠᠬᠤᠶᠢᠯᠠᠯ ᠳᠤ | ᠴᠢᠳᠠᠪᠤᠷᠢᠲᠠᠨ ᠨᠥᠭᠡᠴᠡᠯᠡᠬᠦ ᠠᠵᠢᠯ ᠢ ᠨᠠᠩ ᠣᠨᠣᠪᠴᠢᠲᠠᠶ ᠣᠶᠢᠯᠠᠭᠠᠭᠤᠯᠵᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠨᠠᠩ ᠣᠨᠣᠪᠴᠢᠲᠠᠶ ᠪᠥᠭᠡᠳ ᠳᠣᠲᠣᠨᠣ ᠦᠢᠯᠡᠴᠢᠯᠡᠭᠡ ᠬᠠᠩᠭᠠᠬᠤ ᠶᠢᠨ ᠬᠠᠮᠲᠤ᠂ ᠠᠵᠤ | ᠠᠬᠤᠶᠢᠯᠠᠯ ᠤᠨ ᠴᠢᠳᠠᠪᠤᠷᠢᠲᠠᠨ ᠢ ᠲᠠᠲᠠᠬᠤ ᠲᠣᠭᠲᠠᠴᠠ ᠪᠠᠨ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ | ᠴᠢᠳᠠᠪᠤᠷᠢᠲᠠᠨ ᠢ ᠬᠥᠮᠦᠵᠢᠭᠦᠯᠬᠦ ᠶᠢ ᠴᠢᠬᠤᠯᠠᠴᠢᠯᠠᠨ᠂ ᠴᠢᠳᠠᠪᠤᠷᠢᠲᠠᠨ ᠤ ᠨᠥᠭᠡᠴᠡᠯᠡᠯ ᠢ ᠨᠡᠮᠡᠭᠳᠡᠭᠦᠯᠵᠦ᠂ ᠠᠵᠢᠯ | ᠣᠯᠭᠤᠯᠲᠠ ᠶᠢᠨ ᠵᠣᠬᠢᠴᠠᠩᠭᠤᠢ ᠴᠢᠨᠠᠷ ᠪᠠ ᠲᠣᠭᠲᠠᠪᠤᠷᠢᠲᠤ ᠴᠢᠨᠠᠷ ᠢ ᠴᠢᠩᠭᠠᠳᠬᠠᠨ᠂ ᠴᠢᠳᠠᠪᠤᠷᠢᠲᠠᠨ ᠨᠥᠭᠡᠴᠡᠯᠡᠬᠦ | ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠤ ᠥᠭᠭᠢᠶᠡᠮᠦᠷ ᠬᠤᠷ᠎ᠠ ᠪᠠᠷ ᠨᠠᠷᠢᠯᠢᠭ ᠣᠨᠣᠴᠠᠲᠠᠶ ᠪᠠᠷ ︽ᠳᠤᠰᠤᠯᠭᠠᠨ | ᠤᠰᠤᠯᠠᠵᠤ︾᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ | ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ | |