ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠴᠢᠨᠠᠭᠰᠢᠳᠠ | ᠰᠠᠶᠢᠲᠤᠷ ᠬᠢᠬᠦ ᠶᠢᠨ ᠲᠤᠰᠠᠳᠠ᠂ ᠮᠠᠨ ᠤ ᠲᠤᠪᠴᠢᠶ᠎ᠠ ᠡᠮᠴᠢᠯᠡᠭᠡᠨ ᠤ ᠳᠠᠭᠠᠳᠬᠠᠯ ᠢ ᠲᠦᠷᠦᠯ ᠬᠤᠪᠢᠶᠠᠨ ᠲᠤᠰᠠᠯᠠᠵᠤ | ᠳᠠᠭᠠᠳᠬᠠᠯ ᠳᠤ ᠣᠷᠣᠯᠴᠠᠬᠤ᠂ ᠡᠮᠴᠢᠯᠡᠭᠡᠨ ᠤ ᠳᠠᠭᠠᠳᠬᠠᠯ ᠤᠨ ᠬᠦᠷᠲᠡᠭᠡᠮᠵᠢ᠂ ᠤᠷᠢᠳᠴᠢᠯᠠᠨ ᠰᠡᠷᠡᠮᠵᠢᠯᠡᠭᠦᠯᠵᠦ | ᠬᠢᠨᠠᠨ ᠬᠡᠮᠵᠢᠬᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠵᠡᠷᠭᠡ ᠠᠵᠢᠯ ᠢ ᠢᠳᠡᠪᠬᠢᠲᠡᠢ ᠨᠠᠶᠢᠳᠠᠪᠤᠷᠢᠵᠢᠭᠤᠯᠵᠤ᠂ | ᠡᠮᠴᠢᠯᠡᠭᠡᠨ ᠤ ᠳᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠨᠡᠩ ᠥᠷᠭᠡᠨ ᠳᠡᠯᠭᠡᠷ ᠲᠠᠨᠢᠯᠲᠠ ᠪᠠ | ᠣᠶᠢᠯᠠᠭᠠᠯᠲᠠ ᠲᠠᠢ ᠪᠣᠯᠬᠤ ᠶᠢ ᠪᠠᠲᠤᠯᠠᠵᠤ᠂ ᠤᠯᠠᠨ ᠲᠦᠮᠡᠨ ᠳᠤ ᠡᠮᠴᠢᠯᠡᠭᠡᠨ ᠤ ᠳᠠᠭᠠᠳᠬᠠᠯ ᠢ ᠣᠶᠢᠯᠠᠭᠠᠭᠤᠯᠵᠤ᠂ | ᠡᠮᠴᠢᠯᠡᠭᠡᠨ ᠤ ᠳᠠᠭᠠᠳᠬᠠᠯ ᠢᠶᠠᠷ ᠳᠠᠮᠵᠢᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠪᠣᠳᠣᠭᠳᠠᠭᠤᠯᠬᠤ ᠶᠢᠨ | ᠤᠯᠠᠮ ᠠᠴᠠ ᠡᠮᠴᠢᠯᠡᠭᠡᠨ ᠤ ᠳᠠᠭᠠᠳᠬᠠᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠳᠠᠭᠠᠳᠬᠠᠯ ᠳᠤ ᠣᠷᠣᠯᠴᠠᠭᠰᠠᠨ ᠤᠯᠠᠨ | ᠲᠦᠮᠡᠨ ᠳᠤ ᠨᠡᠩ ᠰᠠᠶᠢᠨ ᠡᠷᠡᠭᠦᠯ ᠮᠡᠨᠳᠦ ᠶᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠪᠠ᠃ | ᠲᠦᠷᠦᠯ ᠬᠤᠪᠢᠶᠠᠨ ᠡᠳ᠋ ᠮᠥᠩᠭᠦ ᠪᠠᠷ ᠲᠤᠰᠠᠯᠠᠵᠤ ᠳᠠᠭᠠᠳᠬᠠᠯ ᠳᠤ ᠣᠷᠣᠯᠴᠠᠬᠤ ᠶᠢ ᠰᠠᠶᠢᠲᠤᠷ ᠬᠢᠪᠡ | ᠮᠠᠨ ᠤ ᠬᠤᠲᠠ ᠶᠢᠨ ᠪᠠᠭᠤᠯᠭᠠᠭᠰᠠᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳ᠋ | ᠮᠥᠩᠭᠦ ᠪᠠᠷ ᠲᠤᠰᠠᠯᠠᠵᠤ ᠳᠠᠭᠠᠳᠬᠠᠯ ᠳᠤ ᠣᠷᠤᠯᠴᠠᠭᠤᠯᠬᠤ ᠪᠠ ᠡᠮᠴᠢᠯᠡᠭᠡᠨ ᠤ ᠳᠠᠭᠠᠳᠬᠠᠯ ᠤᠨ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠦᠷᠢᠶᠡᠴᠢᠯᠡᠭᠰᠡᠨ ᠡᠳ᠋ ᠮᠥᠩᠭᠦ ᠪᠠᠷ ᠲᠤᠰᠠᠯᠠᠵᠤ | ᠳᠠᠭᠠᠳᠬᠠᠯ ᠳᠤ ᠣᠷᠣᠯᠴᠠᠬᠤ ᠶᠢ ᠬᠡᠷᠡᠭᠵᠢᠭᠦᠯᠪᠡ᠃ ᠣᠳᠣᠬᠠᠨ ᠳᠤ ᠪᠣᠯᠲᠠᠯ᠎ᠠ᠂ ᠮᠠᠨ ᠤ ᠲᠤᠭᠤᠷᠢᠭ ᠤᠨ ᠣᠨᠴᠠ | ᠬᠦᠴᠢᠷᠳᠡᠯᠲᠡᠶ ᠬᠥᠮᠦᠨ ᠨᠡᠶᠢᠲᠡ 1980 ᠪᠠᠶᠢᠵᠤ᠂ 59.17 ᠲᠦᠮᠡᠨ ᠲᠥᠭᠦᠷᠢᠭ ᠤᠨ ᠡᠳ᠋ ᠮᠥᠩᠭᠦ ᠪᠠᠷ | ᠲᠤᠰᠠᠯᠠᠵᠤ ᠳᠠᠭᠠᠳᠬᠠᠯ ᠳᠤ ᠣᠷᠤᠯᠴᠠᠭᠤᠯᠵᠤ᠂ ᠪᠦᠬᠦᠨ ᠢ ᠡᠮᠴᠢᠯᠡᠭᠡᠨ ᠤ ᠪᠠᠲᠤᠯᠠᠭ᠎ᠠ ᠶᠢᠨ ᠬᠡᠪᠴᠢᠶᠡᠨ ᠳᠤ | ᠣᠷᠣᠭᠤᠯᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠵᠤ᠂ ᠡᠳ᠋ ᠮᠥᠩᠭᠦ ᠪᠠᠷ ᠲᠤᠰᠠᠯᠠᠵᠤ ᠳᠠᠭᠠᠳᠬᠠᠯ ᠳᠤ | ᠣᠷᠣᠯᠴᠠᠬᠤ ᠶᠢ ᠪᠡᠶᠡᠯᠡᠭᠦᠯᠪᠡ᠃ | ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠪᠠ | ᠮᠠᠨ ᠤ ᠲᠣᠪᠴᠢᠶ᠎ᠠ ᠰᠠᠷ᠎ᠠ ᠪᠦᠷᠢ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠬᠡᠷᠡᠭ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ | ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠵᠣᠯᠭᠠᠭᠤᠯᠵᠤ᠂ | ᠣᠨᠴᠠᠭᠠᠶ ᠬᠦᠴᠢᠷᠳᠡᠯᠲᠡᠶ ᠬᠥᠮᠦᠰ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠣᠯᠵᠤ᠂ | ᠡᠮᠴᠢᠯᠡᠭᠡᠨ ᠤ ᠳᠠᠭᠠᠳᠬᠠᠯ ᠤᠨ ᠰᠢᠰᠲ᠋ᠧᠮ ᠤᠨ ᠳᠣᠲᠣᠷ᠎ᠠ ᠴᠠᠭ ᠲᠤᠬᠠᠶ ᠳᠤ ᠨᠢ ᠪᠡᠶ᠎ᠡ ᠶᠢᠨ ᠭᠠᠷᠤᠯ ᠤᠨ ᠮᠡᠳᠡᠭᠡ | ᠵᠠᠩᠭᠢ ᠶᠢ ᠵᠡᠷᠭᠡ ᠪᠠᠷ ᠢᠯᠭᠠᠨ ᠬᠠᠮᠠᠭᠠᠯᠠᠬᠤ ᠶᠢ ᠰᠠᠶᠢᠲᠤᠷ ᠬᠢᠵᠦ᠂ ᠣᠨᠴᠠᠭᠠᠶ ᠬᠦᠴᠢᠷᠳᠡᠯᠲᠡᠶ ᠬᠥᠮᠦᠰ ᠤᠨ | ᠡᠪᠡᠳᠴᠢᠨ ᠦᠵᠡᠭᠦᠯᠬᠦ ᠳᠤ ︽ᠨᠢᠭᠡ ᠥᠷᠲᠡᠭᠡ ᠮᠠᠶ᠋ᠢᠭ︾ ᠤᠨ ᠴᠠᠭ ᠲᠤᠬᠠᠶ ᠳᠤ ᠨᠢ ᠳ᠋ᠦᠩᠨᠡᠨ ᠪᠤᠳᠤᠬᠤ | ᠦᠢᠯᠡᠴᠢᠯᠡᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠭᠤᠷᠪᠠᠨ ᠳᠠᠪᠬᠤᠷ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠪᠠ᠃ ᠣᠳᠣᠬᠠᠨ ᠳᠤ ᠪᠣᠯᠲᠠᠯ᠎ᠠ᠂ ᠮᠠᠨ ᠤ ᠲᠤᠭᠤᠷᠢᠭ ᠤᠨ ᠣᠨᠴᠠᠭᠠᠶ | ᠬᠦᠴᠢᠷᠳᠡᠯ ᠲᠠᠢ ᠬᠥᠮᠦᠰ ᠲᠤ 9696 ᠬᠥᠮᠦᠨ ᠤᠳᠠᠭ᠎ᠠ ᠡᠪᠡᠳᠴᠢᠨ ᠦᠵᠡᠵᠦ᠂ ᠰᠠᠭᠤᠷᠢ ᠮᠥᠩᠭᠦ ᠶᠢᠨ ᠵᠠᠷᠤᠯᠭ᠎ᠠ | 619.88 ᠲᠦᠮᠡᠨ ᠲᠥᠭᠦᠷᠢᠭ ᠲᠤ ᠬᠦᠷᠴᠦ᠂ ᠡᠭᠦᠨ ᠳᠤ ᠡᠮᠴᠢᠯᠡᠭᠡᠨ ᠤ ᠠᠪᠤᠷᠠᠨ ᠲᠤᠰᠠᠯᠠᠬᠤ ᠪᠠᠷᠢᠮᠵᠢᠶ᠎ᠠ ᠳᠤ | ᠨᠡᠶᠢᠴᠡᠭᠰᠡᠨ 2881 ᠬᠦᠮᠦᠨ ᠤᠳᠠᠭ᠎ᠠ ᠪᠠᠶᠢᠵᠤ᠂ ᠡᠮᠴᠢᠯᠡᠭᠡᠨ ᠤ ᠠᠪᠤᠷᠠᠨ ᠲᠤᠰᠠᠯᠠᠬᠤ ᠵᠠᠷᠤᠯᠭ᠎ᠠ 65.09 | ᠲᠦᠮᠡᠨ ᠲᠥᠭᠦᠷᠢᠭ ᠲᠤ ᠬᠦᠷᠴᠡᠶ᠃ | ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠲᠣᠭᠲᠠᠴᠠ ᠶᠢ ᠲᠡᠭᠦᠯᠳᠡᠷᠵᠢᠭᠦᠯᠪᠡ | ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠲᠦᠭᠰᠢᠭᠦᠷᠢ ᠶᠢ ᠬᠢᠨᠠᠨ ᠰᠢᠨᠵᠢᠬᠦ ᠠᠵᠢᠯ ᠢ ᠰᠠᠶᠢᠲᠤᠷ | ᠬᠢᠵᠦ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠳᠤ ᠰᠠᠨᠠᠭᠠᠴᠢᠯᠠᠭ᠎ᠠ ᠠᠴᠠ ᠪᠠᠨ | ᠢᠯᠡᠷᠡᠭᠦᠯᠬᠦ ᠲᠣᠭᠲᠠᠴᠠ᠂ ᠬᠥᠳᠡᠯᠦᠩᠭᠦᠶ ᠬᠢᠨᠠᠨ ᠰᠢᠨᠵᠢᠬᠦ ᠲᠣᠭᠲᠠᠴᠠ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ | ᠲᠣᠭᠲᠠᠴᠠ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡ᠃ | ᠣᠳᠣᠬᠠᠨ ᠳᠤ ᠪᠣᠯᠲᠠᠯ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠡᠮᠴᠢᠯᠡᠭᠡᠨ ᠤ ᠶᠡᠭᠡ ᠵᠠᠷᠤᠳᠠᠯ ᠤᠨ | ᠤᠷᠢᠳᠴᠢᠯᠠᠨ ᠰᠡᠷᠡᠮᠵᠢᠯᠡᠭᠦᠯᠬᠦ ᠲᠤᠭ᠎ᠠ ᠪᠠᠷᠢᠮᠲᠠ ᠶᠢ 61 ᠵᠤᠷᠪᠤᠰ ᠬᠦᠷᠭᠡᠵᠦ᠂ ᠨᠢᠭᠡᠨᠲᠡ ᠮᠠᠭᠠᠳᠯᠠᠨ | ᠲᠣᠭᠲᠠᠭᠠᠭᠰᠠᠨ ᠣᠨᠴᠠᠭᠠᠶ ᠬᠦᠴᠢᠷᠳᠡᠯᠲᠡᠶ ᠡᠲᠡᠭᠡᠳ ᠲᠤ ᠴᠠᠭ ᠲᠤᠬᠠᠶ ᠳᠤ ᠨᠢ ᠡᠮᠴᠢᠯᠡᠭᠡᠨ ᠤ ᠳᠠᠭᠠᠳᠬᠠᠯ ᠤᠨ | ᠰᠢᠰᠲ᠋ᠧᠮ ᠤᠨ ᠳᠣᠲᠣᠷ᠎ᠠ ᠲᠡᠮᠳᠡᠭ ᠲᠠᠯᠪᠢᠵᠤ᠂ ᠬᠠᠮᠢᠶ᠎ᠠ ᠪᠥᠬᠦᠶ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠴᠠᠭ ᠲᠤᠬᠠᠶ ᠳᠤ ᠨᠢ ᠮᠥᠷᠳᠡᠨ ᠨᠠᠶᠢᠳᠠᠪᠤᠷᠢᠵᠢᠭᠤᠯᠪᠠ᠃ | ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠪᠤᠲᠠᠲᠠᠶᠢᠵᠢᠭᠤᠯᠪᠠ | ᠡᠮᠴᠢᠯᠡᠭᠡᠨ ᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠡᠮᠬᠢᠯᠡᠵᠦ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠬᠤ᠂ ᠡᠷᠦᠬᠡ ᠳᠤ ᠣᠷᠣᠵᠤ ᠰᠤᠷᠪᠤᠯᠵᠢᠯᠠᠬᠤ ᠵᠡᠷᠭᠡ | ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠢᠶᠠᠷ ᠤᠬᠠᠭᠤᠯᠵᠤ᠂ ᠡᠮᠴᠢᠯᠡᠭᠡᠨ ᠤ ᠠᠪᠤᠷᠠᠨ | ᠲᠤᠰᠠᠯᠠᠬᠤ ᠡᠲᠡᠭᠡᠳ᠂ ᠠᠪᠤᠷᠠᠨ ᠲᠤᠰᠠᠯᠠᠬᠤ ᠪᠠᠷᠢᠮᠵᠢᠶ᠎ᠠ᠂ ᠳ᠋ᠦᠩᠨᠡᠨ ᠪᠤᠳᠤᠬᠤ ᠠᠷᠭ᠎ᠠ ᠮᠠᠶ᠋ᠢᠭ᠂ ᠲᠠᠩᠰᠠ ᠲᠠᠶᠢᠯᠬᠤ | ᠲᠥᠷᠥ ᠶᠢᠨ ᠪᠣᠳᠣᠯᠭ᠎ᠠ ᠵᠡᠷᠭᠡ ᠪᠣᠳᠠᠲᠠᠶ ᠵᠦᠢᠯᠡᠰ ᠢ ᠨᠠᠷᠢᠨ ᠲᠠᠶᠢᠯᠪᠤᠷᠢᠯᠠᠵᠤ᠂ ᠡᠮᠴᠢᠯᠡᠭᠡᠨ ᠤ ᠠᠪᠤᠷᠠᠨ ᠲᠤᠰᠠᠯᠠᠬᠤ | ᠲᠥᠷᠥ ᠶᠢᠨ ᠪᠣᠳᠣᠯᠭ᠎ᠠ ᠶᠢᠨ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ ᠲᠠᠰᠤᠷᠠᠯᠲᠠ ᠥᠬᠡᠶ ᠥᠷᠭᠡᠳᠭᠡᠪᠡ᠃ | 2024 ᠣᠨ ᠳᠤ ᠮᠠᠨ ᠤ ᠲᠣᠪᠴᠢᠶ᠎ᠠ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ︽ᠵᠢᠵᠢᠭ | ᠲᠠᠩᠰᠠ︾᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ︽ᠺᠣᠳ᠋︾ ᠢ 2000 ᠭᠠᠷᠤᠶ ᠬᠤᠪᠢ | ᠳᠠᠷᠤᠮᠠᠯᠯᠠᠨ ᠲᠠᠷᠬᠠᠭᠠᠵᠤ᠂ ᠲᠣᠰᠬᠤᠨ ᠳᠤ ᠬᠦᠷᠴᠦ ᠡᠷᠦᠬᠡ ᠳᠤ ᠣᠷᠣᠬᠤ᠂ ᠨᠡᠶᠢᠭᠡᠮ ᠲᠣᠭᠤᠷᠢᠭ ᠲᠤ | ᠭᠦᠨᠵᠡᠭᠡᠶᠢᠷᠡᠨ ᠤᠬᠠᠭᠤᠯᠬᠤ ᠶᠢᠨ ᠬᠠᠮᠲᠤ ᠣᠨᠴᠠᠭᠠᠶ ᠬᠦᠴᠢᠷᠳᠡᠯᠲᠡᠶ ᠬᠥᠮᠦᠰ ᠵᠢᠴᠢ ᠥᠷᠭᠡᠨ ᠣᠯᠠᠨ ᠳᠠᠭᠠᠳᠬᠠᠯ ᠳᠤ | ᠣᠷᠣᠯᠴᠠᠭᠰᠠᠨ ᠰᠠᠭᠤᠭᠠᠯᠢ ᠠᠷᠠᠳ ᠲᠤ ᠬᠠᠮᠢᠶ᠎ᠠ ᠪᠥᠬᠦᠶ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠲᠡᠳᠡᠨ ᠤ ᠮᠠᠳᠠᠭ ᠲᠠᠢ ᠠᠰᠠᠭᠤᠳᠠᠯ ᠢ ᠨᠢ ᠲᠠᠶᠢᠯᠵᠤ ᠥᠭᠬᠦ ᠶᠢᠨ | ᠬᠠᠮᠲᠤ ᠬᠡᠷ ᠤᠨ ᠬᠥᠮᠦᠰ ᠢ ᠨᠢ ᠬᠠᠪᠰᠤᠷᠤᠨ ᠤᠳᠠᠭᠠᠨ ᠴᠢᠨᠠᠷᠲᠠᠶ ᠡᠪᠡᠳᠴᠢᠨ ᠤ ᠮᠠᠲ᠋ᠧᠷᠢᠶᠠᠯ ᠢ ᠡᠮᠬᠢᠯᠡᠵᠦ᠂ | ᠲᠡᠳᠡᠨ ᠢ ᠬᠠᠪᠰᠤᠷᠤᠨ ᠨᠢᠭᠡᠨᠲᠡ ᠪᠦᠷᠢᠨ ᠭᠦᠢᠴᠡᠳ ᠪᠡᠯᠡᠳᠬᠡᠭᠰᠡᠨ ᠮᠠᠲ᠋ᠧᠷᠢᠶᠠᠯ ᠢ ᠬᠢᠨᠠᠨ ᠲᠣᠭᠲᠠᠭᠠᠬᠤ ᠡᠮᠨᠡᠯᠭᠡ ᠶᠢᠨ | ᠬᠤᠷᠢᠶ᠎ᠠ ᠳᠤ ᠬᠦᠷᠭᠡᠪᠡ᠃ | ᠮᠠᠨ ᠤ ᠲᠣᠪᠴᠢᠶ᠎ᠠ ᠶᠢᠨ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠳᠣᠤᠷ᠎ᠠ᠂ ᠡᠮᠴᠢᠯᠡᠭᠡᠨ ᠤ | ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨ ᠬᠦ ᠠᠷᠠᠳ ᠣᠯᠠᠨ ᠤ ᠳᠡᠷᠭᠡᠳᠡ | ᠠᠪᠴᠢᠷᠠᠵᠤ᠂ ᠡᠪᠡᠳᠴᠢᠨ ᠠᠴᠠ ᠪᠣᠯᠤᠭᠰᠠᠨ ᠬᠥᠮᠦᠨ ᠠᠮᠠ ᠶᠢᠨ ᠳᠠᠬᠢᠨ ᠶᠠᠳᠠᠭᠤᠷᠠᠬᠤ ᠲᠦᠭᠰᠢᠭᠦᠷᠢ ᠶᠢ ᠡᠷᠲᠡ | ᠢᠯᠡᠷᠡᠭᠦᠯᠬᠦ᠂ ᠡᠷᠲᠡ ᠭᠠᠷ ᠲᠦᠷᠦᠭᠦ ᠪᠠ ᠡᠷᠲᠡ ᠬᠠᠪᠰᠤᠷᠤᠨ ᠲᠡᠳᠬᠦᠬᠦ ᠶᠢ ᠪᠡᠶᠡᠯᠡᠭᠦᠯᠵᠦ᠂ ᠡᠮᠴᠢᠯᠡᠭᠡᠨ ᠤ | ᠳᠠᠭᠠᠳᠬᠠᠯ ᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ︽ᠲᠣᠭᠲᠠᠭᠤᠨ ᠪᠠᠶᠢᠯᠭᠠᠵᠤ ᠳᠡᠶᠢᠯᠬᠦ︾ | ᠶᠢ ᠪᠦᠲᠦᠮᠵᠢᠲᠡᠶ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠡᠮᠴᠢᠯᠡᠭᠡᠨ ᠤ | ᠳᠠᠭᠠᠳᠬᠠᠯ ᠤᠨ ︽ᠬᠤᠷᠳᠤᠴᠠ ᠶᠢ ᠲᠦᠷᠭᠡᠳᠬᠡᠬᠦ︾ ᠶᠢᠨ ᠲᠥᠯᠥᠭᠡ ᠶᠤᠮ᠃ | |