︽ᠰᠢᠭᠤᠶᠢᠲᠤ ᠲᠣᠭᠤᠷᠢᠭ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠴᠢᠬᠤᠯᠠ ᠡᠭᠦᠷᠭᠡ᠂ ᠭᠤᠣᠯᠳᠠᠯᠭ᠎ᠠ ᠲᠠᠢ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠠᠷᠠᠳ ᠤᠨ | ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠰᠢᠨ᠎ᠡ ᠪᠠᠶᠢᠳᠠᠯ ᠢ ᠪᠦᠬᠦ ᠲᠠᠯ᠎ᠠ ᠪᠠᠷ ᠡᠬᠢᠯᠡᠭᠦᠯᠦᠨ᠎ᠡ︾ ᠭᠡᠵᠦ ᠬᠡᠯᠡᠪᠡ᠃ ᠣᠶᠢᠷ᠎ᠠ ᠳᠤ᠂ ᠰᠢᠭᠤᠶᠢᠲᠤ ᠲᠣᠭᠤᠷᠢᠭ ᠤᠨ | ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ | ᠰᠢᠭᠤᠶᠢᠲᠤ ᠲᠣᠭᠤᠷᠢᠭ ᠨᠢ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠨᠠᠢᠮᠠᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠴᠢᠳᠠᠮᠠᠭᠠᠢ ᠪᠠᠷ ᠬᠢᠵᠦ᠂ ᠪᠤᠭᠤᠲᠤ ᠶᠢᠨ ᠰᠦᠷ ᠵᠢᠪᠬᠤᠭ᠎ᠠ ᠶᠢ | ᠳᠠᠬᠢᠨ ᠮᠠᠨᠳᠤᠭᠤᠯᠬᠤ ᠳᠤ ᠰᠢᠭᠤᠶᠢᠲᠤ ᠲᠣᠭᠤᠷᠢᠭ ᠤᠨ ᠬᠦᠴᠦᠨ ᠴᠢᠳᠠᠯ ᠢ ᠡᠷᠭᠦᠬᠦ ᠬᠡᠷᠡᠭᠲᠡᠢ ᠭᠡᠵᠡᠢ᠃ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠪᠦᠲᠦᠴᠡ ᠶᠢ ᠰᠢᠯᠢᠳᠡᠭᠵᠢᠭᠦᠯᠦᠨ | ᠠᠷᠭ᠎ᠠ ᠬᠡᠯᠪᠡᠷᠢ ᠶᠢ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂︽ᠬᠤᠶᠠᠷ ᠬᠡᠯᠬᠢᠶ᠎ᠡ ᠲᠠᠪᠤᠨ ᠲᠣᠭᠤᠷᠢᠭ | ᠨᠢᠭᠡ ᠭᠠᠵᠠᠷ ᠣᠷᠣᠨ︾ ᠭᠡᠬᠦ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ | ᠴᠦᠩᠴᠢᠩ ᠤᠨ ᠰᠠᠯᠬᠢ ᠭᠠᠲᠤᠯᠬᠤ ᠬᠠᠪᠲᠠᠰᠤ᠂ ᠢ ᡁᠢ ᠯᠢ ᠴᠠᠬᠢᠯᠭᠠᠨ ᠬᠡᠢ᠂ ᠵᠦᠸᠧ ᠨᠧᠩ ᠴᠤᠸᠠᠩ | ᠰᠦᠯᠵᠢᠶᠡᠨ ᠳᠡᠭᠡᠷᠡᠬᠢ ᠬᠢᠨᠠᠨ ᠬᠡᠮᠵᠢᠯᠲᠡ ᠵᠡᠷᠭᠡ 4 ᠲᠥᠷᠥᠯ ᠵᠦᠢᠯ ᠢ 9 ᠰᠠᠷ᠎ᠠ ᠳᠤ ᠪᠠᠶᠢᠭᠤᠯᠤᠨ | ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠶᠢᠨ ᡁᠢ ᠯᠢ ᠰᠡᠯᠪᠢᠭ ᠲᠣᠨᠤᠭ ᠦᠢᠯᠡᠳᠬᠦ᠂ ᠪᠤᠤ | ᠬᠠᠩ ᠹᠠ ᠯᠠᠨ ᠵᠡᠷᠭᠡ ᠲᠥᠷᠥᠯ ᠵᠦᠢᠯ ᠢ 9 ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠲᠦᠯᠬᠢᠨ ᠠᠬᠢᠭᠤᠯᠵᠤ᠂ ᠡᠭᠦᠨ ᠤ ᠬᠠᠮᠲᠤ ᠮᠢᠩ ᠶᠠᠩ ᠤᠨ ᠪᠥᠭᠡᠭᠡᠨᠡᠷᠡᠯ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠨᠡᠩ ᠣᠯᠠᠨ ᠢᠵᠢ ᠪᠦᠷᠢᠳᠦᠭᠰᠡᠨ ᠠᠵᠤ ᠠᠬᠤᠶᠢᠯᠠᠯ ᠤᠨ ᠡᠷᠦᠬᠡ ᠠᠮᠠ ᠣᠷᠣᠭᠤᠯᠵᠤ᠂ | ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠪᠦᠷᠢᠨ ᠪᠦᠲᠦᠨ ᠠᠵᠤ ᠦᠢᠯᠡᠰ ᠤᠨ | ᠬᠡᠯᠬᠢᠶᠡᠨ ᠤ ᠠᠮᠢ ᠠᠬᠤᠢ ᠶᠢ ᠲᠦᠷᠭᠡᠳᠬᠡᠨ ᠪᠠᠶᠢᠭᠤᠯᠵᠤ᠂ ᠵᠢᠯ ᠤᠨ ᠳᠣᠲᠣᠷ᠎ᠠ ᠦᠢᠯᠡᠳᠬᠦᠨ ᠤ ᠥᠷᠲᠡᠭ ᠢ 80 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠵᠤ᠂ ᠢᠷᠡᠬᠦ ᠵᠢᠯ ᠤᠨ ᠦᠢᠯᠡᠳᠬᠦᠨ ᠤ | ᠥᠷᠲᠡᠭ ᠢ 120 ᠳ᠋ᠦᠩᠰᠢᠭᠤᠷ ᠲᠥᠭᠦᠷᠢᠭ ᠠᠴᠠ ᠳᠠᠪᠠᠭ᠋ᠤ ᠪᠠᠷ ᠴᠢᠷᠮᠠᠶᠢᠨ᠎ᠠ᠃ ᠶᠠ ᠰᠢᠨ ᠨᠢᠭᠡᠳᠦᠭᠡᠷ | ᠬᠤᠭᠤᠴᠠᠭᠠᠨ ᠤ ᠥᠨᠳᠥᠷ ᠵᠤᠤᠬ᠎ᠠ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠢᠳᠡᠪᠬᠢᠲᠡᠢ | ᠠᠬᠢᠭᠤᠯᠵᠤ᠂ ᠵᠢᠯ ᠤᠨ ᠡᠴᠦᠰ ᠲᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ 2026 | ᠣᠨ ᠳᠤ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠪᠠᠲᠤᠯᠠᠵᠤ᠂ ᠤᠷᠲᠤᠷᠢᠭ ᠤᠨ ᠬᠠᠭᠤᠷᠠᠢ ᠵᠠᠮ ᠤᠨ | ᠤᠨᠠᠯᠲᠠ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠵᠢᠯ ᠤᠨ ᠰᠡᠭᠦᠯᠴᠢ ᠠᠴᠠ ᠡᠮᠦᠨ᠎ᠡ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ︽8+4︾ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ | ᠮᠠᠲ᠋ᠧᠷᠢᠶᠠᠯ᠂ ᠲᠣᠮᠣ ᠳ᠋ᠠᠶᠢᠲ᠋ᠠ᠂ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠵᠡᠷᠭᠡ ᠰᠢᠨ᠎ᠡ ᠪᠠᠷ ᠮᠠᠨᠳᠤᠭᠰᠠᠨ ᠠᠵᠤ | ᠦᠢᠯᠡᠰ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠠᠵᠤ ᠠᠬᠤᠢ ᠶᠢᠨ | ᠬᠥᠭᠵᠢᠯᠲᠡ ᠶᠢᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠲᠣᠭᠲᠠᠭᠤᠨ ᠤ ᠳᠤᠮᠳᠠ ᠲᠦᠷᠭᠡᠨ | ᠤᠷᠤᠭᠰᠢᠯᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠢᠭᠤᠶᠢᠲᠤ ᠲᠣᠭᠤᠷᠢᠭ ᠤᠨ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠦᠷᠳᠡᠭ ᠢ ᠵᠢᠯ ᠤᠨ ᠳᠣᠲᠣᠷ᠎ᠠ 300 ᠳ᠋ᠦᠩᠰᠢᠭᠤᠷ ᠲᠥᠭᠦᠷᠢᠭ ᠤᠨ ᠪᠣᠭᠤᠮᠲᠠ ᠶᠢ | ᠳᠠᠪᠠᠭᠤ ᠶᠢ ᠪᠠᠲᠤᠯᠠᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠠᠳᠠᠯᠢ ᠬᠤᠭᠤᠴᠠᠭᠠᠨ ᠤ | ᠬᠢ ᠠᠴᠠ 15% ᠠᠴᠠ ᠳᠡᠭᠡᠭᠰᠢ ᠨᠡᠮᠡᠭᠳᠡᠭᠦᠯᠦᠨ᠎ᠡ᠃ | ᠬᠥᠭᠵᠢᠯᠲᠡ ᠶᠢᠨ ᠬᠦᠴᠢᠷ ᠠᠰᠠᠭᠤᠳᠠᠯ ᠪᠠ ᠲᠦᠭᠵᠢᠷᠡᠯ ᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ | ᠬᠦᠴᠢᠷ ᠠᠰᠠᠭᠤᠳᠠᠯ ᠢ ᠰᠢᠢᠳᠪᠦᠷᠢᠯᠡᠨ᠂ ᠲᠦᠭᠵᠢᠷᠡᠯ ᠢ ᠡᠪᠳᠡᠵᠦ᠂ ᠴᠢᠨᠠᠷ ᠰᠠᠶᠢᠲᠠᠢ ᠬᠥᠭᠵᠢᠯᠲᠡ ᠶᠢᠨ ᠶᠠᠰᠤ ᠴᠢᠨᠠᠷ | ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠣᠶᠢᠯᠠᠭᠠᠭᠳᠠᠬᠤᠨ ᠪᠣᠯᠣᠨ ︽ᠲᠠᠶᠢᠯᠬᠤ ᠰᠡᠳᠬᠢᠬᠦᠢ︾ ᠶᠢ | ᠪᠠᠲᠤ ᠪᠠᠬᠢ ᠪᠤᠢ ᠪᠣᠯᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠠᠬᠢ ᠭᠠᠵᠠᠷ ᠰᠢᠷᠣᠢ ᠶᠢᠨ | ᠭᠦᠢᠴᠡᠳᠬᠡᠯ ᠲᠤᠭ᠎ᠠ᠂ ᠤᠰᠤ ᠴᠠᠬᠢᠯᠭᠠᠨ ᠬᠡᠷᠡᠭᠯᠡᠬᠦ᠂ ᠪᠡᠯᠡ ᠮᠥᠩᠭᠦ ᠵᠡᠷᠭᠡ ᠡᠯᠧᠮᠧᠨ᠋ᠲ ᠤᠨ ᠪᠠᠲᠤᠯᠠᠭ᠎ᠠ ᠶᠢᠨ | ᠲᠠᠯ᠎ᠠ ᠪᠠᠷ ᠬᠢ ᠲᠦᠭᠵᠢᠷᠡᠯ ᠲᠠᠢ ᠬᠦᠴᠢᠷ ᠠᠰᠠᠭᠤᠳᠠᠯ ᠢ ᠲᠠᠰᠤᠷᠠᠯᠳᠠ ᠦᠭᠡᠢ ᠰᠢᠢᠳᠪᠦᠷᠢᠯᠡᠬᠦ ᠬᠡᠷᠡᠭᠲᠡᠢ᠃ | ︽ᠬᠤᠶᠠᠷ ᠰᠤᠯᠠ ᠨᠢᠭᠡ ᠬᠤᠭᠤᠰᠤᠨ︾ ᠲᠤᠰᠬᠠᠢ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠢᠯ ᠤᠨ | ᠳᠣᠲᠣᠷ᠎ᠠ ᠵᠥᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠭᠠᠵᠠᠷ ᠰᠢᠷᠣᠢ ᠶᠢ 16.7 ᠾᠧᠺᠲ᠋ᠠᠷ ᠠᠴᠠ ᠳᠡᠭᠡᠭᠰᠢ | ᠴᠡᠭᠴᠡᠯᠡᠨ ᠵᠠᠰᠠᠵᠤ᠂ ︽ᠦᠬᠦᠰᠢᠷᠡᠮᠡᠯ ᠠᠵᠤ ᠠᠬᠤᠶᠢᠯᠠᠯ︾ ᠢ 5 ᠴᠡᠪᠡᠷᠯᠡᠵᠦ᠂ 200 ᠮᠦ ᠠᠴᠠ ᠳᠡᠭᠡᠭᠰᠢ ᠭᠠᠵᠠᠷ | ᠰᠢᠷᠣᠢ ᠶᠢ ᠳᠠᠬᠢᠨ ᠠᠮᠢᠯᠠᠭᠤᠯᠤᠨ᠎ᠠ᠃ ︽ᠲᠡᠷᠢᠭᠦᠨ ᠦᠢᠯᠡᠴᠢᠯᠡᠭᠡᠨ ᠤ ᠲᠤᠰᠢᠶᠠᠯᠲᠠᠨ︾ ᠤ ᠳᠦᠷᠢᠮ ᠢ ᠬᠡᠷᠡᠭᠵᠢᠭᠦᠯᠵᠦ᠂ | ᠠᠮᠢ ᠨᠠᠰᠤᠨ ᠤ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠠᠲᠤᠯᠠᠵᠤ᠂ 30 ᠴᠢᠬᠤᠯᠠ ᠶᠡᠭᠡ | ᠲᠥᠷᠥᠯ ᠵᠦᠢᠯ ᠤᠨ ᠵᠢᠯ ᠤᠨ ᠳᠣᠲᠣᠷ᠎ᠠ 52 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ | ᠣᠷᠣᠭᠤᠯᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ | ᠬᠤᠷᠳᠤᠴᠠ ᠶᠢ ᠪᠥᠬᠦ ᠵᠢᠯ ᠤᠨ ᠬᠠᠷᠠᠯᠲᠠ ᠪᠠᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠳᠠᠬᠢᠨ ᠨᠢᠭᠡ ᠳᠠᠬᠢᠨ ᠠᠴᠠ | ᠳᠡᠭᠡᠭᠰᠢ ᠨᠡᠮᠡᠭᠳᠡᠭᠦᠯᠵᠦ᠂ ᠶᠡᠷᠦᠩᠬᠡᠢ ᠬᠡᠮᠵᠢᠶ᠎ᠡ ᠶᠢ 60 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠢᠯᠠᠩᠭᠤᠶ᠎ᠠ | ᠴᠠᠭ ᠮᠥᠴᠡ ᠶᠢ ᠠᠮᠵᠢᠨ 60 ᠡᠳᠦᠷ ᠤᠨ ᠳᠣᠲᠣᠷ᠎ᠠ ᠮᠧᠩ ᠨᠧᠩ 2 × 66 ᠲᠦᠮᠡᠨ ᠺᠢᠯᠣᠸᠠᠲ ᠤᠨ | ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠲᠥᠷᠥᠯ ᠵᠦᠢᠯ ᠤᠨ ᠭᠠᠵᠠᠷ ᠰᠢᠷᠣᠢ ᠶᠢ ᠲᠡᠭᠰᠢᠯᠡᠬᠦ᠂ ᠭᠠᠷᠳᠠᠮ ᠢ | ᠭᠦᠢᠴᠡᠳᠬᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠵᠦ᠂ 10 ᠰᠠᠷ᠎ᠠ ᠳᠤ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ 22 ᠰᠠᠷ᠎ᠠ ᠶᠢᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠬᠤ ᠶᠢ ᠦᠨᠡᠨᠬᠦ ᠪᠠᠲᠤᠯᠠᠨ᠎ᠠ᠃ | ᠣᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠤᠴᠢᠷ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ | ᠦᠭᠡᠢ ᠨᠡᠮᠡᠭᠳᠡᠭᠦᠯᠦᠨ᠎ᠡ᠃ ︽ᠭᠤᠷᠪᠠᠨ ᠥᠨᠳᠦᠷᠯᠢᠭ︾ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠳᠣᠣᠷ᠎ᠠ | ᠣᠷᠣᠭᠤᠯᠵᠤ ᠥᠨᠳᠥᠷ ᠭᠠᠷᠭᠠᠬᠤ︾ ᠡᠩ ᠤᠨ ᠰᠤᠷᠭᠠᠨ ᠬᠥᠮᠦᠵᠢᠯ ᠪᠠ ︽ᠦᠢᠯᠡᠳᠪᠦᠷᠢᠯᠡᠯ ᠵᠢᠭᠠᠨ ᠰᠤᠷᠭᠠᠯᠲᠠ ᠶᠢ | ᠠᠭᠤᠰᠤᠯᠴᠠᠭᠤᠯᠬᠤ︾ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠬᠢᠲᠠᠳ ᠡᠮᠨᠡᠯᠭᠡ ᠶᠢᠨ | ᠡᠷᠡᠭᠦᠯᠵᠢᠯ ᠰᠤᠪᠢᠯᠠᠯᠲᠠ ᠵᠡᠷᠭᠡ ᠪᠠᠷ ᠣᠨᠴᠠᠯᠢᠭ ᠪᠣᠯᠭᠠᠭᠰᠠᠨ ᠲᠤᠰᠬᠠᠢ ᠡᠮᠨᠡᠯᠭᠡ ᠶᠢᠨ ᠡᠮᠴᠢᠯᠡᠭᠡ ᠶᠢ ᠰᠠᠶᠢᠲᠤᠷ | ᠠᠳᠬᠤᠵᠤ᠂ ᠤᠳᠬ᠎ᠠ ᠤᠷᠠᠯᠢᠭ ᠤᠨ ᠠᠵᠢᠯᠯᠠᠭ᠎ᠠ᠂ ᠣᠨᠴᠠᠯᠢᠭᠲᠤ ᠤᠷᠤᠯᠳᠤᠭᠠᠨ ᠢᠶᠠᠷ ᠠᠴᠢᠶᠠᠯᠠᠪᠤᠷᠢ ᠪᠣᠯᠭᠠᠭᠰᠠᠨ | ᠰᠣᠶᠣᠯ ᠤᠨ ᠪᠠᠶᠢᠭᠤᠯᠤᠯᠲᠠ ᠶᠢ ᠭᠡᠷᠡᠯᠲᠦᠭᠦᠯᠦᠨ᠎ᠡ᠃ ︽ᠠᠵᠤ ᠦᠢᠯᠡᠰ ᠢᠶᠠᠷ ᠬᠤᠲᠠ ᠶᠢ ᠮᠠᠨᠳᠤᠭᠤᠯᠬᠤ᠂ ᠬᠤᠲᠠ ᠪᠠᠷ | ᠬᠥᠮᠥᠨ ᠢ ᠲᠥᠪᠯᠡᠷᠡᠭᠦᠯᠬᠦ︾ ᠶᠡᠭᠡ ᠶᠠᠪᠤᠳᠠᠯ ᠢ ᠪᠣᠳᠠᠲᠠᠢ ᠪᠥᠭᠡᠳ ᠭᠦᠢᠴᠡᠳ ᠬᠢᠵᠦ᠂ ᠮᠢᠩ ᠶᠠᠩ᠂ ᠶᠠ ᠰᠢᠨ᠂ | ᠢᠯᠴᠢ ᠶᠢᠨ ᠴᠠᠬᠢᠯᠭᠠᠨ ᠤ ᠦᠢᠯᠡᠳᠪᠦᠷᠢ ᠵᠡᠷᠭᠡ ᠲᠣᠮᠣ ᠲᠥᠷᠥᠯ ᠵᠦᠢᠯ ᠵᠢᠴᠢ ᠰᠦ᠋ ᠮᠧᠩ᠂ ᠲᠡᠮᠦᠷ ᠵᠠᠮ ᠤᠨ ᠠᠵᠢᠯ | ᠮᠡᠷᠭᠡᠵᠢᠯ ᠤᠨ ᠰᠤᠷᠭᠠᠭᠤᠯᠢ ᠵᠡᠷᠭᠡ ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠰᠢᠭᠯᠠᠨ ᠬᠥᠮᠥᠨ ᠠᠮᠠ ᠶᠢ | ᠦᠳᠲᠡᠷ ᠲᠦᠷᠭᠡᠨ ᠲᠥᠪᠯᠡᠷᠡᠭᠦᠯᠵᠦ᠂ ᠬᠥᠮᠥᠨ ᠤ ᠬᠦᠷᠢᠶᠡᠯᠡᠯ ᠢ ᠳᠡᠭᠡᠭᠰᠢᠯᠡᠭᠦᠯᠵᠦ᠂ ᠵᠢᠯ ᠤᠨ ᠳᠣᠲᠣᠷ᠎ᠠ | 20% ᠠᠴᠠ ᠳᠡᠭᠡᠭᠰᠢᠬᠢ ᠪᠠᠶᠢᠩᠭᠤ ᠰᠠᠭᠤᠭ᠎ᠠ ᠬᠥᠮᠥᠨ ᠠᠮᠠ ᠶᠢᠨ ᠨᠡᠮᠡᠭᠳᠡᠯ ᠤᠨ ᠬᠤᠷᠳᠤᠴᠠ ᠶᠢ ᠦᠷᠭᠦᠯᠵᠢᠯᠡᠨ | ᠪᠠᠲᠤᠯᠠᠵᠤ᠂ 2025 ᠣᠨ ᠪᠣᠯᠬᠤ ᠳᠤ 2 - 3 ᠠᠵᠤ ᠦᠢᠯᠡᠰ ᠪᠠ ᠬᠤᠲᠠ ᠶᠢᠨ ᠠᠭᠤᠰᠤᠯᠴᠠᠯ ᠤᠨ ᠴᠣᠭᠴᠠ ᠶᠢ | ᠪᠠᠶᠢᠭᠤᠯᠵᠤ᠂ ᠪᠠᠶᠢᠩᠭᠤ ᠰᠠᠭᠤᠭ᠎ᠠ ᠬᠥᠮᠥᠨ ᠠᠮᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ | ᠬᠢ ᠠᠴᠠ ᠳᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ | ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠬᠦ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ | ᠪᠣᠳᠠᠲᠠᠢ ᠠᠳᠬᠤᠵᠤ᠂ ᠨᠡᠩ ᠥᠨᠳᠥᠷ ᠲᠦᠪᠰᠢᠨ ᠢᠶᠠᠷ ︽ᠠᠮᠤᠷ ᠠᠮᠤᠭᠤᠯᠠᠩ ᠰᠢᠭᠤᠶᠢᠲᠤ︾ ᠶᠢ ᠪᠦᠲᠦᠭᠡᠨ | ᠪᠠᠶᠢᠭᠤᠯᠤᠨ᠎ᠠ᠃ | ᠬᠤᠪᠢᠰᠬᠠᠯ ᠤᠨ ︽ᠬᠠᠮᠢᠶᠠᠷᠤᠭᠴᠢ︾ ᠶᠢᠨ ᠰᠡᠳᠬᠢᠬᠦᠢ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠲᠠᠯ ᠢ | ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠣᠶ ᠪᠣᠯᠭᠠᠨ᠎ᠠ᠃ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ | ᠦᠷᠭᠦᠯᠵᠢᠯᠡᠨ ᠰᠠᠶᠢᠲᠤᠷ ᠬᠢᠵᠦ᠂ ︽ᠨᠢᠭᠡ ᠯᠡ ᠳᠡᠭᠡᠷ᠎ᠡ ᠡᠴᠦᠰ ᠲᠤᠨᠢ ᠲᠤᠯᠲᠠᠯ᠎ᠠ ᠬᠢᠬᠦ︾ ᠠᠵᠢᠯ ᠤᠨ ᠰᠤᠷᠲᠠᠯ ᠢ | ᠶᠡᠬᠡᠪᠡᠷ ᠪᠠᠳᠠᠷᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠬᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ | ᠲᠣᠬᠢᠷᠠᠭᠤᠯᠬᠤ ᠵᠡᠷᠭᠡ ᠠᠵᠢᠯ ᠤᠨ ᠠᠷᠭ᠎ᠠ ᠶᠢ ᠬᠡᠷᠡᠭᠵᠢᠭᠦᠯᠵᠦ᠂ ︽ᠨᠢᠭᠡ ᠬᠥᠲᠥᠯᠪᠦᠷᠢ ᠶᠢ N ᠵᠦᠢᠯ︾ ᠤᠨ | ᠬᠠᠷᠢᠭᠤᠴᠠᠯᠭ᠎ᠠ ᠶᠢ ᠳᠠᠭᠠᠭᠠᠴᠢᠯᠠᠨ ᠬᠤᠯᠪᠣᠭᠠᠯᠠᠬᠤ ᠰᠢᠰᠲ᠋ᠧᠮ ᠢ ᠪᠣᠳᠠᠲᠠᠶᠢᠵᠢᠭᠤᠯᠵᠤ᠂ ᠲᠦᠷᠪᠡᠨ ᠤᠳᠤᠷᠢᠳᠬᠤ | ᠪᠠᠭ ᠤᠨ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠬᠦ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ | 29 ᠭᠤᠣᠯᠳᠠᠯᠭ᠎ᠠ ᠲᠠᠢ ᠲᠦᠷᠦᠯ ᠵᠦᠢᠯ ᠤᠨ ᠲᠤᠰᠬᠠᠢ ᠠᠩᠭᠢ ᠶᠢᠨ ᠲᠦᠷᠦᠭᠦᠯᠡᠨ ᠶᠡᠷᠦᠩᠬᠡᠢ ᠠᠵᠢᠯ ᠢ ᠠᠳᠬᠤᠬᠤ | ᠦᠢᠯᠡᠳᠦᠯ ᠢ ᠪᠠᠳᠠᠷᠠᠭᠤᠯᠵᠤ᠂ ᠪᠦᠬᠦ ᠲᠣᠭᠤᠷᠢᠭ ᠤᠨ ᠥᠷᠭᠡᠨ ᠤᠯᠠᠨ ᠺᠠᠳ᠋ᠷ ᠤᠨ ᠠᠵᠢᠯ ᠬᠢᠵᠦ ᠦᠢᠯᠡᠰ ᠪᠣᠰᠬᠠᠵᠤ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ | ᠲᠠᠶᠢᠴᠢᠯᠠᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ |