ᠡᠳᠡᠭᠡᠷ ᠡᠮ ᠡᠮᠨᠡᠯᠭᠡ ᠶᠢᠨ ᠳᠠᠭᠠᠳᠬᠠᠯ ᠤᠨ ᠦᠷᠡᠵᠢᠯ ᠤᠨ ᠲᠥᠷᠥ ᠶᠢᠨ ᠪᠣᠳᠣᠯᠭ᠎ᠠ ᠶᠢ ᠮᠡᠳᠡᠭᠡᠷᠡᠢ
ᠨᠡᠶᠢᠲᠡᠯᠡᠭᠰᠡᠨ ᠴᠠᠭ᠄
2024/11/12
        ᠣᠶᠢᠷ᠎ᠠ ᠶᠢᠨ ᠬᠤᠭᠤᠴᠠᠭᠠᠨ ᠳᠤ᠂ ᠰᠤᠷᠪᠤᠯᠵᠢᠯᠠᠭᠴᠢ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠠᠴᠠ ᠣᠶᠢᠯᠠᠭᠠᠵᠤ ᠮᠡᠳᠡᠭᠰᠡᠨ ᠨᠢ᠂ ᠬᠡᠰᠡᠭ ᠳᠠᠭᠠᠳᠬᠠᠯ ᠳᠤ ᠣᠷᠣᠯᠴᠠᠭᠰᠠᠨ ᠬᠥᠮᠥᠰ ᠡᠮ ᠡᠮᠨᠡᠯᠭᠡ ᠶᠢᠨ ᠳᠠᠭᠠᠳᠬᠠᠯ ᠤᠨ ᠦᠷᠡᠵᠢᠯ ᠤᠨ ᠬᠠᠷᠠᠭᠠᠯᠵᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠣᠨᠴᠠᠭᠠᠶᠢᠯᠠᠨ ᠰᠢᠨ᠎ᠡ ᠡᠵᠢ ᠪᠤᠯᠵᠦ ᠪᠠᠶᠢᠭ᠎ᠠ ᠬᠦᠮᠦᠰ ᠤᠨ ᠬᠥᠩᠭᠡᠵᠢᠯ ᠤᠨ ᠨᠥᠬᠦᠪᠦᠷᠢ ᠶᠢ ᠬᠡᠷᠬᠢᠨ ᠭᠤᠶᠤᠴᠢᠯᠠᠬᠤ᠂ ᠬᠡᠦᠬᠡᠳ ᠬᠡᠷᠬᠢᠨ ᠳᠠᠭᠠᠳᠬᠠᠯ ᠳᠤ ᠣᠷᠣᠯᠴᠠᠬᠤ ᠵᠡᠷᠭᠡ ᠲᠠᠯ᠎ᠠ ᠪᠠᠷ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢ ᠰᠤᠷᠪᠤᠯᠵᠢᠯᠠᠪᠠ᠃        ᠠᠰᠠᠭᠤᠯᠲᠠ᠄ ᠬᠡᠦᠬᠡᠳ ᠲᠥᠷᠥᠬᠦ ᠡᠮ ᠡᠮᠨᠡᠯᠭᠡ ᠶᠢᠨ ᠵᠠᠷᠤᠳᠠᠯ ᠢ ᠬᠡᠷᠬᠢᠨ ᠳᠠᠩᠰᠠ ᠲᠠᠶᠢᠯᠬᠤ ᠪᠤᠢ︖        ᠬᠠᠷᠢᠭᠤᠯᠲᠠ᠄ ᠳᠣᠣᠷᠠᠬᠢ ᠬᠤᠶᠠᠷ ᠵᠦᠢᠯ ᠤᠨ ᠰᠢᠨ᠎ᠡ ᠠᠪᠤ ᠡᠵᠢ ᠪᠣᠯᠬᠤ ᠬᠡᠵᠦ ᠪᠠᠶᠢᠭ᠎ᠠ ᠬᠦᠮᠦᠰ᠂ ᠬᠠᠮᠢᠶ᠎ᠠ ᠪᠦᠬᠦᠢ ᠦᠨᠡᠮᠯᠡᠯ ᠢᠶᠠᠨ ᠠᠪᠴᠤ ᠡᠮ ᠡᠮᠨᠡᠯᠭᠡ ᠶᠢᠨ ᠳᠠᠭᠠᠳᠬᠠᠯ ᠤᠨ ᠭᠠᠷᠳᠠᠨ ᠬᠢᠬᠦ ᠴᠣᠩᠬᠤᠨ ᠳᠤ ᠣᠴᠢᠵᠤ ᠬᠡᠦᠬᠡᠳ ᠠᠪᠬᠤ ᠵᠠᠷᠤᠳᠠᠯ ᠢᠶᠠᠨ ᠳᠠᠩᠰᠠ ᠲᠠᠶᠢᠯᠬᠤ ᠪᠠᠷ ᠭᠤᠶᠤᠴᠢᠯᠠᠵᠤ ᠪᠣᠯᠣᠨ᠎ᠠ᠄ 1. ᠬᠥᠮᠥᠨ ᠬᠡᠷᠡᠭᠯᠡᠬᠦ ᠨᠢᠭᠡᠴᠢ ᠠᠴᠠ ᠠᠵᠢᠯᠲᠠᠨ ᠠᠵᠢᠯᠴᠢᠨ ᠳᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠲᠤᠰᠢᠶᠠᠭᠰᠠᠨ ᠪᠥᠭᠡᠳ ᠳᠠᠭᠠᠳᠬᠠᠯ ᠳᠤ ᠣᠷᠣᠯᠴᠠᠭᠰᠠᠨ ᠭᠠᠵᠠᠷ ᠤᠨ ᠰᠦᠢᠳᠬᠡᠯ ᠲᠤᠰᠢᠶᠠᠬᠤ ᠬᠤᠭᠤᠴᠠᠭᠠᠨ ᠳᠤ ᠨᠡᠶᠢᠴᠡᠭᠰᠡᠨ ᠪᠠᠶᠢᠬᠤ᠃ 2. ᠬᠥᠩᠭᠡᠵᠢᠯ ᠤᠨ ᠳᠠᠭᠠᠳᠬᠠᠯ ᠤᠨ ᠬᠤᠯᠪᠣᠭᠳᠠᠬᠤ ᠣᠯᠭᠤᠮᠵᠢ ᠭᠥᠷᠳᠡᠬᠦ ᠬᠥᠩᠭᠡᠵᠢᠯ ᠤᠨ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ᠂ ᠡᠷᠡᠭᠲᠡᠢ ᠠᠵᠢᠯᠲᠠᠨ ᠠᠵᠢᠯᠴᠢᠨ ᠤ ᠬᠠᠨᠢ ᠨᠥᠬᠦᠷ ᠨᠢ ᠠᠵᠢᠯ ᠣᠯᠣᠭᠰᠠᠨ ᠦᠭᠡᠢ ᠪᠥᠭᠡᠳ ᠳᠠᠭᠠᠳᠬᠠᠯ ᠳᠤ ᠣᠷᠣᠯᠴᠠᠭᠰᠠᠨ ᠦᠭᠡᠢ︔ ᠬᠥᠩᠭᠡᠵᠢᠯ ᠤᠨ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠠᠵᠢᠯ ᠠᠯᠳᠠᠭᠰᠠᠨ ᠤ ᠳᠠᠷᠠᠭ᠎ᠠ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ᠃ 3. ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠲᠣᠭᠲᠠᠭᠠᠯ ᠳᠤ ᠨᠡᠶᠢᠴᠡᠨ᠎ᠡ᠃        ᠠᠰᠠᠭᠤᠯᠲᠠ᠄ ᠬᠥᠩᠭᠡᠵᠢᠯ ᠤᠨ ᠨᠥᠬᠦᠪᠦᠷᠢ ᠮᠥᠩᠭᠦ ᠶᠢ ᠬᠡᠷᠬᠢᠨ ᠭᠤᠶᠤᠴᠢᠯᠠᠬᠤ ᠪᠣᠶ︖        ᠬᠠᠷᠢᠭᠤᠯᠲᠠ᠄ ᠨᠢᠭᠡᠴᠡ ᠠᠴᠠ ᠬᠠᠷᠢᠶ᠎ᠠ ᠭᠠᠵᠠᠷ ᠤᠨ ᠵᠠᠷᠴᠢᠮ ᠶᠣᠰᠣᠭᠠᠷ ᠬᠠᠤᠯᠢ ᠶᠣᠰᠣᠭᠠᠷ ᠬᠥᠩᠭᠡᠵᠢᠯ ᠤᠨ ᠳᠠᠭᠠᠳᠬᠠᠯ ᠳᠤ ᠣᠷᠣᠯᠴᠠᠬᠤ ᠶᠢᠨ ᠬᠠᠮᠲᠤ ᠬᠥᠩᠭᠡᠵᠢᠯ ᠤᠨ ᠳᠠᠭᠠᠳᠬᠠᠯ ᠤᠨ ᠰᠦᠢᠳᠬᠡᠯ ᠢ ᠴᠠᠭ ᠲᠤᠬᠠᠢ ᠳᠤ ᠨᠢ ᠲᠤᠭ᠎ᠠ ᠶᠣᠰᠣᠭᠠᠷ ᠲᠤᠰᠢᠶᠠᠭᠰᠠᠨ ᠪᠠᠶᠢᠬᠤ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠡᠴᠢᠭᠡ ᠡᠬᠡ  ᠨᠢ ᠬᠥᠩᠭᠡᠵᠢᠭᠰᠡᠨ ᠤ ᠳᠠᠷᠠᠭ᠎ᠠ ᠲᠣᠭᠲᠠᠭᠰᠠᠨ ᠬᠤᠭᠤᠴᠠᠭᠠᠨ ᠳᠣᠲᠣᠷ᠎ᠠ ᠨᠢᠭᠡᠴᠡ ᠠᠴᠠ ᠬᠥᠩᠭᠡᠵᠢᠯ ᠤᠨ ᠨᠥᠬᠦᠪᠦᠷᠢ ᠮᠥᠩᠭᠦ ᠭᠤᠶᠤᠴᠢᠯᠠᠨ ᠠᠪᠬᠤ ᠭᠠᠷ ᠭᠦᠢᠴᠡᠳᠬᠡᠯ ᠭᠤᠶᠤᠴᠢᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠶᠠᠪᠤᠳᠠᠯ ᠢ ᠡᠷᠬᠢᠯᠡᠨ ᠭᠦᠢᠴᠡᠳᠬᠡᠬᠦ ᠪᠠᠶᠢᠭᠤᠯᠤᠮᠵᠢ ᠠᠴᠠ ᠬᠦᠯᠢᠶᠡᠨ ᠠᠪᠴᠤ ᠬᠢᠨᠠᠨ ᠵᠥᠪᠰᠢᠶᠡᠷᠡᠭᠦᠯᠦᠭᠰᠡᠨ ᠤ ᠳᠠᠷᠠᠭᠠᠬᠢ 20 ᠠᠵᠢᠯᠯᠠᠬᠤ ᠡᠳᠦᠷ ᠤᠨ ᠳᠣᠲᠣᠷ᠎ᠠ ᠬᠥᠩᠭᠡᠵᠢᠯ ᠤᠨ ᠨᠡᠮᠡᠭᠦᠷᠢ  ᠮᠦᠩᠭᠦ ᠶᠢ ᠣᠯᠭᠤᠵᠤ᠂ ᠬᠥᠩᠭᠡᠵᠢᠯ ᠤᠨ ᠨᠡᠮᠡᠭᠦᠷᠢ ᠮᠥᠩᠭᠦ = ᠳᠡᠭᠡᠷ᠎ᠡ ᠵᠢᠯ ᠤᠨ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ /30︵ᠡᠳᠦᠷ︶ × ᠲᠣᠭᠲᠠᠭᠠᠭᠰᠠᠨ ᠡᠳᠦᠷ ᠤᠨ ᠲᠤᠭ᠎ᠠ᠃        ᠠᠰᠠᠭᠤᠯᠲᠠ᠄ ᠨᠢᠯᠬ᠎ᠠ ᠬᠡᠦᠬᠡᠳ ᠲᠥᠷᠥᠪᠡᠯ ᠬᠡᠷᠬᠢᠨ ᠳᠠᠭᠠᠳᠬᠠᠯ ᠳᠤ  ᠣᠷᠣᠯᠴᠠᠭᠤᠯᠬᠤ ᠪᠤᠢ︖        ᠬᠠᠷᠢᠭᠤᠯᠲᠠ᠄ 1. ᠲᠤᠰ ᠬᠤᠲᠠ ᠶᠢᠨ ᠡᠷᠦᠬᠡ ᠠᠮᠠ ᠲᠠᠢ ᠨᠢᠷᠠᠢ ᠬᠡᠦᠬᠡᠳ᠂ 2᠃ ᠡᠴᠢᠭᠡ ᠡᠬᠡ ᠶᠢᠨ ᠨᠢᠭᠡ  ᠨᠢ ᠲᠤᠰ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ ᠪᠤᠶᠤ ᠲᠤᠰ ᠬᠤᠲᠠ ᠶᠢᠨ ᠣᠷᠣᠰᠢᠨ ᠰᠠᠭᠤᠬᠤ ᠦᠨᠡᠮᠯᠡᠯ ᠲᠠᠢ᠃ 3. ᠡᠴᠢᠭᠡ ᠡᠬᠡ ᠶᠢᠨ ᠨᠢᠭᠡ ᠲᠠᠯ᠎ᠠ ᠨᠢ ᠣᠶᠢᠷ᠎ᠠ ᠶᠢᠨ 6 ᠰᠠᠷ᠎ᠠ ᠳᠤ ᠵᠠᠯᠭᠠᠭ᠎ᠠ ᠪᠠᠷ ᠥᠪᠡᠷᠲᠡᠭᠡᠨ ᠵᠠᠰᠠᠬᠤ ᠣᠷᠣᠨ ᠤ ᠲᠤᠰ ᠱᠠᠲᠤ᠂ ᠬᠥᠬᠡᠬᠤᠲᠠ ᠶᠢᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠵᠠᠢ᠃ᠳᠡᠭᠡᠷᠡᠬᠢ ᠠᠯᠢ ᠨᠢᠭᠡᠨ ᠨᠥᠬᠦᠴᠡᠯ ᠳᠤ ᠨᠡᠶᠢᠴᠡᠪᠡᠯ᠂ ᠬᠠᠷᠠᠭᠠᠯᠵᠠᠨ ᠬᠠᠮᠠᠭᠠᠯᠠᠭᠴᠢ ᠠᠴᠠ ᠰᠠᠶ᠋ᠢ ᠲᠥᠷᠥᠭᠰᠡᠨ ᠬᠡᠦᠬᠡᠳ ᠤᠨ ᠡᠷᠦᠬᠡ ᠠᠮᠠ ᠶᠢᠨ ᠳᠠᠩᠰᠠ ᠪᠠᠨ ᠦᠨᠳᠦᠰᠦᠯᠡᠨ 90 ᠡᠳᠦᠷ ᠤᠨ ᠳᠣᠲᠣᠷ᠎ᠠ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠣᠴᠢᠬᠤ ᠪᠤᠶᠤ ︽ᠨᠢᠷᠠᠢ ᠬᠡᠦᠬᠡᠳ ᠲᠦᠷᠦᠬᠦ‍ ᠨᠢᠭᠡ ᠶᠠᠪᠤᠳᠠᠯ︾ ᠤᠨ ᠭᠠᠷᠲᠠᠨ ᠭᠦᠢᠴᠡᠳᠬᠡᠬᠦ ᠶᠠᠪᠤᠴᠠ ᠶᠢᠨ ᠶᠣᠰᠣᠭᠠᠷ᠂ ᠨᠢᠷᠠᠢ ᠬᠡᠦᠬᠡᠳ ᠲᠦᠷᠦᠬᠦ ᠲᠤᠬᠠᠢ ᠶᠢᠨ ᠵᠢᠯ ᠤᠨ ᠳᠠᠭᠠᠳᠬᠠᠯ ᠳᠤ ᠣᠷᠣᠯᠴᠠᠬᠤ ᠳᠠᠩᠰᠠᠯᠠᠯ ᠢ ᠭᠦᠢᠴᠡᠳᠬᠡᠵᠦ᠂ ᠲᠤᠰ ᠬᠤᠲᠠ ᠶᠢᠨ ᠡᠷᠦᠬᠡ ᠠᠮᠠ ᠶᠢᠨ ᠬᠠᠷᠢᠶ᠎ᠠ ᠪᠤᠰᠤ ᠨᠢᠷᠠᠢ ᠬᠡᠦᠬᠡᠳ ᠰᠠᠭᠤᠭᠰᠠᠨ ᠭᠠᠵᠠᠷ ᠲᠤ ᠬᠦᠷᠴᠦ ᠭᠦᠢᠴᠡᠳᠬᠡᠵᠦ ᠪᠣᠯᠣᠨ᠎ᠠ᠃        ᠠᠰᠠᠭᠤᠯᠲᠠ᠄ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠶᠢᠨ ᠬᠦᠯᠢᠶᠡᠬᠦ ᠬᠤᠭᠤᠴᠠᠭ᠎ᠠ ᠨᠢ ᠶᠠᠭᠤ ᠪᠤᠢ︖        ᠬᠠᠷᠢᠭᠤᠯᠲᠠ᠄ ᠰᠢᠨ᠎ᠡ ᠲᠥᠷᠥᠭᠰᠡᠨ ᠬᠡᠦᠬᠡᠳ ᠤᠨ ᠳᠠᠭᠠᠳᠬᠠᠯ ᠳᠤ ᠣᠷᠣᠯᠴᠠᠬᠤ ᠶᠢ ᠬᠦᠯᠢᠶᠡᠬᠦ ᠬᠤᠭᠤᠴᠠᠭ᠎ᠠ ᠶᠢ ᠬᠤᠶᠠᠷ ᠵᠦᠢᠯ ᠬᠤᠪᠢᠶᠠᠵᠤ᠄ ᠲᠥᠷᠥᠭᠰᠡᠨ ᠤ ᠳᠠᠷᠠᠭ᠎ᠠ 90 ᠡᠳᠦᠷ ᠤᠨ ᠳᠣᠲᠣᠷ᠎ᠠ ᠲᠥᠷᠥᠭᠰᠡᠨ ᠨᠢ ᠲᠤᠬᠠᠢ ᠶᠢᠨ ᠵᠢᠯ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠤᠰᠢᠶᠠᠪᠠᠯ ᠳᠠᠭᠠᠳᠬᠠᠯ ᠳᠤ ᠣᠷᠣᠯᠴᠠᠭᠰᠠᠨ ᠪᠡᠶ᠎ᠡ ᠶᠢᠨ ᠭᠠᠷᠤᠯ ᠢ ᠨᠢ ︽ᠰᠠᠶ᠋ᠢ ᠲᠥᠷᠥᠭᠰᠡᠨ ᠬᠡᠦᠬᠡᠳ︾ ᠭᠡᠵᠦ ᠳᠠᠩᠰᠠᠯᠠᠭᠤᠯᠵᠤ᠂ ᠲᠥᠷᠥᠭᠰᠡᠨ ᠡᠳᠦᠷ ᠠᠴᠠ ᠡᠬᠢᠯᠡᠨ ᠬᠠᠷᠠᠭᠠᠯᠵᠠᠯ ᠬᠦᠷᠲᠡᠨ᠎ᠡ᠃ ᠲᠥᠷᠥᠭᠰᠡᠨ 90 ᠡᠳᠦᠷ ᠤᠨ ᠳᠠᠷᠠᠭ᠎ᠠ ᠳᠠᠭᠠᠳᠬᠠᠯ ᠳᠤ ᠣᠷᠣᠬᠤ ᠳᠠᠩᠰᠠᠯᠠᠯ ᠢ ᠭᠦᠢᠴᠡᠳᠬᠡᠭᠰᠡᠨ ᠪᠤᠶᠤ ᠲᠥᠷᠥᠭᠰᠡᠨ ᠲᠤᠰ ᠵᠢᠯ ᠤᠨ 9 ᠰᠠᠷ᠎ᠠ ᠶᠢᠨ 1 ᠤ ᠡᠳᠦᠷ ᠤᠨ ᠳᠠᠷᠠᠭ᠎ᠠ ᠲᠥᠷᠥᠭᠰᠡᠨ ᠵᠢᠯ ᠤᠨ ᠬᠢᠨᠢ ᠳᠠᠭᠠᠳᠬᠠᠯ ᠳᠤ ᠣᠷᠣᠬᠤ ᠳᠠᠩᠰᠠᠯᠠᠯᠲᠠ ᠶᠢ ᠰᠢᠭᠤᠳ ᠭᠦᠢᠴᠡᠳᠬᠡᠭᠰᠡᠨ ᠪᠠᠶᠢᠪᠠᠯ᠂ ᠳᠠᠭᠠᠳᠬᠠᠯ ᠳᠤ ᠣᠷᠣᠬᠤ ᠪᠡᠶ᠎ᠡ ᠶᠢᠨ ᠭᠠᠷᠤᠯ ᠨᠢ︽ᠪᠦᠬᠦᠯᠢ 18 ᠨᠠᠰᠤᠨ ᠠᠴᠠ ᠳᠣᠭᠤᠭᠰᠢ ᠰᠤᠷᠭᠠᠭᠤᠯᠢ ᠳᠤ ᠪᠠᠶᠢᠬᠤ ᠪᠤᠰᠤ ᠪᠠᠭᠠᠴᠤᠳ ᠬᠡᠦᠬᠡᠳ︾ ᠭᠡᠵᠦ ᠳᠠᠩᠰᠠᠯᠠᠵᠤ᠂ ᠰᠦᠢᠳᠬᠡᠯ ᠲᠤᠰᠢᠶᠠᠭᠰᠠᠨ ᠲᠤᠰ ᠰᠠᠷ᠎ᠠ ᠠᠴᠠ ᠡᠬᠢᠯᠡᠨ ᠣᠯᠭᠤᠮᠵᠢ ᠬᠦᠷᠲᠡᠨ᠎ᠡ᠃        ᠠᠰᠠᠭᠤᠯᠲᠠ᠄ ᠰᠠᠶ᠋ᠢ ᠲᠥᠷᠥᠭᠰᠡᠨ ᠬᠡᠦᠬᠡᠳ ᠨᠢ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠳᠤ ᠬᠡᠷᠬᠢᠨ ᠳᠠᠩᠰᠠ ᠲᠠᠶᠢᠯᠬᠤ ᠪᠣᠶ︖        ᠬᠠᠷᠢᠭᠤᠯᠲᠠ᠄ ᠰᠢᠨ᠎ᠡ ᠪᠠᠷ ᠲᠥᠷᠥᠭᠰᠡᠨ ᠬᠡᠦᠬᠡᠳ ᠲᠥᠷᠥᠭᠰᠡᠨ ᠤ ᠳᠠᠷᠠᠭᠠᠬᠢ 90 ᠡᠳᠦᠷ ︵90 ᠡᠳᠦᠷ ᠢ ᠪᠠᠭᠲᠠᠭᠠᠨ᠎ᠠ︶ ᠤᠨ ᠳᠣᠲᠣᠷ᠎ᠠ ᠬᠢᠨᠠᠨ ᠬᠠᠮᠠᠭᠠᠯᠠᠭᠴᠢ ᠠᠴᠠ ᠰᠠᠶ᠋ᠢ ᠲᠥᠷᠥᠭᠰᠡᠨ ᠬᠡᠦᠬᠡᠳ ᠲᠣᠰ ᠬᠥᠮᠥᠨ ᠤ ᠦᠨᠡᠨ ᠣᠪᠣᠭ ᠨᠡᠷ᠎ᠡ ᠪᠠ ᠬᠦᠴᠦᠨ ᠪᠦᠬᠦᠢ ᠪᠡᠶ᠎ᠡ ᠶᠢᠨ ᠭᠡᠷᠡᠴᠢ ᠪᠠᠷ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠳᠠᠩᠰᠠᠯᠠᠨ᠂ ᠲᠣᠭᠲᠠᠭᠠᠯ ᠶᠣᠰᠣᠭᠠᠷ ᠲᠥᠷᠥᠭᠰᠡᠨ ᠲᠤᠬᠠᠢ ᠶᠢᠨ ᠵᠢᠯ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠤ ᠳᠠᠷᠠᠭ᠎ᠠ᠂ ᠲᠥᠷᠥᠭᠰᠡᠨ ᠡᠳᠦᠷ ᠠᠴᠠ ᠡᠬᠢᠯᠡᠨ ᠡᠭᠦᠰᠦᠭᠰᠡᠨ ᠡᠮ ᠡᠮᠨᠡᠯᠭᠡ ᠶᠢᠨ ᠵᠠᠷᠤᠳᠠᠯ ᠢ ᠴᠥᠮ ᠨᠢᠭᠡᠳᠦᠯᠲᠡᠢ ᠲᠥᠯᠥᠪᠯᠡᠬᠦ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠳᠤ ᠣᠷᠣᠭᠤᠯᠵᠤ ᠪᠣᠯᠣᠨ᠎ᠠ᠃        ᠡᠷᠦᠬᠡ ᠠᠮᠠ ᠶᠢᠨ ᠳᠠᠩᠰᠠᠯᠠᠯ ᠢ ᠭᠦᠢᠴᠡᠳᠬᠡᠬᠦ ᠠᠴᠠ ᠡᠮᠦᠨ᠎ᠡ ᠨᠠᠰᠤ ᠪᠠᠷᠠᠭᠰᠠᠨ ᠰᠠᠶ᠋ᠢ ᠲᠦᠷᠦᠭᠰᠡᠨ ᠬᠡᠦᠬᠡᠳ ᠨᠢ ᠲᠦᠷᠦᠭᠰᠡᠨ ᠡᠳᠦᠷ ᠠᠴᠠ ᠡᠬᠢᠯᠡᠨ 90 ᠡᠳᠦᠷ ᠤᠨ ᠳᠣᠲᠣᠷ᠎ᠠ᠂ ᠲᠡᠭᠦᠨ ᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠨᠢ ᠰᠠᠶ᠋ᠢ ᠲᠥᠷᠥᠭᠰᠡᠨ ᠬᠡᠦᠬᠡᠳ ᠤᠨ︽ᠦᠬᠦᠭᠰᠡᠨ ᠭᠡᠷᠡᠴᠢ ᠲᠡᠮᠳᠡᠭ︾ ᠢᠶᠠᠷ ᠢᠶᠠᠨ︽ᠠᠪᠤ ᠪᠤᠶᠤ ᠡᠬᠡ ᠶᠢᠨ ᠣᠪᠣᠭ ᠨᠡᠷ᠎ᠡ + XSE︾ ᠪᠠᠷ ᠣᠪᠣᠭ ᠨᠡᠷ᠎ᠡ ᠪᠣᠯᠭᠠᠵᠤ᠂︽ᠪᠤᠰᠤᠳ ᠭᠡᠷᠡᠴᠢ ᠦᠨᠡᠮᠯᠡᠯ ᠤᠨ ᠲᠥᠷᠥᠯ︾ ᠢ ᠰᠣᠩᠭᠤᠵᠤ ᠠᠪᠤ ᠪᠤᠶᠤ ᠡᠵᠢ ᠶᠢᠨ ᠪᠡᠶ᠎ᠡ ᠶᠢᠨ ᠦᠨᠡᠮᠯᠡᠯ ᠤᠨ ᠨᠣᠮᠧᠷ ᠢᠶᠠᠷ ᠳᠠᠭᠠᠳᠬᠠᠯ ᠳᠤ ᠣᠷᠣᠯᠴᠠᠬᠤ ᠭᠠᠷᠳᠠᠮ ᠭᠦᠢᠴᠡᠳᠬᠡᠨ᠎ᠡ᠃ ᠲᠥᠷᠥᠭᠰᠡᠨ ᠲᠤᠰ ᠵᠢᠯ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠣᠭᠲᠠᠭᠠᠯ ᠶᠣᠰᠣᠭᠠᠷ ᠲᠤᠰᠢᠶᠠᠭᠰᠠᠨ ᠤ ᠳᠠᠷᠠᠭ᠎ᠠ᠂ ᠲᠥᠷᠥᠭᠰᠡᠨ ᠡᠳᠦᠷ ᠠᠴᠠ ᠡᠬᠢᠯᠡᠨ ᠭᠠᠷᠤᠭᠰᠠᠨ ᠡᠮ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠳᠤ ᠣᠷᠣᠭᠤᠯᠬᠤ ᠬᠡᠷᠡᠭᠲᠡᠢ᠃ ᠳᠠᠩᠰᠠ ᠲᠠᠶᠢᠯᠵᠤ ᠳᠠᠭᠤᠰᠬᠠᠭᠰᠠᠨ ᠤ ᠳᠠᠷᠠᠭ᠎ᠠ᠂ ᠴᠠᠭ ᠲᠤᠬᠠᠢ ᠳᠤᠨᠢ ᠲᠡᠭᠦᠨ ᠳᠤ ᠳᠠᠭᠠᠳᠬᠠᠯ ᠳᠤ ᠣᠷᠣᠯᠴᠠᠬᠤ ᠶᠢ ᠡᠴᠦᠰᠯᠡᠭᠦᠯᠬᠦ ᠬᠡᠷᠡᠭᠲᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号