ᠬᠤᠯᠠ ᠭᠡᠮᠡᠨ ᠪᠦᠦ ᠴᠦᠬᠦᠷᠡ᠂ ᠶᠠᠪᠤᠪᠠᠰᠤ ᠬᠦᠷᠦᠮᠡᠢ — ᠰᠢᠭᠤᠶᠢᠲᠤ ᠲᠤᠭᠤᠷᠢᠭ ᠤᠨ 2024 ᠣᠨ ᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠷᠥᠯ ᠵᠦᠢᠯ ᠤᠨ ᠰᠤᠷᠤᠭᠴᠢᠳ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2024/11/13
        ᠣᠶᠢᠷ᠎ᠠ ᠶᠢᠨ ᠡᠳᠦᠷ᠂ ᠦᠪᠤᠷ ᠮᠣᠩᠭᠤᠯ ᠤᠨ ᠦᠪᠠᠷᠳᠠᠬᠡᠠ ᠵᠠᠰᠠᠬᠤ ᠤᠷᠣᠠ  ᠤ 2024 ᠤᠠ  ᠤ ︽ᠭᠤᠷᠪᠠ ᠶᠢ ᠲᠠᠮᠵᠢᠵᠤ ᠨᠢᠭᠡ ᠶᠢ ᠲᠡᠳᠭᠦᠬᠦ︾ ᠲᠥᠯᠥᠪᠯᠡᠭᠡ ᠶᠢᠨ ᠰᠢᠨ᠎ᠡ ᠡᠯᠰᠡᠭᠰᠡᠨ ᠠᠵᠢᠯᠴᠢᠳ ᠤᠨ ᠠᠵᠢᠯ ᠤᠨ ᠪᠠᠶᠢᠷᠢ ᠠᠴᠠ ᠡᠮᠦᠨᠡᠬᠢ ᠪᠣᠯᠪᠠᠰᠤᠷᠠᠯ ᠬᠦᠬᠡᠬᠤᠳᠠ ᠳᠤ ᠡᠬᠢᠯᠡᠵᠦ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯᠲᠠᠨ ᠲᠣᠮᠢᠯᠠᠵᠤ ᠪᠦᠬᠦ ᠶᠠᠪᠤᠴᠠ ᠶᠢ  ᠲᠠᠭᠠᠨ᠂ ᠮᠠᠨ ᠤ ᠲᠤᠭᠤᠷᠢᠭ ᠤᠨ ᠰᠢᠨ᠎ᠡ ᠪᠠᠷ ᠡᠯᠰᠡᠭᠰᠡᠨ 18 ᠠᠵᠢᠯᠳᠠᠨ ᠢ ᠵᠣᠬᠢᠶᠠᠨ ᠪᠠᠶᠢᠭᠤᠯᠵᠤ ᠬᠥᠬᠡᠬᠤᠲᠠ ᠳᠤ ᠣᠴᠢᠭᠤᠯᠵᠤ᠂ 4 ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠳᠤ ᠣᠷᠣᠯᠴᠠᠭᠤᠯᠵᠠᠢ᠃        ᠪᠣᠯᠪᠠᠰᠤᠷᠠᠯ ᠨᠢ ᠭᠤᠤᠯᠳᠠᠭᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠦᠨᠳᠦᠰᠦᠨ ᠱᠠᠲᠤᠨ ᠤ ᠠᠵᠢᠯ ᠤᠨ ᠠᠷᠭ᠎ᠠ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠵᠢᠴᠢ ᠹᠧᠩ ᠴᠢᠶᠣᠤ ᠶᠢᠨ ᠲᠤᠷᠰᠢᠯᠭ᠎ᠠ ᠶᠢᠨ ᠠᠵᠢᠯ ᠤᠨ ᠠᠷᠭ᠎ᠠ ᠵᠡᠷᠭᠡ ᠠᠭᠤᠯᠭ᠎ᠠ ᠶᠢ ᠰᠤᠷᠤᠯᠴᠠᠬᠤ ᠶᠢᠨ ᠲᠣᠭᠤᠷᠢᠨ ᠳᠤ ᠥᠷᠨᠢᠭᠦᠯᠪᠡ᠃ ᠲᠣᠰ ᠤᠳᠠᠭᠠᠨ ᠤ ᠪᠣᠯᠪᠠᠰᠤᠷᠠᠯ ᠨᠢ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠲᠤ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠳᠤ ᠦᠢᠯᠡᠴᠢᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ︔ ᠬᠤᠶᠠᠷ ᠲᠤ ᠰᠤᠷᠤᠯᠴᠠᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠳᠤ ᠦᠢᠯᠡᠴᠢᠯᠡᠬᠦ ᠴᠢᠳᠠᠪᠤᠷᠢ ᠶᠢᠨ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ︔ ᠭᠤᠷᠪᠠ ᠳᠤ ᠪᠣᠯᠪᠠᠰᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠣᠪᠣᠷ ᠢᠶᠠᠨ ᠲᠥᠪ ᠪᠣᠯᠭᠠᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ ᠭᠡᠬᠦ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠃        ︽ᠲᠣᠰ ᠤᠳᠠᠭᠠᠨ ᠤ ᠪᠣᠯᠪᠠᠰᠤᠷᠠᠯ ᠨᠢ ᠨᠢᠭᠡ ᠤᠳᠠᠭᠠᠨ ᠤ ᠰᠣᠶᠣᠯ ᠤᠨ ᠵᠤᠭᠠᠴᠠᠯ᠂ ᠨᠠᠩ ᠴᠤ ᠨᠢᠭᠡ ᠤᠳᠠᠭᠠᠨ ᠤ ᠣᠶᠤᠨ ᠰᠠᠨᠠᠭᠠᠨ ᠤ ᠳᠠᠪᠲᠠᠯᠲᠠ ᠪᠣᠯᠬᠤ ᠪᠠᠷ ᠪᠠᠷᠠᠬᠤ ᠥᠬᠡᠶ᠂ ᠪᠢᠳᠡ ᠰᠢᠭᠤᠶᠢᠲᠤ ᠲᠣᠭᠤᠷᠢᠭ ᠲᠤ ᠦᠢᠯᠡᠴᠢᠯᠡᠬᠦ᠂ ᠦᠨᠳᠦᠰᠦᠨ ᠱᠠᠲᠤᠨ ᠳᠤ ᠦᠢᠯᠡᠴᠢᠯᠡᠬᠦ ᠢᠲᠡᠭᠡᠯ ᠵᠣᠷᠢᠭ ᠢᠶᠠᠨ ᠨᠠᠩ ᠪᠠᠲᠤᠳᠬᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠬᠤᠶᠢᠰᠢᠳᠠ ᠶᠢᠨ ᠠᠵᠢᠯ ᠳᠠᠭᠠᠨ ᠣᠷᠣᠯᠴᠠᠵᠤ᠂ ᠰᠢᠭᠤᠶᠢᠲᠤ ᠲᠣᠭᠤᠷᠢᠭ ᠤᠨ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠶᠠᠳᠠᠭᠤ ᠶᠢ ᠲᠡᠳᠬᠦᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠭᠠᠵᠠᠷ ᠤᠨ ᠠᠵᠢᠯᠴᠢᠨ ᠵᠠᠩ ᠣᠪᠣᠭᠲᠤ ᠪᠣᠯᠪᠠᠰᠤᠷᠠᠯ ᠤᠨ ᠳᠠᠷᠠᠭᠠᠬᠢ ᠣᠯᠣᠯᠳᠠ ᠲᠦᠷᠦᠭᠳᠡᠯ ᠢᠶᠠᠨ ᠢᠳᠡᠪᠬᠢᠳᠡᠢ ᠪᠠᠷ ᠤᠯᠠᠨ ᠳᠤ ᠬᠤᠪᠢᠶᠠᠯᠴᠠᠯ᠎ᠠ᠃        ᠬᠠᠨ ᠭᠠᠷᠤᠳᠢ ᠶᠢᠨ ᠳᠡᠪᠢᠯᠳᠡ ᠪᠠᠷ᠂ ᠲᠡᠭᠷᠢ ᠶᠢᠨ ᠬᠢᠵᠠᠭᠠᠷ ᠲᠤ ᠲᠡᠭᠦᠯᠢᠭᠡᠷᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠠᠵᠢᠯ ᠪᠣᠯ ᠵᠠᠯᠠᠭᠤ ᠴᠢᠳᠠᠪᠤᠷᠢᠲᠠᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ‍ ᠨᠢᠭᠡ ᠵᠦᠢᠯ ᠤᠨ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠰᠢᠭᠤᠶᠢᠲᠤ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠠᠵᠢᠯᠲᠠᠨ ᠤ ᠡᠳᠦᠷ ᠲᠤᠲᠤᠮ ᠤᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠦᠨᠳᠦᠰᠦᠨ ᠱᠠᠲᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠭᠤᠯᠲᠠ ᠶᠢ ᠠᠬᠢᠭᠤᠯᠬᠤ ᠳᠤ ᠰᠢᠭᠤᠶᠢᠲᠤ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ 
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号