ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠤᠯᠠᠮ ᠨᠢᠭᠡ ᠠᠯᠬᠤᠮ ᠪᠠᠬᠢᠵᠢᠭᠦᠯᠵᠦ᠂ ᠠᠵᠤ ᠠᠬᠤᠶᠢᠯᠠᠯ ᠤᠨ ᠠᠵᠢᠯᠲᠠᠨ ᠤ ᠨᠠᠰᠤᠵᠢᠯ ᠤᠨ ᠳᠠᠭᠠᠳᠬᠠᠯ ᠤᠨ | ᠠᠵᠢᠯ ᠠᠴᠠ ᠪᠠᠨ ᠪᠠᠭᠤᠵᠤ ᠠᠮᠠᠷᠠᠭᠰᠠᠨ ᠣᠯᠭᠤᠮᠵᠢ ᠪᠠᠨ ᠠᠪᠬᠤ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠶᠢᠨ ᠲᠦᠯᠦᠭᠡ ᠂ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ︽2024 ᠣᠨ ᠤ ᠪᠥᠬᠦ ᠬᠤᠲᠠ ᠶᠢᠨ ᠨᠡᠶᠢᠭᠡᠮ ᠤᠨ | ᠳᠠᠭᠠᠳᠬᠠᠯ ᠤᠨ ᠣᠯᠭᠤᠮᠵᠢ ᠠᠪᠬᠤ ᠬᠥᠮᠦᠰ ᠤᠨ ᠬᠢᠷᠢ ᠬᠡᠮ ᠢ ᠭᠡᠷᠡᠴᠢᠯᠡᠬᠦ ᠠᠵᠢᠯ ᠢ ᠥᠷᠨᠢᠭᠦᠯᠬᠦ ᠲᠤᠬᠠᠶ ᠠᠯᠪᠠᠨ | ᠵᠠᠷ︾ ᠤᠨ ᠱᠠᠭᠠᠷᠳᠠᠯᠭ᠎ᠠ ᠶᠣᠰᠣᠭᠠᠷ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ 2024 ᠣᠨ ᠤ 1 ᠳ᠋ᠦ᠋ᠭᠡᠷ | ᠰᠠᠷ᠎ᠠ ᠠᠴᠠ ᠡᠬᠢᠯᠡᠨ᠂ ᠰᠠᠷ᠎ᠠ ᠪᠦᠷᠢ ᠬᠤᠭᠤᠴᠠᠭ᠎ᠠ ᠬᠡᠲᠦᠷᠡᠲᠡᠯ᠎ᠡ ᠭᠡᠷᠡᠴᠢᠯᠡᠭᠰᠡᠨ ᠥᠬᠡᠶ ᠠᠵᠤ ᠠᠬᠤᠶᠢᠯᠠᠯ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠲᠤ ᠠᠵᠢᠯ ᠠᠴᠠ ᠪᠠᠨ | ᠪᠠᠭᠤᠵᠤ ᠠᠮᠠᠷᠠᠭᠰᠠᠨ ᠬᠠᠷᠠᠭᠠᠯᠵᠠᠯ ᠣᠯᠭᠤᠬᠤ ᠶᠢ ᠲᠦᠷ ᠵᠣᠭᠰᠣᠭᠠᠵᠤ᠂ 8 ᠰᠠᠷ᠎ᠠ ᠳᠤ ᠬᠤᠭᠤᠴᠠᠭ᠎ᠠ ᠬᠡᠲᠦᠷᠡᠲᠡᠯ᠎ᠡ | ᠭᠡᠷᠡᠴᠢᠯᠡᠭᠰᠡᠨ ᠥᠬᠡᠶ 31 ᠬᠥᠮᠦᠨ ᠳᠤ ᠬᠠᠷᠠᠭᠠᠯᠵᠠᠯ ᠬᠦᠷᠲᠡᠭᠡᠬᠦ ᠪᠠᠨ ᠵᠣᠭᠰᠣᠵᠠᠶ᠃ ᠲᠣᠰ ᠵᠢᠯ ᠳᠤ ᠬᠢᠷᠢ ᠬᠡᠮ ᠤᠨ | ᠭᠡᠷᠡᠴᠢᠯᠡᠯ ᠢ ᠬᠠᠷᠠᠬᠠᠨ ᠪᠡᠶᠡᠯᠡᠭᠦᠯᠦᠭᠡᠳᠦᠶ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠴᠠᠭ ᠢ ᠠᠮᠵᠢᠨ ᠭᠠᠷ | ᠤᠲᠠᠰᠤ ᠪᠠᠷ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ | APP ᠶᠢ ᠪᠠᠭᠤᠯᠭᠠᠵᠤ᠂ ᠬᠥᠮᠦᠨ ᠤ ᠵᠢᠰᠦ ᠶᠢ ᠢᠯᠭᠠᠨ ᠲᠠᠨᠢᠬᠤ ᠪᠠᠷ ᠳᠡᠮᠵᠢᠨ ᠠᠦ᠋ᠲ᠋ᠣ᠋ ᠭᠡᠷᠡᠴᠢᠯᠡᠯ ᠢ ᠪᠡᠶᠡᠯᠡᠭᠦᠯᠬᠦ | ᠬᠡᠷᠡᠭᠲᠡᠶ᠃ ᠣᠯᠭᠤᠮᠵᠢ ᠣᠯᠭᠤᠬᠤ ᠶᠢ ᠨᠢᠭᠡᠨᠲᠡ ᠵᠣᠭᠰᠣᠭᠠᠭᠰᠠᠨ ᠬᠥᠮᠦᠰ ᠲᠤ᠂ ᠭᠡᠷᠡᠴᠢᠯᠡᠭᠡ ᠠᠮᠵᠢᠯᠲᠠ | ᠣᠯᠤᠭᠰᠠᠨ ᠤ ᠳᠠᠷᠠᠭ᠎ᠠ ᠰᠠᠷ᠎ᠠ ᠳᠤ ᠣᠯᠭᠤᠮᠵᠢ ᠣᠯᠭᠤᠬᠤ ᠶᠢ ᠰᠡᠷᠭᠦᠭᠡᠬᠦ ᠶᠢᠨ ᠬᠠᠮᠲᠤ ᠨᠥᠬᠦᠪᠥᠷᠢ ᠣᠯᠭᠤᠨ᠎ᠠ᠃ | 1 . ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠵᠣᠭᠰᠣᠭᠠᠬᠤ ᠠᠴᠠ ᠬᠡᠷᠬᠢᠨ | ᠵᠠᠶᠢᠯᠠᠰᠬᠢᠬᠦ ᠪᠣᠶ︖ ᠨᠠᠰᠤᠵᠢᠯ ᠤᠨ ᠳᠠᠭᠠᠳᠬᠠᠯ ᠤᠨ ᠣᠯᠭᠤᠮᠵᠢ ᠠᠪᠬᠤ ᠬᠥᠮᠦᠰ ᠠᠯᠬᠤᠮ ᠳᠠᠷᠠᠭ᠎ᠠ ᠶᠣᠰᠣᠭᠠᠷ ︽ | ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ︾ APP ᠲᠡᠷᠢᠭᠦᠨ | ᠨᠢᠭᠤᠷ ᠬᠢᠷᠢ ᠬᠡᠮ ᠤᠨ ᠭᠡᠷᠡᠴᠢᠯᠡᠯ ᠳᠡᠭᠡᠷ᠎ᠡ ᠣᠷᠣᠰᠢᠨ ᠲᠣᠭᠲᠠᠨᠢᠬᠤ ᠪᠠᠨ ᠭᠡᠷᠡᠴᠢᠯᠡᠬᠦ ᠬᠡᠷᠡᠭᠲᠡᠶ᠃ ᠨᠢᠭᠡᠨᠲᠡ | ᠭᠡᠷᠡᠴᠢᠯᠡᠭᠰᠡᠨ ᠬᠥᠮᠦᠰ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠺᠣᠮᠫᠠᠨᠢ︾ APP ᠦᠢᠯᠡᠴᠢᠯᠡᠭᠡ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠭᠡᠷᠡᠴᠢᠯᠡᠯ ᠤᠨ | ᠲᠡᠮᠳᠡᠭᠯᠡᠯ ᠢ ᠪᠠᠶᠢᠴᠠᠭᠠᠨ ᠯᠠᠪᠯᠠᠬᠤ ᠳᠤᠮᠳᠠ ᠥᠪᠡᠷ ᠤᠨ ᠭᠡᠷᠡᠴᠢᠯᠡᠯ ᠤᠨ ᠴᠠᠭ ᠢᠶᠠᠨ ᠪᠠᠶᠢᠴᠠᠭᠠᠨ ᠯᠠᠪᠯᠠᠵᠤ ᠪᠣᠯᠤᠨ᠎ᠠ᠃ | ᠬᠤᠶᠠᠷ ᠤᠳᠠᠭᠠᠨ ᠤ ᠬᠢᠷᠢ ᠬᠡᠮ ᠤᠨ ᠭᠡᠷᠡᠴᠢᠯᠡᠯ ᠬᠢᠬᠦ ᠴᠠᠭ ᠤᠨ ᠵᠠᠶ ᠨᠢ 12 ᠰᠠᠷ᠎ᠠ ᠠᠴᠠ ᠪᠠᠭ᠎ᠠ ᠪᠤᠶᠤ 12 | ᠰᠠᠷ᠎ᠠ ᠪᠠᠶᠢᠬᠤ ᠬᠡᠷᠡᠭᠲᠡᠶ᠂ ᠬᠤᠭᠤᠴᠠᠭ᠎ᠠ ᠠᠴᠠ ᠬᠡᠲᠦᠷᠡᠭᠡᠳ ᠭᠡᠷᠡᠴᠢᠯᠡᠯ ᠬᠢᠬᠦ ᠬᠢᠷᠢ ᠬᠡᠮ ᠦᠭᠡᠶ ᠪᠣᠯ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠣᠯᠭᠤᠬᠤ ᠶᠢ ᠲᠦᠷ ᠵᠣᠭᠰᠣᠭᠠᠨ᠎ᠠ᠃ | 2 . ᠣᠯᠭᠤᠬᠤ ᠪᠠᠨ ᠵᠣᠭᠰᠣᠭᠠᠭᠰᠠᠨ ᠲᠣᠰ ᠰᠠᠷ᠎ᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠣᠯᠭᠤᠮᠵᠢ ᠶᠢ ᠨᠥᠬᠦᠵᠦ ᠣᠯᠭᠤᠬᠤ ᠦᠦ︖ ᠬᠡᠵᠢᠶ᠎ᠡ ᠨᠥᠬᠦᠵᠦ ᠣᠯᠭᠤᠬᠤ ᠪᠣᠢ︖ ᠬᠤᠭᠤᠴᠠᠭ᠎ᠠ ᠬᠡᠲᠦᠷᠡᠲᠡᠯ᠎ᠡ | ᠭᠡᠷᠡᠴᠢᠯᠡᠭᠦᠯᠦᠭᠰᠡᠨ ᠥᠬᠡᠶ ᠬᠥᠮᠦᠰ ᠤᠨ ᠲᠣᠰ ᠰᠠᠷ᠎ᠠ ᠳᠤ ᠣᠯᠭᠤᠬᠤ ᠪᠠᠨ ᠵᠣᠭᠰᠣᠭᠰᠠᠨ ᠨᠠᠰᠤᠵᠢᠯ ᠤᠨ | ᠠᠰᠠᠷᠠᠮᠵᠢ ᠶᠢᠨ ᠬᠠᠷᠠᠭᠠᠯᠵᠠᠯ ᠢ ᠭᠡᠷᠡᠴᠢᠯᠡᠯᠲᠡ ᠶᠢ ᠪᠡᠶᠡᠯᠡᠭᠦᠯᠦᠭᠰᠡᠨ ᠪᠥᠭᠡᠳ ᠭᠡᠷᠡᠴᠢᠯᠡᠯᠲᠡ ᠶᠢ ᠲᠣᠭᠲᠠᠭᠠᠭᠰᠠᠨ ᠤ | ᠳᠠᠷᠠᠭ᠎ᠠ᠂ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠳᠠᠷᠠᠭ᠎ᠠ ᠰᠠᠷ᠎ᠠ ᠳᠤ ᠨᠥᠬᠦᠵᠦ ᠣᠯᠭᠤᠨ᠎ᠠ᠃ | ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠨᠢ ᠠᠵᠢᠯ ᠠᠴᠠ ᠪᠠᠨ | ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠬᠢᠷᠢ ᠬᠡᠮ ᠢ ᠭᠡᠷᠡᠴᠢᠯᠡᠬᠦ ᠤᠬᠠᠭᠤᠯᠭ᠎ᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠰᠠᠶᠢᠨ ᠰᠠᠶᠢᠬᠠᠨ ᠭᠡᠷᠡᠴᠢᠯᠡᠬᠦ ᠠᠭᠤᠷ ᠠᠮᠢᠰᠬᠤᠯ ᠢ ᠪᠣᠶ ᠪᠣᠯᠭᠠᠵᠤ᠂ ᠣᠯᠭᠤᠮᠵᠢ | ᠠᠪᠬᠤ ᠬᠥᠮᠦᠰ ᠤᠨ ᠬᠢᠷᠢ ᠬᠡᠮ ᠢ ᠭᠡᠷᠡᠴᠢᠯᠡᠬᠦ ᠶᠢ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠵᠦ᠂ ︽ᠨᠠᠳᠠ ᠶᠢ | ᠭᠡᠷᠡᠴᠢᠯᠡᠭᠦᠯᠬᠦ︾ ᠶᠢ ︽ᠰᠠᠨᠠᠭᠠᠴᠢᠯᠠᠭ᠎ᠠ ᠠᠴᠠ ᠪᠠᠨ ᠭᠡᠷᠡᠴᠢᠯᠡᠬᠦ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ | |