ᠪᠠᠭ᠎ᠠ ᠨᠠᠰᠤᠨ  ᠤ ᠳᠤᠷᠠᠰᠬᠠᠯ ᠤᠨ ᠳᠡᠪᠲᠡᠷ᠂ ᠦᠰᠦᠨ ᠪᠦᠵᠢᠯᠲᠠ ᠶᠢᠨ ᠳᠡᠯᠭᠡᠨ ᠦᠵᠡᠭᠦᠯᠦᠯᠭᠡ ᠶᠢᠨ ᠴᠤᠭ ᠵᠢᠪᠬᠤᠭ᠎ᠠ—ᠰᠢᠭᠤᠶᠢᠳᠤ ᠲᠣᠭᠤᠷᠢᠭ ᠤᠨ ᠰᠦ ᠮᠸᠡᠭ ᠳᠤᠷᠰᠢᠯᠳᠠ ᠶᠢᠨ ᠰᠤᠷᠭᠠᠭᠤᠯᠢ ᠶᠢᠨ ᠰᠤᠷᠤᠭᠴᠢᠳ ᠤᠨ ᠦᠰᠦᠨ ᠪᠦᠵᠢᠯᠲᠠ ᠶᠢᠨ ᠲᠡᠮᠳᠡᠭᠯᠡᠯ ᠤᠨ ᠳᠡᠪᠲᠡᠷ ᠤᠨ ᠳᠡᠯᠭᠡᠨ ᠦᠵᠡᠭᠦᠯᠵᠦ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ
ᠨᠡᠶᠢᠲᠡᠯᠡᠭᠰᠡᠨ ᠴᠠᠭ᠄
2024/11/13
        ᠦᠩᠭᠡᠷᠡᠭᠰᠡᠨ ᠮᠦᠴᠡ ᠡᠷᠭᠢᠵᠦ ᠢᠷᠡᠬᠦ ᠦᠭᠡᠢ᠃ ᠦᠰᠦᠨ ᠪᠤᠶᠢᠵᠢᠬᠤ ᠶᠢᠨ ᠠᠯᠬᠤᠮ ᠪᠦᠷᠢ ᠶᠢ ᠴᠥᠮ ᠤᠯᠠ ᠮᠥᠷ ᠲᠠᠢ ᠪᠣᠯᠭᠠᠵᠤ᠂ ᠦᠰᠦᠨ ᠪᠤᠶᠢᠵᠢᠯᠲᠠ ᠶᠢᠨ ᠰᠠᠶᠢᠨ ᠰᠠᠶᠢᠬᠠᠨ ᠭᠱᠠᠨ ᠪᠦᠷᠢ ᠶᠢ ᠴᠥᠮ ᠲᠡᠮᠳᠡᠭᠯᠡᠵᠦ ᠲᠠᠯᠪᠢᠨ᠎ᠠ᠃ ᠣᠶᠢᠷ᠎ᠠ ᠶᠢᠨ ᠡᠳᠦᠷ᠂ ᠰᠢᠭᠤᠶᠢᠳᠤ ᠲᠣᠭᠤᠷᠢᠭ ᠤᠨ ᠰᠦ ᠮᠧᠩ ᠳᠤᠷᠰᠢᠯᠳᠠ ᠶᠢᠨ ᠰᠤᠷᠭᠠᠭᠤᠯᠢ ᠰᠤᠷᠤᠭᠴᠢ ᠶᠢᠨ ᠪᠣᠶᠢᠵᠢᠯᠳᠠ ᠶᠢᠨ ᠲᠡᠮᠳᠡᠭᠯᠡᠯ ᠤᠨ ᠳᠡᠪᠲᠡᠷ ᠤᠨ ᠳᠡᠯᠭᠡᠨ ᠦᠵᠡᠭᠦᠯᠵᠦ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠥᠷᠨᠢᠭᠦᠯᠪᠡ᠃
        ᠰᠢᠯᠢᠳᠡᠭ ᠰᠠᠶᠢᠨ ᠦᠢᠯᠡᠳᠦᠭᠰᠡᠨ ᠦᠰᠦᠨ ᠪᠤᠶᠢᠵᠢᠯᠳᠠ ᠶᠢᠨ ᠲᠡᠮᠳᠡᠭᠯᠡᠯ ᠤᠨ ᠳᠡᠪᠲᠡᠷ ᠪᠦᠷᠢ ᠨᠢ᠂ ᠭᠠᠳᠠᠷ ᠭᠠᠳᠠᠷᠭᠤ ᠠᠴᠠ ᠳᠣᠲᠣᠭᠠᠳᠤ ᠴᠢᠮᠡᠭᠯᠡᠯ ᠬᠦᠷᠲᠡᠯ᠎ᠡ᠂ ᠰᠤᠷᠤᠭᠴᠢᠳ ᠤᠨ ᠰᠡᠳᠬᠢᠯ ᠰᠠᠨᠠᠭ᠎ᠠ ᠂ ᠥᠪᠡᠷ ᠤᠨ ᠦᠰᠦᠨ ᠪᠤᠶᠢᠵᠢᠬᠤ ᠳᠤ ᠲᠠᠯᠪᠢᠭᠰᠠᠨ ᠠᠩᠬᠠᠷᠤᠯ ᠢ ᠢᠯᠡᠷᠡᠭᠦᠯᠵᠦ ᠪᠤᠢ᠃ ᠬᠢᠨᠠᠭᠴᠢ ᠪᠠᠭᠰᠢ ᠨᠠᠷ ᠰᠤᠷᠤᠭᠴᠢᠳ ᠤᠨ ᠦᠰᠦᠨ ᠪᠤᠶᠢᠵᠢᠯᠲᠠ ᠶᠢᠨ ᠲᠡᠮᠳᠡᠭᠯᠡᠯ ᠤᠨ ᠳᠡᠪᠲᠡᠷ ᠢ ᠤᠷᠪᠠᠭᠤᠯᠤᠨ ᠭᠠᠷᠭᠠᠵᠤ᠂ ᠬᠡᠦᠬᠡᠳ ᠤᠨ ᠭᠤᠶᠤ ᠰᠠᠶᠢᠬᠠᠨ ᠵᠢᠷᠤᠭ ᠲᠥᠯᠥᠪᠯᠡᠭᠡ ᠪᠠ ᠰᠡᠳᠬᠢᠯ ᠲᠠᠯᠪᠢᠵᠤ ᠪᠠᠶᠢᠭ᠎ᠠ ᠲᠡᠮᠳᠡᠭᠯᠡᠯ ᠢ ᠲᠠᠭᠠᠯᠠᠨ ᠪᠢᠰᠢᠷᠡᠪᠡ᠃ ᠰᠤᠷᠤᠭᠴᠢᠳ ᠠᠮᠢᠳᠤᠷᠠᠯ ᠤᠨ ᠵᠢᠵᠢᠭ ᠰᠠᠵᠢᠭ ᠢᠶᠠᠨ ᠲᠡᠮᠳᠡᠭᠯᠡᠵᠦ᠂ ᠬᠥᠮᠦᠨ ᠤ ᠠᠮᠢᠳᠤᠷᠠᠯ ᠤᠨ ᠬᠦᠰᠡᠯᠡᠩ ᠢᠶᠠᠨ ᠠᠭᠤᠵᠢᠷᠠᠲᠠᠯ᠎ᠠ ᠶᠠᠷᠢᠵᠤ᠂ ᠥᠪᠡᠷ ᠤᠨ ᠪᠡᠶ᠎ᠡ ᠪᠠᠨ ᠱᠠᠭᠠᠷᠳᠠᠵᠤ᠂ ᠬᠦᠷᠦᠯᠴᠡᠬᠦ ᠦᠭᠡᠢ ᠲᠠᠯ᠎ᠠ ᠪᠠᠨ ᠡᠷᠭᠢᠴᠡᠭᠦᠯᠦᠨ ᠪᠤᠳᠤᠳᠠᠭ ᠪᠠᠶᠢᠨ᠎ᠠ᠃ ᠪᠠᠭ᠎ᠠ ᠨᠠᠰᠤᠨ ᠤ ᠦᠯᠢᠭᠡᠷ ᠳᠠᠭᠤᠰᠤᠭ᠎ᠠ ᠦᠭᠡᠢ ᠁
        ᠭᠤᠸᠠᠯᠢᠭ ᠬᠤᠪᠴᠠᠰᠤ ᠶᠢ ᠡᠷᠬᠢᠮᠯᠡᠬᠦ ᠠᠴᠠ ᠵᠠᠯᠠᠭᠤ ᠨᠠᠰᠤ ᠪᠠᠨ ᠬᠢᠮᠠᠭᠠᠳᠠᠭᠠᠷᠠᠢ᠃   ᠲᠣᠰ ᠤᠳᠠᠭᠠᠨ ᠤ ᠦᠰᠦᠨ ᠪᠤᠶᠢᠵᠢᠯᠲᠠ ᠶᠢᠨ ᠲᠡᠮᠳᠡᠭᠯᠡᠯ ᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠨᠢ ᠰᠤᠷᠤᠭᠴᠢᠳ ᠤᠨ ᠦᠰᠦᠨ ᠪᠤᠶᠢᠵᠢᠯᠲᠠ ᠶᠢᠨ ᠤᠯᠠ ᠮᠥᠷ ᠢ ᠭᠡᠷᠡᠴᠢᠯᠡᠵᠦ᠂ ᠦᠰᠦᠨ ᠪᠤᠶᠢᠵᠢᠯᠲᠠ ᠶᠢᠨ ᠳᠤᠮᠳᠠᠬᠢ ᠵᠢᠵᠢᠭ ᠰᠠᠵᠢᠭ ᠵᠦᠢᠯᠡᠰ ᠢ ᠲᠡᠮᠳᠡᠭᠯᠡᠭᠰᠡᠨ ᠢᠶᠠᠷ ᠪᠠᠷᠠᠬᠤ ᠥᠬᠡᠶ᠂ ᠪᠠᠰᠠ ᠰᠤᠷᠤᠭᠴᠢᠳ ᠥᠪᠡᠷ ᠢ ᠪᠠᠨ ᠭᠦᠢᠴᠡᠳ ᠲᠠᠨᠢᠵᠤ᠂ ᠢᠲᠡᠭᠡᠯ ᠨᠢ ᠨᠡᠮᠡᠭᠳᠡᠨ᠂ ᠲᠣᠰ ᠪᠡᠶ᠎ᠡ ᠶᠢᠨ ᠬᠥᠭᠵᠢᠯᠲᠡ ᠢ ᠨᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃ ᠰᠠᠶᠢᠨ ᠰᠠᠶᠢᠬᠠᠨ ᠢ ᠴᠤᠭᠯᠠᠷᠠᠭᠤᠯᠵᠤ᠂ ᠰᠤᠷᠤᠭᠴᠢ ᠨᠢᠭᠡ ᠪᠦᠷᠢ ᠶᠢ ᠠᠮᠢᠳᠤᠷᠠᠯ ᠳᠤᠮᠳᠠᠬᠢ ᠬᠠᠮᠤᠭ ᠤᠨ ᠰᠠᠶᠢᠨ ᠦᠪᠡᠷ ᠪᠡᠶ᠎ᠡ  ᠲᠠᠢ ᠨᠢ ᠤᠴᠠᠷᠠᠭᠤᠯᠤᠶ᠎ᠠ︕ 
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号