ᠠᠷᠠᠳ ᠤᠨ ᠲᠥᠯᠥᠭᠡ ᠲᠤᠰᠢᠶᠠᠯ ᠢᠶᠠᠨ ᠬᠦᠢᠴᠡᠳᠬᠡᠵᠦ ᠰᠠᠶᠢᠨ ᠬᠡᠷᠡᠭ ᠪᠣᠳᠠᠲᠤ ᠬᠡᠷᠡᠭ ᠬᠢᠵᠦ  ᠡᠷᠡᠮᠡᠬᠡᠶᠢᠯᠡᠨ ᠲᠠᠪᠰᠢᠨ ᠲᠥᠯᠥᠭᠡᠯᠡᠭᠴᠢᠳ ᠤᠨ ᠴᠤᠭ ᠵᠢᠪᠬᠤᠭ᠎ᠠ ᠶᠢ ᠪᠠᠳᠠᠷᠠᠭᠤᠯᠤᠶ᠎ᠠ — ᠰᠢᠭᠤᠶᠢᠳᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠥᠷᠨᠢᠭᠦᠯᠦᠭᠰᠡᠨ ︽ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠲᠠᠯ᠎ᠠ ᠳᠤ ᠦᠢᠯᠡᠴᠢᠯᠡᠵᠦ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠶ᠎ᠠ︾ ᠭᠤᠣᠯ ᠰᠡᠳᠦᠪᠲᠦ ᠰᠠᠷ᠎ᠠ ᠶᠢᠨ ᠠᠵᠢᠯᠯᠠᠭ᠎ᠠ ᠶᠢᠨ ᠬᠤᠷᠢᠶᠠᠩᠭᠤᠶᠢᠯᠠᠭᠰᠠᠨ ᠥᠭᠦᠯᠡᠯ
ᠨᠡᠶᠢᠲᠡᠯᠡᠭᠰᠡᠨ ᠴᠠᠭ᠄
2024/11/29
        ᠪᠠᠰᠠ ᠨᠢᠭᠡ ᠵᠢᠯ ᠤᠨ ᠲᠤᠰᠢᠶᠠᠯ ᠢᠶᠠᠨ ᠭᠦᠢᠴᠡᠳᠬᠡᠬᠦ ᠰᠠᠷ᠎ᠠ ᠪᠣᠯᠤᠯ᠎ᠠ᠂ ᠰᠢᠭᠤᠶᠢᠳᠤ ᠵᠡᠭᠡᠯᠢ ᠭᠤᠳᠤᠮᠵᠢ ᠶᠢᠨ 30 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠭᠡᠭᠰᠡᠨ ᠪᠠᠷ᠎ᠠ ᠰᠡᠭᠦᠳᠡᠷ ᠨᠢ ᠲᠥᠯᠥᠭᠡᠯᠡᠭᠴᠢᠳ ᠤᠨ ᠬᠤᠯᠪᠣᠭ᠎ᠠ ᠠᠪᠬᠤ ᠥᠷᠲᠡᠭᠡ᠂ ᠲᠥᠷᠥᠯ ᠵᠦᠢᠯ ᠤᠨ ᠲᠤᠬᠠᠢ ᠶᠢᠨ ᠲᠠᠯᠠᠪᠠᠢ᠂ ᠵᠡᠭᠡᠯᠢ ᠭᠤᠳᠤᠮᠵᠢ ᠶᠢᠨ ᠦᠵᠦᠭᠦᠷ ᠲᠡᠭᠦᠰᠬᠡᠯ ᠁ ᠵᠡᠷᠭᠡ ᠭᠠᠵᠠᠷ ᠲᠤ ᠰᠦᠯᠵᠢᠯᠳᠤᠨ ᠲᠤᠳᠤᠷᠠᠵᠤ᠂ ᠰᠢᠭᠤᠶᠢᠳᠤ ᠵᠡᠭᠡᠯᠢ ᠭᠤᠳᠤᠮᠵᠢ ᠶᠢᠨ ᠡᠨᠡ ᠵᠢᠯ ᠤᠨ ︽ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠲᠠᠯ᠎ᠠ ᠳᠤ ᠦᠢᠯᠡᠴᠢᠯᠡᠵᠦ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠶ᠎ᠠ ︾ ᠭᠤᠣᠯ ᠰᠡᠳᠦᠪᠲᠦ ᠠᠵᠢᠯᠯᠠᠭ᠎ᠠ ᠶᠢᠨ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠪᠣᠯᠪᠠ᠃ ᠭᠤᠣᠯ ᠰᠡᠳᠦᠪᠲᠦ ᠰᠠᠷ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠰᠢᠭᠤᠶᠢᠲᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠬᠠᠷᠢᠶ᠎ᠠ ᠣᠷᠣᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠲᠤᠰᠬᠠᠢ ᠰᠡᠳᠦᠪᠲᠦ ᠪᠣᠯᠪᠠᠰᠤᠷᠠᠯ᠂ ᠪᠣᠳᠠᠳᠤ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ᠂ ᠲᠥᠪᠯᠡᠷᠡᠭᠦᠯᠦᠨ ᠪᠠᠶᠢᠴᠠᠭᠠᠨ ᠦᠵᠡᠬᠦ᠂ ᠤᠯᠠᠨ ᠲᠦᠮᠡᠨ ᠢ ᠰᠤᠷᠪᠤᠯᠵᠢᠯᠠᠬᠤ᠂ ᠡᠭᠡᠯᠵᠢᠯᠡᠨ ᠵᠢᠵᠢᠭᠦᠷᠯᠡᠬᠦ ᠵᠡᠷᠭᠡ ᠬᠡᠯᠪᠡᠷᠢ ᠪᠠᠷ ᠡᠯᠪᠡᠭ ᠪᠠᠶᠠᠯᠢᠭ ᠤᠯᠠᠨ ᠶᠠᠩᠵᠤ ᠶᠢᠨ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠶᠢ ᠥᠷᠨᠢᠭᠦᠯᠵᠦ᠂ ᠲᠥᠯᠥᠭᠡᠯᠡᠭᠴᠢᠳ ᠤᠨ ᠲᠤᠰᠢᠶᠠᠯ ᠢᠶᠠᠨ ᠭᠦᠢᠴᠡᠳᠬᠡᠬᠦ ᠰᠢᠨ᠎ᠡ ᠥᠷᠨᠢᠯᠲᠡ ᠶᠢ ᠬᠥᠭᠵᠢᠭᠡᠵᠦ᠂ ᠬᠠᠷᠢᠶ᠎ᠠ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠢᠳᠡᠪᠬᠢᠲᠡᠢ ᠤᠷᠢᠶᠠᠯᠠᠪᠠ᠃        ᠲᠤᠰᠬᠠᠢ ᠰᠡᠳᠦᠪᠲᠦ ᠪᠣᠯᠪᠠᠰᠤᠷᠠᠯ ᠰᠤᠷᠤᠯᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠯᠥᠭᠡᠯᠡᠭᠴᠢᠳ ᠤᠨ ᠲᠤᠰᠢᠶᠠᠯ  ᠢᠶᠠᠨ ᠭᠦᠢᠴᠡᠳᠬᠡᠬᠦ ᠳᠤ ︽ᠡᠷᠳᠡᠨᠢ︾ ᠨᠡᠮᠡᠷᠢᠯᠡᠪᠡ        ᠴᠠᠬᠢᠯᠭᠠᠨ ᠴᠡᠨᠡᠭᠯᠡᠵᠦ ᠡᠨᠧᠷᠭᠢ ᠣᠯᠭᠤᠬᠤ ᠪᠠᠷ ᠰᠠᠭᠤᠷᠢ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠵᠢᠴᠢ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠲᠤᠬᠠᠢ ᠴᠢᠬᠤᠯᠠ ᠥᠭᠦᠯᠡᠯᠲᠡ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠨᠤᠯ ᠤᠨ ᠤᠬᠠᠭᠤᠯᠭ᠎ᠠ᠂ ᠲᠤᠰᠢᠶᠠᠯ ᠢᠶᠠᠨ ᠭᠦᠢᠴᠡᠳᠬᠡᠬᠦ ᠪᠣᠯᠪᠠᠰᠤᠷᠠᠯ ᠤᠨ ᠠᠩᠭᠢ ᠶᠢ ᠲᠤᠰᠪᠦᠷᠢ 1 ᠤᠳᠠᠭ᠎ᠠ ᠥᠷᠨᠢᠭᠦᠯᠵᠦ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠬᠦ ᠲᠥᠯᠥᠭᠡᠯᠡᠭᠴᠢᠳ ᠤᠨ ᠳᠤᠮᠳᠠ ᠰᠤᠷᠤᠯᠴᠠᠬᠤ ᠬᠠᠯᠠᠭᠤᠨ ᠥᠷᠨᠢᠯᠲᠡ ᠶᠢ ᠭᠠᠷᠭᠠᠪᠠ᠃
图片9.png
        ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠬᠠᠰ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠨᠳᠦᠰᠦᠨ ᠮᠡᠳᠡᠯᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷᠬᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳᠤ ᠬᠡᠷᠬᠢᠨ ᠬᠠᠤᠯᠢ ᠶᠣᠰᠣᠭᠠᠷ ᠠᠵᠢᠯᠯᠠᠭ᠎ᠠ ᠥᠷᠨᠢᠭᠦᠯᠬᠦ᠂ ᠰᠠᠨᠠᠯ ᠵᠥᠪᠯᠡᠯᠭᠡ ᠶᠢ ᠬᠡᠷᠬᠢᠨ ᠪᠢᠴᠢᠬᠦ ᠵᠢᠴᠢ ᠰᠠᠨᠠᠭᠤᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠬᠤ ᠶᠢ ᠵᠣᠷᠢᠭᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠢᠭᠤᠶᠢᠲᠤ ᠵᠡᠭᠡᠯᠢ ᠭᠤᠳᠤᠮᠵᠢ ᠶᠢᠨ ᠭᠤᠣᠯᠳᠠᠯᠭ᠎ᠠ ᠲᠠᠢ ᠠᠵᠢᠯ ᠢ ᠠᠩᠬᠠᠷᠴᠤ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ  ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ ᠲᠥᠯᠥᠭᠡᠯᠡᠭᠴᠢᠳ᠂ ᠦᠷᠭᠦᠯᠵᠢᠯᠡᠨ ᠰᠤᠷᠤᠯᠴᠠᠯᠭ᠎ᠠ ᠪᠠᠨ ᠴᠢᠩᠭᠠᠳᠬᠠᠵᠤ᠂ ᠭᠤᠣᠯ ᠴᠣᠭᠴᠠ ᠶᠢᠨ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ ᠂ ᠬᠠᠤᠯᠢ ᠶᠣᠰᠣᠭᠠᠷ ᠲᠤᠰᠢᠶᠠᠯ  ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠡᠶᠢᠭᠡᠮ ᠳᠡᠭᠡᠷ᠎ᠡ᠂ ᠠᠵᠢᠯ ᠤᠨ ᠳᠤᠮᠳᠠᠬᠢ ᠡᠯ᠎ᠡ ᠲᠠᠯ᠎ᠠ ᠳᠤ ᠰᠠᠶᠢᠨ ᠰᠠᠶᠢᠬᠠᠨ ᠶᠣᠰᠣ ᠰᠤᠷᠲᠠᠬᠤᠨ ᠤ ᠬᠡᠪ ᠪᠣᠯᠪᠠᠰᠤᠷᠠᠯ ᠪᠠ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠤᠨ ᠦᠢᠯᠡᠳᠦᠯᠭᠡ ᠪᠠ ᠬᠠᠤᠯᠢ ᠶᠣᠰᠣᠭᠠᠷ ᠲᠤᠰᠢᠶᠠᠯ ᠢᠶᠠᠨ ᠭᠦᠢᠴᠡᠳᠬᠡᠬᠦ ᠳᠤ ᠣᠷᠣᠯᠴᠠᠨ᠎ᠠ ᠭᠡᠵᠦ ᠢᠯᠡᠳᠬᠡᠵᠡᠭᠡᠪᠡ᠃        ᠤᠯᠠᠨ ᠲᠦᠮᠡᠨ ᠤ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠤ᠂ ᠠᠷᠠᠳ ᠤᠨ ᠲᠦᠯᠦᠭᠡ ᠲᠤᠰᠢᠶᠠᠯ ᠢᠶᠠᠨ ᠭᠦᠢᠴᠡᠳᠭᠡᠵᠤ ᠠᠷᠠᠳ ᠤᠨ ᠵᠣᠪᠠᠨᠢᠯ ᠢ ᠠᠷᠢᠯᠭᠠᠪᠠ        ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠱᠠᠯᠠᠪᠳᠠᠭᠤᠯᠤᠨ ᠭᠦᠢᠴᠡᠳᠬᠡᠬᠦ ᠪᠣᠯ ᠭᠤᠣᠯ ᠰᠡᠳᠦᠪᠲᠦ ᠠᠵᠢᠯᠯᠠᠭ᠎ᠠ ᠶᠢᠨ ᠬᠤᠭᠤᠴᠠᠭᠠᠨ ᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠬᠡᠬᠦ ᠴᠢᠬᠤᠯᠠ ᠠᠭᠤᠯᠭ᠎ᠠ ᠪᠣᠯᠤᠨ᠎ᠠ᠃ ᠠᠨ ᠵᠢᠦᠢ ᠵᠢᠶᠠ ᠶᠤᠸᠠᠨ ᠪᠠᠭ᠎ᠠ ᠲᠣᠭᠤᠷᠢᠭ ᠢ 2014 ᠣᠨ ᠳᠤ ᠪᠠᠶᠢᠭᠤᠯᠵᠤ᠂ ᠨᠡᠶᠢᠳᠡ 10 ᠰᠠᠭᠤᠷᠢ ᠰᠠᠭᠤᠭᠠᠯᠢ ᠠᠷᠠᠳ ᠤᠨ ᠠᠰᠠᠷ ᠲᠠᠢ᠃ ᠣᠶᠢᠷ᠎ᠠ ᠶᠢᠨ ᠵᠢᠯ ᠤᠳ ᠲᠤ᠂ ᠤᠰᠤ ᠰᠡᠷᠭᠡᠶᠢᠯᠡᠬᠦ ᠳᠠᠪᠬᠤᠷᠭ᠎ᠠ ᠬᠠᠭᠤᠴᠢᠷᠠᠭᠰᠠᠨ ᠠᠴᠠ ᠪᠣᠯᠵᠤ᠂ ᠪᠠᠭ᠎ᠠ ᠲᠣᠭᠤᠷᠢᠭ ᠤᠨ ᠣᠷᠣᠢ ᠶᠢᠨ ᠳᠠᠪᠬᠤᠷᠭ᠎ᠠ ᠳᠤ ᠪᠣᠷᠣᠭᠠᠨ ᠭᠤᠭᠤᠵᠢᠬᠤ ᠠᠰᠠᠭᠤᠳᠠᠯ ᠪᠠᠶᠢᠨ ᠳᠠᠬᠢᠨ ᠢᠯᠡᠷᠡᠵᠦ᠂ ᠰᠠᠭᠤᠭᠠᠯᠢ ᠠᠷᠠᠳ ᠤᠨ ᠠᠮᠢᠳᠤᠷᠠᠯ ᠳᠤ ᠮᠠᠰᠢ ᠣᠯᠠᠨ ᠳᠥᠭᠦᠮ ᠦᠭᠡᠢ ᠪᠣᠯᠪᠠ᠃ ᠰᠢᠭᠤᠶᠢᠳᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠣᠯᠠᠨ ᠲᠦᠮᠡᠨ ᠤ ᠰᠠᠨᠠᠯ ᠢ ᠬᠤᠷᠢᠶᠠᠨ ᠠᠪᠤᠭᠰᠠᠨ ᠰᠠᠭᠤᠷᠢᠨ ᠳᠡᠭᠡᠷ᠎ᠡ᠂ ᠰᠢᠭᠤᠶᠢᠳᠤ ᠲᠣᠭᠤᠷᠢᠭ ᠤᠨ ᠵᠠᠳᠠᠭᠠᠢ ᠠᠰᠠᠷ ᠵᠢᠴᠢ ᠠᠨ ᠵᠢᠦᠢ ᠵᠢᠶᠠ ᠶᠤᠸᠠᠨ ᠪᠠᠭ᠎ᠠ ᠲᠣᠭᠤᠷᠢᠭ ᠤᠨ ᠭᠡᠷ ᠤᠨ ᠳᠡᠭᠡᠪᠦᠷ ᠢ ᠰᠡᠯᠪᠢᠨ ᠵᠠᠰᠠᠬᠤ ᠰᠠᠨᠠᠭᠤᠯᠭ᠎ᠠ ᠶᠢ ᠳᠤᠷᠠᠳᠪᠠ᠃ ᠲᠥᠯᠥᠭᠡᠯᠡᠭᠴᠢᠳ ᠤᠨ ᠰᠠᠨᠠᠭᠤᠯᠭ᠎ᠠ ᠶᠢ ᠲᠤᠰᠤᠭᠰᠠᠨ ᠤ ᠳᠠᠷᠠᠭ᠎ᠠ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠡᠭᠦᠨ ᠢ ᠪᠥᠬᠦ ᠬᠦᠴᠦᠨ ᠢᠶᠠᠷ ᠢᠶᠠᠨ ᠠᠬᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠤᠷᠢᠭ ᠤᠨ ᠣᠷᠣᠨ ᠰᠠᠭᠤᠴᠠ ᠪᠠ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢ ᠢᠳᠡᠪᠬᠢᠲᠡᠶ ᠵᠣᠬᠢᠴᠠᠭᠤᠯᠵᠤ᠂ ᠪᠠᠯᠠ ᠮᠥᠩᠭᠦ ᠶᠢᠨ ᠳᠡᠮᠵᠢᠯᠭᠡ ᠶᠢ ᠲᠡᠮᠡᠴᠡᠨ ᠣᠯᠵᠤ᠂ ᠲᠠᠭᠠᠭᠠᠴᠢᠯᠠᠨ ᠵᠠᠷᠯᠠᠬᠤ ᠲᠥᠷᠥᠯ ᠵᠦᠢᠯ ᠲᠣᠭᠲᠠᠭᠠᠵᠤ᠂ ᠡᠴᠦᠰ ᠲᠡᠭᠡᠨ ᠣᠯᠠᠨ ᠲᠠᠯ᠎ᠠ ᠶᠢᠨ ᠬᠠᠮᠲᠤᠷᠠᠭᠰᠠᠨ ᠬᠠᠮᠵᠢᠯᠴᠠᠭ᠎ᠠ ᠳᠣᠤᠷ᠎ᠠ᠂ ᠪᠠᠷᠢᠯᠭ᠎ᠠ ᠶᠢᠨ ᠠᠩᠭᠢ ᠦᠳᠲᠡᠷ ᠲᠦᠷᠭᠡᠨ ᠠᠵᠢᠯ ᠡᠬᠢᠯᠡᠨ᠂ ᠰᠠᠷ᠎ᠠ ᠭᠠᠷᠤᠶ ᠶᠢᠨ ᠨᠠᠷᠢᠨ ᠨᠢᠮᠪᠠᠶ ᠰᠡᠯᠪᠢᠨ ᠵᠠᠰᠠᠯᠳᠠ ᠪᠠᠷ ᠳᠡᠮᠵᠢᠨ᠂ ᠠᠨ ᠵᠢᠦᠢ ᠵᠢᠶᠠ ᠶᠤᠸᠠᠨ ᠪᠠᠭ᠎ᠠ ᠲᠣᠭᠤᠷᠢᠭ ᠤᠨ 9 ᠰᠠᠭᠤᠷᠢ ᠠᠰᠠᠷ ᠤᠨ ᠭᠡᠷ ᠤᠨ ᠲᠡᠭᠡᠪᠦᠷ ᠤᠨ ᠪᠣᠷᠣᠭᠠᠨ ᠭᠤᠭᠤᠵᠢᠬᠤ ᠠᠰᠠᠭᠤᠳᠠᠯ ᠢ ᠲᠡᠭᠦᠰ ᠠᠮᠵᠢᠯᠲᠠ ᠲᠠᠢ ᠰᠢᠢᠳᠪᠦᠷᠢᠯᠡᠪᠡ᠃
图片10.png
        ᠲᠥᠯᠥᠭᠡᠯᠡᠭᠴᠢᠳ ᠤᠨ ᠭᠡᠷ ᠪᠦᠯᠢ ᠪᠣᠯ ᠬᠤᠷᠠᠯ ᠲᠡᠭᠦᠰᠦᠭᠰᠡᠨ ᠬᠤᠭᠤᠴᠠᠭᠠᠨ ᠳᠠᠬᠢ ᠲᠥᠯᠥᠭᠡᠯᠡᠭᠴᠢᠳ ᠤᠨ ᠲᠤᠰᠢᠶᠠᠯ  ᠢᠶᠠᠨ ᠭᠦᠢᠴᠡᠳᠬᠡᠬᠦ ᠭᠤᠣᠯ ᠵᠢᠭᠰᠠᠭᠠᠯ ᠤᠨ ᠭᠠᠵᠠᠷ ᠮᠥᠨ᠂ ᠪᠠᠰᠠ ᠴᠤ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠬᠦ ᠴᠢᠬᠤᠯᠠ ᠠᠴᠢᠶᠠᠯᠠᠪᠤᠷᠢ ᠮᠥᠨ᠃ ᠲᠤᠰᠢᠶᠠᠯ ᠢᠶᠠᠨ ᠭᠦᠢᠴᠡᠳᠬᠡᠬᠦ ᠰᠠᠷ᠎ᠠ ᠶᠢᠨ ᠬᠤᠭᠤᠴᠠᠭᠠᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠭᠡᠷ ᠪᠦᠯᠢ ᠲᠥᠯᠥᠭᠡᠯᠡᠭᠴᠢᠳ ᠲᠠᠢ ᠬᠠᠷᠢᠯᠴᠠᠬᠤ᠂ ᠤᠯᠠᠨ ᠲᠦᠮᠡᠨ ᠲᠠᠢ ᠬᠠᠷᠢᠯᠴᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠶ᠎ᠠ ᠣᠷᠣᠨ ᠤ 30 ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠰᠣᠩᠭᠤᠭᠤᠯᠢ ᠶᠢᠨ ᠠᠷᠠᠳ ᠣᠯᠠᠨ ᠢ 3 ᠤᠳᠠᠭ᠎ᠠ ᠬᠦᠯᠢᠶᠡᠨ ᠠᠪᠬᠤ ᠠᠵᠢᠯᠯᠠᠭ᠎ᠠ ᠥᠷᠨᠢᠭᠦᠯᠵᠦ᠂ ᠰᠣᠩᠭᠤᠭᠤᠯᠢ ᠶᠢᠨ ᠠᠷᠠᠳ ᠤᠯᠠᠨ ᠲᠠᠢ ᠨᠢᠭᠤᠷᠳᠠᠨ ᠰᠠᠨᠠᠯ ᠢᠶᠠᠨ ᠰᠣᠯᠢᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠰᠠᠭᠤᠷᠢ ᠲᠥᠬᠦᠭᠡᠷᠦᠮᠵᠢ᠂ ᠶᠠᠪᠤᠵᠤ ᠰᠠᠭᠤᠬᠤ ᠠᠰᠠᠭᠤᠳᠠᠯ ᠵᠡᠷᠭᠡ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠳᠡ 16 ᠵᠤᠷᠪᠤᠰ ᠰᠠᠨᠠᠯ ᠰᠠᠨᠠᠭᠤᠯᠭ᠎ᠠ ᠴᠤᠭᠯᠠᠭᠤᠯᠵᠤ᠂ ᠲᠤᠬᠠᠢ ᠶᠢᠨ ᠲᠠᠯᠠᠪᠤᠷ ᠲᠤ ᠬᠠᠷᠢᠭᠤ ᠥᠭᠭᠦᠭᠰᠡᠨ ᠪᠠ ᠲᠠᠪᠬᠤᠴᠠᠭᠰᠠᠨ ᠰᠠᠨᠠᠯ ᠢ ᠡᠮᠬᠢᠳᠬᠡᠨ ᠨᠡᠶᠢᠯᠡᠭᠦᠯᠦᠭᠰᠡᠨ ᠤ ᠲᠠᠷᠠᠭ᠎ᠠ᠂ ᠬᠤᠯᠪᠣᠭᠳᠠᠯ ᠪᠦᠬᠦᠢ ᠡᠷᠬᠡ ᠲᠤᠰᠢᠶᠠᠯᠳᠣ ᠰᠠᠯᠠᠭ᠎ᠠ ᠮᠥᠴᠢᠷ ᠲᠤ 5 ᠵᠤᠷᠪᠤᠰ ᠠᠰᠠᠭᠤᠳᠠᠯ ᠪᠠ ᠰᠠᠨᠠᠭᠤᠯᠭ᠎ᠠ  ᠶᠢ ᠰᠢᠯᠵᠢᠭᠦᠯᠦᠨ ᠭᠦᠢᠴᠡᠳᠬᠡᠵᠦ᠂ ᠵᠠᠯᠭᠠᠭᠠᠳ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠦᠷᠭᠦᠯᠵᠢᠯᠡᠨ ᠮᠥᠷᠳᠡᠨ ᠱᠠᠯᠠᠪᠳᠠᠭᠤᠯᠤᠨ ᠭᠦᠢᠴᠡᠳᠬᠡᠬᠦ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃
图片11.png
        ᠰᠠᠨᠠᠭᠤᠯᠭ᠎ᠠ ᠰᠠᠨᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠦᠬᠦ ᠶᠠᠪᠤᠴᠠ︾ ᠳᠤ ᠠᠷᠠᠳ ᠤᠨ ᠰᠠᠨᠠᠭ᠎ᠠ ᠶᠢ ᠴᠤᠭᠯᠠᠭᠤᠯᠤᠨ ᠡᠮᠬᠢᠳᠬᠡᠪᠡ            ︽ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠲᠠᠯ᠎ᠠ ᠳᠤ ᠦᠢᠯᠡᠴᠢᠯᠡᠵᠦ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠶ᠎ᠠ ︾ ᠭᠤᠣᠯ ᠰᠡᠳᠦᠪᠲᠦ ᠰᠠᠷ᠎ᠠ ᠶᠢᠨ ᠠᠵᠢᠯᠯᠠᠭ᠎ᠠ ᠶᠢ ᠦᠷᠨᠢᠭᠦᠯᠬᠦ ᠶᠢᠨ ᠵᠣᠷᠢᠯᠲᠠ ᠪᠠ ᠲᠤᠰᠤᠯᠲᠠ ᠶᠢᠨ ᠴᠡᠭ ᠪᠣᠯ ᠠᠷᠠᠳ ᠤᠨ ᠰᠠᠨᠠᠭ᠎ᠠ ᠶᠢ ᠰᠣᠨᠣᠰᠬᠤ᠂ ᠠᠷᠠᠳ ᠤᠨ ᠵᠣᠪᠠᠨᠢᠯ ᠢ ᠰᠢᠢᠳᠪᠦᠷᠢᠯᠡᠬᠦ᠂ ᠰᠠᠨᠠᠭᠤᠯᠭ᠎ᠠ ᠳᠤᠷᠠᠳᠬᠤ᠂ ᠬᠥᠭᠵᠢᠯᠲᠡ ᠶᠢ ᠰᠦᠪᠡᠭᠴᠢᠯᠡᠬᠦ ᠶᠠᠪᠤᠳᠠᠯ ᠪᠣᠯᠤᠨ᠎ᠠ᠃ ᠠᠵᠢᠯᠯᠠᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠬᠢᠬᠦ᠂ ᠤᠯᠠᠨ ᠲᠦᠮᠡᠨ ᠢ ᠰᠤᠷᠪᠤᠯᠵᠢᠯᠠᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠱᠠᠯᠠᠪᠳᠠᠭᠤᠯᠤᠨ ᠭᠦᠢᠴᠡᠳᠬᠡᠬᠦ ᠵᠡᠷᠭᠡ ᠠᠮᠢᠳᠤᠯᠢᠭ ᠤᠯᠠᠨ ᠶᠠᠩᠵᠤ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠥᠯᠥᠭᠡᠯᠡᠭᠴᠢᠳ ᠤᠨ ᠲᠤᠰᠢᠶᠠᠯ ᠢᠶᠠᠨ ᠭᠦᠢᠴᠡᠳᠬᠡᠬᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠲᠠᠶᠢᠴᠢᠯᠠᠨ᠂ ᠲᠥᠯᠥᠭᠡᠯᠡᠭᠴᠢᠳ ᠤᠨ ᠵᠠᠷᠢᠮ ᠨᠡᠶᠢᠲᠡᠯᠢᠭ ᠴᠢᠨᠠᠷᠲᠠᠢ᠂ ᠲᠦᠭᠡᠮᠡᠯ ᠴᠢᠨᠠᠷᠲᠠᠢ ᠠᠰᠠᠭᠤᠳᠠᠯ ᠳᠤ ᠰᠠᠨᠠᠭᠤᠯᠭ᠎ᠠ ᠳᠤᠷᠠᠳᠬᠤ ᠶᠢ ᠬᠦᠳᠦᠯᠦᠨ ᠵᠢᠯᠣᠭᠤᠳᠬᠤ ᠶᠢᠨ ᠬᠠᠮᠲᠤ ᠦᠩᠭᠡᠷᠡᠭᠰᠡᠨ ᠠᠵᠢᠯ ᠤᠨ ᠪᠠᠶᠢᠳᠠᠯ ᠢᠶᠠᠨ ᠡᠷᠭᠢᠴᠡᠭᠦᠯᠦᠨ  ᠳ᠋ᠦᠩᠨᠡᠵᠦ᠂ ᠡᠭᠡ ᠲᠠᠩᠰᠠ ᠶᠢᠨ ᠬᠠᠮᠢᠶᠠᠷᠤᠯᠲᠠ᠂ ᠲᠠᠩᠰᠠ ᠶᠢ ᠬᠠᠷᠭᠤᠭᠤᠯᠵᠤ ᠳ᠋ᠤᠭᠠᠷ ᠢ ᠨᠢ ᠬᠦᠴᠦᠨ ᠦᠭᠡᠢ ᠪᠣᠯᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠢᠢᠳᠪᠦᠷᠢᠯᠡᠵᠦ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠪᠠ᠃
图片12.png
        ᠰᠢᠨ ᠸᠠᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠲᠤᠰᠬᠠᠭᠰᠠᠨ C7 ᠵᠠᠮ ᠤᠨ ᠡᠴᠦᠰ ᠤᠨ ᠥᠷᠲᠡᠭᠡ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ ᠰᠢᠭᠤᠶᠢᠲᠤ ᠵᠡᠭᠡᠯᠢ ᠭᠤᠳᠤᠮᠵᠢ ᠶᠢᠨ ᠬᠤᠲᠠ ᠶᠢᠨ ᠲᠣᠭᠤᠷᠢᠭ ᠤᠨ ᠬᠥᠮᠦᠨ ᠴᠤᠭᠯᠠᠷᠠᠭᠰᠠᠨ ᠭᠠᠵᠠᠷ ᠲᠤ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠫᠠᠶᠢᠰᠠ ᠥᠬᠡᠶ ᠂ ᠣᠶᠢᠷ᠎ᠠ ᠬᠠᠪᠢ ᠶᠢᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠳᠤ ᠬᠦᠷᠬᠦ ᠵᠠᠮ ᠬᠤᠯᠠ᠂ ᠲᠡᠷᠭᠡᠨ ᠳᠤ ᠰᠠᠭᠤᠬᠤ ᠳᠤ ᠳᠥᠭᠦᠮ ᠦᠭᠡᠢ ᠵᠡᠷᠭᠡ ᠠᠰᠠᠭᠤᠳᠠᠯ ᠨᠢ᠂ ᠣᠯᠠᠨ ᠲᠦᠮᠡᠨ ᠤ ᠠᠮᠢᠳᠤᠷᠠᠯ ᠤᠨ ᠲᠤᠯᠭᠠᠮ᠎ᠠ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠪᠣᠯᠤᠭᠰᠠᠨ ᠪᠥᠭᠡᠳ ᠲᠥᠯᠥᠭᠡᠯᠡᠭᠴᠢᠳ ᠤᠨ ᠮᠠᠰᠢ ᠠᠩᠬᠠᠷᠴᠤ ᠪᠠᠶᠢᠭ᠎ᠠ ᠠᠰᠠᠭᠤᠳᠠᠯ ᠪᠣᠯᠵᠠᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠢ ᠭᠦᠢᠴᠡᠳᠭᠡᠵᠦ ᠨᠠᠶᠢᠳᠠᠪᠤᠷᠢᠵᠢᠭᠤᠯᠬᠤ ᠶᠢ ᠨᠡᠩ ᠰᠠᠶᠢᠳᠤᠷ ᠲᠦᠯᠬᠢᠨ ᠠᠬᠢᠭᠤᠯᠬᠤ ᠶᠢᠨ ᠲᠥᠯᠥᠭᠡ᠂ ᠰᠢᠭᠤᠶᠢᠳᠤ ᠲᠣᠭᠤᠷᠢᠭ ᠬᠡᠰᠡᠭ ᠬᠠᠷᠢᠶ᠎ᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ︽ᠪᠤᠭᠤᠲᠤ ᠶᠢᠨ ᠵᠡᠭᠦᠨ ᠥᠷᠲᠡᠭᠡ ᠠᠴᠠ ᠰᠢᠭᠤᠶᠢᠳᠤ ᠬᠠᠭᠤᠴᠢᠨ ᠲᠣᠭᠤᠷᠢᠭ ᠬᠦᠷᠬᠦ C7 ᠵᠠᠮ ᠤᠨ ᠨᠡᠶᠢᠳᠡ ᠶᠢᠨ ᠮᠠᠰᠢᠨ ᠲᠡᠷᠭᠡ ᠶᠢ ᠨᠡᠮᠡᠭᠳᠡᠭᠦᠯᠬᠦ ᠪᠠ ᠡᠭᠡᠯᠵᠢ ᠤᠳᠠᠭ᠎ᠠ ᠶᠢᠨ ᠲᠣᠬᠢᠷᠠᠭᠤᠯᠤᠯᠳᠠ ᠶᠢ ᠪᠠᠴᠢᠮ ᠰᠢᠢᠳᠪᠦᠷᠢᠯᠡᠬᠦ ᠲᠤᠬᠠᠢ ᠰᠠᠨᠠᠭᠤᠯᠭ᠎ᠠ︾ ᠶᠢᠨ ᠠᠬᠢᠴᠠ ᠶᠢᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ C7 ᠵᠠᠮ ᠤᠨ ᠨᠡᠶᠢᠳᠡ ᠶᠢᠨ ᠮᠠᠰᠢᠨ ᠲᠡᠷᠭᠡ ᠶᠢ ᠨᠡᠮᠡᠭᠳᠡᠭᠦᠯᠬᠦ ᠪᠠ ᠡᠭᠡᠯᠵᠢ ᠤᠳᠠᠭ᠎ᠠ ᠶᠢᠨ ᠲᠤᠬᠢᠷᠠᠭᠤᠯᠤᠯᠳᠠ ᠶᠢᠨ ᠠᠰᠠᠭᠤᠳᠠᠯ ᠤᠨ ᠰᠢᠢᠳᠪᠦᠷᠢᠯᠡᠯᠳᠡ ᠶᠢ ᠲᠦᠷᠭᠡᠳᠬᠡᠵᠦ᠂ ᠣᠯᠠᠨ ᠲᠦᠮᠡᠨ ᠤ ᠠᠩᠬᠠᠷᠴᠤ ᠪᠠᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠠᠩᠬ᠎ᠠ ᠠᠯᠬᠤᠮ ᠤᠨ ᠰᠢᠢᠳᠪᠦᠷᠢᠯᠡᠬᠦ ᠲᠥᠰᠦᠯ ᠢ ᠪᠣᠢ ᠪᠣᠯᠭᠠᠪᠠ᠃ 10 ᠳ᠋ᠤᠭᠠᠷ ᠰᠠᠷ᠎ᠠ ᠶᠢᠨ 23 ᠤ ᠡᠳᠦᠷ᠂ ᠡᠴᠦᠰ ᠲᠡᠭᠡᠨ C7 ᠵᠠᠮ ᠤᠨ ᠡᠴᠦᠰ ᠤᠨ ᠥᠷᠲᠡᠭᠡ ᠶᠢᠨ ᠴᠢᠬᠤᠯᠠ ᠤᠷᠳᠤᠳᠬᠠᠯ - ᠭᠤᠷᠪᠠᠨ ᠬᠡᠮᠵᠢᠯᠳᠦ ᠲᠠᠯᠠᠪᠠᠶ ᠶᠢᠨ ᠥᠷᠲᠡᠭᠡ ᠶᠢ ᠨᠡᠮᠡᠵᠦ᠂ ︽ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠲᠤᠰᠬᠠᠯ ᠲᠠᠢ︾ ᠪᠠᠶᠢᠬᠤ ᠶᠢ ᠦᠨᠡᠨ ᠬᠦ ᠪᠡᠶᠡᠯᠡᠭᠦᠯᠵᠦ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠣᠶᠢᠯᠠᠭᠠᠭᠳᠠᠬᠤᠨ ᠢ ᠬᠠᠷᠢᠶ᠎ᠠ ᠲᠣᠭᠤᠷᠢᠭ ᠲᠤ ᠴᠡᠴᠡᠭ ᠲᠡᠯᠭᠡᠷᠡᠭᠦᠯᠵᠦ ᠦᠷ᠎ᠡ ᠰᠠᠭᠤᠯᠭᠠᠪᠠ᠃
图片13.png
        ︽ᠭᠤᠣᠯ ᠰᠡᠳᠦᠪᠲᠦ ᠠᠵᠢᠯᠯᠠᠭ᠎ᠠ ︿ᠲᠠᠶᠢᠰᠠ ᠪᠠᠶᠢᠭᠤᠯᠵᠤ﹀ ᠂ ᠠᠷᠠᠳ ᠤᠨ ᠲᠥᠯᠥᠭᠡᠯᠡᠭᠴᠢᠳ ︿ᠰᠢ ᠲᠠᠭᠤᠯᠠᠬᠤ﹀ ᠪᠠᠷ ᠲᠠᠮᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠬᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠴᠤᠭ ᠵᠢᠪᠬᠤᠭ᠎ᠠ ᠶᠢ ᠢᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠢᠭᠡᠳ ᠰᠣᠩᠭᠤᠭᠤᠯᠢ ᠶᠢᠨ ᠠᠷᠠᠳ ᠤᠨ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠥᠷᠭᠡᠨ ᠢᠶᠠᠷ ᠤᠬᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠲᠤᠬᠠᠢ ᠢᠲᠡᠭᠡᠯ ᠢ ᠤᠯᠠᠮ ᠨᠢᠭᠡ ᠠᠯᠬᠤᠮ ᠪᠠᠲᠤᠳᠬᠠᠪᠠ︾ ᠭᠡᠵᠦ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠬᠠᠰ ᠭᠡᠯᠡᠵᠦ ᠪᠠᠶᠢᠯ᠎ᠠ᠃ ᠵᠠᠯᠭᠠᠭᠠᠳ ᠂ ᠰᠢᠭᠤᠶᠢᠲᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠠᠵᠢᠯ ᠤᠨ ᠲᠣᠭᠲᠠᠴᠠ ᠪᠠ ᠠᠷᠭ᠎ᠠ ᠬᠡᠯᠪᠡᠷᠢ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠲᠥᠯᠥᠭᠡᠯᠡᠭᠴᠢᠳ ᠢ ᠬᠠᠪᠰᠤᠷᠤᠨ ᠰᠠᠨᠠᠭᠤᠯᠭ᠎ᠠ ᠳᠤᠷᠠᠳᠬᠤ ᠶᠠᠰᠤ ᠴᠢᠨᠠᠷ ᠢ ᠨᠢ ᠬᠦᠴᠦᠯᠡᠨ ᠳᠡᠭᠡᠭᠰᠢᠯᠡᠭᠦᠯᠵᠦ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠶᠢᠨ ᠰᠠᠨᠠᠭᠤᠯᠭ᠎ᠠ ᠶᠢ ᠰᠢᠢᠳᠪᠦᠷᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠱᠠᠯᠠᠪᠳᠠᠭᠤᠯᠵᠤ᠂ ᠠᠰᠠᠭᠤᠳᠠᠯ ᠢ ᠰᠢᠢᠳᠪᠦᠷᠢᠯᠡᠬᠦ ᠪᠠ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨ ᠪᠣᠳᠠᠲᠠᠶ ᠪᠠᠷ ᠠᠬᠢᠭᠤᠯᠵᠤ᠂ ᠶᠠᠪᠤᠳᠠᠯ ᠪᠦᠬᠦᠨ ᠳᠤ ᠬᠠᠷᠢᠭᠤ ᠲᠤᠰᠬᠠᠯ ᠲᠠᠢ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠦᠨᠡᠨ ᠬᠦ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠡᠳᠬᠢᠯ ᠬᠠᠨᠤᠮᠵᠢᠲᠠᠶ ᠪᠣᠯᠭᠠᠵᠤ᠂ ᠠᠷᠠᠳ ᠤᠯᠠᠨ ᠢ ᠰᠡᠳᠬᠢᠯ ᠬᠠᠨᠤᠮᠵᠢᠲᠠᠶ ᠪᠣᠯᠭᠠᠬᠤ ᠪᠠᠷ ᠴᠢᠷᠮᠠᠶᠢᠬᠤ ᠪᠣᠯᠤᠨ᠎ᠠ᠃
图片14.png
 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号