ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠢᠮᠠᠭᠲᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢᠨ ︽ᠳᠠᠭᠤ ᠳᠠᠮᠵᠢᠭᠤᠯᠤᠭᠴᠢ︾ ᠪᠣᠯᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠢᠳᠡᠪᠬᠢᠲᠡᠶ ᠪᠠᠷ | ︽ᠪᠣᠳᠠᠲᠠᠢ ᠪᠠᠶᠢᠳᠠᠯ ᠳᠤ ᠪᠡᠶ᠎ᠡ ᠪᠠᠷ ᠢᠶᠠᠨ ᠲᠤᠯᠭᠠᠷᠠᠭᠰᠠᠨ ︾ ᠮᠡᠲᠦ ᠶᠢᠨ ᠤᠬᠠᠭᠤᠯᠤᠨ ᠲᠠᠶᠢᠯᠪᠤᠷᠢᠯᠠᠬᠤ ᠪᠠᠷ | ᠳᠠᠮᠵᠢᠭᠤᠯᠤᠨ᠂ ᠠᠭᠤᠯᠭ᠎ᠠ ᠶᠢᠨ ︽ᠬᠠᠩᠭᠠᠯᠭ᠎ᠠ ᠶᠢᠨ ᠲᠠᠯ᠎ᠠ︾ ᠶᠢ ᠴᠢᠬᠤᠯᠠᠴᠢᠯᠠᠵᠤ᠂ ᠦᠭᠡ ᠬᠡᠯᠡᠨ ᠤ ᠰᠠᠶᠢᠲᠤᠷ ︽ | ᠣᠷᠴᠢᠭᠤᠯᠤᠭᠴᠢ︾ ᠪᠣᠯᠵᠣ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠤ | ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠠᠶ᠃ | 11 ᠳ᠋ᠦ᠋ᠭᠡᠷ ᠰᠠᠷ᠎ᠠ ᠶᠢᠨ 1 ᠤ ᠡᠳᠦᠷ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠲᠠᠢ ᠬᠠᠮᠲᠤᠷᠠᠨ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠪᠠᠷ ᠠᠵᠤ ᠠᠬᠤᠶᠢᠯᠠᠯ ᠳᠤ ᠣᠷᠣᠵᠤ | ᠲᠥᠷᠥ ᠶᠢᠨ ᠪᠣᠳᠣᠯᠭ᠎ᠠ ᠬᠦᠷᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠣᠭᠤᠷᠢᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠭᠤᠤ ᠯᠢ ᠱᠧᠩ ᠨᠥᠬᠦᠷ ᠡᠬᠢᠯᠡᠯᠲᠡ ᠶᠢᠨ ᠶᠠᠷᠢᠶ᠎ᠠ | ᠲᠠᠯᠪᠢᠵᠤ᠂ 20 ᠭᠠᠷᠤᠶ ᠠᠵᠤ ᠠᠬᠤᠶᠢᠯᠠᠯ ᠠᠵᠢᠯᠯᠠᠭ᠎ᠠ ᠳᠤ ᠣᠷᠤᠯᠴᠠᠵᠤ᠂ ᠵᠣᠷᠢᠯᠭ᠎ᠠ ᠨᠢ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠣᠮᠧᠲ᠋ᠧᠷ︾ ᠢ ᠨᠡᠪᠲᠡᠷᠡᠭᠦᠯᠬᠦ ᠶᠢᠨ ᠲᠥᠯᠥᠭᠡ ᠶᠤᠮ᠃ | ᠠᠭᠤᠯᠭ᠎ᠠ ᠶᠢᠨ ︽ᠬᠠᠩᠭᠠᠯᠭ᠎ᠠ ᠶᠢᠨ ᠲᠠᠯ᠎ᠠ︾ ᠶᠢ ᠴᠢᠬᠤᠯᠠᠴᠢᠯᠠᠪᠠ᠃ ᠤᠬᠠᠭᠤᠯᠤᠨ ᠲᠠᠶᠢᠯᠪᠤᠷᠢᠯᠠᠬᠤ | ᠬᠤᠷᠠᠯ ᠳᠡᠭᠡᠷ᠎ᠡ᠂ ᠠᠵᠤ ᠠᠬᠤᠶᠢᠯᠠᠯ ᠤᠨ ᠨᠢᠭᠲᠠ ᠠᠩᠬᠠᠷᠴᠤ ᠪᠠᠶᠢᠭ᠎ᠠ ︽ᠪᠠᠭ᠎ᠠ ᠲᠠᠯ᠎ᠠ︾᠂ ︽ᠵᠢᠵᠢᠭ ᠶᠠᠪᠤᠳᠠᠯ︾ | ᠠᠴᠠ ᠭᠠᠷᠳᠠᠵᠤ᠂ ᠤᠬᠠᠭᠤᠯᠤᠨ ᠲᠠᠶᠢᠯᠪᠤᠷᠢᠯᠠᠬᠤ ᠶᠢᠨ ᠭᠠᠷᠳᠠᠬᠤ ᠴᠡᠭ ᠢ ᠠᠳᠬᠤᠵᠤ᠂ ᠠᠵᠢᠯ ᠦᠢᠯᠡᠰ ᠤᠨ | ᠣᠷᠣᠨ ᠲᠤᠭ᠎ᠠ ᠶᠢᠨ ᠠᠵᠤ ᠠᠬᠤᠶᠢᠯᠠᠯ ᠤᠨ ᠬᠡᠷᠡᠭᠯᠡᠬᠦ᠂ ᠤᠶᠠᠨ ᠴᠢᠨᠠᠷ ᠢᠶᠠᠷ ᠴᠢᠳᠠᠪᠤᠷᠢᠲᠠᠨ ᠢ ᠣᠷᠣᠭᠤᠯᠤᠨ | ᠠᠪᠴᠢᠷᠠᠬᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠤᠶᠠᠨ ᠴᠢᠨᠠᠷ ᠢᠶᠠᠷ ᠴᠢᠳᠠᠪᠤᠷᠢᠲᠠᠨ ᠢ ᠣᠷᠣᠭᠤᠯᠤᠨ | ᠠᠪᠴᠢᠷᠠᠬᠤ᠂ ᠦᠢᠯᠡᠰ ᠪᠤᠰᠬᠠᠬᠤ ᠲᠠᠭᠠᠭᠠᠴᠢᠯᠳᠠ ᠶᠢᠨ ᠵᠢᠭᠡᠯᠡᠯᠭᠡ ᠶᠢᠨ ᠲᠦᠷᠦ ᠶᠢᠨ ᠪᠤᠳᠤᠯᠭ᠎ᠠ᠂ ᠵᠠᠯᠠᠭᠤ | ᠴᠢᠳᠠᠪᠤᠷᠢᠲᠠᠨ ᠢ ᠱᠠᠩᠨᠠᠨ ᠬᠥᠬᠢᠭᠦᠯᠬᠦ ᠭᠤᠶᠤᠴᠢᠯᠠᠯ ᠵᠢᠴᠢ ᠲᠠᠷᠬᠠᠭᠠᠬᠤ ᠵᠡᠷᠭᠡ ᠲᠦᠷᠦ ᠶᠢᠨ ᠪᠤᠳᠤᠯᠭ᠎ᠠ ᠶᠢᠨ ᠲᠤᠬᠠᠢ | ᠲᠠᠶᠢᠯᠤᠮᠵᠢ ᠬᠢᠭᠰᠡᠨ ᠪᠥᠭᠡᠳ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠲᠦᠷᠦ ᠶᠢᠨ ᠪᠤᠳᠤᠯᠭ᠎ᠠ ᠭᠤᠶᠤᠴᠢᠯᠠᠬᠤ | ᠰᠠᠯᠠᠭ᠎ᠠ ᠮᠥᠴᠢᠷ᠂ ᠭᠤᠶᠤᠴᠢᠯᠠᠬᠤ ᠨᠥᠬᠦᠴᠡᠯ᠂ ᠭᠤᠶᠤᠴᠢᠯᠠᠬᠤ ᠶᠠᠪᠤᠴᠠ ᠵᠡᠷᠭᠡ ᠶᠢᠨ ᠲᠤᠭᠤᠷᠢᠨ ᠳᠤ ᠨᠢᠭᠤᠷᠳᠠᠨ | ᠶᠠᠷᠢᠯᠴᠠᠵᠤ᠂ ᠲᠡᠳᠡᠨ ᠳᠤ ᠨᠡᠩ ᠲᠦᠷᠭᠡᠨ ᠪᠥᠭᠡᠳ ᠳᠥᠭᠦᠮ ᠳᠥᠲᠡ ᠭᠤᠶᠤᠴᠢᠯᠠᠬᠤ ᠠᠷᠭ᠎ᠠ ᠬᠡᠯᠪᠡᠷᠢ ᠶᠢ | ᠬᠠᠩᠭᠠᠵᠤ᠂ ᠠᠵᠤ ᠠᠬᠤᠶᠢᠯᠠᠯ ᠤᠨ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠪᠡ᠃ | ᠦᠭᠡ ᠬᠡᠯᠡᠨ ᠤ ᠰᠠᠶᠢᠲᠤᠷ ︽ᠣᠷᠴᠢᠭᠤᠯᠤᠭᠴᠢ︾ ᠪᠣᠯᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ | ᠄ ︽ᠠᠵᠢᠯᠲᠠᠨ ᠮᠠᠨ ᠤ ᠰᠣᠨᠣᠰᠴᠤ ᠣᠶᠢᠯᠠᠭᠠᠬᠤ᠂ ᠰᠣᠨᠣᠰᠴᠤ ᠣᠷᠣᠬᠤ ︿ᠠᠮᠠᠨ ᠶᠠᠷᠢᠶ᠎ᠠ﹀᠂ ︿ᠡᠩ ᠤᠨ ᠦᠭᠡ﹀ | ᠂ ︿ᠨᠤᠲᠤᠭ ᠤᠨ ᠠᠶᠠᠯᠭᠤ﹀ ᠪᠠᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠤᠬᠠᠭᠤᠯᠵᠤ᠂ ᠪᠠᠰᠠ ᠡᠳᠦᠷ ᠲᠤᠲᠤᠮ ᠤᠨ ᠠᠵᠢᠯ ᠤᠨ ᠠᠭᠤᠯᠭ᠎ᠠ ᠲᠠᠢ | ᠤᠶᠠᠯᠳᠤᠭᠤᠯᠤᠨ᠂ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠥᠷᠥ ᠶᠢᠨ ᠪᠣᠳᠣᠯᠭ᠎ᠠ ᠶᠢ ᠮᠠᠨ ᠤ ᠰᠡᠳᠬᠢᠯ ᠳᠤ | ᠬᠠᠳᠠᠩᠰᠢᠭᠤᠯᠵᠤ᠂ ᠪᠢᠳᠡᠨ ᠳᠤ ᠮᠠᠰᠢ ᠣᠯᠠᠨ ᠠᠰᠢᠭ ᠠᠪᠴᠢᠷᠠᠵᠤ ᠥᠭᠴᠡᠶ᠂ ᠬᠤᠶᠢᠰᠢᠳᠠ ᠪᠢᠳᠡ ᠪᠠᠰᠠ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠢᠯᠡᠭᠦᠬᠡᠨ ᠨᠡᠪᠲᠡᠷᠡᠯᠴᠡᠭᠡ | ᠰᠣᠯᠢᠯᠴᠠᠭ᠎ᠠ ᠬᠢᠨ᠎ᠡ︾ ᠭᠡᠵᠦ ᠢᠯᠡᠷᠭᠡᠶᠢᠯᠡᠵᠡᠢ᠃ | ᠲᠣᠰ ᠤᠳᠠᠭᠠᠨ ᠤ ᠠᠵᠢᠯᠯᠠᠭ᠎ᠠ ᠳᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠲᠥᠷᠥᠯ ᠤᠨ | ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠷᠢᠯᠢᠭ ᠣᠨᠤᠪᠴᠢᠳᠠᠢ ᠪᠠᠷ ᠬᠦᠷᠭᠡᠵᠦ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ︽ | ᠡᠴᠦᠰ ᠤᠨ ᠨᠢᠭᠡ ᠺᠢᠯᠥᠮᠧᠲᠷ︾ ᠢ ᠨᠡᠪᠲᠡᠷᠡᠭᠦᠯᠪᠡ᠂ ᠬᠤᠶᠢᠰᠢᠳᠠ ᠮᠠᠨ ᠤ ᠲᠣᠪᠴᠢᠶ᠎ᠠ ᠤᠯᠠᠮᠵᠢᠯᠠᠯᠲᠤ ᠰᠦᠯᠵᠢᠶᠡᠨ ᠤ | ᠭᠠᠳᠠᠭᠤᠷᠬᠢ ᠤᠬᠠᠭᠤᠯᠤᠨ ᠲᠠᠶᠢᠯᠪᠤᠷᠢᠯᠠᠬᠤ ᠵᠢᠭᠰᠠᠭᠠᠯ ᠤᠨ ᠭᠠᠵᠠᠷ ᠢ ᠦᠷᠭᠦᠯᠵᠢᠯᠡᠨ ᠪᠠᠬᠢᠵᠢᠭᠦᠯᠵᠦ᠂ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠣᠶᠢᠷᠠᠳᠴᠤ᠂ ᠠᠵᠤ ᠠᠬᠤᠶᠢᠯᠠᠯ ᠳᠤ ᠭᠦᠨᠵᠡᠭᠡᠶᠢᠷᠡᠨ᠂ ᠡᠭᠦᠨ ᠤ | ᠬᠠᠮᠳᠤ ᠰᠢᠨ᠎ᠡ ᠪᠠᠷ ᠪᠣᠶ ᠪᠣᠯᠤᠭᠰᠠᠨ ᠤᠬᠠᠭᠤᠯᠤᠨ ᠲᠠᠶᠢᠯᠪᠤᠷᠢᠯᠠᠬᠤ ᠠᠷᠭ᠎ᠠ ᠵᠠᠮ ᠢ ᠢᠳᠡᠪᠬᠢᠲᠡᠶ ᠥᠷᠭᠡᠳᠬᠡᠵᠦ᠂ | ᠢᠨᠲ᠋ᠧᠷ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠲᠠᠪᠴᠠᠩ ᠢ ᠭᠦᠢᠴᠡᠳ ᠠᠰᠢᠭᠯᠠᠨ᠂ ᠰᠦᠯᠵᠢᠶᠡᠨ ᠳᠡᠭᠡᠷᠡᠬᠢ | ᠤᠬᠠᠭᠤᠯᠤᠨ ᠲᠠᠶᠢᠯᠪᠤᠷᠢᠯᠠᠬᠤ᠂ ᠸᠢᠳᠢᠤ᠋ ᠪᠠᠷ ᠲᠠᠶᠢᠯᠪᠤᠷᠢᠯᠠᠬᠤ ᠵᠡᠷᠭᠡ ᠦᠢᠯᠡᠴᠢᠯᠡᠭᠡ ᠶᠢ ᠭᠠᠷᠭᠠᠵᠤ᠂ ᠠᠵᠤ | ᠠᠬᠤᠶᠢᠯᠠᠯ ᠢ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠶᠠᠮᠠᠷᠪᠠ ᠴᠠᠭ ᠶᠠᠮᠠᠷᠪᠠ | ᠭᠠᠵᠠᠷ ᠲᠤ ᠰᠤᠷᠤᠯᠴᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠦᠷ᠎ᠡ ᠠᠰᠢᠭ ᠢ | ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ | | | |