ᠴᠠᠬᠢᠯᠭᠠᠨ ᠴᠡᠨᠡᠭᠯᠡᠨ ᠡᠨᠧᠷᠬᠢ ᠬᠠᠳᠠᠭᠠᠯᠠᠵᠤ ᠲᠡᠰ ᠲᠡᠪᠰᠢᠭᠦᠯᠬᠦ — ᠰᠢᠭᠤᠶᠢᠲᠤ ᠲᠣᠭᠤᠷᠢᠭ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ ᠰᠠᠶᠢᠲᠤᠷ ᠲᠤᠷᠰᠢᠯᠭ᠎ᠠ ᠬᠠᠷᠠᠭ᠎ᠠ ᠪᠢᠯᠬᠠᠮ᠎ᠠ
ᠨᠡᠶᠢᠲᠡᠯᠡᠭᠰᠡᠨ ᠴᠠᠭ᠄
2024/11/29
        11 ᠳ᠋ᠦ᠋ᠭᠡᠷ ᠰᠠᠷ᠎ᠠ ᠶᠢᠨ 8 ᠤ ᠡᠳᠦᠷ᠂ ᠰᠢᠭᠤᠶᠢᠳᠤ ᠲᠣᠭᠤᠷᠢᠭ ᠤᠳᠤᠷᠢᠳᠬᠤ ᠺᠠᠳ᠋ᠷᠴᠤᠳ ᠤᠨ ︽ᠴᠠᠬᠢᠯᠭᠠᠨ ᠴᠡᠨᠡᠭᠯᠡᠨ ᠡᠨᠧᠷᠭᠢ ᠬᠠᠳᠠᠭᠠᠯᠠᠬᠤ︾ ᠤᠯᠤᠰ ᠲᠥᠷᠥ ᠶᠢᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠠᠩᠭᠢ ᠵᠢᠴᠢ ᠵᠠᠯᠠᠭᠤ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠤ ᠵᠢᠳᠬᠦᠯ ᠴᠢᠷᠮᠠᠶᠢᠯᠭ᠎ᠠ ᠭᠠᠷᠭᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠵᠢᠴᠢ ︽ᠰᠢᠢᠳᠪᠦᠷᠢᠯᠡᠭᠳᠡᠬᠦᠢ ᠰᠡᠳᠬᠢᠬᠦᠶ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠶ ᠰᠡᠳᠦᠪᠲᠦ ᠠᠵᠢᠯᠯᠠᠭ᠎ᠠ ︵ᠥᠷᠭᠡᠳᠬᠡᠭᠰᠡᠨ︶ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠵᠦ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠱᠣᠤ ᠸᠧᠨ ᠰᠢᠶᠠᠩ ᠢ ᠤᠷᠢᠵᠤ ︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠺᠠᠳ᠋ᠷᠴᠣᠳ ᠳᠠᠬᠢ ᠱᠠᠭᠠᠷᠳᠠᠯᠭ᠎ᠠ︾ ᠶᠢᠨ ᠲᠤᠬᠠᠶ ᠲᠤᠰᠬᠠᠶ ᠰᠡᠳᠦᠪᠲᠦ ᠵᠢᠯᠣᠭᠤᠳᠣᠯᠭ᠎ᠠ ᠬᠢᠯᠭᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃        ᠪᠦᠬᠦ ᠲᠣᠭᠤᠷᠢᠭ ᠤᠨ ᠭᠡᠷ ᠲᠡᠭᠡᠨ ᠪᠠᠶᠢᠭ᠎ᠠ ᠰᠢᠶᠠᠨ ᠤ ᠱᠠᠲᠤᠨ ᠤ ᠺᠠᠳ᠋ᠷ᠂ ᠪᠦᠬᠦ ᠲᠣᠭᠤᠷᠢᠭ ᠤᠨ ᠰᠠᠯᠠᠭᠠᠨ ᠲᠡᠰ ᠤᠨ ᠺᠠᠳ᠋ᠷ᠂ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠳᠡᠳ᠋ ᠱᠦᠵᠢ᠂ ᠨᠢᠭᠡᠳᠦᠭᠡᠷ ᠱᠦᠵᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠭᠠᠨ ᠵᠢᠯᠣᠭᠤᠳᠣᠭᠴᠢ ᠶᠢ ︽ᠬᠠᠮᠲᠤ ᠰᠤᠷᠤᠭᠴᠢ ᠶᠢᠨ ᠴᠠᠭ ᠦᠶ᠎ᠡ︾ ᠵᠠᠯᠠᠭᠤ ᠺᠠᠳ᠋ᠷ ᠤᠨ ᠰᠤᠷᠤᠯᠴᠠᠯᠭ᠎ᠠ ᠳᠤ ᠣᠷᠤᠯᠴᠠᠭᠤᠯᠪᠠ᠃        ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠠᠶᠢᠷ᠎ᠠ ᠰᠡᠳᠬᠢᠯᠭᠡ ᠲᠠᠢ᠂ ᠠᠬᠤᠢ ᠪᠠᠶᠢᠳᠠᠯ ᠲᠠᠢ᠂ ᠡᠷᠴᠢ ᠵᠣᠷᠢᠭ ᠲᠠᠢ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠠᠵᠢᠯ ᠤᠨ ᠪᠠᠶᠢᠷᠢ ᠶᠢᠨ ᠤᠬᠠᠮᠰᠠᠷ ᠢᠶᠠᠨ ᠴᠢᠩᠭᠠᠳᠬᠠᠵᠤ᠂ ᠪᠡᠶ᠎ᠡ ᠪᠠᠷ ᠢᠶᠠᠨ ᠬᠡᠪ ᠲᠦᠷᠢᠮ ᠪᠣᠯᠬᠤ ᠶᠢ ᠪᠠᠷᠢᠮᠲᠠᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠵᠥᠪ ᠣᠨᠣᠪᠴᠢᠲᠠᠢ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ᠂ ᠴᠤᠭ ᠰᠦᠯᠳᠡ ᠪᠠᠷ ᠪᠢᠯᠬᠠᠵᠤ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ ᠪᠣᠬᠢᠷᠲᠤᠯ ᠦᠭᠡᠢ ᠨᠡᠭᠦᠷᠡᠰᠦᠳᠦᠷᠦᠭᠴᠢ ᠪᠠᠭ᠎ᠠ ᠢᠯᠡ ᠲᠣᠳᠣ ᠣᠨᠴᠠᠯᠢᠭᠳᠤ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠦᠭᠵᠢᠭᠰᠡᠨ ᠲᠦᠷᠦᠭᠦᠴᠢ ᠬᠡᠷᠡᠭᠵᠢᠭᠦᠯᠬᠦ ᠣᠷᠣᠨ ᠢ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠴᠢᠳᠠᠮᠠᠭᠠᠶ ᠪᠠᠷ ᠠᠷᠭ᠎ᠠ ᠰᠦᠪᠡᠭᠴᠢᠯᠡᠵᠦ᠂ ᠴᠢᠳᠠᠮᠠᠭᠠᠶ ᠪᠠᠷ ᠬᠢᠵᠦ᠂ ᠴᠢᠳᠠᠮᠠᠭᠠᠶ ᠪᠠᠷ ᠪᠦᠲᠦᠭᠡᠵᠦ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ︽ᠰᠢᠢᠳᠪᠦᠷᠢᠯᠡᠭᠳᠡᠬᠦᠢ ᠰᠡᠳᠬᠢᠬᠦᠶ︾ ᠶᠢ ᠪᠣᠶ ᠪᠣᠯᠭᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠠᠰᠠᠭᠤᠳᠠᠯ ᠢ ᠰᠢᠢᠳᠪᠦᠷᠢᠯᠡᠪᠡ᠃ ᠪᠡᠶ᠎ᠡ ᠪᠠᠨ ᠱᠠᠭᠠᠷᠳᠠᠨ᠂ ᠰᠢᠨᠤᠯ ᠦᠭᠡᠢ᠂ ᠲᠣᠪ ᠲᠣᠳᠤᠷᠬᠠᠢ ᠪᠠᠷ ᠪᠡᠶ᠎ᠡ ᠣᠷᠤᠰᠢᠵᠤ ᠬᠦᠯ ᠲᠣᠭᠳᠠᠨᠢᠨ᠂ ︽ᠭᠤᠷᠪᠠᠨ ᠱᠤᠭᠤᠮ︾ ᠢ ᠪᠠᠲᠤ ᠰᠠᠬᠢᠵᠤ᠂ ︽ᠵᠢᠷᠭᠤᠭᠠᠨ ᠳᠠᠩᠰᠠ︾ ᠶᠢ ᠰᠠᠶᠢᠲᠤᠷ ᠪᠤᠳᠤᠵᠤ᠂ ᠲᠥᠪ ᠴᠢᠬᠡᠴᠢ ᠪᠠᠷ ᠬᠥᠮᠦᠨ ᠪᠤᠯᠵᠤ᠂ ᠠᠷᠢᠭᠤᠨ ᠴᠢᠬᠡᠴᠢ ᠪᠠᠷ ᠨᠣᠶᠠᠨ ᠰᠠᠭᠤᠵᠤ ᠠᠵᠢᠯ ᠢᠶᠠᠨ ᠭᠦᠢᠴᠡᠳᠬᠡᠬᠦ ᠬᠡᠷᠡᠭᠳᠡᠢ ᠭᠡᠵᠦ ᠴᠢᠬᠤᠯᠠᠴᠢᠯᠠᠪᠠ᠃        ᠪᠣᠯᠪᠠᠰᠤᠷᠠᠯ ᠳᠤ ᠣᠷᠣᠯᠴᠠᠭᠰᠠᠳ᠂ ᠲᠣᠰ ᠤᠳᠠᠭᠠᠨ ᠤ ᠪᠣᠯᠪᠠᠰᠤᠷᠠᠯ ᠪᠣᠯ ᠨᠢᠭᠡ ᠤᠳᠠᠭᠠᠨ ᠤ ᠡᠷᠬᠢᠮ ᠨᠠᠨᠳᠢᠨ ᠰᠤᠷᠤᠯᠴᠠᠬᠤ ᠲᠣᠬᠢᠶᠠᠯ ᠮᠥᠨ᠂ ᠬᠤᠶᠢᠰᠢᠳᠠ ᠶᠢᠨ ᠠᠵᠢᠯ ᠤᠨ ᠳᠤᠮᠳᠠ ᠨᠠᠩ ᠥᠨᠳᠥᠷ ᠤᠯᠤᠰ ᠲᠥᠷᠥ ᠶᠢᠨ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠲᠣᠰ ᠪᠡᠶ᠎ᠡ ᠶᠢᠨ ᠤᠯᠤᠰ ᠲᠥᠷᠥ ᠶᠢᠨ ᠬᠡᠪ ᠪᠣᠯᠪᠠᠰᠤᠷᠠᠯ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠣᠷᠣᠭᠰᠠᠨ ᠣᠨᠣᠯ ᠤᠨ ᠮᠡᠳᠡᠯᠭᠡ ᠪᠠᠨ ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠵᠦ᠂ ᠢᠳᠡᠪᠬᠢᠲᠡᠶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︽ᠰᠢᠢᠳᠪᠦᠷᠢᠯᠡᠭᠳᠡᠬᠦᠢ ᠰᠡᠳᠬᠢᠬᠦᠶ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠶᠢ ᠲᠡᠭᠡᠭᠰᠢᠯᠡᠭᠦᠯᠦᠨ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠶ ᠰᠡᠳᠦᠪᠲᠦ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠪᠠᠷ ᠡᠯ᠎ᠡ ᠵᠦᠢᠯ ᠤᠨ ᠠᠵᠢᠯ ᠤᠨ ᠬᠠᠮᠤᠭ ᠤᠨ ᠰᠢᠯᠢᠳᠡᠭ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃ 
 
ᠢᠷᠡᠯᠲᠡ᠄ ᠪᠠᠭ᠋ᠠᠷᠬᠠᠯᠲᠤ ᠰᠢᠭᠤᠶᠢᠲᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号