ᠤᠯᠠᠨ ᠲᠦᠮᠡᠨ ᠢ ᠰᠤᠷᠪᠤᠯᠵᠢᠯᠠᠵᠤ ᠡᠷᠡᠭᠦᠯ ᠮᠡᠨᠳᠦ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/12/10
        ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠶ ᠵᠣᠯᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ ᠠᠵᠢᠯ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠥᠷᠨᠢᠬᠦ ᠶᠢ ᠪᠠᠲᠤᠯᠠᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 4 ᠤ ᠡᠳᠦᠷ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠪᠠᠭ 5 ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠲᠤᠬᠠᠶ ᠶᠢᠨ ᠭᠠᠵᠠᠷ ᠲᠤᠨᠢ ᠡᠷᠦᠬᠡ ᠳᠤ ᠬᠦᠷᠴᠦ ᠬᠤᠶᠠᠷ ᠡᠷᠡᠭᠦᠯ ᠬᠠᠮᠠᠭᠠᠯᠠᠯ ᠤᠨ ᠬᠤᠷᠢᠶ᠎ᠠ᠂ ᠨᠢᠭᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠲᠡᠳᠡᠨ ᠤ ᠬᠠᠷᠢᠶ᠎ᠠ ᠣᠷᠣᠨ ᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠬᠠᠮᠤᠷᠤᠨ᠎ᠠ︶᠂ ᠶᠠᠳᠠᠭᠤ ᠠᠴᠠ ᠠᠩᠭᠢᠵᠢᠷᠠᠭᠰᠠᠨ ᠡᠷᠦᠬᠡ ᠵᠢᠴᠢ ᠬᠢᠨᠠᠨ ᠬᠡᠮᠵᠢᠬᠦ ᠡᠷᠦᠬᠡ ᠶᠢᠨ ᠬᠡᠷ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠪᠠ᠃
1.jpg
        ᠲᠣᠰ ᠤᠳᠠᠭᠠᠨ ᠤ ᠰᠢᠮᠳᠠᠭᠤᠯᠤᠨ ᠵᠢᠯᠣᠭᠤᠳᠬᠤ ᠳᠤ ᠮᠠᠲ᠋ᠧᠷᠢᠶᠠᠯ ᠢ ᠪᠠᠶᠢᠴᠠᠭᠠᠨ ᠦᠵᠡᠬᠦ᠂ ᠡᠷᠦᠬᠡ ᠳᠤ ᠬᠦᠷᠴᠦ ᠰᠤᠷᠪᠤᠯᠵᠢᠯᠠᠬᠤ ᠠᠷᠭ᠎ᠠ ᠮᠠᠶ᠋ᠢᠭ ᠢ ᠠᠪᠴᠤ᠂ 30 ᠵᠦᠢᠯ ᠤᠨ ᠬᠦᠨᠳᠦ ᠡᠪᠡᠳᠴᠢᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠪᠠᠶᠢᠳᠠᠯ᠂ ᠤᠳᠠᠭᠠᠨ ᠴᠢᠨᠠᠷᠲᠠᠶ ᠡᠪᠡᠳᠴᠢᠨ ᠤ ᠭᠡᠷ᠎ᠡ ᠲᠣᠭᠲᠠᠵᠤ ᠦᠢᠯᠡᠴᠢᠯᠡᠬᠦ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮ ᠤᠨ ᠵᠦᠢᠯ ᠤᠨ ᠲᠣᠬᠢᠷᠠᠭᠤᠯᠤᠯᠲᠠ ᠵᠢᠴᠢ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ᠂ ᠬᠥᠳᠡᠭᠡ ᠲᠣᠰᠬᠤᠨ ᠤ ᠡᠮᠴᠢᠯᠡᠭᠡᠨ ᠤ ᠦᠢᠯᠡᠴᠢᠯᠡᠭᠡ ᠪᠠ ᠬᠠᠮᠢᠶ᠎ᠠ ᠪᠥᠬᠦᠶ ᠡᠬᠡ ᠲᠠᠩᠰᠠ ᠶᠢ ᠡᠮᠬᠢᠯᠡᠬᠦ ᠵᠡᠷᠭᠡ ᠠᠵᠢᠯ ᠢ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠪᠠ᠃ ᠢᠯᠡᠷᠡᠭᠦᠯᠦᠭᠰᠡᠨ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠲᠤᠬᠠᠶ ᠶᠢᠨ ᠲᠠᠯᠠᠪᠠᠢ ᠳᠤ ᠵᠢᠯᠣᠭᠤᠳᠬᠤ ᠰᠠᠨᠠᠯ ᠵᠢᠴᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠬᠤ ᠶᠢᠨ ᠬᠠᠮᠲᠤ ᠵᠢᠯ ᠤᠨ ᠡᠴᠦᠰ ᠤᠨ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃
2.jpg
        ᠬᠢᠨᠠᠨ ᠵᠢᠯᠣᠭᠤᠳᠬᠤ ᠠᠵᠢᠯ ᠤᠨ ᠳᠤᠮᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢᠶᠠᠷ ᠭᠠᠷᠳᠠᠴᠠ ᠪᠣᠯᠭᠠᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠤᠭᠤᠳ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠵᠢᠷᠤᠮᠵᠢᠭᠤᠯᠤᠨ ᠡᠮᠬᠢᠯᠡᠵᠦ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠬᠢᠨᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ  ᠦᠢᠯᠡᠴᠢᠯᠡᠬᠦ ᠪᠠ ᠤᠳᠠᠭᠠᠨ ᠴᠢᠨᠠᠷᠲᠠᠶ ᠡᠪᠡᠳᠴᠢᠨ ᠢ ᠭᠦᠢᠴᠡᠳᠬᠡᠬᠦ᠂ ᠤᠷᠢᠳᠠᠪᠠᠷ ᠣᠨᠣᠰᠢᠯᠠᠨ ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ ᠵᠡᠷᠭᠡ ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠤᠬᠠᠭᠤᠯᠭ᠎ᠠ ᠥᠷᠨᠢᠭᠦᠯᠵᠦ᠂ ᠣᠶᠢᠯᠠᠭᠠᠬᠤ ᠨᠣᠷᠮ᠎ᠠ ᠪᠠᠨ ᠳᠡᠭᠡᠭᠰᠢᠯᠡᠭᠦᠯᠦᠨ᠂ ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ ᠡᠲᠡᠭᠡᠳ ᠤᠨ ᠬᠦᠷᠲᠡᠮᠵᠢ ᠶᠢᠨ ᠲᠥᠷᠥᠭᠳᠡᠯ ᠢ  ᠦᠨᠡᠨ  ᠬᠦ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
Ƽ.jpg
        ᠲᠣᠰ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠨᠢ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ︵ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠠᠭᠲᠠᠨ᠎ᠠ︶ ᠶᠢᠨ ᠣᠶᠢᠷ᠎ᠠ ᠶᠢᠨ ᠬᠤᠭᠤᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠡᠷᠡᠭᠦᠯ ᠮᠡᠨᠳᠦ ᠶᠢ ᠬᠠᠪᠰᠤᠷᠤᠨ ᠲᠡᠳᠬᠦᠬᠦ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠬᠤ ᠳᠤ ᠠᠰᠢᠭᠲᠠᠶ ᠪᠠᠶᠢᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠳᠤ ᠢᠳᠡᠪᠬᠢᠲᠡᠶ ᠦᠢᠯᠡᠳᠦᠯ ᠲᠠᠢ ᠶᠤᠮ᠃ ᠵᠠᠯᠭᠠᠭᠠᠳ᠂ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠱᠠᠯᠠᠪᠳᠠᠭᠤᠯᠤᠨ ᠵᠢᠯᠣᠭᠤᠳᠴᠤ ᠢᠯᠡᠷᠡᠭᠦᠯᠦᠭᠰᠡᠨ ᠠᠰᠠᠭᠤᠳᠠᠯ ᠳᠤ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠮᠡᠭᠴᠡ ᠥᠭᠡᠷᠡᠴᠢᠯᠡᠬᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠱᠠᠯᠠᠪᠳᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠪᠣᠯᠤᠨ᠎ᠠ᠃ 
 
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号