ᠵᠣᠷ ᠤᠨ ᠬᠠᠮᠢᠶᠠᠷᠤᠯᠲᠠ ᠶᠢ ᠴᠢᠩᠭᠠᠳᠭᠠᠵᠤ ᠡᠮ ᠬᠡᠷᠡᠭᠯᠡᠬᠦ ᠶᠢ ᠵᠦᠢ ᠵᠣᠬᠢᠰᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2024/12/10
        ᠵᠣᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠮᠨᠡᠯᠭᠡ ᠶᠢᠨ ᠠᠵᠢᠯᠲᠠᠨ ᠤ ᠵᠦᠶ ᠵᠣᠬᠢᠰᠲᠠᠶ ᠡᠮ ᠬᠡᠷᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠮᠴᠢᠯᠡᠭᠡᠨ ᠤ ᠵᠠᠰᠠᠯᠲᠠ ᠪᠠ ᠡᠮᠴᠢᠯᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 11ᠳ᠋ᠦ᠋ᠭᠡᠷ ᠰᠠᠷ᠎ᠠ ᠶᠢᠨ 27 ᠤ ᠡᠳᠦᠷ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠡᠮ ᠤᠨ ᠵᠣᠷ ᠢ ᠵᠢᠷᠤᠮᠵᠢᠭᠤᠯᠤᠨ ᠬᠠᠮᠢᠶᠠᠷᠬᠤ ᠵᠢᠴᠢ ᠵᠦᠶ ᠵᠣᠬᠢᠰᠲᠠᠶ ᠡᠮ ᠬᠡᠷᠡᠭᠯᠡᠬᠦ ᠬᠠᠮᠢᠶ᠎ᠠ ᠪᠥᠬᠦᠶ ᠮᠡᠳᠡᠯᠭᠡ ᠶᠢᠨ ᠪᠣᠯᠪᠠᠰᠤᠷᠠᠯ ᠤᠨ ᠬᠤᠷᠠᠯ ᠬᠢᠪᠠ᠃
加强处方管理 促进合理用药.jpg
        ᠬᠤᠷᠠᠯ ᠳᠡᠭᠡᠷ᠎ᠡ ︽ᠵᠣᠷ ᠤᠨ ᠬᠠᠮᠢᠶᠠᠷᠤᠯᠲᠠ ᠶᠢᠨ ᠠᠷᠭ᠎ᠠ︾᠂ ︽ᠣᠷᠳᠣ ᠬᠤᠭᠤᠴᠠᠭᠠᠨ ᠤ ᠵᠣᠷ ᠤᠨ ᠬᠠᠮᠢᠶᠠᠷᠤᠯᠲᠠ ᠶᠢᠨ ᠵᠢᠷᠤᠮᠵᠢᠯ︾ ᠵᠡᠷᠭᠡ ᠳᠤ ᠨᠠᠷᠢᠨ ᠲᠠᠶᠢᠯᠤᠮᠵᠢ ᠬᠢᠵᠦ᠂ ᠵᠣᠷ ᠤᠨ ᠭᠠᠷᠭᠠᠭᠰᠠᠨ ᠵᠠᠷᠴᠢᠮ᠂ ᠬᠢᠨᠠᠨ ᠬᠠᠷᠭᠤᠭᠤᠯᠬᠤ᠂ ᠡᠮ ᠲᠠᠷᠬᠠᠭᠠᠬᠤ ᠦᠨᠳᠦᠰᠦᠨ ᠱᠠᠭᠠᠷᠳᠠᠯᠭ᠎ᠠ ᠵᠢᠴᠢ ᠵᠣᠷ ᠤᠨ ᠦᠨᠡᠯᠡᠯᠲᠡ ᠶᠢᠨ ᠠᠬᠤᠶ ᠪᠠᠶᠢᠳᠠᠯ᠂ ᠵᠣᠷᠢᠯᠭ᠎ᠠ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠴᠢᠬᠤᠯᠠ ᠠᠭᠤᠯᠭ᠎ᠠ ᠳᠤ ᠲᠠᠶᠢᠯᠤᠮᠵᠢ ᠬᠢᠬᠦ ᠶᠢᠨ ᠬᠠᠮᠲᠤ᠂ ᠡᠳᠦᠷ ᠲᠤᠲᠤᠮ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠡᠪᠡᠳᠴᠢᠨ ᠤ ᠥᠩᠭᠡᠷᠡᠯᠲᠡ ᠳᠤ ᠣᠷᠣᠰᠢᠵᠤ ᠪᠠᠶᠢᠭ᠎ᠠ ᠨᠡᠶᠢᠲᠡᠯᠢᠭ ᠴᠢᠨᠠᠷ ᠪᠠ ᠨᠡᠶᠢᠲᠡᠯᠢᠭ ᠴᠢᠨᠠᠷᠲᠠᠶ ᠠᠰᠠᠭᠤᠳᠠᠯ ᠳᠤ ᠨᠢᠭᠡᠳ ᠨᠢᠭᠡ ᠪᠠᠷ ᠨᠠᠷᠢᠨ ᠦᠨᠡᠯᠡᠯᠲᠡ ᠬᠢᠵᠦ ᠵᠠᠳᠠᠯᠤᠯᠲᠠ ᠬᠢᠪᠠ᠃        ᠲᠣᠰ ᠤᠳᠠᠭᠠᠨ ᠤ ᠵᠣᠷ ᠤᠨ ᠵᠢᠷᠤᠮᠵᠢᠭᠰᠠᠨ ᠬᠠᠮᠢᠶᠠᠷᠤᠯᠲᠠ ᠪᠣᠯᠪᠠᠰᠤᠷᠠᠯ ᠢᠶᠠᠷ ᠳᠡᠮᠵᠢᠨ᠂ ᠡᠮᠨᠡᠯᠭᠡ ᠶᠢᠨ ᠠᠵᠢᠯᠲᠠᠳ ᠡᠮ ᠤᠨ ᠵᠣᠷ ᠢ ᠵᠢᠷᠤᠮᠵᠢᠭᠤᠯᠬᠤ᠂ ᠵᠦᠶ ᠵᠣᠬᠢᠰᠲᠠᠶ ᠡᠮ ᠬᠡᠷᠡᠭᠯᠡᠬᠦ ᠲᠤᠬᠠᠶ ᠣᠶᠢᠯᠠᠭᠠᠯᠲᠠ ᠪᠠ ᠡᠵᠡᠮᠰᠢᠯ ᠢᠶᠠᠨ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠵᠦᠶ ᠵᠣᠬᠢᠰᠲᠠᠶ ᠡᠮ ᠬᠡᠷᠡᠭᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠰᠠᠭᠤᠷᠢ ᠶᠢ ᠪᠠᠲᠤᠳᠬᠠᠵᠠᠶ᠃ ᠲᠠᠷᠠᠭᠠᠴᠢ ᠶᠢᠨ ᠠᠯᠬᠤᠮ ᠳᠤ᠂ ᠪᠠᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠡᠮᠨᠡᠯᠭᠡ ᠶᠢᠨ ᠠᠵᠢᠯᠲᠠᠨ ᠤ ᠬᠥᠮᠦᠵᠢᠯ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ᠂ ᠡᠮᠨᠡᠯᠭᠡ ᠶᠢᠨ ᠠᠵᠢᠯᠲᠠᠨ ᠤ ᠲᠤᠰᠬᠠᠶ ᠮᠡᠷᠭᠡᠵᠢᠯ ᠤᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠬᠤ ᠪᠣᠯᠤᠨ᠎ᠠ᠃ 
 
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号