ᠪᠥᠬᠦ ᠲᠣᠭᠤᠷᠢᠭ ᠤᠨ ᠡᠯ᠎ᠡ ᠰᠤᠷᠭᠠᠭᠤᠯᠢ ᠶᠢᠨ ᠪᠠᠭᠰᠢ ᠰᠤᠷᠤᠭᠴᠢᠳ ᠤᠨ ᠠᠮᠤᠷ ᠲᠦᠪᠰᠢᠨ ᠢ ᠦᠨᠡᠨ ᠬᠦ | ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ 12 ᠳ᠋ᠤᠭᠠᠷ ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠤ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠤ | ᠠᠵᠢᠯ ᠤᠨ ᠲᠣᠭᠲᠠᠮᠠᠯ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠠᠴᠠ ᠶᠡᠷᠦᠩᠬᠡᠶ ᠱᠦᠵᠢ | ᠰᠢ ᠶᠢᠨ ᠫᠢᠩ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ᠂ ᠪᠤᠭᠤᠲᠤ ᠬᠤᠲᠠ᠂ ᠰᠢᠭᠤᠶᠢᠲᠤ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ | ᠬᠤᠷᠠᠯ ᠤᠨ ᠵᠣᠷᠢᠭ ᠰᠠᠨᠠᠭ᠎ᠠ ᠶᠢ ᠭᠤᠤᠯᠳᠠᠯᠭ᠎ᠠ ᠲᠠᠢ ᠤᠯᠠᠮᠵᠢᠯᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃ | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠭᠤᠸᠠᠩᠳᠦ᠋ᠩ ᠤᠨ ᠵᠦᠬᠠᠶ ᠬᠤᠲᠠ ᠶᠢᠨ ᠲᠡᠷᠭᠡ | ᠵᠢᠯᠣᠭᠤᠳᠴᠤ ᠬᠥᠮᠦᠨ ᠮᠥᠷᠭᠦᠯᠳᠦᠭᠰᠡᠨ ᠬᠡᠷᠡᠭ ᠲᠤ ᠭᠠᠷᠭᠠᠭᠰᠠᠨ ᠴᠢᠬᠤᠯᠠ ᠵᠢᠭᠠᠪᠤᠷᠢ ᠶᠢ ᠤᠯᠠᠮᠵᠢᠯᠠᠨ | ᠰᠤᠷᠤᠯᠴᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ᠂ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠳᠤ ᠦᠵᠡᠭᠦᠯᠬᠦ ᠴᠢᠬᠤᠯᠠ | ᠴᠢᠨᠠᠷ ᠢ ᠴᠢᠬᠤᠯᠠᠴᠢᠯᠠᠪᠠ᠃ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠭᠤᠯᠭᠠᠭᠰᠠᠨ ᠬᠤᠯᠪᠣᠭᠳᠠᠯ ᠪᠦᠬᠦᠢ | ᠪᠢᠴᠢᠭ ᠮᠠᠲ᠋ᠧᠷᠢᠶᠠᠯ ᠢ ᠨᠠᠷᠢᠨ ᠲᠠᠶᠢᠯᠪᠤᠷᠢᠯᠠᠵᠤ᠂ ᠪᠢᠴᠢᠭ ᠮᠠᠲ᠋ᠧᠷᠢᠶᠠᠯ ᠳᠤ ᠳᠤᠷᠠᠳᠤᠭᠰᠠᠨ ᠡᠯ᠎ᠡ ᠵᠦᠢᠯ ᠤᠨ ᠠᠮᠤᠷ | ᠲᠦᠪᠰᠢᠨ ᠤ ᠱᠠᠭᠠᠷᠳᠠᠯᠭ᠎ᠠ ᠪᠣᠯᠤᠨ ᠠᠷᠭ᠎ᠠ ᠬᠡᠮᠵᠢᠶ᠎ᠡ ᠶᠢᠨ ᠲᠤᠬᠠᠢ ᠭᠦᠨᠵᠡᠭᠡᠢ ᠵᠠᠳᠠᠯᠤᠯᠲᠠ ᠬᠢᠵᠦ᠂ ᠬᠤᠷᠠᠯ ᠳᠤ | ᠣᠷᠣᠯᠴᠠᠭᠰᠠᠳ ᠤᠨ ᠣᠨᠣᠪᠴᠢᠲᠠᠢ ᠣᠶᠢᠯᠠᠭᠠᠬᠤ ᠪᠠ ᠡᠵᠡᠮᠳᠡᠬᠦ ᠶᠢ ᠪᠠᠲᠤᠯᠠᠪᠠ᠃ ᠬᠤᠷᠠᠯ ᠠᠴᠠ 2024 ᠣᠨ ᠤ | ᠪᠥᠬᠦ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠥᠬᠦ ᠲᠠᠯ᠎ᠠ ᠪᠠᠷ ᠳ᠋ᠦᠩᠨᠡᠨ | ᠵᠠᠳᠠᠯᠵᠤ᠂ ᠲᠤᠭ᠎ᠠ ᠪᠠᠷᠢᠮᠲᠠ ᠶᠢ ᠳᠡᠯᠭᠡᠨ ᠦᠵᠡᠭᠦᠯᠬᠦ ᠪᠠ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠠᠮᠵᠢᠭᠤᠯᠤᠨ᠂ | ᠣᠳᠣᠬᠠᠨ ᠤ ᠪᠠᠶᠢᠳᠠᠯ ᠪᠠ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠶᠢᠷ᠎ᠠ ᠶᠢᠨ ᠬᠤᠭᠤᠴᠠᠭᠠᠨ ᠤ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠵᠤ᠂ | ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠠᠷᠤᠶ | ᠲᠦᠷᠭᠡᠨ ᠬᠥᠳᠡᠯᠦᠯᠴᠡᠵᠦ᠂ ᠠᠮᠤᠷ ᠲᠦᠪᠰᠢᠨ ᠤ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ᠂ ᠡᠬᠡ | ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠴᠠᠭ ᠬᠢᠵᠠᠭᠠᠷᠯᠠᠨ ᠲᠠᠩᠰᠠ | ᠲᠠᠶᠢᠯᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ | ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠡᠶ᠎ᠡ ᠵᠣᠬᠢᠴᠠᠩᠭᠤᠢ ᠲᠣᠭᠲᠠᠭᠤᠨ ᠢ ᠪᠠᠳᠤᠯᠠᠪᠠ᠃ | | ᠬᠤᠷᠠᠯ ᠠᠴᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯ ᠰᠤᠷᠭᠠᠨ ᠬᠥᠮᠦᠵᠢᠯ ᠤᠨ | ᠦᠢᠯᠡᠰ ᠤᠨ ᠬᠥᠭᠵᠢᠯᠲᠡ ᠶᠢᠨ ᠤᠷᠢᠲᠠᠯ ᠪᠠ ᠰᠠᠭᠤᠷᠢ ᠮᠥᠨ᠂ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ | ᠪᠠ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠲᠠᠢ ᠬᠤᠯᠪᠣᠭᠳᠠᠵᠤ ᠪᠠᠶᠢᠳᠠᠭ᠃ ᠡᠯ᠎ᠡ | ᠰᠤᠷᠭᠠᠭᠤᠯᠢ ᠨᠤᠭᠤᠳ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠦᠵᠡᠯ | ᠤᠬᠠᠮᠰᠠᠷ ᠵᠶ᠋ᠠᠨᠦᠨᠡᠨ ᠬᠦ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠲᠡᠷᠢᠭᠦᠨ | ᠪᠠᠶᠢᠷᠢᠨ ᠳᠤ ᠲᠠᠯᠪᠢᠵᠤ᠂ ᠪᠠᠭᠰᠢ ᠰᠤᠷᠤᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ | ᠬᠦ ᠪᠠᠲᠤᠯᠠᠬᠤ ᠬᠡᠷᠡᠭᠲᠡᠶ ᠭᠡᠵᠦ ᠵᠢᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠷᠭᠠᠭᠤᠯᠢ ᠨᠤᠭᠤᠳ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠱᠠᠲᠤ | ᠱᠠᠲᠤ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠡᠷᠬᠢᠨ | ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠨᠢᠭᠲᠠ ᠬᠠᠮᠵᠢᠯᠴᠠᠨ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠬᠠᠮᠲᠤ ᠪᠠᠷ ᠪᠠᠶᠢᠭᠤᠯᠬᠤ ᠬᠡᠷᠡᠭᠲᠡᠶ ᠭᠡᠪᠡ | ᠃ | ᠲᠣᠰ ᠤᠳᠠᠭᠠᠨ ᠤ ᠬᠤᠷᠠᠯ ᠢ ᠬᠤᠷᠠᠯᠳᠤᠭᠰᠠᠨ ᠨᠢ ᠪᠥᠬᠦ ᠲᠣᠭᠤᠷᠢᠭ ᠤᠨ ᠡᠯ᠎ᠡ ᠳᠤᠮᠳᠠᠳᠤ ᠪᠠᠭ᠎ᠠ | ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ | ᠲᠤᠬᠠᠶ ᠲᠠᠨᠢᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠠᠷᠠᠭᠠᠴᠢ ᠶᠢᠨ ᠠᠯᠬᠤᠮ ᠤᠨ ᠠᠵᠢᠯ ᠤᠨ | ᠴᠢᠭᠯᠡᠯ ᠪᠠ ᠭᠤᠤᠯᠳᠠᠯᠭ᠎ᠠ ᠶᠢ ᠲᠣᠳᠣᠷᠬᠠᠶᠢᠯᠠᠪᠠ᠃ | ᠬᠤᠷᠠᠯ ᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ ᠯᠢ ᡁᠢ ᠴᠧᠩ ᠡᠷᠭᠢᠯᠡᠵᠦ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ | ᠴᠡᠴᠡᠷᠯᠢᠭ ᠤᠨ ᠠᠮᠤᠷ ᠲᠦᠪᠰᠢᠨ ᠤ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ᠂ ᠠᠮᠤᠷ ᠲᠦᠪᠰᠢᠨ ᠤ ᠠᠵᠢᠯ ᠢ | ᠬᠤᠪᠢᠳᠠᠨ ᠬᠠᠮᠢᠶᠠᠷᠴᠤ ᠪᠠᠶᠢᠭ᠎ᠠ ᠪᠣᠳᠠᠲᠠᠶ ᠬᠠᠷᠢᠭᠤᠴᠠᠯᠭᠠᠲᠠᠨ᠂ ᠪᠠᠭᠠᠴᠤᠳ ᠤᠨ ᠣᠷᠳᠣᠨ ᠤ ᠡᠷᠬᠢᠯᠡᠭᠴᠢ᠂ ᠠᠮᠤᠷ | ᠲᠦᠪᠰᠢᠨ ᠤ ᠪᠠᠲᠤᠯᠠᠭ᠎ᠠ ᠶᠢᠨ ᠲᠠᠰᠤᠭ ᠤᠨ ᠪᠥᠬᠦ ᠬᠥᠮᠦᠰ ᠲᠣᠰ ᠤᠳᠠᠭᠠᠨ ᠤ ᠬᠤᠷᠠᠯ ᠳᠤ ᠣᠷᠣᠯᠴᠠᠵᠠᠶ᠃ | |