1. ᠡᠷᠦᠬᠡ ᠠᠮᠠ ᠶᠢᠨ ᠬᠠᠷᠢᠶ᠎ᠠ ᠶᠢᠨ ᠬᠢᠵᠠᠭᠠᠷᠯᠠᠯ ᠲᠠᠢ ᠤᠤ︖ | ᠬᠠᠷᠢᠭᠤᠯᠲᠠ᠄ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠ ᠬᠠᠤᠯᠢ ᠪᠠᠷ ᠲᠣᠭᠲᠠᠭᠠᠭᠰᠠᠨ ᠬᠢᠨᠠᠨ | ᠬᠠᠮᠠᠭᠠᠯᠠᠭᠴᠢ ᠨᠢ ᠠᠳᠠᠯᠢ ᠨᠢᠭᠡ ᠡᠷᠦᠬᠡ ᠠᠮᠠ ᠶᠢᠨ ᠲᠠᠩᠰᠠ ᠳᠤ ᠪᠠᠶᠢᠪᠠᠯ ᠪᠣᠯᠴᠢᠬᠠᠨ᠎ᠠ᠃ | 2. ᠰᠦᠯᠵᠢᠶ᠎ᠡ ᠪᠠᠷ ᠨᠡᠷ᠎ᠡ ᠮᠡᠲᠡᠭᠦᠯᠭᠦ ᠦᠭᠡᠢ ᠪᠠᠶᠢᠵᠤ ᠪᠤᠯᠤᠨ᠎ᠠ ᠤᠤ︖ | ᠬᠠᠷᠢᠭᠤᠯᠲᠠ᠄ ᠪᠣᠯᠬᠤ ᠦᠭᠡᠢ᠃ ᠬᠡᠷᠪᠡ ᠰᠦᠯᠵᠢᠶᠡᠨ ᠳᠡᠭᠡᠷ᠎ᠡ ᠮᠡᠳᠡᠭᠦᠯᠬᠦ ᠥᠬᠡᠶ ᠪᠣᠯ ᠴᠢ ᠰᠠᠶᠢᠨ | ᠳᠤᠷ᠎ᠠ ᠠᠴᠠ ᠪᠠᠨ ᠹᠢᠯᠢᠮ ᠤᠨ ᠳᠣᠲᠣᠷᠠᠬᠢ ᠡᠷᠳᠡᠮ ᠤᠨ ᠴᠣᠯᠠ ᠶᠢ ᠬᠠᠶᠠᠭᠰᠠᠨ ᠳᠤ ᠲᠣᠭᠠᠴᠠᠭᠳᠠᠨ᠎ᠠ᠂ ᠬᠡᠷᠪᠡ | ᠰᠤᠷᠭᠠᠭᠤᠯᠢ ᠳᠤ ᠣᠷᠣᠬᠤ ᠠᠴᠠ ᠡᠮᠦᠨ᠎ᠡ ᠰᠤᠷᠭᠠᠭᠤᠯᠢ ᠳᠤ ᠣᠷᠣᠬᠤ ᠵᠠᠷᠴᠢᠮ ᠶᠣᠰᠣᠭᠠᠷ ᠳᠠᠬᠢᠵᠤ ᠬᠤᠪᠢᠶᠠᠷᠢᠯᠠᠬᠤ | ᠥᠬᠡᠶ ᠪᠣᠯ᠂ ᠰᠠᠭᠤᠭ᠎ᠠ ᠭᠠᠵᠠᠷ ᠤᠨ ᠮᠠᠲ᠋ᠧᠷᠢᠶᠠᠯ ᠢ ᠳᠠᠭᠢᠵᠤ ᠬᠠᠩᠭᠠᠵᠤ ᠪᠣᠯᠬᠤ ᠥᠬᠡᠶ᠂ ᠵᠥᠪᠬᠡᠨ ᠲᠡᠭᠦᠨ ᠢ | ᠰᠤᠯᠠ ᠰᠡᠯᠡᠭᠦᠦ ᠡᠷᠳᠡᠮ ᠤᠨ ᠴᠣᠯᠠ ᠲᠠᠢ ᠰᠤᠷᠭᠠᠭᠤᠯᠢ ᠳᠤ ᠲᠣᠬᠢᠷᠠᠭᠤᠯᠤᠨ᠎ᠠ᠃ | 3. ᠴᠢᠩᠱᠠᠨ ᠲᠤᠭᠤᠷᠢᠭ ᠪᠤᠯᠤᠨ ᠰᠢᠭᠤᠶᠢᠲᠦ ᠲᠤᠭᠤᠷᠢᠭ ᠤᠨ ᠰᠤᠷᠭᠠᠭᠤᠯᠢ ᠳᠤ ᠵᠡᠷᠭᠡ ᠪᠠᠷ ᠮᠡᠲᠡᠭᠦᠯᠵᠦ | ᠪᠤᠯᠤᠨ᠎ᠠ ᠤᠤ︖ | ᠬᠠᠷᠢᠭᠤᠯᠲᠠ᠄ ᠪᠣᠯᠬᠤ ᠦᠭᠡᠢ᠂ ᠰᠦᠯᠵᠢᠶᠡᠨ ᠳᠡᠭᠡᠷ᠎ᠡ ᠵᠥᠪᠬᠡᠨ ᠨᠢᠭᠡ ᠭᠠᠵᠠᠷ ᠣᠷᠣᠨ ᠤ ᠨᠢᠭᠡ | ᠰᠤᠷᠭᠠᠭᠤᠯᠢ ᠳᠤ ᠮᠡᠳᠡᠭᠦᠯᠵᠦ ᠪᠣᠯᠣᠨ᠎ᠠ᠃ | 4. ︽ᠭᠠᠳᠠᠨ᠎ᠠ ᠠᠴᠠ ᠢᠷᠡᠭᠰᠡᠨ ᠬᠥᠯᠥᠰᠥᠨ ᠠᠵᠢᠯᠴᠢᠳ ᠢ ᠳᠠᠭᠠᠵᠤ ᠨᠡᠭᠦᠭᠰᠡᠨ ᠰᠤᠷᠬᠤ ᠨᠠᠰᠤᠨ ᠤ | ᠦᠷ᠎ᠡ ᠬᠡᠦᠬᠡᠳ︾ ᠵᠡᠷᠭᠡ ᠪᠠᠷ ᠣᠯᠠᠨ ᠰᠤᠷᠭᠠᠭᠤᠯᠢ ᠳᠤ ᠮᠡᠳᠡᠭᠦᠯᠵᠦ ᠪᠣᠯᠤᠨ᠎ᠠ ᠤᠤ︖ | ᠬᠠᠷᠢᠭᠤᠯᠲᠠ᠄ ︽ᠭᠠᠳᠠᠨ᠎ᠠ ᠠᠴᠠ ᠢᠷᠡᠭᠰᠡᠨ ᠬᠥᠯᠥᠰᠥᠨ ᠠᠵᠢᠯᠴᠢᠳ ᠢ ᠳᠠᠭᠠᠵᠤ ᠨᠡᠭᠦᠭᠰᠡᠨ ᠰᠤᠷᠬᠤ | ᠨᠠᠰᠤᠨ ᠤ ᠦᠷ᠎ᠡ ᠬᠡᠦᠬᠡᠳ︾ ᠨᠢ ᠵᠥᠪᠬᠡᠨ ᠰᠢᠭᠤᠶᠢᠲᠤ ᠲᠣᠭᠤᠷᠢᠭ ᠤᠨ ᠠᠯᠪᠠᠨ ᠠᠴᠠ ᠡᠷᠬᠢᠯᠡᠭᠰᠡᠨ ᠬᠤᠶᠠᠷ ᠪᠠᠭ᠎ᠠ | ᠰᠤᠷᠭᠠᠭᠤᠯᠢ ᠶᠢᠨ ᠨᠢᠭᠡ ᠪᠠᠭ᠎ᠠ ᠰᠤᠷᠭᠠᠭᠤᠯᠢ ᠳᠤ ᠰᠦᠯᠵᠢᠶᠡᠨ ᠳᠡᠭᠡᠷ᠎ᠡ ᠮᠡᠳᠡᠭᠦᠯᠵᠦ ᠪᠣᠯᠣᠨ᠎ᠠ᠃ ᠲᠠᠨ ᠤ ᠬᠦᠰᠡᠯ | ᠡᠷᠡᠮᠡᠯᠵᠡᠯ ᠤᠨ ᠰᠤᠷᠭᠠᠭᠤᠯᠢ ᠳᠤ ᠰᠤᠯᠠ ᠣᠷᠣ ᠦᠭᠡᠢ ᠦᠶ᠎ᠡ ᠳᠤ᠂ ᠲᠣᠭᠤᠷᠢᠭ ᠤᠨ ᠰᠣᠷᠣᠭᠴᠢ ᠡᠯᠰᠡᠬᠦ ᠠᠵᠢᠯ ᠤᠨ | ᠤᠳᠤᠷᠢᠳᠬᠤ ᠳᠤᠭᠤᠶᠢᠯᠠᠩ ᠠᠴᠠ ᠰᠤᠯᠠ ᠦᠯᠡᠳᠡᠪᠦᠷᠢ ᠡᠷᠳᠡᠮ ᠤᠨ ᠴᠣᠯᠠ ᠲᠠᠢ ᠰᠤᠷᠭᠠᠭᠤᠯᠢ ᠳᠤ ᠬᠤᠪᠢᠶᠠᠷᠢᠯᠠᠨ | ᠰᠤᠷᠤᠯᠴᠠᠭᠤᠯᠤᠨ᠎ᠠ᠃ | |