11 ᠳ᠋ᠤᠭᠠᠷ ᠰᠠᠷ᠎ᠠ ᠳᠤ ᠰᠢᠭᠤᠶᠢᠲᠤ ᠲᠣᠭᠤᠷᠢᠭ ᠭᠤᠶᠢᠳᠠ ᠰᠠᠶᠢᠬᠠᠨ ᠢᠷᠠᠭᠤ ᠦᠵᠡᠮᠵᠢ ᠲᠠᠢ ᠪᠠᠶᠢᠳᠠᠭ᠃ | ᠮᠢᠩ ᠶᠠᠩ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠣᠶᠤᠨᠴᠢ ᠦᠢᠯᠡᠳᠬᠡᠯ ᠤᠨ ᠠᠵᠤ ᠦᠢᠯᠡᠰ ᠤᠨ | ᠬᠦᠷᠢᠶᠡᠯᠡᠩ ᠳᠤ ᠶᠠᠭᠠᠷᠠᠯᠲᠠᠶ ᠲᠦᠷᠰᠦ ᠪᠠᠶᠢᠳᠠᠯ ᠢᠯᠡᠷᠡᠵᠦ᠂ 113.5 ᠮᠧᠲᠷ ᠣᠷᠳᠣ ᠬᠡᠲᠦ ᠲᠣᠮᠣ ᠬᠡᠯᠪᠡᠷᠢ ᠶᠢᠨ | ᠰᠠᠯᠬᠢᠨ ᠬᠦᠴᠦᠨ ᠤ ᠴᠠᠬᠢᠯᠭᠠᠨ ᠭᠠᠷᠭᠠᠬᠤ ᠨᠠᠪᠴᠢᠨ ᠢᠯᠳᠠᠰᠤ ᠶᠢ ᠶᠠᠭ ᠠᠳᠡ ᠠᠴᠠ ᠡᠯ᠎ᠡ ᠭᠠᠵᠠᠷ ᠲᠤ | ᠵᠦᠭᠡᠭᠡᠪᠦᠷᠢᠯᠡᠳᠡᠭ᠃ | ᠠᠳᠡ ᠪᠣᠯ ᠤᠯᠤᠰ ᠤᠨ ᠳᠣᠲᠣᠭᠠᠳᠤ ᠶᠢᠨ ᠣᠳᠣᠬᠠᠨ ᠤ ᠬᠠᠭᠤᠷᠠᠢ ᠳᠡᠭᠡᠷᠡᠬᠢ ᠰᠠᠯᠬᠢᠨ ᠬᠦᠴᠦᠨ ᠤ | ᠴᠠᠬᠢᠯᠭᠠᠨ ᠤ ᠪᠦᠬᠦᠯᠢ ᠮᠠᠰᠢᠨ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ ᠪᠠᠷ ᠬᠠᠮᠤᠭ ᠤᠨ ᠶᠡᠭᠡ᠂ ᠭᠤᠣᠯ | ᠤᠭᠰᠠᠷᠠᠭ᠎ᠠ ᠲᠣᠨᠤᠭ ᠤᠨ ᠲᠥᠪᠯᠡᠷᠡᠯ ᠤᠨ ᠬᠡᠮᠵᠢᠶ᠎ᠡ ᠪᠠᠷ ᠬᠠᠮᠤᠭ ᠤᠨ ᠥᠨᠳᠥᠷ᠂ ᠬᠠᠷᠢᠶ᠎ᠠ ᠣᠷᠣᠨᠵᠢᠭᠤᠯᠤᠭᠰᠠᠨ | ᠠᠵᠤ ᠦᠢᠯᠡᠰ ᠤᠨ ᠲᠥᠬᠦᠷᠵᠢᠭᠦᠯᠦᠯᠲᠡ ᠬᠠᠮᠤᠭ ᠤᠨ ᠪᠦᠷᠢᠨ ᠲᠡᠭᠦᠯᠳᠡᠷ᠂ ᠲᠠᠩ ᠮᠠᠰᠢᠨ ᠤ ᠪᠠᠭᠲᠠᠭᠠᠮᠵᠢ ᠪᠠᠷ | ᠬᠠᠮᠤᠭ ᠤᠨ ᠶᠡᠭᠡ᠂ ᠵᠠᠬᠢᠶᠠᠯᠠᠨ ᠦᠢᠯᠡᠳᠬᠦ ᠬᠡᠮᠵᠢᠶ᠎ᠡ ᠪᠠᠷ ᠬᠠᠮᠤᠭ ᠤᠨ ᠥᠨᠳᠥᠷ ᠰᠤᠳᠤᠯᠤᠨ ᠨᠡᠭᠡᠭᠡᠬᠦ᠂ ᠦᠢᠯᠡᠳᠬᠦ᠂ | ᠡᠵᠡᠩᠨᠡᠬᠦ ᠵᠢᠴᠢ ᠪᠠᠲᠤᠯᠠᠬᠤ ᠰᠠᠭᠤᠷᠢᠨ ᠭᠠᠵᠠᠷ ᠪᠣᠯᠤᠨ᠎ᠠ᠃ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ︽ | ᠭᠡᠷᠡᠯᠲᠦ ᠴᠠᠮᠬᠠᠭ ᠤᠨ ᠦᠢᠯᠡᠳᠪᠦᠷᠢ︾ ᠳᠤ᠂ ᠮᠧᠬᠠᠨᠢᠭ ᠭᠠᠷ ᠪᠠ ᠤᠶᠠᠨ ᠬᠠᠲᠠᠨ ᠯᠤᠭᠰᠢᠯᠲᠠ ᠶᠢᠨ | ᠦᠢᠯᠡᠳᠪᠦᠷᠢᠯᠡᠯ ᠤᠨ ᠱᠤᠭᠤᠮ ᠢ ᠨᠢᠭᠡᠨᠲᠡ ᠲᠣᠬᠢᠷᠠᠭᠤᠯᠤᠭᠰᠠᠨ ᠠᠶᠢᠵᠠᠮ ᠨᠢ 24 ᠴᠠᠭ ᠤᠨ ᠲᠠᠰᠤᠷᠠᠯᠲᠠ ᠦᠭᠡᠢ ︽ | ᠬᠥᠳᠡᠯᠮᠦᠷᠢᠯᠡᠵᠦ︾᠂ ᠲᠣᠮᠣ ᠬᠡᠯᠪᠡᠷᠢ ᠶᠢᠨ ᠡᠬᠡ ᠬᠠᠭᠤᠷᠠᠶ ᠶᠢᠨ ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ | ᠵᠡᠷᠭᠡ ᠭᠤᠣᠯ ᠤᠭᠰᠠᠷᠠᠭ᠎ᠠ ᠲᠣᠨᠤᠭ ᠨᠢ ᠲᠠᠰᠤᠷᠠᠯᠲᠠ ᠦᠭᠡᠢ ᠦᠢᠯᠡᠳᠪᠦᠷᠢᠯᠡᠵᠦ ᠭᠠᠷᠭᠠᠳᠠᠭ᠃ 2.6 ᠲᠦᠮᠡᠨ | ᠲᠡᠭᠰᠢ ᠳᠥᠷᠪᠡᠯᠵᠢᠨ ᠮᠧᠲᠷ ᠤᠯᠤᠰ ᠤᠨ ᠲᠠᠰ ᠤᠨ ᠨᠠᠪᠴᠢᠨ ᠢᠯᠳᠠᠰᠤ ᠶᠢᠨ ᠲᠤᠷᠰᠢᠯᠲᠠ ᠶᠢᠨ ᠪᠠᠶᠢᠴᠠᠭᠠᠨ ᠬᠡᠮᠵᠢᠬᠦ | ᠭᠡᠷᠡᠴᠢᠯᠡᠯ ᠤᠨ ᠲᠥᠪ ᠤᠨ ᠲᠥᠷᠥᠯ ᠵᠦᠢᠯ ᠤᠨ ᠭᠠᠷ ᠤᠷᠠᠯᠠᠯ ᠤᠨ ᠰᠤᠳᠤᠯᠭᠠᠨ ᠤ ᠲᠥᠪ ᠪᠠ ᠲᠤᠭ᠎ᠠ ᠪᠠᠷᠢᠮᠲᠠ ᠶᠢ | ᠵᠠᠳᠠᠯᠬᠤ ᠲᠥᠪ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃ ᠲᠣᠰ ᠲᠥᠪ ᠨᠢ ᠮᠢᠩ ᠶᠠᠩ ᠤᠨ | ᠤᠮᠠᠷᠠᠲᠤ ᠶᠢᠨ ᠨᠠᠪᠴᠢᠨ ᠲᠠᠮᠠᠬᠢᠨ ᠪᠠᠶᠢᠴᠠᠭᠠᠨ ᠬᠡᠮᠵᠢᠯᠲᠡ ᠶᠢᠨ ᠭᠡᠷᠡᠴᠢᠯᠡᠯ ᠤᠨ ᠬᠡᠷᠡᠭᠴᠡᠭᠡ ᠶᠢ ᠬᠠᠩᠭᠠᠬᠤ ᠠᠴᠠ | ᠭᠠᠳᠠᠨ᠎ᠠ᠂ ᠥᠪᠥᠷ ᠮᠣᠩᠭᠤᠯ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠵᠡᠷᠭᠡ ᠤᠮᠠᠷᠠᠲᠤ | ᠣᠷᠣᠨ ᠤ ᠪᠤᠰᠤᠳ ᠦᠢᠯᠡᠳᠪᠦᠷᠢ ᠳᠤ ᠬᠠᠨᠳᠤᠭᠤᠯᠤᠨ ᠪᠠᠶᠢᠴᠠᠭᠠᠨ ᠬᠡᠮᠵᠢᠯᠲᠡ ᠶᠢᠨ ᠦᠢᠯᠡᠴᠢᠯᠡᠭᠡ ᠬᠠᠩᠭᠠᠵᠤ᠂ | ᠤᠯᠤᠰ ᠤᠨ ᠲᠠᠰ ᠤᠨ ᠡᠨᠧᠷᠭᠢ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ ᠲᠤᠯᠭᠠᠭᠤᠷᠢᠯᠠᠯ ᠬᠠᠩᠭᠠᠪᠠ᠃ | ᠰᠢᠭᠤᠶᠢᠲᠤ ᠲᠣᠭᠤᠷᠢᠭ ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠤᠯᠤᠰ ᠠᠴᠠ | ᠪᠤᠭᠤᠲᠤ ᠶᠢᠨ ᠪᠣᠯᠣᠳ ᠲᠡᠮᠦᠷ ᠤᠨ ᠢᠵᠢ ᠪᠦᠷᠢᠳᠦᠭᠦᠯᠬᠦ ᠪᠦᠲᠦᠭᠡᠨ ᠪᠠᠢᠭᠤᠯᠤᠯᠲᠠ ᠶᠢᠨ ᠴᠢᠬᠤᠯᠠ ᠡᠨᠧᠷᠭᠢ ᠪᠠ | ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠨᠡᠭᠦᠷᠡᠰᠦ ᠶᠢ | ᠦᠨᠳᠦᠰᠦᠯᠡᠨ ᠮᠠᠨᠳᠤᠵᠤ᠂ ᠮᠥᠨ ᠴᠦ ᠨᠡᠭᠦᠷᠡᠰᠦ ᠶᠢ ᠲᠠᠭᠠᠨ ᠮᠦᠬᠦᠵᠦ᠂ 2011 ᠣᠨ ᠳᠤ ᠤᠯᠤᠰ ᠤᠨ | ᠭᠤᠷᠪᠠᠳᠤᠭᠠᠷ ᠪᠦᠯᠦᠭ ᠡᠬᠢ ᠪᠠᠶᠠᠯᠢᠭ ᠬᠤᠪᠠᠭ᠋ᠠᠶᠢᠷᠠᠭᠰᠠᠨ ᠬᠡᠯᠪᠡᠷᠢ ᠶᠢᠨ ᠬᠤᠲᠠ ᠶᠢᠨ ᠨᠡᠷᠡᠰ ᠲᠤ ᠵᠢᠭᠰᠠᠭᠠᠭᠳᠠᠪᠠ᠃ | ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢᠨ ᠲᠤᠯᠭᠠᠮ᠎ᠠ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ᠂ ᠰᠢᠭᠤᠶᠢᠲᠤ | ᠲᠣᠭᠤᠷᠢᠭ ᠨᠢ ︽ᠰᠢᠢᠳᠪᠦᠷᠢᠯᠡᠭᠳᠡᠬᠦᠢ ᠰᠡᠳᠬᠢᠬᠦᠢ︾ ᠶᠢ ᠪᠠᠷᠢᠮᠲᠠᠯᠠᠵᠤ᠂ ᠰᠢᠨ᠎ᠡ ᠡᠨᠧᠷᠭᠢ ᠶᠢᠨ ᠬᠥᠭᠵᠢᠯᠲᠡ ᠶᠢᠨ | ᠲᠡᠦᠬᠡᠨ ᠠᠵᠠ ᠲᠣᠬᠢᠶᠠᠯ ᠢ ᠵᠠᠪᠳᠤᠨ ᠠᠳᠬᠤᠵᠤ᠂ ︽ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠶᠢᠨ | ᠣᠶᠤᠨᠴᠢ ᠦᠢᠯᠡᠳᠬᠦ ᠠᠵᠤ ᠦᠢᠯᠡᠰ ᠤᠨ ᠪᠦᠯᠦᠭᠯᠡᠯ ᠢ ᠪᠠᠶᠢᠭᠤᠯᠬᠤ︾ ᠰᠡᠳᠭᠢᠴᠡ ᠶᠢ ᠲᠣᠭᠲᠠᠭᠠᠵᠤ᠂ ᠬᠦᠴᠦ ᠪᠠᠨ | ᠲᠥᠪᠯᠡᠷᠡᠭᠦᠯᠦᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠲᠤᠭ ᠲᠡᠮᠳᠡᠭ ᠪᠦᠬᠦᠢ | ᠠᠵᠤ ᠦᠢᠯᠡᠰ ᠤᠨ ᠪᠦᠯᠦᠭᠯᠡᠯ ᠢ ᠪᠠᠶᠢᠭᠤᠯᠵᠤ᠂ ︽ᠪᠠᠭ᠎ᠠ ᠲᠣᠭᠤᠷᠢᠭ ᠰᠢᠶᠠᠨ︾ ᠢᠶᠠᠷ ᠠᠵᠤ ᠦᠢᠯᠡᠳᠪᠦᠷᠢ ᠶᠢᠨ | ᠠᠵᠤ ᠠᠬᠤᠢ ᠶᠢᠨ ︽ᠶᠡᠭᠡ ᠶᠠᠪᠤᠳᠠᠯ︾ ᠢ ᠪᠢᠴᠢᠬᠦ ︽ᠵᠠᠩᠭᠢᠯᠠᠭ᠎ᠠ ᠶᠢᠨ ᠨᠢᠭᠡ ᠠᠯᠬᠤᠮ︾ ᠢ ᠠᠯᠬᠤᠪᠠ᠃ | ᠤᠯᠤᠰ ᠤᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠴᠢᠩᠭ᠎ᠠ ᠳᠠᠭᠠᠵᠤ᠂ ᠤᠷᠤᠨ ᠪᠦᠰᠡ ᠶᠢᠨ | ᠬᠦᠭᠵᠢᠯᠳᠡ ᠶᠢᠨ ᠴᠢᠭᠯᠡᠯ ᠢ ᠵᠦᠪ ᠤᠨᠤᠪᠴᠢᠳᠠᠢ ᠳᠤᠭᠳᠠᠭᠠᠵᠤ᠂ ᠳᠤᠯᠤᠭᠠᠢᠢᠯᠠᠬᠤ ᠣᠨᠤᠪᠴᠢᠳᠠᠢ ᠠᠷᠭ᠎ᠠ | ᠪᠤᠳᠤᠯᠭ᠎ᠠ ᠶᠢ ᠬᠡᠷᠡᠭᠵᠢᠭᠦᠯᠦᠨ ᠴᠢᠳᠠᠪᠤᠷᠢᠳᠠᠨ ᠤᠷᠢᠪᠠ | 2021 ᠣᠨ ᠠᠴᠠ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ | ᠦᠢᠯᠡᠰ ᠢ ᠪᠥᠬᠦ ᠲᠣᠭᠤᠷᠢᠭ ᠤᠨ ᠭᠤᠤᠯᠳᠠᠯᠭ᠎ᠠ ᠲᠠᠢ ᠬᠥᠭᠵᠢᠭᠦᠯᠬᠦ ᠭᠤᠤᠯᠯᠠᠬᠤ ᠠᠵᠤ ᠦᠢᠯᠡᠰ ᠢᠶᠠᠷ ᠲᠣᠭᠲᠠᠭᠠᠵᠤ᠂ | ᠰᠢᠭᠤᠶᠢᠲᠤ ᠲᠣᠭᠤᠷᠢᠭ ᠲᠤ ᠲᠥᠷᠥᠯ ᠵᠦᠢᠯ ᠢ ᠤᠷᠢᠨ ᠬᠡᠷᠡᠭᠯᠡᠵᠦ ᠨᠠᠶᠢᠳᠠᠪᠤᠷᠢᠵᠢᠭᠤᠯᠬᠤ ᠠᠵᠢᠯ ᠤᠨ ᠲᠤᠰᠬᠠᠶ | ᠠᠩᠭᠢ ᠪᠠᠶᠢᠭᠤᠯᠵᠤ᠂ ᠠᠵᠢᠯ ᠲᠥᠷᠥᠯ ᠤᠨ ᠲᠡᠷᠢᠭᠦᠨ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠦᠨ᠂ | ᠨᠠᠮ ᠵᠠᠰᠠᠭ ᠤᠨ ᠭᠤᠤᠯ ᠤᠳᠤᠷᠢᠳᠤᠯᠭ᠎ᠠ ᠪᠦᠯᠬᠦᠮ ᠳᠠᠭᠠᠭᠤᠯᠤᠨ ᠰᠢᠨᠵᠢᠯᠡᠨ ᠪᠠᠶᠢᠴᠠᠭᠠᠵᠤ ᠵᠣᠯᠭᠠᠭᠤᠯᠵᠤ᠂ ᠠᠵᠤ | ᠠᠬᠤᠶᠢᠯᠠᠯ ᠤᠨ ᠳᠡᠭᠡᠳᠦ ᠳᠠᠪᠬᠤᠷᠭ᠎ᠠ ᠯᠤᠭ᠎ᠠ ᠬᠠᠮᠲᠤ ᠪᠠᠷ ᠲᠥᠷᠥᠯ ᠵᠦᠢᠯ ᠤᠨ ᠬᠠᠮᠲᠤᠷᠠᠯᠴᠠᠭ᠎ᠠ ᠶᠢ ᠰᠤᠳᠤᠯᠪᠠ᠃ | 2021 ᠣᠨ ᠤ 11 ᠳ᠋ᠦ᠋ᠭᠡᠷ ᠰᠠᠷ᠎ᠠ ᠳᠤ ᠮᠢᠩ ᠶᠠᠩ ᠪᠦᠯᠦᠭᠯᠡᠯ ᠵᠢᠩᠬᠢᠨᠢ ᠪᠠᠷ ᠰᠢᠭᠤᠶᠢᠲᠤ ᠲᠣᠭᠤᠷᠢᠭ ᠲᠤ | ᠨᠤᠲᠤᠭᠰᠢᠵᠤ᠂ 2022 ᠣᠨ ᠤ 3 ᠳ᠋ᠤᠭᠠᠷ ᠰᠠᠷ᠎ᠠ ᠳᠤ ᠲᠦᠷᠦᠯ ᠵᠦᠢᠯ ᠡᠬᠢᠯᠡᠭᠰᠡᠨ ᠠᠴᠠ ᠰᠠᠯᠬᠢᠨ ᠬᠦᠴᠦᠨ ᠤ | ᠴᠠᠬᠢᠯᠭᠠᠨ ᠤ ᠲᠤᠨᠤᠭ ᠲᠥᠬᠦᠭᠡᠷᠦᠮᠵᠢ ᠶᠢ ᠴᠡᠭᠴᠡᠯᠡᠨ ᠵᠠᠰᠠᠬᠤ᠂ ᠨᠠᠪᠴᠢᠨ ᠢᠯᠳᠠᠰᠤ᠂ ᠴᠠᠬᠢᠯᠭᠠᠨ ᠭᠠᠷᠭᠠᠬᠤ ᠮᠠᠰᠢᠨ | ᠵᠡᠷᠭᠡ ᠭᠤᠷᠪᠠᠨ ᠭᠤᠣᠯᠯᠠᠭᠴᠢ ᠦᠢᠯᠡᠳᠬᠦᠨ ᠲᠥᠪᠯᠡᠷᠡᠭᠦᠯᠦᠨ ᠱᠤᠭᠤᠮ ᠪᠠᠭᠤᠯᠭᠠᠬᠤ ᠬᠦᠷᠲᠡᠯ᠎ᠡ᠂ ᠵᠥᠪᠬᠡᠨ 9 | ᠳ᠋ᠦ᠋ᠭᠡᠷ ᠰᠠᠷ᠎ᠠ ᠳᠤ ᠴᠢᠬᠤᠯᠠ ᠶᠡᠭᠡ ᠲᠦᠷᠦᠯ ᠵᠦᠢᠯ ᠢ ᠲᠤᠰ ᠵᠢᠯ ᠳᠤ ᠣᠷᠣᠭᠤᠯᠤᠨ ᠠᠪᠴᠢᠷᠠᠬᠤ᠂ ᠲᠤᠬᠠᠢ ᠶᠢᠨ | ᠵᠢᠯ ᠳᠤ ᠪᠦᠳᠦᠭᠡᠨ ᠪᠠᠶᠢᠭᠤᠯᠬᠤ᠂ ᠲᠤᠬᠠᠢ ᠶᠢᠨ ᠵᠢᠯ ᠳᠤ ᠠᠰᠢᠭᠯᠠᠯᠲᠠ ᠳᠤ ᠣᠷᠣᠭᠤᠯᠬᠤ ︽ᠲᠦᠷᠭᠡᠨ ᠤ ᠵᠠᠮ︾ ᠢ | ᠡᠭᠦᠳᠴᠦ᠂ ᠡᠬᠢ ᠪᠠᠶᠠᠯᠢᠭ ᠬᠤᠪᠬᠠᠷᠠᠶᠢᠭᠰᠠᠨ ᠬᠤᠳᠠ ᠶᠢ ᠰᠢᠨ᠎ᠡ ᠡᠨᠧᠷᠭᠢ ᠶᠢᠨ ᠠᠵᠤ ᠦᠢᠯᠡᠰ ᠲᠡᠶᠢᠰᠢ | ᠬᠡᠯᠪᠡᠷᠢ ᠪᠠᠨ ᠬᠤᠪᠢᠷᠠᠭᠤᠯᠬᠤ ᠰᠢᠨ᠎ᠡ ᠤᠷᠤᠯᠳᠤᠭᠠᠨ ᠤ ᠵᠠᠮ ᠢ ᠨᠡᠭᠡᠭᠡᠵᠡᠢ᠃ 3 ᠵᠢᠯ ᠤᠨ ᠥᠨᠳᠥᠷ ᠪᠠᠷᠢᠮᠵᠢᠶ᠎ᠠ ᠪᠠᠷ | ᠲᠦᠯᠬᠢᠨ ᠠᠬᠢᠭᠤᠯᠬᠤ ᠪᠠᠷ ᠳᠠᠮᠵᠢᠨ᠂ ᠰᠢᠭᠤᠶᠢᠲᠤ ᠲᠣᠭᠤᠷᠢᠭ ᠲᠤ ᠨᠢᠭᠡᠨᠲᠡ ᠲᠣᠮᠣ ᠬᠡᠯᠪᠡᠷᠢ ᠶᠢᠨ ᠬᠠᠭᠤᠷᠠᠢ | ᠳᠡᠭᠡᠷᠡᠬᠢ ᠰᠠᠯᠬᠢᠨ ᠴᠠᠬᠢᠯᠭᠠᠨ ᠤ ᠪᠦᠬᠦᠯᠢ ᠮᠠᠰᠢᠨ᠂ ᠨᠡᠭᠦᠷᠡᠰᠦᠲᠥ᠋ᠷᠥᠭᠴᠢ ᠶᠢᠨ ᠰᠢᠯ ᠤᠨ ᠬᠤᠯᠢᠮᠠᠭ ᠬᠡᠳᠦ ᠤᠷᠲᠤ | ᠨᠠᠪᠴᠢᠨ ᠢᠯᠳᠠᠰᠤ ᠵᠡᠷᠭᠡ ᠭᠤᠣᠯ ᠤᠭᠰᠠᠷᠠᠭ᠎ᠠ ᠲᠣᠨᠤᠭ ᠤᠨ ᠦᠢᠯᠡᠳᠪᠦᠷᠢᠯᠡᠵᠦ ᠦᠢᠯᠡᠳᠬᠦ ᠰᠠᠯᠬᠢᠨ ᠬᠦᠴᠦᠨ ᠤ | ᠴᠠᠬᠢᠯᠭᠠᠨ ᠤ ᠲᠣᠨᠤᠭ ᠲᠥᠬᠦᠭᠡᠷᠦᠮᠵᠢ ᠶᠢᠨ ᠣᠶᠤᠨᠴᠢ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠢ ᠠᠩᠬ᠎ᠠ | ᠠᠯᠬᠤᠮ ᠪᠠᠶᠢᠭᠤᠯᠵᠤ᠂ ᠵᠢᠯ ᠳᠤ 1500 - 2200 ᠢᠵᠢ 6 - 12MW ᠬᠠᠭᠤᠷᠠᠢ ᠳᠡᠭᠡᠷᠡᠬᠢ ᠬᠡᠳᠦ ᠲᠣᠮᠣ | ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ ᠵᠢᠴᠢ ᠭᠤᠣᠯ ᠰᠡᠯᠪᠢᠭ ᠲᠣᠨᠤᠭ ᠤᠨ ᠣᠶᠤᠨᠴᠢ | ᠦᠢᠯᠡᠳᠬᠦ ᠰᠠᠭᠤᠷᠢᠨ ᠭᠠᠵᠠᠷ ᠢ ᠪᠣᠢ ᠪᠣᠯᠭᠠᠪᠠ᠃ | ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠴᠦᠳᠡᠢ | ᠳᠠᠶᠢᠴᠢᠯᠠᠯᠲᠠ ᠳᠣᠣᠷ᠎ᠠ᠂ 2024 ᠣᠨ ᠤ ᠲᠦᠷᠦᠭᠦᠦ ᠭᠤᠷᠪᠠᠨ ᠤᠯᠠᠷᠢᠯ ᠳᠤ᠂ ᠰᠢᠭᠤᠶᠢᠲᠤ ᠲᠣᠭᠤᠷᠢᠭ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 84.6% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ 103 ᠬᠤᠰᠢᠭᠤ ᠰᠢᠶᠠᠨ ᠲᠣᠭᠤᠷᠢᠭ ᠤᠨ 10 | ᠳ᠋ᠤᠭᠠᠷ ᠲᠤ ᠣᠷᠣᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 41 ᠨᠡᠷᠡᠰ ᠲᠡᠭᠡᠭᠰᠢᠯᠡᠪᠡ᠃ 2024 | ᠣᠨ ᠳᠤ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠦᠢᠯᠡᠳᠬᠦᠨ ᠤ ᠥᠷᠲᠡᠭ ᠵᠢᠱᠢᠯᠲᠡ ᠪᠠᠷ 100 ᠳ᠋ᠦᠩᠰᠢᠭᠤᠷ ᠲᠥᠭᠦᠷᠢᠭ ᠢ ᠳᠠᠪᠠᠵᠤ᠂ 2025 ᠣᠨ ᠳᠤ 150 | ᠳ᠋ᠦᠩᠰᠢᠭᠤᠷ ᠲᠥᠭᠦᠷᠢᠭ ᠲᠤ ᠬᠦᠷᠴᠦ᠂ 2026 ᠣᠨ ᠳᠤ 200 ᠳ᠋ᠦᠩᠰᠢᠭᠤᠷ ᠲᠥᠭᠦᠷᠢᠭ ᠢ ᠳᠠᠪᠠᠵᠤ᠂ | ᠢᠷᠡᠭᠡᠳᠦᠶ ᠶᠢᠨ ᠲᠠᠪᠤᠨ ᠵᠢᠯ ᠳᠤ ᠮᠢᠩᠭᠠᠨ ᠳ᠋ᠦᠩᠰᠢᠭᠤᠷ ᠲᠠᠰ ᠤᠨ ᠰᠠᠯᠬᠢᠨ ᠬᠦᠴᠦᠨ ᠤ ᠴᠠᠬᠢᠯᠭᠠᠨ ᠤ ᠠᠵᠤ | ᠦᠢᠯᠡᠰ ᠤᠨ ᠪᠦᠯᠦᠭᠯᠡᠯ ᠪᠣᠯᠬᠤ ᠪᠣᠯᠤᠨ᠎ᠠ᠃ | ᠲᠣᠯᠣᠭᠠᠶᠢᠯᠠᠭᠴᠢ ᠠᠵᠤ ᠠᠬᠤᠶᠢᠯᠠᠯ ᠤᠨ ᠪᠦᠭᠡᠮᠨᠡᠷᠡᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠪᠦᠬᠦ ᠬᠦᠴᠦᠨ ᠢᠶᠠᠷ ᠢᠶᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠠᠪᠴᠢᠷᠠᠵᠤ᠂ ᠠᠵᠤ ᠦᠢᠯᠡᠰ ᠤᠨ | ᠬᠡᠯᠬᠢᠶ᠎ᠡ ᠶᠢ ᠳᠠᠪᠲᠠᠨ ᠪᠣᠯᠪᠠᠰᠤᠷᠠᠭᠤᠯᠵᠤ ᠬᠦᠴᠦᠷᠬᠡᠭᠵᠢᠭᠦᠯᠪᠡ | ᠰᠢᠭᠤᠶᠢᠲᠤ ᠲᠣᠭᠤᠷᠢᠭ ᠨᠢ ᠮᠢᠩ ᠶᠠᠩ ᠪᠦᠯᠦᠭᠯᠡᠯ ᠤᠨ ᠲᠤᠰᠬᠠᠢ ᠮᠡᠷᠭᠡᠵᠢᠯ ᠤᠨ ᠳᠠᠪᠠᠭᠤᠯᠢᠭ ᠤᠨ | ᠲᠣᠭᠤᠷᠢᠨ ᠳᠤ᠂ ᠨᠡᠶᠢᠳᠡᠮ ᠬᠡᠷᠡᠭᠯᠡᠬᠦ ᠤᠭᠰᠠᠷᠠᠭ᠎ᠠ ᠲᠣᠨᠤᠭ ᠵᠡᠷᠭᠡ 17 ᠲᠥᠷᠥᠯ ᠤᠨ ᠲᠥᠷᠥᠯ ᠵᠦᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠨᠢᠭᠡᠨᠲᠡ ᠪᠠᠶᠢᠭ᠎ᠠ ᠠᠷᠭ᠎ᠠ ᠵᠠᠮ ᠳᠤ ᠲᠦᠰᠢᠭᠯᠡᠨ᠂ ᠠᠵᠤ ᠦᠢᠯᠡᠰ ᠤᠨ | ᠬᠡᠯᠬᠢᠶᠡᠵᠢᠯ ᠤᠨ ᠬᠤᠳᠠᠯᠳᠤᠭᠠᠴᠢᠨ ᠤᠷᠢᠬᠤ ᠶᠢ ᠰᠢᠰᠲ᠋ᠧᠮ ᠲᠠᠢ ᠲᠦᠯᠬᠢᠨ ᠠᠬᠢᠭᠤᠯᠤᠨ᠎ᠠ᠃ ᠣᠳᠣᠬᠠᠨ ᠳᠤ᠂ | ᠨᠢᠭᠡᠨᠲᠡ 460 ᠭᠠᠷᠤᠶ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ | ᠠᠬᠤᠶᠢᠯᠠᠯ ᠲᠠᠢ ᠵᠣᠯᠭᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠢᠵᠢ | ᠪᠥᠷᠢᠳᠦᠭᠦᠯᠬᠦ ᠲᠥᠷᠥᠯ ᠵᠦᠢᠯ ᠢ 21 ᠶᠢ ᠠᠮᠵᠢᠯᠲᠠ ᠲᠠᠢ ᠪᠤᠶᠢᠵᠢᠭᠤᠯᠪᠠ᠃ | ᠵᠠᠬᠢᠶᠠᠯᠠᠭ᠎ᠠ ᠶᠢᠨ ᠠᠷᠠᠯᠵᠢᠶᠠᠴᠢᠨ ᠤᠷᠢᠬᠤ ᠲᠠᠯ᠎ᠠ ᠪᠠᠷ᠂ ᠮᠢᠩ ᠶᠠᠩ ᠪᠦᠯᠦᠭᠯᠡᠯ ᠤᠨ ᠶᠡᠷᠦᠩᠬᠡᠢ | ᠬᠡᠯᠲᠡᠰ ᠲᠠᠢ ᠵᠣᠬᠢᠴᠠᠭᠤᠯᠵᠤ᠂ ᠣᠯᠠᠨ ᠠᠷᠪᠢᠨ ᠢᠵᠢ ᠪᠦᠷᠢᠳᠦᠭᠦᠯᠬᠦ ᠠᠵᠤ ᠠᠬᠤᠶᠢᠯᠠᠯ ᠳᠤ ᠲᠤᠰ ᠲᠤᠰ ᠵᠠᠬ᠎ᠠ | ᠳᠡᠯᠭᠡᠭᠦᠷ ᠤᠨ ᠵᠠᠬᠢᠶᠠᠯᠠᠭ᠎ᠠ ᠬᠠᠩᠭᠠᠵᠤ᠂ ᠠᠵᠤ ᠠᠬᠤᠶᠢᠯᠠᠯ ᠢ ᠠᠮᠵᠢᠯᠲᠠ ᠲᠠᠢ ᠪᠠᠷ ᠰᠢᠭᠤᠶᠢᠲᠤ ᠲᠣᠭᠤᠷᠢᠭ ᠲᠤ | ᠰᠠᠭᠤᠷᠢᠰᠢᠭᠤᠯᠪᠠ᠃ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠲᠠᠯ᠎ᠠ ᠪᠠᠷ᠂ ᠮᠢᠩ ᠶᠠᠩ ᠪᠦᠯᠦᠭᠯᠡᠯ ᠤᠨ ᠰᠠᠯᠬᠢᠨ | ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ︽ᠬᠡᠯᠬᠢᠶ᠎ᠡ ᠶᠢᠨ ᠡᠵᠡᠨ︾ ᠠᠵᠤ ᠠᠬᠤᠶᠢᠯᠠᠯ ᠤᠨ | ᠦᠢᠯᠡᠳᠦᠯ ᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ 37 ᠰᠠᠯᠬᠢᠨ ᠬᠦᠴᠦᠨ ᠤ ᠴᠠᠬᠢᠯᠭᠠᠨ ᠤ ᠲᠣᠨᠤᠭ | ᠲᠥᠬᠦᠭᠡᠷᠦᠮᠵᠢ ᠶᠢᠨ ᠠᠵᠤ ᠠᠬᠤᠶᠢᠯᠠᠯ ᠲᠠᠢ ᠬᠤᠯᠪᠣᠭᠠᠯᠠᠨ ᠥᠪᠥᠷ ᠮᠣᠩᠭᠤᠯ ᠤᠨ ᠰᠠᠯᠬᠢᠨ ᠬᠦᠴᠦᠨ ᠤ ᠴᠠᠬᠢᠯᠭᠠᠨ ᠤ | ᠲᠣᠨᠤᠭ ᠲᠥᠬᠦᠭᠡᠷᠦᠮᠵᠢ ᠶᠢᠨ ᠠᠵᠤ ᠦᠢᠯᠡᠰ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ᠂ ︽ᠠᠵᠤ ᠦᠢᠯᠡᠰ ᠢ | ᠬᠠᠮᠵᠢᠯᠴᠠᠭᠤᠯᠬᠤ᠂ ᠪᠥᠭᠡᠮᠨᠡᠷᠡᠬᠦ᠂ ᠥᠷᠲᠡᠭ ᠢ ᠬᠤᠯᠪᠣᠯᠳᠤᠭᠤᠯᠬᠤ᠂ ᠳᠠᠪᠠᠭᠤᠯᠢᠭ ᠢ ᠵᠤᠵᠠᠭᠠᠳᠬᠠᠬᠤ︾ ᠪᠠᠷ | ᠬᠠᠷᠠᠯᠲᠠ ᠪᠣᠯᠭᠠᠨ᠂ ᠳ᠋ᠠ ᠶᠢᠩ ᠴᠠᠬᠢᠯᠭᠠᠨ ᠬᠡᠢ᠂ ᠵᠢᠶᠠᠩᠰᠦ ᠶᠢᠨ ᠰᠢᠶᠧ ᡁᠢ ᠴᠤᠤ᠂ ᠷᠦᠩ ᡁᠢ ᠿᠢ ᠰᠢᠨ ᠵᠡᠷᠭᠡ | 20 ᠭᠠᠷᠤᠶ ᠠᠵᠤ ᠠᠬᠤᠶᠢᠯᠠᠯ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ ᠨᠤᠲᠤᠭᠰᠢᠭᠤᠯᠪᠠ᠃ | ᠦᠵᠡᠰᠬᠦᠯᠡᠩ ᠤᠨ ᠬᠤᠳᠠᠯᠳᠤᠭᠠᠴᠢᠨ ᠤᠷᠢᠬᠤ ᠲᠠᠯ᠎ᠠ ᠪᠠᠷ᠂ ᠮᠢᠩ ᠶᠠᠩ ᠪᠦᠯᠦᠭᠯᠡᠯ ᠳᠤ ᠬᠠᠮᠵᠢᠯᠴᠠᠨ | ᠲᠡᠭᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠤᠨ 97 ᠠᠵᠤ ᠠᠬᠤᠶᠢᠯᠠᠯ ᠢ ᠤᠷᠢᠵᠤ ᠥᠪᠥᠷ ᠮᠣᠩᠭᠤᠯ ︵ | ᠪᠤᠭᠤᠲᠤ︶ ᠤᠨ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠤᠨ ᠠᠵᠤ ᠦᠢᠯᠡᠰ ᠤᠨ ᠬᠡᠯᠬᠢᠶ᠎ᠡ ᠶᠢᠨ | ᠪᠠᠶᠢᠭᠤᠯᠤᠯᠲᠠ ᠶᠢᠨ ᠶᠡᠭᠡ ᠬᠤᠷᠠᠯ ᠵᠢᠴᠢ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠤᠨ ᠠᠵᠤ ᠦᠢᠯᠡᠰ ᠤᠨ | ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠰᠣᠯᠢᠯᠴᠠᠭᠠᠨ ᠤ ᠬᠤᠷᠠᠯ ᠳᠤ ᠣᠷᠣᠯᠴᠠᠭᠤᠯᠵᠤ᠂ ᠰᠠᠯᠬᠢᠨ ᠬᠦᠴᠦᠨ ᠤ | ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ 9 ᠲᠥᠷᠥᠯ ᠵᠦᠢᠯ ᠤᠨ ᠭᠡᠷ᠎ᠡ ᠲᠣᠭᠲᠠᠬᠤ ᠶᠢ ᠠᠬᠢᠭᠤᠯᠵᠤ᠂ | ᠠᠵᠤ ᠦᠢᠯᠡᠰ ᠤᠨ ᠬᠡᠯᠬᠢᠶ᠎ᠡ ᠶᠢᠨ ᠪᠠᠭᠤᠷᠠᠶ ᠭᠤᠭᠴᠤᠭ᠎ᠠ᠂ ᠬᠡᠢ ᠬᠤᠭᠤᠰᠣᠨ ᠬᠦᠷᠢᠶᠡᠨ ᠤ ᠠᠵᠤ ᠠᠬᠤᠶᠢᠯᠠᠯ ᠢ | ᠲᠦᠷᠭᠡᠳᠬᠡᠨ ᠲᠥᠪᠯᠡᠷᠡᠭᠦᠯᠬᠦ ᠶᠢ ᠪᠡᠶᠡᠯᠡᠭᠦᠯᠪᠡ᠃ | ᠬᠤᠯᠪᠣᠭᠳᠠᠯ ᠪᠦᠬᠦᠢ ᠠᠵᠤ ᠦᠢᠯᠡᠰ ᠤᠨ ᠤᠶᠠᠭᠰᠠᠨ ᠬᠤᠳᠠᠯᠳᠤᠭᠠᠴᠢᠨ ᠢ ᠤᠷᠢᠬᠤ ᠲᠠᠯ᠎ᠠ ᠪᠠᠷ᠂ | ᠠᠷᠠᠭᠠᠲᠤ ᠬᠦᠷᠳᠦᠨ ᠬᠠᠶᠢᠷᠴᠠᠭ ᠢ ᠣᠷᠣᠭᠤᠯᠤᠨ ᠠᠪᠴᠢᠷᠠᠬᠤ ᠶᠠᠪᠤᠴᠠ ᠳᠤ᠂ ᠠᠵᠤ ᠠᠬᠤᠶᠢᠯᠠᠯ ᠤᠨ ᠪᠠᠶᠢᠴᠠᠭᠠᠨ | ᠰᠢᠯᠭᠠᠬᠤ ᠠᠵᠤ ᠦᠢᠯᠡᠰ ᠤᠨ ᠬᠡᠰᠡᠭ ᠪᠠ ᠰᠢᠭᠤᠶᠢᠲᠤ ᠲᠣᠭᠤᠷᠢᠭ ᠤᠨ ᠬᠥᠭᠵᠢᠯᠲᠡ ᠶᠢᠨ ᠪᠠᠶᠢᠷᠢ | ᠲᠣᠭᠲᠠᠭᠠᠯᠲᠠ ᠲᠠᠢ ᠬᠠᠷᠢᠯᠴᠠᠨ ᠵᠣᠬᠢᠴᠠᠯᠳᠤᠵᠤ᠂ ᠵᠥᠪᠳᠡᠯᠴᠡᠬᠦ ᠪᠠᠷ ᠳᠠᠮᠵᠢᠨ ᠤᠯᠤᠰ ᠤᠨ ᠳᠡᠰ ᠤᠨ ᠪᠠᠶᠢᠴᠠᠭᠠᠨ | ᠰᠢᠯᠭᠠᠬᠤ ᠲᠠᠪᠴᠠᠩ1 ᠶᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠪᠠ᠃ | ᠲᠣᠰ ᠭᠠᠵᠠᠷ ᠤᠨ ᠢᠵᠢ ᠪᠥᠷᠢᠳᠦᠭᠦᠯᠬᠦ ᠠᠵᠤ ᠠᠬᠤᠶᠢᠯᠠᠯ ᠢ ᠪᠤᠶᠢᠵᠢᠭᠤᠯᠬᠤ ᠲᠠᠯ᠎ᠠ ᠪᠠᠷ᠂ ᠮᠢᠩ ᠶᠠᠩ | ᠪᠦᠯᠦᠭᠯᠡᠯ ᠬᠢᠭᠡᠳ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠵᠡᠷᠭᠡ 21 ᠠᠵᠤ ᠠᠬᠤᠶᠢᠯᠠᠯ ᠢ ᠬᠥᠲᠥᠯᠦᠨ | ᠵᠢᠯᠣᠭᠤᠳᠴᠤ ᠪᠠᠶᠢᠭᠠᠳ ᠬᠠᠷᠢᠶ᠎ᠠ ᠣᠷᠣᠨ ᠳᠤᠨᠢ ᠢᠵᠢ ᠪᠥᠷᠢᠳᠦᠭᠦᠯᠦᠨ ᠪᠤᠶᠢᠵᠢᠭᠤᠯᠬᠤ ᠶᠢ ᠥᠷᠨᠢᠭᠦᠯᠵᠦ᠂ 20 | ᠵᠠᠩᠭᠢᠯᠠᠭ᠎ᠠ ᠶᠢᠨ ᠤᠭᠰᠠᠷᠠᠭ᠎ᠠ ᠲᠣᠨᠤᠭ ᠢ ᠬᠠᠷᠢᠶ᠎ᠠ ᠣᠷᠣᠨᠵᠢᠭᠤᠯᠤᠨ ᠢᠵᠢ ᠪᠥᠷᠢᠳᠦᠭᠦᠯᠬᠦ ᠶᠢ ᠪᠡᠶᠡᠯᠡᠭᠦᠯᠪᠡ᠂ | ᠡᠭᠦᠨ ᠳᠤ 3 ᠠᠵᠤ ᠠᠬᠤᠶᠢᠯᠠᠯ ᠨᠢᠭᠡᠨᠲᠡ ᠪᠥᠭᠡᠮ ᠢᠶᠠᠷ ᠪᠠᠷᠠᠭ᠎ᠠ ᠬᠠᠩᠭᠠᠵᠤ ᠡᠬᠢᠯᠡᠪᠡ᠃ | ᠣᠳᠣᠬᠠᠨ ᠳᠤ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠬᠠᠷᠢᠶ᠎ᠠ | ᠣᠷᠣᠨᠵᠢᠭᠤᠯᠤᠭᠰᠠᠨ ᠢᠵᠢ ᠪᠥᠷᠢᠳᠦᠭᠰᠡᠨ ᠨᠣᠷᠮ᠎ᠠ ᠨᠢᠭᠡᠨᠲᠡ 65% ᠳᠤ ᠬᠦᠷᠴᠦ᠂ ᠵᠢᠯ ᠤᠨ ᠡᠴᠦᠰ ᠲᠤ | 85% ᠠᠴᠠ ᠳᠡᠭᠡᠭᠰᠢ ᠬᠦᠷᠴᠦ᠂ ᠦᠢᠯᠡᠳᠬᠦᠨ ᠤ ᠥᠷᠲᠡᠭ ᠵᠠᠭᠤᠨ ᠳ᠋ᠦᠩᠰᠢᠭᠤᠷ ᠲᠥᠭᠦᠷᠢᠭ ᠢ ᠳᠠᠶᠢᠴᠢᠯᠠᠵᠤ᠂ | ᠰᠢᠭᠤᠶᠢᠲᠤ ᠲᠣᠭᠤᠷᠢᠭ ᠤᠨ ᠮᠢᠩ ᠶᠠᠩ ᠪᠦᠯᠦᠭᠯᠡᠯ ᠢᠶᠠᠷ ᠭᠤᠤᠯ ᠪᠣᠯᠭᠠᠭᠰᠠᠨ ᠰᠠᠯᠬᠢᠨ ᠬᠦᠴᠦᠨ ᠤ ᠴᠠᠬᠢᠯᠭᠠᠨ ᠤ | ᠲᠣᠨᠤᠭ ᠲᠥᠬᠦᠭᠡᠷᠦᠮᠵᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠨᠢᠭᠡᠨᠲᠡ | ᠠᠩᠬ᠎ᠠ ᠠᠯᠬᠤᠮ ᠪᠦᠷᠢᠯᠳᠦᠭᠦᠯᠪᠡ᠃ ᠵᠢᠱᠢᠯᠲᠡ ᠪᠠᠷ 2025 ᠣᠨ ᠤ ᠡᠴᠦᠰ ᠪᠣᠯᠬᠤ ᠳᠤ᠂ ᠠᠷᠠᠭᠠᠲᠤ | ᠬᠦᠷᠳᠦ ᠶᠢᠨ ᠬᠠᠶᠢᠷᠴᠠᠭ᠂ ᠴᠠᠬᠢᠯᠭᠠᠨ ᠮᠠᠰᠢᠨ ᠵᠡᠷᠭᠡ ᠵᠠᠩᠭᠢᠯᠠᠭ᠎ᠠ ᠶᠢᠨ ᠰᠡᠯᠪᠢᠭ ᠲᠣᠨᠤᠭ ᠤᠨ ᠦᠢᠯᠡᠳᠪᠦᠷᠢᠯᠡᠯ ᠤᠨ | ᠴᠢᠳᠠᠪᠤᠷᠢ ᠶᠢ ᠪᠦᠷᠢᠯᠳᠦᠭᠦᠯᠵᠦ᠂ ᠪᠥᠬᠦ ᠬᠤᠲᠠ᠂ ᠪᠥᠬᠦ ᠲᠤᠭᠤᠷᠢᠭ ᠴᠢᠨᠠᠭᠰᠢᠯᠠᠪᠠᠯ ᠪᠥᠬᠦ ᠤᠯᠤᠰ ᠤᠨ ᠰᠠᠯᠬᠢᠨ | ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠪᠠᠷ | ᠬᠠᠮᠤᠭ ᠤᠨ ᠥᠨᠳᠥᠷ᠂ ᠬᠠᠷᠢᠶ᠎ᠠ ᠭᠠᠵᠠᠷ ᠤᠨ ᠠᠵᠤ ᠦᠢᠯᠡᠰ ᠤᠨ ᠢᠵᠢ ᠪᠥᠷᠢᠳᠦᠭᠰᠡᠨ ᠬᠠᠮᠤᠭ ᠤᠨ ᠪᠦᠷᠢᠨ | ᠲᠡᠭᠦᠯᠳᠡᠷ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ | ᠦᠢᠯᠡᠰ ᠤᠨ ᠰᠠᠭᠤᠷᠢᠨ ᠭᠠᠵᠠᠷ ᠪᠣᠯᠬᠤ ᠪᠣᠯᠤᠨ᠎ᠠ᠃ | ᠵᠠᠰᠠᠭ ᠠᠵᠤ ᠠᠬᠤᠶᠢᠯᠠᠯ ᠠᠳᠠᠯᠢ ᠴᠢᠭᠯᠡᠯ ᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠠᠵᠤ | ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ︽ᠦᠨᠡᠨ ᠰᠡᠳᠬᠢᠯ ᠵᠢᠩᠬᠢᠨᠢ ᠰᠠᠨᠠᠭ᠎ᠠ︾ ᠪᠠᠷ | ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ | ᠰᠢᠭᠤᠶᠢᠲᠤ ᠲᠣᠭᠤᠷᠢᠭ ᠤᠨ ᠬᠢᠨ ᠭᠤᠤᠯᠳᠠᠯᠭ᠎ᠠ ᠲᠠᠢ ᠲᠥᠷᠥᠯ ᠵᠦᠢᠯ ᠤᠨ ︽ᠠᠰᠠᠷᠠᠭᠴᠢ ᠮᠠᠶ᠋ᠢᠭ︾ ᠤᠨ | ᠮᠥᠷᠳᠡᠨ ᠦᠢᠯᠡᠴᠢᠯᠡᠬᠦ ᠲᠣᠭᠲᠠᠴᠠ ᠪᠠ ᠠᠵᠤ ᠠᠬᠤᠶᠢᠯᠠᠯ ᠤᠨ ᠪᠥᠬᠦ ᠦᠶᠡᠯᠡᠯ ᠤᠨ ᠬᠤᠭᠤᠴᠠᠭᠠᠨ ᠤ | ᠦᠢᠯᠡᠴᠢᠯᠡᠭᠡᠨ ᠤ ᠲᠣᠭᠲᠠᠴᠠ ᠶᠢ ᠲᠠᠰᠤᠷᠠᠯᠲᠠ ᠥᠬᠡᠶ ᠨᠠᠷᠢᠯᠢᠭᠵᠢᠭᠤᠯᠵᠤ᠂ ︽ᠨᠢᠭᠡ ᠬᠥᠲᠥᠯᠪᠦᠷᠢ N ᠲᠦᠷᠦᠯ︾ | ︵ᠲᠤᠬᠠᠶᠢᠯᠠᠪᠠᠯ ᠲᠣᠭᠤᠷᠢᠭ ᠤᠨ ᠳᠥᠷᠪᠡᠨ ᠤᠳᠤᠷᠢᠳᠬᠤ ᠪᠠᠭ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ | ᠳᠠᠭᠠᠭᠠᠴᠢᠯᠠᠨ ᠬᠤᠯᠪᠣᠭᠠᠯᠠᠬᠤ ᠭᠠᠵᠠᠷ ᠣᠷᠣᠨ᠂ ᠬᠦᠷᠢᠶᠡᠯᠡᠩ ᠲᠣᠭᠤᠷᠢᠭ᠂ ᠦᠵᠡᠮᠵᠢ ᠶᠢᠨ ᠣᠷᠣᠨ ᠢᠶᠠᠷ ︽ | ᠬᠥᠲᠥᠯᠪᠦᠷᠢ︾ ᠪᠣᠯᠭᠠᠵᠤ᠂ ᠰᠢᠶᠠᠨ ᠤ ᠱᠠᠲᠤᠨ ᠤ ᠤᠳᠤᠷᠢᠳᠤᠯᠭ᠎ᠠ ᠨᠢᠭᠡᠪᠦᠷᠢ ᠶᠢᠨ ᠪᠣᠳᠠᠲᠠᠶ ᠳᠠᠭᠠᠭᠠᠴᠢᠯᠠᠨ | ᠬᠤᠯᠪᠣᠭᠠᠯᠠᠬᠤ ᠬᠠᠷᠢᠭᠤᠴᠠᠯᠭ᠎ᠠ ᠶᠢᠨ ᠰᠢᠰᠲ᠋ᠧᠮ ᠢ ᠲᠣᠬᠢᠷᠠᠭᠤᠯᠤᠨ ᠲᠡᠭᠦᠯᠳᠡᠷᠵᠢᠭᠦᠯᠵᠦ᠂ ᠨᠠᠮ ᠵᠠᠰᠠᠭ ᠤᠨ ᠭᠤᠤᠯ | ᠤᠳᠤᠷᠢᠳᠤᠯᠭ᠎ᠠ ᠪᠡᠶ᠎ᠡ ᠪᠠᠷ ᠢᠶᠠᠨ ᠳᠠᠭᠠᠭᠠᠴᠢᠯᠠᠨ ᠬᠤᠯᠪᠣᠭᠠᠯᠠᠵᠤ᠂ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ | ᠡᠳᠦᠷ ᠪᠦᠷᠢ ᠲᠤᠬᠠᠶ ᠶᠢᠨ ᠲᠠᠯᠠᠪᠤᠷ ᠲᠤ ᠬᠠᠶᠢᠨ ᠪᠠᠶᠢᠴᠠᠭᠠᠵᠤ᠂ ᠭᠠᠷᠠᠭ ᠪᠦᠷᠢ ᠳᠣᠭᠢᠷᠠᠭᠤᠯᠤᠨ ᠠᠬᠢᠭᠤᠯᠵᠤ᠂ | ᠰᠠᠷ᠎ᠠ ᠪᠦᠷᠢ ᠲᠠᠩᠰᠠ ᠬᠠᠷᠭᠤᠭᠤᠯᠵᠤ᠂ ᠲᠥᠷᠥᠯ ᠵᠦᠢᠯ ᠢ ᠳᠥᠯᠭᠢᠨ ᠠᠬᠢᠭᠤᠯᠬᠤ ᠳᠤᠮᠳᠠᠬᠢ ᠡᠯ᠎ᠡ ᠲᠥᠷᠥᠯ ᠤᠨ | ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃ ᠠᠵᠤ ᠠᠬᠤᠶᠢᠯᠠᠯ ᠤᠨ | ᠵᠠᠬᠢᠶᠠᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ᠂ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠶᠢᠨ | ᠬᠠᠭᠤᠳᠠᠰᠤ ᠡᠷᠢᠵᠦ ᠥᠭᠬᠦ︾ ᠠᠵᠢᠯ ᠢ ᠶᠡᠬᠡᠪᠡᠷ ᠥᠷᠨᠢᠭᠦᠯᠵᠦ᠂ ᠮᠢᠩ ᠶᠠᠩ ᠪᠦᠯᠦᠭᠯᠡᠯ ᠵᠡᠷᠭᠡ ᠠᠵᠤ ᠠᠬᠤᠶᠢᠯᠠᠯ ᠢ | ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠮᠧᠩ | ᠨᠧᠩ ᠪᠦᠯᠦᠭᠯᠡᠯ ᠵᠢᠴᠢ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ᠂ ᠳᠤᠮᠳᠠᠳᠤ | ᠤᠯᠤᠰ ᠤᠨ ᠡᠨᠧᠷᠭᠢ ᠶᠢᠨ ᠪᠦᠲᠦᠭᠡᠨ ᠪᠠᠶᠢᠭᠤᠯᠤᠯᠲᠠ ᠵᠡᠷᠭᠡ EPC ᠶᠡᠷᠦᠩᠬᠡᠶ ᠳᠠᠭᠠᠭᠠᠴᠢᠯᠠᠭᠰᠠᠨ | ᠬᠤᠳᠠᠯᠳᠤᠭᠠᠴᠢᠨ ᠲᠠᠢ ᠵᠣᠯᠭᠠᠭᠤᠯᠤᠨ ᠵᠣᠬᠢᠴᠠᠭᠤᠯᠵᠤ ᠵᠥᠪᠳᠡᠯᠴᠡᠵᠦ᠂ ᠰᠠᠯᠬᠢᠨ ᠬᠦᠴᠦᠨ ᠤ ᠴᠠᠬᠢᠯᠭᠠᠨ ᠤ ᠢᠵᠢ | ᠪᠦᠷᠢᠳᠦᠭᠦᠯᠬᠦ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠦᠢᠯᠡᠳᠬᠦᠨ ᠢ ᠲᠤᠰᠢᠶᠠᠨ ᠥᠭᠬᠦ | ᠪᠠᠲᠤᠯᠠᠭ᠎ᠠ ᠵᠡᠷᠭᠡ ᠲᠠᠯ᠎ᠠ ᠶᠢᠨ ᠳᠠᠪᠠᠭᠤᠯᠢᠭ ᠢ ᠪᠥᠬᠦ ᠬᠦᠴᠦᠨ ᠢᠶᠠᠷ ᠢᠶᠠᠨ ᠲᠠᠨᠢᠯᠴᠠᠭᠤᠯᠵᠤ᠂ ᠠᠵᠤ ᠠᠬᠤᠶᠢᠯᠠᠯ ᠤᠨ | ᠵᠠᠬᠢᠶᠠᠯᠠᠭ᠎ᠠ ᠬᠢᠬᠦ᠂ ᠵᠠᠬᠢᠶᠠᠯᠠᠭ᠎ᠠ ᠵᠠᠪᠳᠤᠬᠤ᠂ ᠵᠠᠬᠢᠶᠠᠯᠠᠭ᠎ᠠ ᠠᠪᠬᠤ ᠪᠠᠨ ᠪᠥᠬᠦ ᠬᠦᠴᠦᠨ ᠢᠶᠠᠷ ᠢᠶᠠᠨ ᠠᠬᠢᠭᠤᠯᠪᠠ᠃ | ᠨᠠᠪᠴᠢᠨ ᠢᠯᠳᠠᠰᠤᠨ ᠤ ᠬᠡᠲᠦ ᠣᠷᠳᠣ ᠠᠴᠠ ᠪᠣᠯᠤᠭᠰᠠᠨ ᠲᠡᠭᠡᠭᠡᠪᠦᠷᠢᠯᠡᠬᠦ ᠳᠤ ᠬᠦᠴᠢᠷ ᠠᠰᠠᠭᠤᠳᠠᠯ ᠤᠨ ᠡᠮᠦᠨ᠎ᠡ᠂ | ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠬᠠᠮᠢᠶ᠎ᠠ ᠪᠥᠬᠦᠶ | ᠨᠢᠭᠡᠴᠢ ᠶᠢ ᠢᠳᠡᠪᠬᠢᠲᠡᠶ ᠪᠠᠷ ᠵᠣᠬᠢᠴᠠᠭᠤᠯᠵᠤ ᠪᠠᠶᠢᠭᠠᠳ ᠲᠤᠬᠠᠶ ᠶᠢᠨ ᠭᠠᠵᠠᠷ ᠲᠤᠨᠢ ᠪᠠᠶᠢᠴᠠᠭᠠᠨ ᠰᠢᠨᠵᠢᠬᠦ ᠪᠠᠷ | ᠳᠡᠮᠵᠢᠨ᠂ ᠵᠠᠮ ᠳᠠᠭᠠᠤ ᠶᠢᠨ ᠤᠯᠠᠭᠠᠨ ᠨᠣᠭᠤᠭᠠᠨ ᠳ᠋ᠧᠩ᠂ ᠲᠡᠮᠳᠡᠭ ᠫᠠᠶᠢᠰᠠ᠂ ᠲᠤᠰᠠᠭᠠᠷᠯᠠᠬᠤ ᠪᠦᠰᠡ ᠶᠢᠨ | ᠬᠠᠯᠬᠠᠪᠴᠢ ᠬᠡᠷᠡᠰᠬᠡ᠂ ᠭᠠᠳᠠᠭᠠᠳᠤ ᠳᠤ ᠭᠠᠷᠭᠠᠬᠤ ᠶᠢ ᠥᠷᠭᠡᠳᠬᠡᠬᠦ ᠵᠡᠷᠭᠡ ᠶᠢ ᠴᠥᠮ ︽ᠵᠣᠬᠢᠴᠠᠬᠤ ᠴᠢᠨᠠᠷᠲᠠᠶ | ᠥᠭᠡᠷᠡᠴᠢᠯᠡᠯᠲᠡ︾ ᠳᠤ ᠣᠷᠣᠭᠤᠯᠵᠤ᠂ ᠲᠣᠮᠣ ᠬᠡᠯᠪᠡᠷᠢ ᠶᠢᠨ ᠰᠠᠯᠬᠢᠨ ᠬᠦᠴᠦᠨ ᠤ ᠮᠠᠰᠢᠨ ᠤ ᠨᠠᠪᠴᠢᠨ ᠨᠡᠪᠲᠡᠷᠡᠬᠦ | ᠵᠠᠰᠠᠮᠠᠯ ᠵᠠᠮ ᠤᠨ ᠣᠨᠴᠠᠭᠠᠶ ᠬᠡᠷᠡᠭᠴᠡᠭᠡ ᠶᠢ ᠬᠠᠩᠭᠠᠵᠤ᠂ ᠰᠠᠯᠬᠢᠨ ᠬᠦᠴᠦᠨ ᠤ ᠴᠠᠬᠢᠯᠭᠠᠨ ᠤ ᠲᠣᠨᠤᠭ | ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠤᠯᠠᠮ ᠨᠢᠭᠡ | ᠠᠯᠬᠤᠮ ᠪᠠᠭᠤᠷᠠᠭᠤᠯᠵᠤ᠂ ᠰᠠᠯᠬᠢᠨ ᠬᠦᠴᠦᠨ ᠤ ᠮᠠᠰᠢᠨ ᠤ ᠨᠠᠪᠴᠢᠨ ᠢᠯᠳᠠᠰᠤᠨ ᠤ ︽ᠦᠢᠯᠡᠳᠴᠦ ᠳᠡᠶᠢᠯᠬᠦ︾ ︽ | ᠲᠡᠭᠡᠭᠡᠪᠦᠷᠢᠯᠡᠵᠦ ᠳᠡᠶᠢᠯᠬᠦ︾ ᠶᠢ ᠪᠠᠲᠤᠯᠠᠪᠠ᠃ ᠠᠵᠤ ᠠᠬᠤᠢᠯᠠᠯ ᠤᠨ ᠭᠠᠵᠠᠷ ᠰᠢᠷᠤᠢ ᠬᠡᠷᠡᠭᠯᠡᠬᠦ ᠬᠡᠷᠡᠭᠴᠡᠭᠡ ᠶᠢᠨ | ᠡᠮᠦᠨ᠎ᠡ᠂ ᠰᠢᠭᠤᠶᠢᠲᠤ ᠲᠣᠭᠤᠷᠢᠭ ᠨᠢ 7500 ᠮᠦ ᠰᠠᠯᠬᠢᠨ ᠬᠦᠴᠦᠨ ᠤ ᠴᠠᠬᠢᠯᠭᠠᠨ ᠤ ᠲᠣᠨᠤᠭ | ᠲᠥᠬᠦᠭᠡᠷᠦᠮᠵᠢ ᠶᠢᠨ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠵᠤ᠂ ᠠᠩᠬᠠᠨ ᠤ | ᠬᠤᠭᠤᠴᠠᠭᠠᠨ ᠤ ᠨᠡᠭᠡᠭᠡᠨ ᠠᠰᠢᠭᠯᠠᠭᠰᠠᠨ ᠲᠠᠯᠠᠪᠠᠢ ᠨᠢ 3900 ᠮᠦ ᠪᠠᠢᠵᠤ᠂ 5.5 ᠳ᠋ᠦᠩᠰᠢᠭᠤᠷ ᠲᠥᠭᠦᠷᠢᠭ | ᠰᠢᠬᠠᠮ ᠣᠷᠣᠭᠤᠯᠵᠤ᠂ ᠭᠡᠷ ᠪᠠᠶᠢᠰᠢᠩ ᠲᠠᠲᠠᠪᠤᠷᠢᠯᠠᠨ ᠨᠤᠷᠠᠭᠠᠬᠤ᠂ ᠲᠤᠰᠬᠤᠨ ᠤ ᠠᠷᠠᠳ ᠢ ᠨᠡᠭᠦᠯᠭᠡᠬᠦ᠂ | ᠬᠦᠷᠢᠶᠡᠯᠡᠩ ᠲᠣᠭᠤᠷᠢᠭ ᠤᠨ ᠲᠠᠯᠠᠪᠠᠢ ᠶᠢ ᠲᠡᠭᠰᠢ ᠪᠣᠯᠭᠠᠬᠤ᠂ ᠢᠵᠢ ᠪᠦᠷᠢᠳᠦᠭᠦᠯᠦᠨ ᠳᠠᠬᠢᠨ ᠪᠠᠶᠢᠭᠤᠯᠬᠤ ᠵᠡᠷᠭᠡ | ᠠᠵᠢᠯ ᠢ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠨᠢ ︽ᠠᠷᠪᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ | ᠶᠢ ᠪᠡᠶᠡᠯᠡᠭᠦᠯᠵᠦ᠂ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠶᠢ ᠪᠦᠬᠦ ᠬᠦᠴᠦᠨ ᠢᠶᠠᠷ ᠪᠠᠲᠤᠯᠠᠪᠠ᠃ | ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠲᠤᠰᠬᠠᠢ | ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠤᠨ᠂ ᠰᠢᠭᠤᠶᠢᠲᠤ ᠲᠣᠭᠤᠷᠢᠭ ᠨᠢ ᠵᠥᠪᠰᠢᠶᠡᠷᠡᠭᠰᠡᠨ ᠪᠣᠯᠪᠠᠴᠤ | ᠬᠠᠩᠭᠠᠭᠰᠠᠨ ᠦᠭᠡᠢ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠲᠦᠢᠯᠪᠤᠷᠢᠲᠠᠢ ᠪᠠᠶᠢᠴᠠᠭᠠᠬᠤ ᠪᠠ | ᠦᠬᠦᠰᠢᠷᠡᠮᠡᠯ ᠠᠵᠤ ᠠᠬᠤᠶᠢᠯᠠᠯ ᠢ ᠠᠮᠢᠳᠤᠯᠢᠭ ᠪᠣᠯᠭᠠᠬᠤ ᠠᠵᠢᠯ ᠢ ᠠᠬᠢᠭᠤᠯᠵᠤ᠂ ᠰᠢᠨ᠎ᠡ ᠡᠨᠧᠷᠭᠢ ᠵᠢᠴᠢ ᠲᠣᠨᠤᠭ | ᠲᠥᠬᠦᠭᠡᠷᠦᠮᠵᠢ ᠶᠢᠨ ᠣᠶᠤᠨᠴᠢ ᠦᠢᠯᠡᠳᠬᠡᠯ ᠤᠨ ᠢᠵᠢ ᠪᠦᠷᠢᠳᠦᠭᠦᠯᠬᠦ ᠠᠵᠤ ᠦᠢᠯᠡᠰ ᠤᠨ ᠲᠥᠷᠥᠯ ᠵᠦᠢᠯ ᠢ | ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠦᠲᠦᠮᠵᠢᠲᠡᠶ ᠪᠠᠲᠤᠯᠠᠪᠠ᠃ ᠠᠵᠤ ᠠᠬᠤᠶᠢᠯᠠᠯ ᠤᠨ | ᠦᠢᠯᠡᠳᠪᠦᠷᠢ ᠶᠢᠨ ᠬᠡᠷ ᠪᠠᠶᠢᠰᠢᠩ ᠤᠨ ᠲᠥᠬᠦᠭᠡᠷᠦᠮᠵᠢ ᠶᠢᠨ ᠢᠵᠢ ᠪᠥᠷᠢᠳᠦᠭᠦᠯᠬᠦ ᠬᠡᠷᠡᠭᠴᠡᠭᠡ ᠱᠠᠭᠠᠷᠳᠠᠯᠭ᠎ᠠ ᠶᠢᠨ | ᠡᠮᠦᠨ᠎ᠡ᠂ ︽ᠭᠡᠷ᠎ᠡ ᠲᠣᠭᠲᠠᠪᠠᠯ ᠳᠠᠷᠤᠶ ᠠᠵᠢᠯ ᠡᠬᠢᠯᠡᠭᠦᠯᠬᠦ᠂ ᠪᠣᠭᠴᠣ ᠪᠠᠨ ᠲᠡᠭᠦᠵᠢᠯᠡᠭᠡᠳ ᠰᠢᠭᠤᠳ ᠣᠷᠣᠬᠤ︾ | ᠰᠡᠳᠬᠢᠬᠦᠶ ᠶᠢ ᠪᠠᠷᠢᠮᠲᠠᠯᠠᠨ ᠲᠥᠷᠥᠯ ᠵᠦᠢᠯ ᠤᠨ ᠴᠤᠭᠯᠠᠷᠠᠯ ᠢ ᠠᠬᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ | 4.2 ᠳ᠋ᠦᠩᠰᠢᠭᠤᠷ ᠲᠥᠭᠦᠷᠢᠭ᠂ ᠡᠵᠡᠯᠡᠬᠦ ᠭᠠᠵᠠᠷ ᠤᠨ ᠲᠠᠯᠠᠪᠠᠢ 193 ᠮᠥ᠂ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ | 10.05 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ | ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠤᠬᠠᠶ ᠶᠢᠨ ᠲᠠᠯᠠᠪᠤᠷ ᠲᠤ ᠴᠠᠭ ᠲᠤᠬᠠᠶ ᠳᠤᠨᠢ | ᠰᠢᠢᠳᠪᠦᠷᠢᠯᠡᠵᠦ᠂ ᠲᠤᠰᠬᠠᠶ ᠠᠩᠭᠢ ᠪᠠᠷ ᠵᠥᠪᠳᠡᠯᠴᠡᠨ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠵᠦ᠂ ᠤᠷᠢᠳᠴᠢᠯᠠᠨ ᠠᠵᠢᠯ ᠳᠠᠭᠤᠰᠬᠠᠬᠤ ᠶᠢᠨ ᠬᠠᠮᠲᠤ | ᠲᠤᠰᠢᠶᠠᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠤᠷᠢᠳ ᠬᠤᠵᠢᠳ 33 ᠰᠠᠯᠠᠭᠠᠨ ᠲᠠᠰ ᠤᠨ ᠺᠠᠳ᠋ᠷ᠂ 18 | ᠵᠠᠯᠠᠭᠤ ᠺᠠᠳ᠋ᠷ ᠢ ᠵᠣᠬᠢᠶᠠᠨ ᠪᠠᠶᠢᠭᠤᠯᠵᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠭᠠᠵᠠᠷ ᠰᠢᠷᠣᠶ | ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠡᠷᠭᠡ ᠲᠤᠰᠬᠠᠶ ᠠᠵᠢᠯ ᠳᠤ ᠣᠷᠣᠯᠴᠠᠭᠤᠯᠵᠤ᠂ 55 ᠨᠠᠮ ᠤᠨ | ᠪᠠᠶᠢᠭᠤᠯᠤᠯᠲᠠ ᠶᠢᠨ ᠵᠢᠭᠠᠨ ᠵᠢᠯᠣᠭᠤᠳᠣᠭᠴᠢ ᠶᠢ ᠰᠣᠩᠭᠤᠨ ᠲᠣᠮᠢᠯᠠᠵᠤ ᠠᠵᠤ ᠠᠬᠤᠶᠢᠯᠠᠯ ᠳᠤ ᠰᠠᠭᠤᠯᠭᠠᠨ | ᠦᠢᠯᠡᠴᠢᠯᠡᠭᠡ ᠬᠠᠩᠭᠠᠵᠤ᠂ ᠭᠡᠷ᠎ᠡ ᠲᠣᠭᠲᠠᠭᠰᠠᠨ ᠲᠥᠷᠥᠯ ᠵᠦᠢᠯ ᠢ ᠤᠷᠤᠭᠰᠢᠲᠠᠶ ᠠᠰᠢᠭᠯᠠᠯᠲᠠ ᠳᠤ ᠣᠷᠣᠭᠤᠯᠬᠤ ᠶᠢ | ᠪᠠᠲᠤᠯᠠᠪᠠ᠃ | ︽ᠰᠢᠨ᠎ᠡ︾ ᠵᠦᠭ ᠬᠦᠴᠦᠯᠡᠨ ᠴᠢᠷᠮᠠᠢᠵᠤ᠂ ᠰᠠᠯᠬᠢ ᠰᠥᠷᠦᠨ ᠬᠦᠴᠦᠯᠡᠨ ᠴᠢᠷᠮᠠᠶᠢᠵᠤ᠂ ᠢᠷᠡᠭᠡᠳᠦᠢ ᠶᠢᠨ | ᠲᠠᠪᠤᠨ ᠵᠢᠯ ᠳᠤ᠂ ᠠᠳᠡ ᠦᠢᠯᠡᠳᠪᠦᠷᠢᠯᠡᠯ ᠤᠨ ᠥᠷᠲᠡᠭ ᠨᠢ ᠮᠢᠩᠭᠠᠨ ᠳ᠋ᠦᠩᠰᠢᠭᠤᠷ ᠰᠢᠬᠠᠮ ᠳᠡᠰ ᠤᠨ ᠰᠠᠯᠬᠢᠨ | ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠦᠷᠢᠶᠡᠯᠡᠩ ᠢ ᠲᠠᠶᠢᠴᠢᠯᠠᠬᠤ ᠪᠣᠯᠤᠨ᠎ᠠ᠃ | | ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠰᠢᠨ᠎ᠡ ᠡᠨᠧᠷᠭᠢ ᠶᠢᠨ ᠰᠠᠯᠬᠢᠨ ᠬᠦᠴᠦᠨ ᠤ | ᠴᠠᠬᠢᠯᠭᠠᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠲᠤᠮᠤ ᠬᠡᠯᠪᠡᠷᠢ ᠶᠢᠨ ᠴᠢᠳᠬᠤᠬᠤ᠂ ᠬᠤᠷᠳᠤᠴᠠ ᠶᠢ ᠪᠠᠭᠠᠰᠬᠠᠬᠤ ᠮᠠᠰᠢᠨ᠂ ᠴᠠᠬᠢᠯᠭᠠᠨ᠂ ᠡᠨᠧᠷᠭᠢ | ᠬᠠᠳᠠᠭᠠᠯᠠᠬᠤ ᠵᠡᠷᠭᠡ ᠢᠵᠢ ᠪᠦᠷᠢᠳᠦᠭᠦᠯᠬᠦ ᠠᠵᠤ ᠠᠬᠤᠶᠢᠯᠠᠯ ᠢ ᠭᠤᠣᠯᠳᠠᠯᠭ᠎ᠠ ᠲᠠᠢ ᠣᠷᠣᠭᠤᠯᠤᠨ ᠠᠪᠴᠢᠷᠠᠵᠤ᠂ | ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ︽ᠨᠢᠭᠡ | ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ︾ ᠶᠢ ᠲᠣᠭᠲᠠᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ | ᠪᠦᠬᠦ ᠶᠠᠪᠤᠴᠠ ᠶᠢᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ︽ᠦᠨᠡᠨ ᠰᠡᠳᠬᠢᠯ ᠵᠢᠩᠬᠢᠨᠢ ᠰᠠᠨᠠᠭ᠎ᠠ︾᠂ ︽ | ᠲᠠᠨ ᠳᠤ ᠯᠠᠪᠳᠠᠢ ᠲᠠᠭᠠᠰᠢᠶᠠᠭᠳᠠᠬᠤ︾ ᠪᠦᠬᠦᠢ ︽ᠠᠯᠳᠠᠨ ᠦᠰᠦᠭᠲᠦ ᠫᠠᠶᠢᠰᠠ︾ ᠶᠢ ᠦᠡᠨᠡ ᠬᠦ | ᠴᠤᠤᠷᠢᠶᠠᠳᠠᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠲᠤᠨᠤᠭ ᠲᠥᠬᠦᠭᠡᠷᠦᠮᠵᠢ ᠦᠢᠯᠡᠳᠬᠦ ᠠᠵᠢᠯ ᠲᠦᠷᠦᠯ ᠢ | ᠦᠡᠨᠨ ᠬᠦ ᠬᠤᠪᠣᠷ ᠰᠢᠷᠣᠢ ᠪᠣᠯᠤᠨ ᠭᠡᠷᠡᠯ ᠴᠡᠨᠡᠭ ᠤᠨ ᠳᠠᠷᠠᠭᠠᠬᠢ ᠪᠤᠭᠤᠲᠤ ᠬᠤᠳᠠ ᠶᠢᠨ ᠭᠤᠷᠪᠠᠳᠤᠭᠠᠷ | ᠲᠤᠭ ᠬᠡᠯᠪᠡᠷᠢ ᠶᠢᠨ ᠠᠵᠤ ᠦᠢᠯᠡᠰ ᠤᠨ ᠪᠦᠯᠦᠭᠵᠢᠯ ᠪᠣᠯᠭᠠᠨ ᠪᠦᠳᠦᠭᠡᠨ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ | ᠬᠠᠮᠤᠭ ᠤᠨ ᠪᠦᠷᠢᠨ ᠪᠦᠲᠦᠨ᠂ ᠮᠡᠷᠭᠡᠵᠢᠯ ᠬᠠᠮᠤᠭ ᠤᠨ ᠲᠡᠷᠢᠭᠦᠨ ᠤ᠂ ᠠᠵᠤ ᠦᠢᠯᠡᠰ ᠤᠨ ᠢᠵᠢ ᠪᠦᠷᠢᠳᠦᠭᠰᠡᠨ | ᠬᠠᠮᠤᠭ ᠤᠨ ᠪᠦᠷᠢᠨ ᠭᠦᠢᠴᠡᠳ᠂ ᠨᠥᠯᠥᠭᠡᠯᠡᠨ ᠳᠠᠶᠢᠴᠢᠯᠠᠬᠤ ᠬᠦᠴᠦᠨ ᠢᠶᠠᠷ ᠬᠠᠮᠤᠭ ᠤᠨ ᠴᠢᠩᠭ᠎ᠠ ᠪᠦᠬᠦ | ᠤᠯᠤᠰ ᠤᠨ ᠴᠢᠬᠤᠯᠠ ᠬᠠᠭᠤᠷᠠᠢ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠠᠵᠤ | ᠦᠢᠯᠡᠰ ᠤᠨ ᠰᠠᠭᠤᠷᠢᠨ ᠭᠠᠵᠠᠷ ᠪᠣᠯᠭᠠᠨ ᠪᠦᠳᠦᠭᠡᠨ ᠪᠠᠶᠢᠭᠤᠯᠤᠨ᠎ᠠ᠃ | |