ᠪᠥᠬᠦ ᠬᠤᠲᠠ ᠪᠠᠷ ᠢᠶᠠᠨ ︽ᠰᠢᠢᠳᠪᠦᠷᠢᠯᠡᠭᠳᠡᠬᠦᠢ ᠰᠡᠳᠬᠢᠬᠦᠶ ᠶᠢ ᠪᠤᠢ ᠪᠤᠯᠭᠠᠵᠤ᠂ ᠠᠵᠢᠯ ᠤᠨ | ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠶ | ᠰᠡᠳᠦᠪᠲᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠰᠢᠭᠤᠶᠢᠲᠤ ᠲᠣᠭᠤᠷᠢᠭ ᠨᠢ ᠬᠤᠲᠠ ᠶᠢᠨ ᠨᠠᠮ ᠤᠨ | ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠦᠵᠡᠯ | ᠰᠠᠨᠠᠭ᠎ᠠ ᠪᠠᠨ ᠳᠠᠬᠢᠨ ᠴᠢᠯᠥᠭᠡᠯᠡᠵᠦ᠂ ᠣᠶᠤᠨ ᠰᠠᠨᠠᠭ᠎ᠠ ᠪᠠᠨ ᠳᠠᠬᠢᠨ ᠬᠥᠪᠴᠢᠯᠡᠵᠦ᠂ ᠴᠢᠳᠠᠪᠤᠷᠢ ᠪᠠᠨ ᠳᠠᠬᠢᠨ | ᠳᠡᠭᠡᠭᠰᠢᠯᠡᠭᠦᠯᠵᠦ᠂ ᠰᠤᠷᠲᠠᠯ ᠢᠶᠠᠨ ᠳᠠᠬᠢᠨ ᠬᠤᠪᠢᠷᠠᠭᠤᠯᠬᠤ︾ ᠪᠠᠷ ᠤᠳᠤᠷᠢᠳᠤᠮᠵᠢ ᠪᠣᠯᠭᠠᠵᠤ᠂ ᠰᠤᠷᠤᠯᠴᠠᠯᠭ᠎ᠠ | ᠬᠥᠮᠦᠵᠢᠯ᠂ ᠠᠰᠠᠭᠤᠳᠠᠯ ᠢᠶᠠᠨ ᠪᠠᠶᠢᠴᠠᠭᠠᠨ ᠳᠡᠯᠭᠡᠬᠦ ᠪᠠ ᠭᠤᠷᠪᠠᠨ ᠵᠦᠢᠯ ᠤᠨ ᠭᠤᠤᠯᠳᠠᠯᠭ᠎ᠠ ᠲᠠᠢ ᠡᠭᠦᠷᠭᠡ ᠪᠠᠨ | ᠪᠠᠬᠢᠵᠢᠭᠦᠯᠦᠨ ᠳᠡᠭᠡᠭᠰᠢᠯᠡᠭᠦᠯᠬᠦ ᠶᠢᠨ ᠲᠣᠭᠤᠷᠢᠨ ᠳᠤ᠂ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠵᠤ᠂ ᠨᠠᠷᠢᠨ | ᠨᠢᠮᠪᠠᠶ ᠵᠣᠬᠢᠶᠠᠨ ᠪᠠᠶᠢᠭᠤᠯᠵᠤ᠂ ᠦᠳᠲᠡᠷ ᠲᠦᠷᠭᠡᠨ ᠬᠥᠳᠡᠯᠦᠯᠴᠡᠵᠦ᠂ ᠪᠥᠬᠦ ᠲᠤᠭᠤᠷᠢᠭ ᠤᠨ ᠡᠯ᠎ᠡ ᠰᠠᠯᠠᠭ᠎ᠠ | ᠮᠥᠴᠢᠷ ᠨᠢᠭᠡᠴᠢ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ︽ᠲᠦᠮᠡᠨ ᠶᠠᠪᠤᠳᠠᠯ ᠢ ᠰᠢᠢᠳᠪᠦᠷᠢᠯᠡᠵᠦ | ᠲᠡᠶᠢᠯᠬᠦ︾ ᠪᠣᠭᠤᠮᠲᠠ ᠰᠢᠪᠲᠤᠯᠬᠤ ᠵᠣᠷᠢᠭ ᠰᠠᠨᠠᠭ᠎ᠠ᠂ ᠨᠢᠭᠲᠠ ᠠᠴᠠ ᠨᠢᠭᠲᠠ ᠠᠵᠢᠯ ᠤᠨ ᠪᠠᠷᠢᠮᠵᠢᠶ᠎ᠠ᠂ ᠴᠢᠩᠭ᠎ᠠ | ᠠᠳᠬᠤᠨ ᠲᠦᠷᠭᠡᠨ ᠠᠵᠢᠯᠯᠠᠬᠤ ᠠᠵᠢᠯ ᠤᠨ ᠦᠷ᠎ᠡ ᠪᠦᠲᠦᠮᠵᠢ ᠪᠠᠷ᠂ ᠪᠥᠬᠦ ᠲᠤᠭᠤᠷᠢᠭ ᠤᠨ ᠡᠯ᠎ᠡ ᠵᠦᠢᠯ ᠤᠨ | ᠠᠵᠢᠯ ᠤᠨ ᠴᠢᠨᠠᠷ ᠰᠠᠶᠢᠲᠠᠶ ᠳᠡᠭᠡᠭᠰᠢᠯᠡᠯᠲᠡ ᠶᠢ ᠲᠦᠷᠭᠡᠳᠬᠡᠨ ᠠᠬᠢᠭᠤᠯᠵᠤ᠂ ᠪᠥᠬᠦ ᠬᠤᠲᠠ ᠶᠢᠨ ᠲᠡᠷᠢᠭᠦᠨ ᠳᠤ | ᠣᠷᠣᠬᠤ ᠪᠠᠷ ᠴᠢᠷᠮᠠᠶᠢᠬᠤ ᠬᠠᠷᠠᠯᠲᠠ ᠶᠢ ᠪᠡᠶᠡᠯᠡᠭᠦᠯᠬᠦ ᠳᠤ ᠨᠠᠩ ᠣᠯᠠᠨ ᠰᠢᠭᠤᠶᠢᠲᠤ ᠲᠣᠭᠤᠷᠢᠭ ᠤᠨ ᠬᠦᠴᠦᠨ | ᠴᠢᠳᠠᠯ ᠢᠶᠠᠨ ᠡᠷᠭᠦᠪᠡ᠃ | ᠲᠡᠷᠢᠭᠦᠨ ᠤ ᠬᠢ ᠪᠠᠷ ᠪᠠᠷᠢᠮᠵᠢᠶ᠎ᠠ ᠪᠣᠯᠭᠠᠵᠤ ᠠᠳᠠᠯᠢᠳᠬᠠᠨ ᠰᠤᠷᠴᠤ ᠭᠦᠢᠴᠡᠨ ᠳᠠᠪᠠᠵᠤ | ᠬᠥᠭᠵᠢᠯᠲᠡ ᠶᠢᠨ ᠠᠰᠠᠭᠤᠳᠠᠯ ᠰᠢᠢᠳᠪᠦᠷᠢᠯᠡᠬᠦ ᠴᠢᠳᠠᠪᠤᠷᠢ ᠪᠠᠨ ᠲᠡᠭᠡᠭᠰᠢᠯᠡᠭᠦᠯᠪᠡ | ᠰᠢᠭᠤᠶᠢᠲᠤ ᠲᠣᠭᠤᠷᠢᠭ ᠠᠵᠢᠯ ᠤᠨ ᠰᠠᠨᠠᠭᠤᠯᠤᠮᠵᠢ ᠳᠠᠷᠤᠮᠠᠯᠯᠠᠨ ᠲᠠᠷᠬᠠᠭᠠᠬᠤ᠂ ᠤᠳᠤᠷᠢᠳᠬᠤ ᠪᠠᠭ ᠵᠢᠴᠢ | ᠬᠤᠪᠢ ᠬᠥᠮᠦᠨ ᠤ ᠠᠰᠠᠭᠤᠳᠠᠯ ᠢ ᠪᠠᠶᠢᠴᠠᠭᠠᠨ ᠦᠵᠡᠬᠦ ᠨᠠᠷᠢᠨ ᠲᠠᠩᠰᠠ ᠵᠡᠷᠭᠡ 5 ᠵᠢᠯᠣᠭᠤᠳᠬᠤ ᠨᠠᠷᠢᠨ ᠲᠠᠩᠰᠠ ᠶᠢ | ᠲᠣᠭᠲᠠᠭᠠᠨ ᠲᠠᠷᠬᠠᠭᠠᠬᠤ ᠪᠠᠷ ᠳᠠᠮᠵᠢᠭᠤᠯᠤᠨ᠂ ᠤᠯᠠᠮ ᠨᠢᠭᠡ ᠠᠯᠬᠤᠮ ᠨᠠᠷᠢᠯᠢᠭ᠂ ᠪᠣᠳᠠᠲᠠᠶ᠂ ᠴᠢᠩᠭ᠎ᠠ ᠱᠠᠭᠠᠷᠳᠠᠯᠭ᠎ᠠ | ᠂ ᠨᠠᠷᠢᠨ ᠲᠠᠩᠰᠠᠯᠠᠭᠰᠠᠨ ᠬᠡᠯᠪᠡᠷᠢ ᠪᠠᠷ ᠵᠢᠯᠣᠭᠤᠳᠤᠨ ᠨᠠᠶᠢᠳᠠᠪᠤᠷᠢᠵᠢᠭᠤᠯᠬᠤ ᠶᠢ ᠳᠣᠪᠤᠶᠢᠯᠭᠠᠪᠠ᠃ ᠬᠤᠪᠢ ᠬᠥᠮᠦᠨ | ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ ᠲᠤᠰᠬᠠᠶ ᠰᠡᠳᠦᠪ ᠢᠶᠠᠷ ᠬᠠᠪᠰᠤᠷᠤᠨ ᠵᠢᠯᠤᠭᠤᠳᠴᠤ ᠬᠠᠷᠢᠯᠴᠠᠨ | ᠨᠡᠪᠲᠡᠷᠡᠯᠴᠡᠭᠦᠯᠬᠦ ᠶᠢ ᠪᠠᠷᠢᠮᠳᠠᠯᠠᠪᠠ᠃ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠢᠯᠠᠩ ᠤᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠵᠦ᠂ 35 ᠰᠢᠶᠠᠨ ᠤ ᠱᠠᠲᠤᠨ ᠤ ᠤᠳᠤᠷᠢᠳᠤᠯᠭ᠎ᠠ | ᠬᠤᠲᠠ ᠶᠢᠨ ᠨᠠᠮ ᠤᠨ ᠬᠤᠷᠢᠶᠠᠨ ᠤ ︽ᠲᠤᠰᠬᠠᠶ ᠰᠡᠳᠦᠪᠲᠦ ᠠᠵᠢᠯᠯᠠᠭ᠎ᠠ ᠶᠢᠨ ᠰᠤᠷᠤᠯᠴᠠᠬᠤ ᠮᠠᠲ᠋ᠧᠷᠢᠶᠠᠯ ᠤᠨ | ᠡᠮᠬᠢᠳᠬᠡᠯ︾ ᠪᠠ ᠳᠡᠭᠡᠳᠦ ᠱᠠᠲᠤᠨ ᠤ ᠲᠤᠰ ᠭᠠᠵᠠᠷ ᠣᠷᠣᠨ ᠲᠤᠰ ᠬᠦᠷᠢᠶᠡᠨ ᠤ ᠲᠥᠷᠥ ᠶᠢᠨ ᠪᠣᠳᠣᠯᠭ᠎ᠠ ᠶᠢᠨ | ᠲᠤᠬᠠᠶ ᠪᠢᠴᠢᠭ ᠮᠠᠲ᠋ᠧᠷᠢᠶᠠᠯ ᠢ ᠭᠦᠨᠵᠡᠭᠡᠶ ᠰᠤᠷᠤᠯᠴᠠᠵᠤ᠂ ᠣᠨᠴᠠ ᠤᠷᠢᠭᠰᠠᠨ ᠲᠤᠰᠬᠠᠶ ᠮᠡᠷᠭᠡᠵᠢᠯᠲᠡᠨ | ᠲᠥᠪᠯᠡᠷᠡᠭᠦᠯᠦᠨ ᠬᠢᠴᠢᠶᠡᠯ ᠣᠷᠣᠬᠤ ᠶᠢᠨ ᠬᠠᠮᠲᠤ ᠭᠤᠤᠯ ᠰᠡᠳᠦᠪ ᠤᠨ ᠲᠣᠭᠤᠷᠢᠨ ᠳᠤ ᠲᠤᠰᠬᠠᠶ ᠰᠡᠳᠦᠪᠲᠦ | ᠰᠤᠳᠤᠯᠤᠨ ᠶᠠᠷᠢᠯᠴᠠᠬᠤ ᠶᠢ ᠨᠠᠷᠢᠨ ᠬᠢᠨᠠᠮᠠᠭᠠᠶ ᠥᠷᠨᠢᠭᠦᠯᠪᠡ᠃ ᠡᠨᠡ ᠬᠦ ᠰᠠᠭᠤᠷᠢᠨ ᠳᠡᠭᠡᠷ᠎ᠡ᠂ ᠰᠢᠶᠠᠨ ᠤ ᠱᠠᠲᠤᠨ ᠤ | ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠪᠠᠶᠢᠭᠤᠯᠭ᠎ᠠ ᠨᠢᠭᠡᠴᠢ ᠳᠡᠭᠡᠨ ᠭᠦᠨᠵᠡᠭᠡᠶᠢᠷᠡᠨ | ᠳᠠᠭᠠᠭᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ᠭᠤᠤᠯ ᠬᠠᠷᠢᠭᠤᠴᠠᠯᠭᠠᠲᠠᠨ ᠨᠥᠬᠦᠳ ᠲᠠᠢ | ᠰᠡᠳᠬᠢᠯ ᠤᠨ ᠦᠭᠡ ᠪᠠᠨ ᠶᠠᠷᠢᠯᠴᠠᠵᠤ᠂ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠠᠷᠠᠯᠵᠢᠶᠠᠴᠢᠨ ᠤᠷᠢᠵᠤ | ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠤ ᠠᠰᠠᠭᠤᠳᠠᠯ ᠢ ᠰᠤᠳᠤᠯᠵᠤ᠂ ᠬᠠᠷᠠᠯᠲᠠ ᠡᠭᠦᠷᠭᠡ ᠪᠠᠨ | ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠪᠠ᠃ ︽ᠰᠢᠳᠢᠳᠦ ᠰᠢᠭᠤᠶᠢᠳᠤ︾ ᠤᠯᠠᠨ | ᠨᠡᠶᠢᠲᠡ ᠶᠢᠨ ᠸᠢᠴᠠᠲ ᠲᠠᠪᠴᠠᠩ ᠤᠨ ︽︿ᠰᠢᠢᠳᠪᠦᠷᠢᠯᠡᠭᠳᠡᠬᠦᠢ ᠰᠡᠳᠬᠢᠬᠦᠢ﹀ ᠪᠠᠷ ᠡᠭᠦᠷᠭᠡᠯᠡᠯ ᠢᠶᠠᠨ ᠢᠯᠡᠷᠡᠭᠦᠯᠬᠦ︾ | ᠲᠤᠰᠬᠠᠢ ᠪᠤᠯᠤᠩ ᠨᠡᠭᠡᠭᠡᠵᠦ᠂ ᠪᠦᠬᠦ ᠲᠣᠭᠤᠷᠢᠭ ᠤᠨ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠰᠠᠯᠠᠭ᠎ᠠ | ᠮᠥᠴᠢᠷ ᠨᠢᠭᠡᠴᠢ ᠶᠢᠨ ᠰᠡᠳᠬᠢᠬᠦᠢ ᠶᠢᠨ ᠲᠣᠭᠲᠠᠮᠠᠯ ᠬᠡᠯᠪᠡᠷᠢ ᠂ ᠪᠣᠭᠤᠮᠢ ᠬᠢᠵᠠᠭᠠᠷᠯᠠᠯ ᠢ ᠡᠪᠳᠡᠵᠦ᠂ ᠬᠥᠭᠵᠢᠯᠲᠡ ᠶᠢᠨ | ᠬᠦᠴᠢᠷ ᠠᠰᠠᠭᠤᠳᠠᠯ ᠢ ᠰᠢᠢᠳᠪᠦᠷᠢᠯᠡᠭᠰᠡᠨ ︽ ᠰᠢᠢᠳᠪᠦᠷᠢᠯᠡᠭᠳᠡᠬᠦᠢ ᠰᠡᠳᠬᠢᠬᠦᠢ︾ ᠶᠢᠨ ᠨᠡᠶᠢᠲᠡᠯᠢᠭ ᠵᠢᠱᠢᠶ᠎ᠡ ᠵᠢᠴᠢ | ᠲᠤᠷᠰᠢᠯᠭ᠎ᠠ ᠬᠢᠳᠡᠯ ᠢ ᠨᠡᠶᠢᠲᠡᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠥᠨ ᠳᠠᠭᠠᠭᠤᠯᠵᠤ | ᠪᠠᠶᠢᠭᠠᠳ ᠪᠦᠬᠦ ᠲᠣᠭᠤᠷᠢᠭ ᠤᠨ ᠬᠥᠭᠵᠢᠯᠲᠡ ᠶᠢᠨ ᠶᠡᠭᠡ ᠲᠠᠯ᠎ᠠ ᠶᠢᠨ ᠵᠣᠭᠰᠣᠴᠠ ᠠᠴᠠ ︽ᠰᠢᠢᠳᠪᠦᠷᠢᠯᠡᠭᠳᠡᠬᠦᠢ | ᠰᠡᠳᠬᠢᠬᠦᠢ︾ ᠶᠢ ᠢᠳᠡᠪᠬᠢᠲᠡᠢ ᠪᠤᠢ ᠪᠣᠯᠭᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠬᠦ | ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠠᠵᠢᠯ ᠤᠨ | ᠬᠠᠮᠲᠤᠷᠠᠯ ᠬᠦᠴᠦᠨ ᠢ ᠨᠢᠭᠲᠠᠷᠠᠭᠤᠯᠪᠠ᠃ | ᠬᠢᠲᠤᠭᠠᠨ ᠢᠷ ᠢᠶᠠᠨ ᠳᠣᠲᠣᠭᠰᠢ ᠬᠠᠨᠳᠤᠭᠤᠯᠵᠤ ᠠᠵᠢᠯ ᠤᠨ ᠰᠤᠷᠲᠠᠯ ᠢᠶᠠᠨ ᠬᠤᠪᠢᠷᠠᠭᠤᠯᠤᠨ ᠠᠵᠢᠯ | ᠬᠢᠵᠦ ᠦᠢᠯᠡᠰ ᠪᠣᠰᠬᠠᠬᠤ ᠵᠣᠷᠢᠭ ᠰᠠᠨᠠᠭᠠᠨ ᠤ ᠪᠠᠶᠢᠳᠠᠯ ᠢ ᠬᠦᠭᠵᠢᠭᠡᠪᠡ | ᠣᠯᠠᠨ ᠲᠦᠮᠡᠨ ᠳᠤᠷᠠᠳᠬᠤ᠂ ᠥᠪᠡᠷ ᠢᠶᠠᠨ ᠡᠷᠢᠬᠦ᠂ ᠳᠡᠭᠡᠰᠦ ᠱᠠᠲᠤᠨ ᠠᠴᠠ ᠦᠨᠡᠯᠡᠨ᠂ ᠬᠠᠷᠢᠯᠴᠠᠨ | ᠬᠠᠪᠰᠤᠷᠤᠯᠴᠠᠬᠤ᠂ ᠬᠠᠮᠲᠤ ᠪᠠᠷ ᠵᠥᠪᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠪᠥᠬᠦ ᠲᠣᠭᠤᠷᠢᠭ ᠤᠨ ᠰᠢᠶᠠᠨ ᠤ | ᠱᠠᠲᠤᠨ ᠤ ᠤᠳᠤᠷᠢᠳᠤᠯᠭ᠎ᠠ ᠶᠢᠨ ᠬᠤᠪᠢᠳᠠᠨ ᠬᠠᠮᠢᠶᠠᠷᠴᠤ ᠪᠦᠬᠦᠢ ᠬᠦᠷᠢᠶᠡᠨ ᠳᠠᠬᠢ ᠲᠡᠦᠬᠡ ᠶᠢᠨ ᠬᠠᠮᠤᠭ ᠤᠨ | ᠥᠨᠳᠥᠷ ᠬᠢᠷᠢ ᠬᠡᠮᠵᠢᠶ᠎ᠡ ᠪᠠ ᠲᠡᠷᠢᠭᠦᠨ ᠤ ᠠᠵᠢᠯ ᠤᠨ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠪᠠᠷᠢᠮᠵᠢᠶ᠎ᠠ ᠶᠢᠨ | ᠱᠠᠭᠠᠷᠳᠠᠯᠭ᠎ᠠ ᠲᠠᠢ ᠬᠠᠷᠢᠴᠠᠭᠤᠯᠤᠨ ᠵᠥᠷᠢᠶ᠎ᠡ ᠪᠠᠨ ᠡᠷᠢᠵᠦ᠂ ᠰᠢᠯᠲᠠᠭᠠᠨ ᠢ ᠵᠠᠳᠠᠯᠤᠨ᠂ ᠠᠰᠠᠭᠤᠳᠠᠯ ᠢ ᠭᠦᠨᠵᠡᠭᠡᠶ | ᠪᠠᠶᠢᠴᠠᠭᠠᠨ ᠳᠡᠯᠭᠡᠵᠦ᠂ ᠠᠰᠠᠭᠤᠳᠠᠯ ᠤᠨ ᠨᠠᠷᠢᠨ ᠲᠠᠩᠰᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠦᠷᠢᠯᠳᠦᠭᠦᠯᠪᠡ᠃ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ᠂ ︽ | ᠣᠳᠣᠬᠠᠨ ᠳᠤ ᠴᠡᠭᠴᠡᠯᠡᠨ ᠰᠠᠶᠢᠵᠢᠷᠠᠭᠤᠯᠬᠤ︾ ᠪᠠ ︽ᠤᠷᠳᠤ ᠬᠤᠭᠤᠴᠠᠭ᠎ᠠ ᠪᠠᠷ ᠣᠷᠤᠰᠢᠬᠤ︾ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠲᠦᠷᠢᠮ ᠲᠣᠭᠲᠠᠭᠠᠯ ᠲᠣᠭᠲᠠᠭᠠᠬᠤ ᠶᠢ ᠪᠦᠬᠦ ᠶᠠᠪᠤᠴᠠ ᠳᠤ ᠲᠤᠭᠤᠰᠢᠯᠠᠭᠤᠯᠵᠤ᠂ | ᠲᠦᠷᠢᠮ ᠪᠠ ᠠᠵᠢᠯ ᠤᠨ ᠳᠤᠲᠠᠭᠳᠠᠯ ᠢ ᠨᠥᠬᠦᠪᠥᠷᠢᠯᠡᠵᠦ᠂ ᠠᠰᠠᠭᠤᠳᠠᠯ ᠲᠠᠬᠢᠨ ᠡᠭᠦᠰᠬᠦ ᠶᠢ ᠰᠡᠷᠭᠡᠶᠢᠯᠡᠵᠦ᠂ | ᠨᠣᠮᠧᠷ ᠢ ᠬᠦᠴᠦᠨ ᠦᠭᠡᠢ ᠪᠣᠯᠭᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠤᠭᠤᠴᠠᠭ᠎ᠠ ᠲᠣᠭᠲᠠᠭᠠᠨ ᠴᠡᠭᠴᠡᠯᠡᠨ | ᠰᠠᠶᠢᠵᠢᠷᠠᠭᠤᠯᠵᠤ᠂ ᠤᠳᠤᠷᠢᠳᠬᠤ ᠺᠠᠳ᠋ᠷ ᠤᠨ ᠦᠷᠭᠦᠯᠵᠢᠯᠡᠨ ᠰᠤᠷᠲᠠᠯ ᠢᠶᠠᠨ ᠬᠤᠪᠢᠷᠠᠭᠤᠯᠵᠤ᠂ ᠰᠢᠨ᠎ᠡ ᠰᠤᠷᠲᠠᠯ ᠢ | ᠪᠤᠢ ᠪᠣᠯᠭᠠᠬᠤ ᠶᠢ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠬᠦ | ᠠᠳᠬᠤᠵᠤ ᠪᠣᠳᠠᠲᠠᠢ ᠠᠵᠢᠯᠯᠠᠬᠤ ᠴᠤᠭ ᠰᠦᠯᠳᠡ ᠶᠢ ᠪᠠᠳᠠᠷᠠᠭᠤᠯᠵᠤ᠂ ᠲᠤᠰᠬᠠᠢ ᠰᠡᠳᠦᠪᠲᠦ ᠠᠵᠢᠯᠯᠠᠭ᠎ᠠ ᠶᠢᠨ | ᠪᠠᠶᠢᠩᠭᠤ ᠪᠦᠲᠦᠮᠵᠢᠲᠡᠢ ᠪᠠᠶᠢᠬᠤ ᠶᠢ ᠪᠠᠳᠤᠯᠠᠪᠠ᠃ | ᠰᠢᠷᠭᠠᠭᠤ ᠠᠵᠢᠯᠯᠠᠬᠤ ᠶᠢ ᠲᠡᠷᠢᠭᠦᠨ ᠳᠤ ᠲᠠᠯᠪᠢᠵᠤ ᠬᠦᠴᠢᠷ ᠢ ᠲᠤᠭᠤᠯᠤᠨ ᠪᠣᠭᠤᠮᠲᠠ ᠰᠢᠪᠲᠤᠯᠤᠨ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠪᠡ | ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠨᠠᠷᠢᠯᠢᠭ ᠣᠨᠣᠪᠴᠢᠲᠠᠢ ᠠᠩᠬᠠᠷᠤᠯ ᠢᠶᠠᠨ ᠲᠥᠪᠯᠡᠷᠡᠭᠦᠯᠵᠦ᠂ | ᠡᠪᠦᠯ ᠣᠷᠣᠬᠤ ᠠᠴᠠ ᠡᠮᠦᠨᠡᠬᠢ ︽ᠰᠢᠵᠢᠷ ᠠᠯᠲᠠᠨ ᠴᠠᠭ ᠬᠤᠭᠤᠴᠠᠭ᠎ᠠ︾ ᠶᠢ ᠪᠦᠲᠦᠮᠵᠢᠲᠡᠢ ᠠᠳᠬᠤᠵᠤ᠂ ᠲᠥᠷᠦᠯ | ᠵᠦᠢᠯ ᠤᠨ ᠪᠦᠲᠦᠭᠡᠨ ᠪᠠᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠠᠬᠢᠭᠤᠯᠵᠤ᠂ ᠵᠢᠯ ᠤᠨ ᠳᠣᠲᠣᠷ᠎ᠠ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6 ᠳ᠋ᠦᠩᠰᠢᠭᠤᠷ ᠲᠥᠭᠦᠷᠢᠭ ᠠᠴᠠ 7 ᠳ᠋ᠦᠩᠰᠢᠭᠤᠷ | ᠲᠥᠭᠦᠷᠢᠭ ᠨᠡᠮᠡᠭᠳᠡᠭᠦᠯᠬᠦ ᠪᠠᠷ ᠴᠢᠷᠮᠠᠶᠢᠪᠠ᠃ ᠡᠭᠦᠨ ᠤ ᠬᠠᠮᠲᠤ᠂ 2025 ᠣᠨ ᠳᠤ ᠬᠡᠷᠡᠭᠵᠢᠭᠦᠯᠬᠦ ᠪᠠᠷ ᠪᠠᠶᠢᠭ᠎ᠠ | 32 ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠮᠢᠨᠦ᠋ᠲ | ᠰᠧᠺᠦ᠋ᠨ᠋ᠳ᠋ ᠲᠠᠢ ᠤᠷᠤᠯᠳᠣᠨ ᠠᠬᠢᠭᠤᠯᠵᠤ᠂ ᠢᠷᠡᠬᠦ ᠵᠢᠯ ᠤᠨ 3 ᠳ᠋ᠤᠭᠠᠷ ᠰᠠᠷ᠎ᠠ ᠳᠤ ᠦᠷᠭᠦᠯᠵᠢᠯᠡᠨ ᠪᠠᠶᠢᠭᠤᠯᠬᠤ | ᠲᠥᠷᠥᠯ ᠵᠦᠢᠯ ᠢ ᠪᠦᠬᠦᠨ ᠢ ᠠᠵᠢᠯ ᠰᠡᠷᠭᠦᠭᠡᠬᠦ ᠶᠢ ᠦᠨᠡᠨ ᠬᠦ ᠪᠠᠲᠤᠯᠠᠵᠤ᠂ 4 ᠳ᠋ᠦ᠋ᠭᠡᠷ ᠰᠠᠷ᠎ᠠ ᠳᠤ ᠰᠢᠨ᠎ᠡ ᠪᠠᠷ | ᠪᠠᠶᠢᠭᠤᠯᠬᠤ ᠲᠥᠷᠥᠯ ᠵᠦᠢᠯ ᠢ ᠪᠦᠬᠦᠨ ᠢ ᠠᠵᠢᠯ ᠡᠬᠢᠯᠡᠭᠦᠯᠵᠦ᠂ ᠡᠯ᠎ᠡ ᠵᠦᠢᠯ ᠤᠨ ᠭᠤᠤᠯ ᠪᠣᠯᠬᠤ ᠠᠵᠤ ᠠᠬᠤᠶ ᠶᠢᠨ | ᠭᠦᠢᠴᠡᠳᠬᠡᠯ ᠲᠤᠭ᠎ᠠ ᠶᠢᠨ ᠲᠣᠭᠲᠠᠭᠤᠨ ᠢᠶᠠᠷ ᠲᠦᠷᠭᠡᠨ ᠤᠷᠤᠭᠰᠢᠯᠠᠬᠤ ᠶᠢ ᠠᠬᠢᠭᠤᠯᠤᠨ᠎ᠠ᠃ ︽ᠬᠤᠶᠠᠷ ᠪᠦᠯᠦᠭ | ᠲᠠᠪᠤᠨ ᠲᠣᠭᠤᠷᠢᠭ ᠨᠢᠭᠡ ᠭᠠᠵᠠᠷ︾ ᠤᠨ ᠣᠳᠣᠬᠢᠴᠢᠯᠠᠭᠰᠠᠨ ᠠᠵᠤ ᠦᠢᠯᠡᠰ ᠤᠨ ᠲᠣᠭᠳᠠᠯᠴᠠᠭᠠᠨ ᠤ ᠲᠦᠷᠭᠡᠨ | ᠬᠡᠯᠪᠡᠷᠢᠵᠢᠨ ᠲᠣᠭᠲᠠᠬᠤ ᠶᠢ ᠠᠬᠢᠭᠤᠯᠵᠤ᠂ ᠰᠢᠨ᠎ᠡ ᠴᠢᠨᠠᠷ ᠲᠠᠢ ᠦᠢᠯᠡᠳᠪᠦᠷᠢᠯᠡᠯ ᠤᠨ ᠬᠦᠴᠦᠨ ᠢ ᠪᠦᠷᠢᠯᠳᠦᠭᠦᠯᠦᠨ᠎ᠡ᠃ | 2025 ᠣᠨ ᠤ ︽ᠬᠤᠳᠠᠯᠳᠤᠭᠠᠴᠢᠨ ᠤᠷᠢᠵᠤ ᠬᠢᠷᠢ ᠴᠢᠳᠠᠮᠵᠢ ᠶᠢ ᠳᠡᠭᠡᠭᠰᠢᠯᠡᠭᠦᠯᠬᠦ ᠣᠨ︾ ᠤ ᠲᠤᠰᠬᠠᠶ | ᠰᠡᠳᠦᠪᠲᠦ ᠠᠵᠢᠯᠯᠠᠭ᠎ᠠ ᠶᠢ ᠢᠳᠡᠪᠬᠢᠲᠡᠶ ᠪᠠᠷ ᠲᠥᠯᠥᠪᠵᠢᠭᠦᠯᠵᠦ᠂ ᠬᠠᠮᠢᠶ᠎ᠠ ᠪᠦᠬᠦᠢ ᠠᠵᠢᠯ ᠤᠨ ᠲᠣᠭᠲᠠᠴᠠ ᠶᠢᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠳᠥᠷᠪᠡᠨ ᠵᠦᠢᠯ ᠤᠨ ᠨᠠᠷᠢᠨ ᠲᠠᠩᠰᠠ︾ ᠶᠢ ᠰᠠᠶᠢᠲᠤᠷ | ᠬᠡᠷᠡᠭᠯᠡᠵᠦ᠂ ᠪᠥᠬᠦ ᠠᠵᠢᠯᠲᠠᠨ ᠤ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠦᠨ᠂ ᠰᠢᠯᠢᠳᠡᠭ ᠵᠠᠯᠠᠭᠤ ᠺᠠᠳ᠋ᠷ ᠢ ᠴᠠᠭ | ᠲᠤᠬᠠᠶ ᠳᠤᠨᠢ ᠬᠤᠳᠠᠯᠳᠤᠭᠠᠴᠢᠨ ᠤᠷᠢᠬᠤ ᠪᠠᠭ᠎ᠠ ᠰᠠᠯᠪᠤᠷᠢ ᠠᠩᠭᠢ ᠳᠤ ᠰᠢᠯᠵᠢᠭᠦᠯᠦᠨ ᠣᠴᠢᠭᠤᠯᠵᠤ | ᠦᠢᠯᠡᠳᠦᠯᠡᠭᠡ ᠶᠢᠨ ᠪᠣᠳᠠᠲᠤ ᠪᠣᠯᠪᠠᠰᠤᠷᠠᠯ ᠬᠦᠷᠲᠡᠭᠡᠵᠦ᠂ ᠠᠵᠤ ᠦᠢᠯᠡᠰ ᠂ ᠠᠵᠤ ᠠᠬᠤᠶᠢᠯᠠᠯ᠂ ᠵᠠᠬ᠎ᠠ ᠳᠡᠯᠭᠡᠭᠦᠷ᠂ | ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠢᠭᠡᠨ ᠰᠠᠯᠠᠭ᠎ᠠ ᠲᠤᠰᠬᠠᠶᠢᠵᠢᠭᠰᠠᠨ ᠬᠤᠳᠠᠯᠳᠤᠭᠠᠴᠢᠨ ᠤᠷᠢᠬᠤ ᠺᠠᠳ᠋ᠷ ᠤᠨ | ᠡᠩᠨᠡᠭᠡ ᠶᠢ ᠲᠦᠷᠭᠡᠳᠬᠡᠨ ᠬᠥᠮᠦᠵᠢᠭᠦᠯᠵᠦ᠂ ᠳᠥᠷᠪᠡᠳᠦᠭᠡᠷ ᠤᠯᠠᠷᠢᠯ ᠪᠠ ᠢᠷᠡᠬᠦ ᠵᠢᠯ ᠳᠤ ᠭᠡᠷ᠎ᠡ ᠲᠣᠭᠲᠠᠬᠤ ᠲᠥᠷᠥᠯ | ᠵᠦᠢᠯ ᠢ 70 ᠠᠴᠠ ᠪᠠᠭ᠎ᠠ ᠪᠤᠰᠤ᠂ ᠨᠠᠶᠢᠳᠠᠪᠤᠷᠢᠵᠢᠭᠤᠯᠬᠤ ᠲᠥᠷᠥᠯ ᠵᠦᠢᠯ ᠢ 60 ᠠᠴᠠ ᠪᠠᠭ᠎ᠠ ᠪᠤᠰᠤ᠂ | ᠤᠯᠤᠰ ᠤᠨ ᠳᠣᠲᠣᠭᠠᠳᠤ ᠶᠢᠨ ᠪᠣᠳᠠᠲᠠᠶ ᠪᠠᠯᠠ ᠮᠥᠩᠭᠦ ᠶᠢ 30 ᠳ᠋ᠦᠩᠰᠢᠭᠤᠷ ᠲᠥᠭᠦᠷᠢᠭ ᠠᠴᠠ ᠳᠡᠭᠡᠭᠰᠢ | ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ | |