ᠬᠤᠣᠰᠯᠠᠯ ᠪᠠᠷᠢᠯᠳᠤᠨ ᠬᠠᠪᠰᠤᠷᠤᠨ ᠲᠡᠳᠬᠦᠵᠦ ᠬᠠᠮᠲᠤᠷᠠᠯ ᠬᠦᠴᠦᠨ ᠢ ᠨᠢᠭᠲᠠᠷᠠᠭᠤᠯᠵᠤ᠂ ᠭᠠᠷ ᠬᠤᠯᠪᠣᠨ ᠬᠠᠮᠲᠤ ᠪᠠᠷ ᠬᠦᠭᠵᠢᠬᠦ ᠶᠢ ᠠᠬᠢᠭᠤᠯᠤᠶ᠎ᠠ — ᠪᠤᠭᠤᠲᠤ ᠬᠤᠲᠠ ᠶᠢᠨ ᠭᠤᠤ ᠯᠦ ᠨᠡᠷᠡᠲᠦ ᠴᠡᠴᠡᠷᠯᠢᠭ ᠤᠨ ᠳᠠᠷᠤᠭ᠎ᠠ ᠶᠢᠨ ᠠᠵᠢᠯᠯᠠᠬᠤ ᠲᠠᠰᠤᠭ ᠬᠢᠭᠡᠳ ᠰᠢᠭᠤᠶᠢᠲᠤ ᠲᠣᠭᠤᠷᠢᠭ ᠤᠨ ᠷᠦᠢ ᠳ᠋ᠧ ᠬᠡᠦᠬᠡᠳ ᠤᠨ ᠴᠡᠴᠡᠷᠯᠢᠭ ᠬᠤᠣᠰᠯᠠᠯ ᠪᠠᠷᠢᠯᠳᠤᠨ ᠬᠠᠮᠲᠤ  ᠪᠠᠷ ᠪᠠᠶᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/2
        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠰᠤᠷᠤᠯᠴᠠᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠦᠷᠢᠯᠳᠦᠭᠦᠯᠬᠦ ᠶᠢᠨ ᠲᠥᠯᠥᠭᠡ᠂ ᠣᠶᠢᠷ᠎ᠠ ᠳᠤ᠂ ᠪᠤᠭᠤᠲᠤ ᠬᠤᠲᠠ ᠶᠢᠨ ᠭᠤᠤ ᠯᠦ ᠨᠡᠷᠡᠲᠦ ᠴᠡᠴᠡᠷᠯᠢᠭ ᠤᠨ ᠳᠠᠷᠤᠭ᠎ᠠ ᠶᠢᠨ ᠠᠵᠢᠯᠯᠠᠬᠤ ᠲᠠᠰᠤᠭ ᠬᠢᠭᠡᠳ ᠰᠢᠭᠤᠶᠢᠲᠤ ᠲᠣᠭᠤᠷᠢᠭ ᠤᠨ ᠷᠦᠢ ᠳ᠋ᠧ ᠬᠡᠦᠬᠡᠳ ᠤᠨ ᠴᠡᠴᠡᠷᠯᠢᠭ  ᠤᠨ ᠬᠤᠣᠰᠯᠠᠯ ᠪᠠᠷᠢᠯᠳᠤᠨ ᠬᠠᠮᠳᠤ ᠪᠠᠷ ᠪᠠᠶᠢᠭᠤᠯᠬᠤ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠰᠢᠭᠤᠶᠢᠲᠤ ᠲᠣᠭᠤᠷᠢᠭ ᠤᠨ ᠷᠦᠢ ᠳ᠋ᠧ ᠬᠡᠦᠬᠡᠳ ᠤᠨ ᠴᠡᠴᠡᠷᠯᠢᠭ ᠲᠤ ᠶᠠᠪᠤᠭᠳᠠᠵᠤ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠲᠢᠶᠠᠨ ᠰᠢ ᠭᠠᠩ ᠪᠣᠯᠤᠨ ᠰᠠᠭᠤᠷᠢ ᠰᠤᠷᠭᠠᠨ ᠬᠥᠮᠦᠵᠢᠯ ᠤᠨ ᠲᠠᠰᠤᠭ ᠤᠨ ᠵᠢᠶᠠ ᠵᠢᠶᠦ᠋ᠨ ᠶᠢᠩ ᠪᠠᠭᠰᠢ ᠠᠵᠢᠯᠯᠠᠭ᠎ᠠ ᠳᠤ ᠣᠷᠣᠯᠴᠠᠪᠠ᠃        ᠨᠢᠭᠡ᠂ ᠪᠦᠬᠦᠯᠢ ᠴᠣᠭᠴᠠ ᠶᠢᠨ ᠣᠷᠴᠢᠨ ᠲᠣᠭᠤᠷᠢᠨ ᠢ ᠲᠣᠭᠤᠷᠢᠨ ᠦᠵᠡᠪᠡ
图片1.png
        ᠹᠧᠩ ᠴᠡᠴᠡᠷᠯᠢᠭ ᠤᠨ ᠳᠠᠷᠤᠭ᠎ᠠ ᠶᠢᠨ ᠳᠠᠭᠠᠭᠤᠯᠭ᠎ᠠ ᠳᠤᠤᠷ᠎ᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠲᠤᠰᠬᠠᠶ ᠮᠡᠷᠭᠡᠵᠢᠯᠲᠡᠳ ᠬᠡᠦᠬᠡᠳ ᠤᠨ ᠴᠡᠴᠡᠷᠯᠢᠭ ᠤᠨ ᠬᠡᠷ ᠤᠨ ᠭᠠᠳᠠᠨᠠᠬᠢ ᠠᠵᠢᠯᠯᠠᠭ᠎ᠠ᠂ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ᠂ ᠬᠢᠴᠢᠶᠡᠯ ᠤᠨ ᠲᠣᠬᠢᠷᠠᠭᠤᠯᠤᠯᠲᠠ᠂ ᠠᠩᠭᠢ ᠨᠢᠭᠡᠴᠢ ᠶᠢᠨ ᠣᠷᠣᠨ ᠪᠦᠰᠡ ᠶᠢᠨ ᠠᠵᠢᠯᠯᠠᠭ᠎ᠠ ᠶᠢ ᠲᠣᠭᠤᠷᠢᠨ ᠦᠵᠡᠵᠦ ᠵᠢᠭᠠᠨ ᠵᠢᠯᠣᠭᠤᠳᠪᠠ᠃        ᠬᠤᠶᠠᠷ᠂ ︽ᠬᠤᠣᠰᠯᠠᠯ ᠪᠠᠷᠢᠯᠳᠤᠨ ᠬᠠᠮᠲᠤ ᠪᠠᠷ ᠪᠠᠶᠢᠭᠤᠯᠬᠤ︾ ᠡᠬᠢᠯᠡᠯᠲᠡ ᠶᠢᠨ ᠶᠣᠰᠣᠯᠠᠯ        ︵ᠨᠢᠭᠡ︶ ᠬᠤᠣᠰᠯᠠᠯ ᠪᠠᠷᠢᠯᠳᠤᠨ ᠬᠠᠮᠲᠤ ᠪᠠᠷ ᠪᠠᠶᠢᠭᠤᠯᠬᠤ ᠵᠥᠪᠯᠡᠯᠴᠡᠭᠡᠷ ᠤᠨ ᠪᠢᠴᠢᠭ ᠢ ᠤᠩᠰᠢᠨ ᠨᠡᠶᠢᠳᠡᠯᠡᠪᠡ
图片2.png
        ᠪᠤᠭᠤᠲᠤ ᠬᠤᠲᠠ ᠶᠢᠨ ᠭᠤᠤ ᠯᠦ ᠨᠡᠷᠡᠲᠦ ᠴᠡᠴᠡᠷᠯᠢᠭ ᠤᠨ ᠳᠠᠷᠤᠭ᠎ᠠ ᠶᠢᠨ ᠠᠵᠢᠯ ᠤᠨ ᠲᠠᠰᠤᠭ ᠤᠨ ᠳᠠᠭᠠᠭᠤᠯᠤᠭᠴᠢ᠂ ᠬᠤᠪᠣᠷ ᠰᠢᠷᠣᠶ ᠶᠢᠨ ᠳᠡᠭᠡᠳᠦ ᠰᠢᠨ᠎ᠡ ᠲᠣᠭᠤᠷᠢᠭ ᠤᠨ ᠬᠤᠪᠣᠷ ᠰᠢᠷᠣᠶ ᠶᠢᠨ ᠣᠳᠣᠨ ᠬᠡᠦᠬᠡᠳ ᠤᠨ ᠴᠡᠴᠡᠷᠯᠢᠭ ᠤᠨ ᠳᠠᠷᠤᠭ᠎ᠠ ᠭᠤᠤ ᠯᠦ ᠬᠤᠣᠰᠯᠠᠯ ᠪᠠᠷᠢᠯᠳᠤᠨ ᠬᠠᠮᠲᠤ ᠪᠠᠷ ᠪᠠᠶᠢᠭᠤᠯᠬᠤ ᠬᠡᠯᠡᠯᠴᠡᠭᠡᠷ ᠤᠨ ᠪᠢᠴᠢᠭ ᠢ ᠤᠩᠰᠢᠨ ᠨᠡᠶᠢᠲᠡᠯᠡᠪᠡ᠃        ︵ᠬᠤᠶᠠᠷ︶ ᠴᠡᠴᠡᠷᠯᠢᠭ ᠤᠨ ᠳᠠᠷᠤᠭ᠎ᠠ ᠹᠧᠩ ᠰᠢᠶᠠ ᠶᠠᠷᠢᠶ᠎ᠠ ᠲᠠᠯᠪᠢᠪᠠ 
图片3.png
        ᠹᠧᠩ ᠴᠡᠴᠡᠷᠯᠢᠭ ᠤᠨ ᠳᠠᠷᠤᠭ᠎ᠠ ᠤᠳᠤᠷᠢᠳᠤᠯᠭ᠎ᠠ᠂ ᠲᠤᠰᠬᠠᠶ ᠮᠡᠷᠭᠡᠵᠢᠯᠲᠡᠳ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠣᠯᠠᠨ ᠤ ᠬᠡᠦᠬᠡᠳ ᠤᠨ ᠴᠡᠴᠡᠷᠯᠢᠭ ᠤᠨ ᠠᠵᠢᠯ ᠢ ᠳᠡᠮᠵᠢᠵᠦ ᠵᠢᠭᠠᠨ ᠵᠢᠯᠣᠭᠤᠳᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠲᠣᠰ ᠤᠳᠠᠭᠠᠨ ᠤ ᠬᠤᠣᠰᠯᠠᠯ ᠪᠠᠷᠢᠯᠳᠤᠨ ᠬᠠᠮᠲᠤ ᠪᠠᠷ ᠪᠠᠶᠢᠭᠤᠯᠬᠤ ᠠᠵᠢᠯᠯᠠᠭᠠᠨ ᠳᠤ ᠢᠲᠡᠭᠡᠯ ᠪᠠ ᠬᠦᠰᠡᠯ ᠳᠦᠭᠦᠷᠡᠩ ᠪᠠᠶᠢᠨ᠎ᠠ᠂ ᠭᠤᠤ ᠯᠦ ᠨᠠᠷᠠᠲᠤ ᠴᠡᠴᠡᠷᠯᠢᠭ ᠤᠨ ᠳᠠᠷᠤᠭ᠎ᠠ ᠶᠢᠨ ᠠᠵᠢᠯᠯᠠᠬᠤ ᠲᠠᠰᠤᠭ ᠤᠨ ᠪᠦᠯᠬᠦᠮ ᠨᠡᠶᠢᠲᠡ ᠠᠴᠠ ᠲᠡᠷᠢᠭᠦᠨ ᠤ ᠬᠠᠮᠢᠶᠠᠷᠤᠯᠲᠠ ᠶᠢᠨ ᠲᠤᠷᠰᠢᠯᠭ᠎ᠠ ᠰᠢᠩᠭᠡᠭᠡᠨ ᠠᠪᠴᠤ᠂ ᠴᠡᠴᠡᠷᠯᠢᠭ ᠤᠨ ᠬᠠᠮᠢᠶᠠᠷᠤᠯᠲᠠ ᠶᠢᠨ ᠲᠣᠭᠳᠠᠯᠴᠠᠭ᠎ᠠ ᠶᠢ ᠲᠡᠭᠦᠯᠳᠡᠷᠵᠢᠭᠦᠯᠵᠦ᠂ ᠪᠠᠭᠰᠢ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠴᠡᠴᠡᠷᠯᠢᠭ ᠡᠷᠭᠢᠯᠡᠬᠦ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃        ︵ᠭᠤᠷᠪᠠ︶ ᠬᠠᠪᠰᠤᠷᠤᠨ ᠲᠡᠳᠬᠦᠬᠦ ᠬᠡᠯᠡᠯᠴᠡᠭᠡᠷ ᠲᠣᠭᠳᠠᠭᠠᠪᠠ 
图片4.png
        ᠠᠴᠤᠭ ᠰᠢᠯᠪᠢ ᠪᠠᠷ ᠴᠤᠭᠭᠠᠷ ᠤᠷᠤᠭᠰᠢᠯᠠᠬᠤ ᠠᠮᠠᠯᠠᠯᠳᠠ ᠪᠠᠨ ᠪᠢᠴᠢᠵᠦ᠂ ᠲᠠᠷᠬᠠᠭᠠᠨ ᠲᠡᠯᠭᠡᠷᠡᠭᠦᠯᠦᠯ  ᠢᠶᠠᠷ ᠬᠠᠮᠲᠤ ᠪᠠᠷ ᠲᠤᠭᠤᠯᠬᠤ ᠲᠤᠮᠤ ᠳᠠᠷᠪᠠᠭᠤᠯ ᠢ ᠪᠤᠰᠬᠠᠨ᠎ᠠ᠃ ᠪᠤᠭᠤᠲᠤ ᠬᠤᠲᠠ ᠶᠢᠨ ᠭᠤᠤ ᠯᠦ ᠨᠠᠷᠠᠲᠤ ᠴᠡᠴᠡᠷᠯᠢᠭ ᠤᠨ ᠳᠠᠷᠤᠭ᠎ᠠ ᠶᠢᠨ ᠠᠵᠢᠯ ᠤᠨ ᠲᠠᠰᠤᠭ ᠤᠨ ᠳᠠᠭᠠᠭᠤᠯᠤᠭᠴᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠤᠪᠣᠷ ᠰᠢᠷᠣᠶ ᠶᠢᠨ ᠣᠳᠣᠨ ᠬᠡᠦᠬᠡᠳ ᠤᠨ ᠴᠡᠴᠡᠷᠯᠢᠭ ᠤᠨ ᠳᠠᠷᠤᠭ᠎ᠠ ᠭᠤᠤ ᠯᠦ ᠪᠣᠯᠤᠨ ᠰᠢᠭᠤᠶᠢᠲᠤ ᠲᠣᠭᠤᠷᠢᠭ ᠤᠨ ᠷᠦᠢ ᠳ᠋ᠧ ᠬᠡᠦᠬᠡᠳ ᠤᠨ ᠴᠡᠴᠡᠷᠯᠢᠭ ᠤᠨ ᠳᠠᠷᠤᠭ᠎ᠠ ᠹᠧᠩ ᠰᠢᠶᠠ ᠲᠠᠢ ᠬᠠᠮᠲᠤ ᠪᠠᠷ ᠬᠠᠪᠰᠤᠷᠤᠨ ᠲᠡᠳᠬᠦᠬᠦ ᠵᠥᠪᠯᠡᠯᠴᠡᠭᠡᠷ ᠲᠣᠭᠲᠠᠵᠤ᠂ ᠬᠤᠣᠰᠯᠠᠯ ᠪᠠᠷᠢᠯᠳᠤᠨ ᠬᠠᠪᠰᠤᠷᠤᠨ ᠲᠡᠳᠬᠦᠵᠦ᠂ ᠬᠠᠮᠲᠤ ᠪᠠᠷ ᠬᠥᠭᠵᠢᠬᠦ ᠰᠢᠨ᠎ᠡ ᠬᠠᠭᠤᠳᠠᠰᠤ ᠶᠢ ᠵᠢᠩᠬᠢᠨᠢ ᠪᠠᠷ ᠨᠡᠭᠡᠭᠡᠪᠡ᠃        ︵ᠲᠦᠷᠪᠡ︶ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠲᠢᠶᠠᠨ ᠰᠢ ᠭᠠᠩ ᠶᠠᠷᠢᠶ᠎ᠠ ᠲᠠᠯᠪᠢᠪᠠ
图片5.png
        ᠲᠢᠶᠠᠨ ᠲᠣᠪᠴᠢᠶᠠᠨ ᠳᠠᠷᠤᠭ᠎ᠠ ᠬᠡᠦᠬᠡᠳ ᠤᠨ ᠴᠡᠴᠡᠷᠯᠢᠭ ᠤᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠴᠢᠬᠤᠯᠠᠴᠢᠯᠠᠵᠤ᠂ ᠨᠠᠷᠠᠲᠤ ᠴᠡᠴᠡᠷᠯᠢᠭ ᠤᠨ ᠳᠠᠷᠤᠭ᠎ᠠ ᠶᠢᠨ ᠠᠵᠢᠯᠯᠠᠬᠤ ᠲᠠᠰᠤᠭ ᠤᠨ ᠴᠡᠴᠡᠷᠯᠢᠭ ᠤᠨ ᠳᠠᠷᠤᠭ᠎ᠠ ᠨᠠᠷ ᠢ ᠷᠦᠢ ᠳ᠋ᠧ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠬᠠᠪᠰᠤᠷᠤᠨ ᠠᠬᠢᠭᠤᠯᠬᠤ ᠶᠢ ᠬᠦᠰᠡᠪᠡ᠃        ︵ᠲᠠᠪᠤ︶ ᠬᠠᠮᠳᠤ ᠪᠠᠷ ᠪᠠᠶᠢᠭᠤᠯᠤᠭᠰᠠᠨ ᠨᠢᠭᠡᠴᠢ ᠳᠤ ᠫᠠᠶᠢᠰᠠ ᠣᠯᠭᠤᠪᠠ
图片6.png
        ᠪᠤᠭᠤᠲᠤ ᠬᠤᠲᠠ ᠶᠢᠨ ᠭᠤᠤ ᠯᠦ ᠨᠡᠷᠡᠲᠦ ᠴᠡᠴᠡᠷᠯᠢᠭ ᠤᠨ ᠳᠠᠷᠤᠭ᠎ᠠ ᠶᠢᠨ ᠠᠵᠢᠯ ᠤᠨ ᠲᠠᠰᠤᠭ ᠰᠢᠭᠤᠶᠢᠲᠤ ᠲᠣᠭᠤᠷᠢᠭ ᠤᠨ ᠷᠦᠢ ᠳ᠋ᠧ ᠬᠡᠦᠬᠡᠳ ᠤᠨ ᠴᠡᠴᠡᠷᠯᠢᠭ ᠲᠤ ᠫᠠᠶᠢᠰᠠ ᠣᠯᠭᠤᠵᠠᠢ᠃ ᠡᠨᠡ ᠤᠳᠠᠭᠠᠨ ᠤ ᠬᠠᠪᠰᠤᠷᠤᠨ ᠲᠡᠳᠬᠦᠵᠦ ᠫᠠᠶᠢᠰᠠ ᠣᠯᠭᠤᠭᠰᠠᠨ ᠶᠠᠪᠤᠳᠠᠯ ᠪᠣᠯ ᠬᠠᠷᠢᠭᠤᠴᠠᠯᠭ᠎ᠠ ᠶᠢᠨ ᠲᠠᠮᠵᠢᠭᠤᠯᠤᠯ᠂ ᠬᠦᠰᠡᠯ ᠡᠷᠡᠮᠡᠯᠵᠡᠯ ᠤᠨ ᠪᠡᠯᠭᠡ ᠲᠡᠮᠳᠡᠭ ᠮᠥᠨ᠃        ᠭᠤᠷᠪᠠ᠂ ᠬᠤᠣᠰᠯᠠᠯ ᠪᠠᠷᠢᠯᠳᠤᠨ ᠬᠠᠮᠲᠤ ᠪᠠᠷ ᠪᠠᠶᠢᠭᠤᠯᠵᠤ᠂ ᠰᠣᠯᠢᠯᠴᠠᠨ ᠨᠡᠪᠳᠡᠷᠡᠯᠴᠡᠵᠦ ᠰᠤᠳᠤᠯᠤᠨ ᠶᠠᠷᠢᠯᠴᠠᠪᠠ
图片7.png
图片8.png
        ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠨᠠᠷᠠᠲᠤ ᠴᠡᠴᠡᠷᠯᠢᠭ ᠤᠨ ᠳᠠᠷᠤᠭ᠎ᠠ ᠪᠣᠯᠤᠨ ᠪᠠᠭᠰᠢ ᠨᠠᠷ ᠬᠡᠷ ᠤᠨ ᠭᠠᠳᠠᠨᠠᠬᠢ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ᠂ ᠬᠢᠴᠢᠶᠡᠯ ᠤᠨ ᠲᠣᠬᠢᠷᠠᠭᠤᠯᠤᠯᠲᠠ᠂ ᠪᠡᠶ᠎ᠡ ᠪᠠᠨ ᠳᠠᠭᠠᠭᠠᠭᠰᠠᠨ ᠲᠣᠭᠯᠠᠭᠠᠮ ᠵᠡᠷᠭᠡ ᠳᠤ ᠴᠢᠭᠯᠡᠭᠦᠯᠦᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠠᠶ᠃
图片9.png
        ᠲᠣᠰ ᠤᠳᠠᠭᠠᠨ ᠤ ᠬᠤᠣᠰᠯᠠᠯ ᠪᠠᠷᠢᠯᠳᠤᠨ ᠬᠠᠮᠲᠤ ᠪᠠᠷ ᠪᠠᠶᠢᠭᠤᠯᠬᠤ ᠡᠬᠢᠯᠡᠯᠲᠡ ᠶᠢᠨ ᠶᠣᠰᠣᠯᠠᠯ ᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠭᠤᠶᠢᠳᠠ ᠰᠠᠶᠢᠬᠠᠨ ᠬᠥᠰᠢᠭᠡ ᠶᠢ ᠰᠡᠬᠦᠨ ᠦᠭᠴᠦ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠰᠢᠭᠤᠶᠢᠲᠤ ᠲᠣᠭᠤᠷᠢᠭ ᠤᠨ ᠷᠦᠢ ᠳ᠋ᠧ ᠬᠡᠦᠬᠡᠳ ᠤᠨ ᠴᠡᠴᠡᠷᠯᠢᠭ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ ᠤᠭᠲᠤᠨ ᠠᠪᠴᠢᠷᠠᠵᠤ᠂ ᠬᠡᠦᠬᠡᠳ ᠪᠠᠭᠠᠴᠤᠤᠳ ᠲᠤ ᠨᠠᠩ ᠴᠢᠨᠠᠷ ᠰᠠᠶᠢᠲᠠᠶ ᠰᠤᠷᠭᠠᠨ ᠬᠥᠮᠦᠵᠢᠯ ᠬᠠᠩᠭᠠᠵᠤ ᠲᠡᠶᠢᠯᠬᠦ ᠶᠢ ᠢᠲᠡᠭᠡᠵᠦ ᠪᠠᠶᠢᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号