︽ᠪᠠᠲᠤᠳᠬᠠᠬᠤ︾ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠨ ᠬᠠᠷᠢᠯᠴᠠᠨ ᠬᠠᠪᠰᠤᠷᠤᠯᠴᠠᠬᠤ ᠤᠯᠠᠮᠵᠢᠯᠠᠯᠲᠤ ᠵᠠᠩ ᠳᠠᠳᠬᠠᠯ ᠢ ᠰᠠᠶᠢᠳᠤᠷ ᠠᠭᠤᠳᠠᠯᠤᠨ ᠬᠡᠷᠡᠭᠯᠡᠪᠡ
ᠨᠡᠶᠢᠲᠡᠯᠡᠭᠰᠡᠨ ᠴᠠᠭ᠄
2024/12/2
        ᠬᠤᠩ ᠾᠧ ᠵᠧᠦ ᠶᠦᠨᠨᠠᠨ ᠤ ᠡᠮᠦᠨ᠎ᠡ ᠲᠠᠯ᠎ᠠ ᠳᠤ ᠪᠠᠶᠢᠷᠢᠰᠢᠵᠤ᠂ ᠬᠢᠳᠠᠳ᠂ ᠬᠠᠨᠢ᠂ ᠢ᠂ ᠳ᠋ᠠᠢ ᠵᠡᠷᠭᠡ 11 ᠦᠨᠳᠦᠰᠦᠲᠡᠨ ᠬᠤᠯᠢᠯᠳᠤᠨ ᠰᠠᠭᠤᠷᠢᠰᠢᠵᠤ ᠪᠠᠶᠢᠳᠠᠭ᠃ ᠡᠯ᠎ᠡ ᠦᠨᠳᠦᠰᠦᠲᠡᠨ ᠤ ᠣᠯᠠᠨ ᠲᠦᠮᠡᠨ ᠬᠦᠷᠰᠢᠯᠡᠨ ᠠᠮᠢᠳᠤᠷᠠᠵᠤ᠂ ᠦᠢᠯᠡᠳᠪᠦᠷᠢᠯᠡᠯ ᠠᠮᠢᠳᠤᠷᠠᠯ ᠤᠨ ᠳᠤᠮᠳᠠ ᠬᠠᠷᠢᠯᠴᠠᠨ ᠶᠠᠪᠤᠯᠴᠠᠵᠤ᠂ ᠬᠠᠷᠢᠯᠴᠠᠨ ᠣᠶᠢᠷᠠᠳᠴᠤ᠂ ᠦᠬᠡᠷ᠂ ᠮᠣᠷᠢ᠂ ᠤᠰᠤ᠂ ᠲᠠᠷᠢᠶ᠎ᠠ ᠵᠡᠷᠭᠡ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠢᠶᠠᠷ ᠬᠤᠯᠪᠤᠯᠳᠤᠬᠤ ᠠᠴᠢᠶᠠᠯᠠᠪᠤᠷᠢ ᠪᠣᠯᠭᠠᠵᠤ᠂ ᠨᠥᠬᠦᠷᠰᠡᠭ ᠵᠥᠪᠳᠡᠯᠴᠡᠭᠡ ᠪᠠᠷ ᠳᠠᠮᠵᠢᠨ ᠰᠠᠶᠢᠨ ᠳᠤᠷ᠎ᠠ ᠠᠴᠠ ᠪᠠᠨ ᠤᠷᠤᠭ ᠰᠠᠳᠤᠨ ᠤ ᠬᠠᠷᠢᠴᠠᠭ᠎ᠠ ᠪᠠᠶᠢᠭᠤᠯᠵᠤ᠂ ᠲᠤᠬᠠᠢ ᠶᠢᠨ ᠭᠠᠵᠠᠷ ᠲᠤ ᠶᠡᠷᠦ ᠳᠤ ᠪᠠᠨ ︽ᠦᠬᠡᠷ ᠮᠤᠷᠢᠨ ᠤ ᠬᠤᠳᠠ ᠤᠷᠤᠭ︾ ᠭᠡᠳᠡᠭ ᠃ ᠡᠶᠢᠮᠦᠷᠬᠦᠦ ᠬᠠᠷᠢᠴᠠᠭ᠎ᠠ ᠶᠢᠨ ᠪᠤᠢ ᠪᠤᠯᠤᠬᠰᠠᠨ ᠨᠢ ᠬᠦᠨ ᠵᠤᠵᠠᠭᠠᠨ ᠪᠠᠶᠢᠭᠠᠯᠢ ᠶᠢᠨ ᠤᠷᠴᠢᠨ ᠲᠤᠭᠤᠷᠢᠨ᠂ ᠦᠢᠯᠡᠳᠪᠤᠷᠢᠯᠡᠯ ᠠᠮᠢᠳᠤᠷᠠᠯ ᠪᠠ ᠰᠤᠶᠤᠯ ᠤᠨ ᠰᠠᠭᠤᠷᠢ ᠲᠠᠢ ᠶᠤᠮ᠂ ᠮᠦᠨ ᠴᠢᠨᠠᠷ ᠨᠢ ᠦᠨᠳᠦᠰᠦᠳᠡᠨ ᠤ ᠬᠤᠭᠤᠷᠤᠨᠳᠤᠬᠢ ᠬᠠᠷᠢᠴᠠᠭ᠎ᠠ ᠶᠢ ᠲᠠᠬᠢᠨ ᠴᠤᠭᠴᠠᠯᠠᠬᠤ ᠪᠠ ᠲᠠᠬᠢᠨ ᠪᠦᠳᠦᠭᠡᠬᠦ ᠪᠤᠯᠤᠨ᠎ᠠ᠃        ᠪᠠᠶᠢᠭᠠᠯᠢ ᠶᠢᠨ ᠣᠷᠴᠢᠨ ᠲᠣᠭᠤᠷᠢᠨ ᠤ ᠰᠠᠭᠤᠷᠢ᠃ ᠣᠷᠣᠰᠢᠨ ᠲᠣᠭᠲᠠᠨᠢᠬᠤ ᠣᠷᠣᠨ ᠵᠠᠢ ᠶᠢᠨ ᠰᠣᠯᠪᠢᠴᠠᠯ ᠪᠣᠯ ︽ᠦᠬᠡᠷ ᠮᠤᠷᠢᠨ ᠤ ᠬᠤᠳᠠ ᠤᠷᠤᠭ︾ ᠤᠨ ᠬᠠᠷᠢᠴᠠᠭ᠎ᠠ ᠠᠴᠠ ᠪᠤᠢ ᠪᠣᠯᠤᠭᠰᠠᠨ ᠪᠠᠶᠢᠭᠠᠯᠢ ᠶᠢᠨ ᠣᠷᠴᠢᠨ ᠲᠣᠭᠤᠷᠢᠨ ᠤ ᠰᠠᠭᠤᠷᠢ ᠮᠥᠨ᠃ ᠬᠤᠩ ᠾᠧ ᠵᠸᠤ ᠶᠢᠨ ᠠᠭᠤᠯᠠᠨ ᠬᠦᠨᠳᠠᠢ ᠵᠠᠯᠭᠠᠯᠳᠤᠨ ᠦᠷᠬᠦᠯᠵᠢᠯᠡᠵᠦ᠂ ᠲᠠᠯᠠᠢ ᠶᠢᠨ ᠲᠦᠪᠰᠢᠨ ᠠᠴᠠ ᠲᠡᠭᠡᠭᠰᠢ ᠴᠠᠭ ᠠᠭᠤᠷ ᠨᠢ ᠠᠳᠠᠯᠢ ᠦᠭᠡᠢ ᠪᠠᠶᠢᠳᠠᠭ᠂ ᠡᠨᠡ ᠨᠢ ︽ᠨᠢᠭᠡ ᠠᠭᠤᠯᠠ ᠨᠢ ᠲᠦᠷᠪᠡᠨ ᠤᠯᠠᠷᠢᠯ᠂ ᠠᠷᠪᠠᠨ ᠭᠠᠵᠠᠷ ᠤᠨ ᠲᠣᠳᠤᠷ᠎ᠠ ᠠᠳᠠᠯᠢ ᠪᠤᠰᠤ ᠠᠭᠤᠷ ᠠᠮᠢᠰᠬᠤᠯ︾ ᠭᠡᠰᠡᠨ ᠦᠭᠡ᠃ ᠡᠶᠢᠮᠦ ᠪᠠᠶᠢᠭᠠᠯᠢ ᠶᠢᠨ ᠣᠷᠴᠢᠨ ᠲᠣᠭᠤᠷᠢᠨ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠦᠯᠵᠢᠯᠳᠦᠬᠦ᠂ ᠲᠠᠷᠢᠶᠠᠯᠠᠬᠤ ᠴᠠᠭ ᠨᠢ ᠨᠢᠭᠡᠳᠦᠯ ᠦᠭᠡᠢ ᠮᠥᠷᠲᠡᠭᠡᠨ ᠬᠠᠷᠢᠯᠴᠠᠨ ᠬᠤᠯᠪᠣᠯᠳᠤᠭᠰᠠᠨ ᠦᠢᠯᠡᠳᠪᠦᠷᠢᠯᠡᠯ ᠠᠮᠢᠳᠤᠷᠠᠯ ᠤᠨ ᠣᠷᠣᠨ ᠵᠠᠢ ᠶᠢ ᠪᠤᠢ ᠪᠣᠯᠭᠠᠭᠰᠠᠨ ᠪᠠᠶᠢᠨ᠎ᠠ᠃ ᠲᠤᠬᠠᠶ ᠶᠢᠨ ᠭᠠᠵᠠᠷ ᠤᠨ ᠳ᠋ᠠᠢ ᠦᠨᠳᠦᠰᠦᠲᠡᠨ ᠤ ᠣᠯᠠᠩᠬᠢ ᠨᠢ ᠭᠤᠣᠯ ᠤᠨ ᠬᠥᠨᠳᠡᠶ ᠳᠤ ᠪᠠᠶᠢᠳᠠᠭ᠂ ᠬᠠᠷᠢᠨ ᠬᠠᠨᠢ ᠦᠨᠳᠦᠰᠦᠲᠡᠨ ᠤ ᠣᠯᠠᠨ ᠲᠦᠮᠡᠨ ᠠᠭᠤᠯᠠᠨ ᠳᠤᠮᠳᠠᠬᠢ ᠱᠠᠲᠤᠨ ᠲᠠᠷᠢᠶᠠᠨ ᠤ ᠭᠠᠵᠠᠷ ᠲᠤ ᠰᠠᠭᠤᠷᠢᠰᠢᠵᠤ ᠪᠠᠶᠢᠳᠠᠭ᠃ ᠬᠠᠪᠤᠷ ᠤᠨ ᠡᠬᠢᠨ ᠤ ᠤᠯᠠᠷᠢᠯ ᠳᠤ᠂ ᠭᠤᠣᠯ ᠤᠨ ᠬᠦᠨᠳᠡᠢ ᠶᠢᠨ ᠭᠠᠵᠠᠷ ᠤᠨ ᠠᠭᠤᠷ ᠠᠮᠢᠰᠬᠤᠯ ᠲᠤᠯᠠᠭᠠᠨ ᠪᠦᠭᠡᠳ ᠡᠪᠡᠰᠦ ᠪᠡᠯᠴᠢᠭᠡᠷ ᠨᠢ ᠰᠢᠨ᠎ᠡ ᠰᠣᠷᠭᠤᠭ ᠪᠠᠶᠢᠵᠤ᠂ ᠶᠠᠭ ᠦᠷ᠎ᠡ ᠰᠠᠴᠤᠵᠤ ᠴᠢᠬᠢ ᠰᠠᠭᠤᠯᠭᠠᠬᠤ ᠲᠠᠰᠢᠷᠠᠮ ᠳᠤ᠂ ᠬᠦᠯᠦᠰᠢᠨ ᠦᠬᠡᠷ ᠠᠴᠢᠶᠠᠨ ᠤ ᠮᠣᠷᠢ ᠨᠢ ᠭᠤᠣᠯ ᠤᠨ ᠬᠥᠨᠳᠡᠢ ᠳᠤ ᠰᠠᠭᠤᠵᠤ ᠪᠠᠶᠢᠭ᠎ᠠ ᠳ᠋ᠠᠢ ᠦᠨᠳᠦᠰᠦᠲᠡᠨ ᠤ ᠬᠤᠳᠠ ᠤᠷᠤᠭ ᠲᠤ ᠬᠡᠷᠡᠭᠯᠡᠭᠳᠡᠳᠡᠭ᠃ 4᠂ 5 ᠳ᠋ᠤᠭᠠᠷ ᠰᠠᠷ᠎ᠠ ᠶᠢᠨ ᠬᠤᠭᠤᠷᠣᠨᠳᠣ᠂ ᠠᠭᠤᠯᠠᠨ ᠲᠤᠮᠳᠠᠬᠢ ᠱᠠᠲᠤᠨ ᠲᠠᠷᠢᠶ᠎ᠠ ᠠᠨᠵᠢᠰᠤᠨ ᠲᠠᠷᠢᠶᠠᠨ ᠤ ᠴᠠᠭ ᠦᠶ᠎ᠡ ᠳᠤ ᠣᠷᠤᠨ᠎ᠠ᠂ ᠡᠨᠡ ᠦᠶ᠎ᠡ ᠳᠤ ᠭᠤᠣᠯ ᠤᠨ ᠬᠥᠨᠳᠡᠶ ᠳᠤ ᠶᠠᠭ ᠲᠠᠷᠢᠶᠠᠨ ᠠᠵᠢᠯ ᠤᠨ ᠰᠡᠯᠡᠭᠦᠦ ᠴᠠᠭ ᠪᠠᠶᠢᠵᠤ᠂ ᠳ᠋ᠠᠶ ᠦᠨᠳᠦᠰᠦᠲᠡᠨ ᠤ ᠠᠷᠠᠳ ᠲᠦᠮᠡᠨ ᠬᠦᠯᠦᠰᠢᠨ ᠦᠬᠡᠷ ᠠᠴᠢᠶᠠᠨ ᠤ ᠮᠣᠷᠢ ᠪᠠᠨ ᠬᠦᠭᠡᠭᠡᠵᠦ ᠠᠭᠤᠯᠠᠨ ᠳᠤ ᠭᠠᠷᠴᠤ ᠬᠤᠳᠠ ᠤᠷᠤᠭᠳᠠᠨ ᠪᠣᠯᠬᠤ ᠬᠠᠨᠢ ᠦᠨᠳᠦᠰᠦᠳᠡᠨ ᠤ ᠬᠦᠮᠦᠰ ᠢ ᠬᠠᠪᠰᠤᠷᠤᠨ ᠬᠦᠳᠡᠯᠮᠦᠷᠢᠯᠡᠳᠡᠭ᠃ 6᠂ 7 ᠳ᠋ᠤᠭᠠᠷ ᠰᠠᠷ᠎ᠠ ᠶᠢᠨ ᠬᠤᠭᠤᠷᠣᠨᠳᠣ᠂ ᠳ᠋ᠠᠢ ᠦᠨᠳᠦᠰᠦᠲᠡᠨ ᠤ ᠠᠷᠠᠳ ᠲᠦᠮᠡᠨ᠂ ᠣᠷᠣᠶ ᠶᠢᠨ ᠲᠤᠲᠤᠷᠭ᠎ᠠ ᠪᠠᠨ ᠬᠠᠳᠬᠤᠵᠤ᠂ ᠬᠠᠨᠢ ᠦᠨᠳᠦᠰᠦᠳᠡᠨ ᠤ ᠬᠤᠳᠠ ᠤᠷᠤᠭᠳᠠᠨ ᠨᠢ ᠦᠬᠡᠷ ᠮᠣᠷᠢ  ᠪᠠᠨ ᠬᠥᠭᠡᠭᠡᠵᠦ ᠠᠭᠤᠯᠠᠨ ᠠᠴᠠ ᠪᠠᠭᠤᠵᠤ ᠬᠠᠮᠳᠤ ᠬᠦᠳᠡᠯᠮᠦᠷᠢᠯᠡᠨ᠎ᠡ᠃ ᠣᠷᠣᠶ ᠶᠢᠨ ᠲᠤᠲᠤᠷᠭ᠎ᠠ ᠶᠢ ᠲᠠᠷᠢᠵᠤ ᠲᠠᠭᠤᠰᠬᠤ ᠦᠶ᠎ᠡ ᠪᠠᠷ᠂ ᠭᠤᠣᠯ ᠤᠨ ᠬᠠᠰᠢᠯᠭ᠎ᠠ ᠶᠢᠨ ᠠᠭᠤᠷ ᠠᠮᠢᠰᠬᠤᠯ ᠬᠠᠯᠠᠭᠤᠨ ᠪᠦᠭᠴᠢᠮ ᠪᠣᠯᠬᠤᠷ ᠦᠬᠡᠷ ᠮᠣᠷᠢ ᠪᠠᠨ ᠬᠠᠨᠢ ᠦᠨᠳᠦᠰᠦᠲᠡᠨ ᠤ ᠲᠥᠷᠥᠯ ᠰᠠᠳᠤᠨ ᠳᠤ ᠪᠠᠨ ᠲᠤᠰᠢᠶᠠᠨ ᠥᠭᠭᠦᠭᠡᠳ ᠤᠰᠤ ᠨᠢ ᠲᠤᠩᠭᠠᠯᠠᠭ ᠡᠪᠡᠰᠦ ᠨᠢ ᠰᠣᠷᠭᠤᠭ ᠠᠭᠤᠯᠠᠷᠬᠠᠭ ᠣᠷᠣᠨ ᠳᠤ ᠠᠪᠠᠴᠢᠵᠤ ᠲᠡᠵᠢᠭᠡᠯᠭᠡᠳᠡᠭ᠃ 10 ᠳ᠋ᠤᠭᠠᠷ ᠰᠠᠷ᠎ᠠ ᠠᠴᠠ ᠰᠡᠭᠦᠯᠡᠷ᠂ ᠠᠭᠤᠯᠠᠨ ᠬᠠᠰᠢᠯᠭ᠎ᠠ ᠶᠢᠨ ᠠᠭᠤᠷ ᠠᠮᠢᠰᠬᠤᠯ ᠬᠦᠢᠲᠡᠷᠡᠵᠦ᠂ ᠡᠪᠡᠰᠦ ᠮᠣᠳᠣ ᠬᠤᠪᠬᠠᠶᠢᠷᠠᠵᠤ᠂ ᠦᠬᠡᠷ ᠮᠣᠷᠢ ᠠᠭᠤᠷ ᠠᠮᠢᠰᠬᠤᠯ ᠬᠠᠷᠢᠴᠠᠩᠭᠤᠢ ᠳᠤᠯᠠᠭᠠᠨ ᠭᠤᠣᠯ ᠤᠨ ᠬᠠᠰᠢᠯᠭ᠎ᠠ ᠶᠢᠨ ᠣᠷᠣᠨ ᠳᠤ ᠬᠦᠷᠴᠦ ᠡᠪᠦᠯᠵᠢᠨ᠎ᠡ᠃ ᠦᠢᠯᠡᠳᠪᠦᠷᠢᠯᠡᠯ ᠠᠮᠢᠳᠤᠷᠠᠯ ᠤᠨ ᠣᠷᠣᠨ ᠵᠠᠶ ᠶᠢ ᠰᠣᠯᠪᠢᠴᠠᠭᠤᠯᠤᠨ ᠬᠤᠯᠪᠤᠬᠤ ᠨᠢ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠠᠷᠠᠴᠢᠯᠠᠨ ᠲᠡᠵᠢᠭᠡᠬᠦ᠂ ᠦᠷᠡᠵᠢᠭᠦᠯᠦᠨ ᠥᠰᠬᠡᠬᠦ ᠪᠠ ᠬᠡᠷᠡᠭᠯᠡᠬᠦ ᠳᠤ ᠲᠥᠬᠦᠮ ᠪᠣᠯᠭᠠᠵᠤ᠂ ᠦᠬᠡᠷ ᠮᠠᠯ ᠢ ᠠᠰᠢᠭᠯᠠᠨ ᠲᠠᠷᠢᠶᠠᠯᠠᠩ ᠤᠨ ᠴᠠᠭ ᠤᠯᠠᠷᠢᠯ ᠤᠨ ᠬᠤᠪᠢᠷᠠᠯᠲᠠ ᠶᠢ ᠠᠷᠭᠠᠴᠠᠨ᠂ ᠦᠬᠡᠷ ᠮᠣᠷᠢ ᠵᠡᠷᠭᠡ ᠦᠢᠯᠡᠳᠪᠦᠷᠢᠯᠡᠯ ᠤᠨ ᠡᠬᠢ ᠪᠠᠶᠠᠯᠢᠭ ᠶᠢ ᠵᠥᠷᠢᠭᠦᠯᠦᠨ ᠬᠡᠷᠡᠭᠯᠡᠵᠦ᠂ ᠬᠠᠮᠲᠤ ᠪᠠᠷ ᠠᠷᠠᠴᠢᠯᠠᠬᠤ ᠶᠢ ᠪᠡᠶᠡᠯᠡᠭᠦᠯᠵᠡᠢ᠃        ᠤᠯᠠᠮᠵᠢᠯᠠᠯᠲᠤ ᠵᠠᠩᠰᠢᠯ ᠳᠤ ᠴᠠᠭ ᠦᠶ᠎ᠡ ᠶᠢᠨ ᠦᠨ᠎ᠡ ᠥᠷᠲᠡᠭ ᠠᠭᠤᠯᠤᠨ᠎ᠠ
图片10.png
        ᠪᠦᠯᠬᠦᠮᠳᠡᠯ ᠢ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ ᠪᠠᠬᠢᠵᠢᠭᠦᠯᠬᠦ ᠳᠤ ᠳᠣᠲᠣᠭᠠᠳᠤ ᠬᠥᠳᠡᠯᠭᠡᠬᠦ ᠬᠦᠴᠦᠨ ᠱᠠᠭᠠᠷᠳᠠᠭᠳᠠᠨ᠎ᠠ᠂ ᠵᠣᠬᠢᠴᠠᠯᠳᠤᠭᠰᠠᠨ ᠠᠴᠢᠶᠠᠯᠠᠪᠤᠷᠢ ᠶᠢ ᠠᠰᠢᠭᠯᠠᠨ᠂ ᠬᠠᠮᠲᠤ ᠶᠢᠨ ᠠᠰᠢᠭ ᠲᠤᠰᠠ ᠪᠠᠷ ᠬᠤᠯᠪᠤᠭᠠᠰᠤ ᠪᠣᠯᠭᠠᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠲᠤᠮᠳᠠᠬᠢ ᠵᠠᠩ ᠳᠠᠳᠬᠠᠯ ᠪᠣᠯᠭᠠᠬᠤ ᠶᠢᠨ ᠬᠠᠮᠲᠤ ᠲᠡᠭᠦᠨ ᠤ ᠳᠤᠮᠳᠠ ᠠᠴᠠ ᠠᠰᠢᠭ ᠬᠦᠷᠳᠡᠬᠦ ᠬᠡᠷᠡᠭᠲᠡᠢ᠃ ︽ᠦᠬᠡᠷ ᠮᠤᠷᠢᠨ ᠤ ᠬᠤᠳᠠ ᠤᠷᠤᠭ︾ ᠨᠢ ᠦᠬᠡᠷ᠂ ᠠᠳᠤᠭᠤᠨ ᠤ ᠡᠨᠡ ᠬᠦ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠳᠤ ᠰᠠᠭᠤᠷᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠣᠯᠢᠯᠴᠠᠭ᠎ᠠ ᠬᠠᠷᠢᠯᠴᠠᠭ᠎ᠠ ᠶᠢ ᠠᠬᠢᠭᠤᠯᠵᠤ᠂ ᠬᠠᠮᠲᠤ ᠶᠢᠨ ᠠᠰᠢᠭ ᠲᠤᠰᠠ ᠶᠢ ᠬᠤᠯᠪᠣᠵᠤ᠂ ᠬᠠᠶᠢᠷ᠎ᠠ ᠰᠡᠳᠬᠢᠯᠭᠡ ᠶᠢᠨ ᠬᠠᠷᠢᠯᠴᠠᠭ᠎ᠠ ᠶᠢ ᠴᠢᠩᠭᠠᠳᠬᠠᠭᠰᠠᠨ ᠨᠢ ᠦᠨᠳᠦᠰᠦᠲᠡᠨ ᠨᠦᠭᠦᠳ ᠤᠨ ᠬᠦᠷᠰᠢᠯᠡᠨ ᠰᠠᠭᠤᠷᠢᠰᠢᠵᠤ ᠬᠠᠷᠢᠯᠴᠠᠨ ᠬᠠᠪᠰᠤᠷᠤᠯᠴᠠᠭᠰᠠᠨ ᠠᠮᠢᠳᠤᠯᠢᠭ ᠦᠢᠯᠡᠳᠦᠯᠭᠡ ᠪᠣᠯᠤᠨ᠎ᠠ᠃ ᠬᠠᠷᠢᠨ ᠡᠶᠢᠮᠦᠷᠬᠦᠦ ᠭᠦᠨᠵᠡᠭᠡᠶ ᠠᠰᠢᠭ ᠲᠤᠰᠠ ᠶᠢᠨ ᠬᠤᠯᠪᠣᠭ᠎ᠠ᠂ ᠦᠢᠯᠡᠳᠪᠦᠷᠢᠯᠡᠯ ᠤᠨ ᠬᠠᠷᠢᠯᠴᠠᠨ ᠬᠠᠪᠰᠤᠷᠤᠯᠴᠠᠬᠤ᠂ ᠠᠮᠢᠳᠤᠷᠠᠯ ᠤᠨ ᠬᠠᠷᠢᠯᠴᠠᠨ ᠲᠤᠰᠠᠯᠠᠯᠴᠠᠬᠤ᠂ ᠬᠠᠶᠢᠷ᠎ᠠ ᠰᠡᠳᠬᠢᠯᠭᠡ ᠬᠠᠷᠢᠯᠴᠠᠨ ᠠᠭᠤᠰᠤᠯᠴᠠᠭᠰᠠᠨ ᠪᠥᠭᠡᠳ ᠪᠠᠰᠠ ᠠᠰᠢᠭ ᠲᠤᠰᠠ᠂ ᠤᠬᠠᠮᠰᠠᠷ᠂ ᠬᠠᠶᠢᠷ᠎ᠠ ᠰᠡᠳᠬᠢᠯᠭᠡ ᠵᠡᠷᠭᠡ ᠬᠡᠮᠵᠢᠯ ᠲᠠᠯ᠎ᠠ ᠨᠢ ᠦᠨᠳᠦᠰᠦᠲᠡᠨ ᠤ ᠬᠠᠷᠢᠴᠠᠭ᠎ᠠ ᠶᠢᠨ ᠬᠥᠭᠵᠢᠯᠲᠡ ᠶᠢ ᠪᠡᠶᠡᠯᠡᠭᠦᠯᠵᠡᠶ᠃        ᠳᠤᠮᠳᠠᠳᠤ ᠶᠢᠨ ᠦᠨᠳᠦᠰᠦᠲᠡᠨ ᠥᠨᠢ ᠤᠳᠠᠭᠠᠨ ᠲᠡᠦᠬᠡ ᠲᠠᠢ᠂ ᠥᠷᠭᠡᠨ ᠠᠭᠤᠳᠠᠮ ᠳᠤᠮᠳᠠᠳᠤ ᠶᠢᠨ ᠨᠤᠲᠤᠭ ᠳᠡᠪᠢᠰᠬᠡᠷ ᠳᠡᠭᠡᠷ᠎ᠡ ᠮᠠᠰᠢ ᠤᠯᠠᠨ ︽ᠦᠬᠡᠷ ᠮᠤᠷᠢᠨ ᠤ ᠬᠤᠳᠠ ᠤᠷᠤᠭ︾  ᠮᠡᠳᠦ ᠶᠢᠨ ᠦᠨᠳᠦᠰᠦᠲᠡᠨ ᠤ ᠪᠦᠯᠬᠦᠮᠳᠡᠯ ᠬᠠᠷᠢᠯᠴᠠᠨ ᠬᠠᠪᠰᠤᠷᠤᠯᠴᠠᠬᠤ ᠤᠯᠠᠮᠵᠢᠯᠠᠯᠲᠤ ᠵᠠᠩᠰᠢᠯ ᠪᠦᠷᠢᠯᠳᠦᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠪᠠ᠃ ᠡᠶᠢᠮᠦᠷᠬᠦᠦ ᠡᠬᠢ ᠪᠠᠶᠠᠯᠢᠭ ᠢ ᠠᠭᠤᠳᠠᠯᠤᠨ ᠠᠰᠢᠭᠯᠠᠬᠤ ᠶᠢᠨ ᠬᠠᠮᠲᠤ ᠲᠡᠭᠦᠨ ᠳᠤ ᠴᠠᠭ ᠦᠶ᠎ᠡ ᠶᠢᠨ ᠰᠢᠨ᠎ᠡ ᠠᠭᠤᠯᠤᠭᠳᠠᠬᠤᠨ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ ᠠᠭᠤᠯᠭ᠎ᠠ᠂ ᠠᠴᠢᠶᠠᠯᠠᠪᠤᠷᠢ᠂ ᠬᠡᠯᠪᠡᠷᠢ ᠵᠡᠷᠭᠡ ᠲᠠᠯ᠎ᠠ ᠪᠠᠷ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠪᠠ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠪᠡᠶᠡᠯᠡᠭᠦᠯᠵᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠠᠢ᠃ 
 
ᠢᠷᠡᠯᠲᠡ᠄ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号