ᠥᠪᠡᠷᠲᠡᠭᠡᠨ ᠵᠠᠰᠠᠬᠤ ᠣᠷᠣᠨ ᠤ ︽ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠤᠷᠢᠳᠴᠢᠯᠠᠨ ᠬᠠᠷᠭᠤᠭᠤᠯᠵᠤ ᠤᠷᠢᠳᠴᠢᠯᠠᠨ ᠲᠤᠰᠢᠶᠠᠬᠤ ᠪᠠ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠤᠷᠢᠳᠴᠢᠯᠠᠨ ᠲᠠᠷᠬᠠᠭᠠᠬᠤ ᠠᠵᠢᠯ ᠢ ᠰᠠᠶᠢᠲᠤᠷ ᠬᠢᠬᠦ | ᠲᠤᠬᠠᠶ ᠮᠡᠳᠡᠭᠳᠡᠯ︾ ︵ᠥᠪᠥᠷ ᠨᠡᠶᠢᠭᠡᠮ ᠤᠨ ᠳᠠᠭᠠᠳᠬᠠᠯ ᠲᠠᠷᠬᠠᠭᠠᠭᠰᠠᠨ ﹇2020﹈ 64 ᠳ᠋ᠦ᠋ᠭᠡᠷ ᠲᠣᠭᠠᠲᠤ︶ | ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠤᠳᠤᠵᠤ ᠣᠯᠭᠤᠬᠤ ᠰᠠᠭᠤᠷᠢ ᠲᠤᠭ᠎ᠠ ᠪᠠ ᠳᠠᠩᠰᠠᠯᠠᠬᠤ ᠬᠦᠤ | ᠮᠥᠩᠭᠦ ᠶᠢᠨ ᠨᠣᠷᠮ᠎ᠠ ᠶᠢ ᠨᠡᠶᠢᠲᠡᠯᠡᠬᠦ ᠠᠴᠠ ᠡᠮᠦᠨ᠎ᠡ᠂ ᠨᠢᠭᠡᠨᠲᠡ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ | ᠠᠮᠠᠷᠠᠬᠤ ᠨᠠᠰᠤᠨ ᠳᠤ ᠬᠦᠷᠦᠭᠰᠡᠨ ᠪᠥᠭᠡᠳ ᠠᠵᠢᠯ ᠠᠴᠠ ᠪᠠᠨ ᠪᠠᠭᠤᠵᠤ ᠠᠮᠠᠷᠠᠬᠤ ᠭᠠᠷᠳᠠᠮ ᠢ ᠭᠦᠢᠴᠡᠳᠬᠡᠵᠦ | ᠳᠠᠭᠤᠰᠬᠠᠭᠰᠠᠨ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠲᠤ ᠨᠠᠰᠤᠵᠢᠯ ᠤᠨ | ᠠᠰᠠᠷᠠᠮᠵᠢ ᠶᠢᠨ ᠣᠯᠭᠤᠮᠵᠢ ᠶᠢ ᠤᠷᠢᠳᠴᠢᠯᠠᠨ ᠣᠯᠭᠤᠨ᠎ᠠ᠂ 2024 ᠣᠨ ᠳᠤ ᠮᠠᠨ ᠤ ᠲᠣᠭᠤᠷᠢᠭ ᠤᠨ | ᠠᠵᠢᠯ ᠠᠴᠠ ᠪᠠᠨ ᠪᠠᠭᠤᠵᠤ ᠠᠮᠠᠷᠠᠭᠰᠠᠨ ᠣᠯᠭᠤᠮᠵᠢ ᠶᠢ 115 ᠬᠥᠮᠦᠨ ᠢ ᠤᠷᠢᠳᠴᠢᠯᠠᠨ ᠲᠠᠷᠬᠠᠭᠠᠪᠠ᠃ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ | ᠠᠵᠢᠯ ᠠᠴᠠ ᠪᠠᠨ ᠠᠮᠠᠷᠠᠭᠰᠠᠳ ᠤᠨ ᠣᠯᠭᠤᠮᠵᠢ ᠶᠢ ᠤᠷᠢᠳᠴᠢᠯᠠᠨ ᠲᠠᠷᠬᠠᠭᠠᠬᠤ ᠠᠵᠢᠯ ᠨᠢ᠂ ᠣᠯᠠᠨ ᠲᠦᠮᠡᠨ ᠤ | ᠨᠠᠰᠤᠨ ᠳᠤ ᠬᠦᠷᠦᠭᠰᠡᠨ ᠪᠣᠯᠪᠠᠴᠤ ᠬᠤᠷᠰᠢᠶ᠎ᠠ ᠶᠢᠨ ᠡᠩ ᠤᠨ ᠴᠠᠯᠢᠩ ᠢ ᠴᠠᠭ ᠲᠤᠬᠠᠢ ᠳᠤ ᠨᠢ ᠦᠯᠦ ᠨᠡᠶᠢᠲᠡᠯᠡᠭᠰᠡᠨ | ᠵᠡᠷᠭᠡ ᠬᠦᠴᠦᠨ ᠵᠦᠢᠯ ᠠᠴᠠ ᠪᠣᠯᠵᠤ ᠣᠯᠭᠤᠮᠵᠢ ᠠᠪᠬᠤ ᠶᠢ ᠨᠦᠯᠦᠭᠡᠯᠡᠭᠰᠡᠨ ᠠᠰᠠᠭᠤᠳᠠᠯ ᠢ ᠦᠨᠡᠨ ᠬᠦ | ᠰᠢᠢᠳᠪᠦᠷᠢᠯᠡᠪᠡ᠃ | ᠨᠠᠰᠤᠵᠢᠯ ᠤᠨ ᠠᠰᠠᠷᠠᠮᠵᠢ ᠶᠢᠨ ᠮᠥᠩᠭᠦ ᠪᠣᠯ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ | ᠠᠮᠢᠳᠤᠷᠠᠯ ᠢ ᠪᠠᠲᠤᠯᠠᠬᠤ ᠴᠢᠬᠤᠯᠠ ᠠᠵᠤ ᠠᠬᠤᠶ ᠶᠢᠨ ᠢᠷᠡᠯᠲᠡ ᠪᠣᠯᠤᠨ᠎ᠠ᠂ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠳᠠᠬᠢᠨ ᠪᠣᠳᠣᠬᠤ ᠠᠵᠢᠯ ᠨᠢ | ᠠᠵᠢᠯ ᠠᠴᠠ ᠪᠠᠨ ᠠᠮᠠᠷᠠᠭᠰᠠᠳ ᠤᠨ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠪᠣᠯᠤᠨ᠎ᠠ᠃ ᠥᠪᠡᠷᠲᠡᠭᠡᠨ | ᠵᠠᠰᠠᠬᠤ ᠣᠷᠣᠨ ᠤ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠣᠰ ᠵᠢᠯ ᠤᠨ ᠪᠤᠳᠤᠵᠤ | ᠲᠠᠷᠬᠠᠭᠠᠬᠤ ᠰᠠᠭᠤᠷᠢ ᠲᠤᠭ᠎ᠠ ᠪᠠ ᠲᠠᠩᠰᠠ ᠲᠡᠮᠳᠡᠭᠯᠡᠬᠦ ᠬᠦᠤ ᠮᠥᠩᠭᠦ ᠶᠢᠨ ᠨᠣᠷᠮ᠎ᠠ ᠶᠢ ᠨᠡᠶᠢᠲᠡᠯᠡᠭᠰᠡᠨ ᠤ ᠳᠠᠷᠠᠭ᠎ᠠ᠂ | ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ 2024 ᠣᠨ ᠳᠤ ᠠᠵᠤ ᠠᠬᠤᠶᠢᠯᠠᠯ ᠤᠨ | ᠠᠵᠢᠯ ᠠᠴᠠ ᠪᠠᠨ ᠪᠠᠭᠤᠵᠤ ᠠᠮᠠᠷᠠᠬᠤ ᠶᠢ ᠤᠷᠢᠳᠴᠢᠯᠠᠨ ᠲᠠᠷᠬᠠᠭᠠᠭᠰᠠᠨ ᠪᠥᠭᠡᠳ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠵᠠᠷᠤᠳᠠᠯ ᠲᠤᠰᠢᠶᠠᠬᠤ ᠬᠥᠮᠦᠰ ᠲᠤ ᠴᠠᠭ ᠲᠤᠬᠠᠶ ᠳᠤᠨᠢ ᠣᠯᠭᠤᠮᠵᠢ ᠶᠢ ᠳᠠᠬᠢᠨ ᠪᠤᠳᠤᠵᠤ᠂ | ᠰᠢᠨ᠎ᠡ ᠪᠠᠷ ᠨᠡᠮᠡᠭᠳᠡᠭᠰᠡᠨ ᠠᠵᠢᠯ ᠠᠴᠠ ᠪᠠᠨ ᠠᠮᠠᠷᠠᠭᠰᠠᠳ ᠤᠨ ᠣᠯᠭᠤᠮᠵᠢ ᠶᠢ ᠳᠠᠬᠢᠨ ᠪᠤᠳᠤᠬᠤ ᠪᠠ ᠵᠥᠷᠢᠶ᠎ᠡ ᠶᠢ | ᠨᠥᠬᠦᠪᠥᠷᠢᠯᠡᠬᠦ ᠠᠵᠢᠯ ᠢ ᠡᠮᠬᠢ ᠵᠢᠷᠤᠮ ᠲᠠᠢ ᠠᠬᠢᠭᠤᠯᠪᠠ᠃ 2024 ᠣᠨ ᠤ 12 ᠳ᠋ᠤᠭᠠᠷ ᠰᠠᠷ᠎ᠠ ᠪᠣᠯᠲᠠᠯ᠎ᠠ᠂ 75 | ᠬᠥᠮᠦᠨ ᠤ ᠠᠵᠢᠯ ᠠᠴᠠ ᠪᠠᠨ ᠠᠮᠠᠷᠠᠭᠰᠠᠨ ᠬᠠᠷᠠᠭᠠᠯᠵᠠᠯ ᠢ ᠳᠠᠬᠢᠨ ᠲᠣᠭᠠᠴᠠᠨ ᠪᠣᠳᠣᠬᠤ ᠶᠢ ᠪᠡᠶᠡᠯᠡᠭᠦᠯᠵᠦ᠂ | ᠤᠷᠢᠳᠴᠢᠯᠠᠨ ᠲᠠᠷᠬᠠᠭᠠᠭᠰᠠᠨ ᠬᠥᠮᠥᠰ ᠤᠨ ᠵᠢᠩᠬᠢᠨᠢ ᠬᠠᠷᠠᠭᠠᠯᠵᠠᠯ ᠵᠢᠴᠢ ᠬᠠᠷᠠᠭᠠᠯᠵᠠᠯ ᠤᠨ ᠵᠥᠷᠢᠶ᠎ᠡ ᠶᠢ 12 ᠳ᠋ᠤᠭᠠᠷ | ᠰᠠᠷ᠎ᠠ ᠶᠢᠨ ᠰᠡᠭᠦᠯᠴᠢ ᠪᠠᠷ ᠣᠯᠭᠤᠨ᠎ᠠ᠃ | ᠬᠤᠶᠢᠰᠢᠳᠠ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ︽ᠪᠠᠲᠤᠯᠠᠨ ᠣᠯᠭᠤᠬᠤ︾ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ | ᠣᠯᠭᠤᠮᠵᠢ ᠶᠢ ︽ᠨᠢᠭᠡ ᠡᠳᠦᠷ ᠬᠤᠶᠢᠰᠢᠯᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ᠂ ᠨᠢᠭᠡ | ᠮᠥᠩᠭᠦ ᠴᠦ ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨ ᠬᠦ ᠪᠠᠲᠤᠯᠠᠵᠤ᠂ ᠠᠵᠢᠯ ᠠᠴᠠ ᠪᠠᠨ ᠠᠮᠠᠷᠠᠭᠰᠠᠨ | ᠠᠮᠢᠳᠤᠷᠠᠯ ᠢ ᠦᠨᠡᠨ ᠬᠦ ᠪᠠᠲᠤᠯᠠᠨ᠎ᠠ᠃ | |