ᠰᠢᠭᠤᠶᠢᠲᠤ ᠲᠣᠭᠤᠷᠢᠭ  ᠮᠡᠳᠡᠭᠡ ᠵᠠᠩᠭᠢ ᠶᠢᠨ ᠴᠢᠳᠠᠪᠤᠷᠢᠲᠠᠨ ᠵᠢᠴᠢ ᠰᠢᠰᠲ᠋ᠧᠮ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠵᠡᠢ ~
ᠨᠡᠶᠢᠲᠡᠯᠡᠭᠰᠡᠨ ᠴᠠᠭ᠄
2024/12/20
        12 ᠳ᠋ᠤᠭᠠᠷ ᠰᠠᠷ᠎ᠠ ᠶᠢᠨ 10 ᠤ ᠡᠳᠦᠷ᠂ ᠰᠢᠭᠤᠶᠢᠲᠤ ᠲᠣᠭᠤᠷᠢᠭ ᠮᠡᠳᠡᠭᠡ ᠵᠠᠩᠭᠢ ᠶᠢᠨ ᠴᠢᠳᠠᠪᠤᠷᠢᠲᠠᠨ ᠵᠢᠴᠢ ᠰᠢᠰᠲ᠋ᠧᠮ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠳᠤᠮᠳᠠᠳᠤ ᠤᠯᠤᠰ ᠤᠨ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠣᠨᠢᠨ ᠤ ᠳᠡᠭᠡᠳᠦ ᠵᠡᠷᠭᠡ ᠶᠢᠨ ᠰᠤᠷᠪᠤᠯᠵᠢᠯᠠᠭᠴᠢ ᠯᠢᠦ ᠰᠢᠤᠢ ᠮᠢᠩ ᠵᠢᠴᠢ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢ ᠶᠢᠨ ᠤᠬᠠᠭᠤᠯᠭ᠎ᠠ ᠶᠢᠨ ᠬᠦᠷᠢᠶᠡᠨ ᠳᠠᠬᠢ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠢ ᠤᠷᠢᠵᠤ ᠲᠤᠰᠬᠠᠶ ᠰᠡᠳᠦᠪ ᠢᠶᠠᠷ ᠬᠢᠴᠢᠶᠡᠯᠯᠡᠭᠦᠯᠪᠡ᠃        ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠠᠩ ᠶᠦᠩ ᠵᠧᠨ᠂ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠵᠣᠬᠢᠶᠠᠨ ᠪᠠᠶᠢᠭᠤᠯᠤᠯᠲᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠮᠡᠳᠡᠭᠡ ᠵᠠᠩᠭᠢᠴᠢ ᠵᠢᠴᠢ ᠰᠦᠯᠵᠢᠶᠡᠨ ᠤ ᠤᠬᠠᠭᠤᠯᠤᠭᠴᠢ ᠪᠣᠯᠪᠠᠰᠤᠷᠠᠯ ᠳᠤ ᠣᠷᠣᠯᠴᠠᠪᠠ᠃        ᠲᠣᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠨᠢ ᠰᠢᠰᠲ᠋ᠧᠮ ᠤᠨ ︽ᠰᠢᠨ᠎ᠡ ᠶᠢ ᠡᠭᠦᠳᠴᠦ ᠲᠡᠷᠢᠭᠦᠨ ᠤ ᠬᠢ ᠶᠢ ᠡᠭᠦᠳᠬᠦ ᠶᠠᠰᠤ ᠴᠢᠨᠠᠷ ᠦᠷ᠎ᠡ ᠪᠦᠲᠦᠮᠵᠢ ᠶᠢᠨ ᠣᠨ︾ ᠤ ᠠᠵᠢᠯ ᠢ ᠵᠣᠬᠢᠶᠠᠨ ᠪᠠᠶᠢᠭᠤᠯᠬᠤ ᠱᠠᠭᠠᠷᠳᠠᠯᠭ᠎ᠠ ᠶᠢᠨ ᠲᠣᠭᠤᠷᠢᠨ ᠳᠤ᠂ ᠣᠳᠣᠬᠠᠨ ᠤ ᠪᠥᠬᠦ ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠮᠡᠳᠡᠭᠡ ᠵᠠᠩᠭᠢᠴᠢᠳ ᠤᠨ ᠰᠤᠷᠤᠯᠴᠠᠬᠤ ᠬᠡᠷᠡᠭᠴᠡᠭᠡ ᠱᠠᠭᠠᠷᠳᠠᠯᠭ᠎ᠠ ᠪᠠ ᠴᠢᠳᠠᠪᠤᠷᠢ ᠶᠢᠨ ᠳᠤᠲᠠᠭᠤᠳᠠᠯ ᠪᠠᠭᠤᠷᠠᠶ ᠲᠠᠯ᠎ᠠ ᠳᠤ ᠴᠢᠭᠯᠡᠭᠦᠯᠦᠨ ᠨᠠᠷᠢᠨ ᠨᠢᠮᠪᠠᠶ ᠲᠠᠶᠢᠯᠤᠮᠵᠢ ᠬᠢᠪᠡ᠃ ᠣᠨᠣᠯ + ᠬᠡᠷᠡᠭ ᠤᠨ ᠵᠢᠱᠢᠶ᠎ᠡ + ᠪᠣᠳᠠᠲᠠᠶ ᠠᠵᠢᠯᠯᠠᠭᠠᠨ ᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠨ ᠰᠤᠷᠤᠭᠴᠢᠳ ᠲᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠮᠡᠳᠡᠭᠡ ᠵᠠᠩᠭᠢ ᠲᠤᠭᠤᠷᠪᠢᠨ ᠪᠢᠴᠢᠬᠦ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠭᠠᠵᠤ᠂ ᠬᠤᠶᠢᠰᠢᠳᠠ ᠶᠢᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠰᠡᠳᠬᠢᠮᠵᠢ ᠶᠢ ᠲᠣᠳᠣᠷᠬᠠᠶ ᠪᠣᠯᠭᠠᠵᠤ᠂ ᠴᠢᠭᠯᠡᠯ ᠢ ᠲᠣᠳᠣᠷᠬᠠᠶ ᠵᠢᠭᠠᠭᠰᠠᠨ ᠪᠠᠶᠢᠨ᠎ᠠ᠃        ᠬᠤᠷᠠᠯ ᠠᠴᠠ᠂ ᠠᠵᠢᠯ ᠤᠨ ᠳᠤᠮᠳᠠᠬᠢ ︽ᠭᠢᠯᠠᠯᠵᠠᠯᠲᠠ ᠶᠢᠨ ᠴᠡᠭ︾ ︽ᠨᠤᠲᠤᠭ ᠤᠨ ᠣᠨᠴᠠ ᠭᠠᠷᠤᠯᠲᠠ ︾ ᠶᠢ ᠭᠦᠨᠵᠡᠭᠡᠢ ᠠᠭᠤᠳᠠᠯᠵᠤ᠂ ᠰᠢᠨ᠎ᠡ ᠪᠠᠶᠢᠳᠠᠯ ᠰᠢᠨ᠎ᠡ ᠦᠷ᠎ᠡ ᠪᠦᠲᠦᠮᠵᠢ ᠶᠢ ᠢᠯᠡᠷᠡᠭᠦᠯᠬᠦ ᠬᠡᠷᠡᠭᠲᠡᠢ᠃ ᠰᠡᠳᠬᠢᠬᠦᠶ ᠪᠠᠨ ᠥᠷᠭᠡᠳᠬᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠵᠣᠬᠢᠶᠠᠨ ᠪᠠᠶᠢᠭᠤᠯᠬᠤ ᠰᠢᠰᠲ᠋ᠧᠮ ᠤᠨ ᠮᠡᠳᠡᠭᠡ ᠵᠠᠩᠭᠢ ᠶᠢᠨ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃ ᠤᠬᠠᠭᠤᠯᠭ᠎ᠠ ᠶᠢᠨ ᠦᠷ᠎ᠡ ᠪᠦᠲᠦᠮᠵᠢ ᠶᠢ ᠴᠢᠩᠭᠠᠳᠬᠠᠵᠤ᠂ ᠪᠦᠬᠦ ᠲᠣᠭᠤᠷᠢᠭ ᠢᠶᠠᠷ ᠢᠶᠠᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠮᠡᠳᠡᠭᠡ ᠵᠠᠩᠭᠢ ᠶᠢᠨ ᠲᠤᠭ᠎ᠠ ᠬᠡᠮᠵᠢᠶ᠎ᠡ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠠᠬᠢᠭᠤᠯᠵᠤ᠂ ᠴᠣ ᠰᠢᠨ᠎ᠡ ᠪᠠᠶᠢᠳᠠᠯ ᠢᠶᠠᠷ ᠰᠢᠭᠤᠶᠢᠲᠤ ᠲᠤᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠰᠠᠶᠢᠨ ᠳᠠᠭᠤᠨ ᠢ ᠬᠠᠮᠲᠤ ᠪᠠᠷ ᠳᠠᠭᠤᠯᠠᠬᠤ ᠬᠡᠷᠡᠭᠲᠡᠢ ᠭᠡᠵᠦ ᠱᠠᠭᠠᠷᠳᠠᠪᠠ᠃        ᠲᠣᠰ ᠤᠳᠠᠭᠠᠨ ᠤ ᠪᠣᠯᠪᠠᠰᠤᠷᠠᠯ ᠨᠢ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠤᠨ ᠭᠦᠢᠴᠡᠳ ᠨᠤᠲᠠᠯᠠᠯᠲᠠ ᠶᠢ ᠭᠥᠷᠳᠡᠵᠦ᠂ ᠣᠯᠠᠨ ᠢᠶᠠᠷ ᠢᠶᠠᠨ᠂ ᠪᠣᠯᠪᠠᠰᠤᠷᠠᠯ ᠨᠢ ᠪᠣᠳᠠᠲᠠᠶ ᠳᠤ ᠰᠠᠭᠤᠷᠢᠯᠠᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠬᠠᠷᠠᠭ᠎ᠠ ᠶᠢ ᠥᠷᠭᠡᠳᠬᠡᠨ᠂ ᠮᠡᠳᠡᠯᠭᠡ ᠶᠢᠨ ᠨᠥᠭᠡᠴᠡ ᠶᠢ ᠥᠷᠭᠡᠳᠬᠡᠵᠦ᠂ ᠪᠣᠳᠠᠲᠤ ᠪᠠᠶᠢᠯᠳᠤᠭᠠᠨ ᠤ ᠴᠢᠳᠠᠪᠤᠷᠢ ᠶᠢ ᠨᠡᠮᠡᠭᠳᠡᠭᠦᠯᠦᠭᠰᠡᠨ ᠪᠥᠭᠡᠳ ᠬᠤᠶᠢᠰᠢᠳᠠ ᠶᠢᠨ ᠠᠵᠢᠯ ᠤᠨ ᠳᠤᠮᠳᠠ ᠪᠠᠨ ᠢᠯᠡᠭᠦᠬᠡᠨ ᠪᠣᠳᠣᠯᠬᠢᠯᠠᠵᠤ᠂ ᠢᠯᠡᠭᠦᠤ ᠳ᠋ᠦᠩᠨᠡᠨ᠂ ᠴᠢᠳᠠᠮᠠᠭᠠᠶ ᠪᠠᠷ ᠳ᠋ᠦᠩᠨᠡᠵᠦ᠂ ᠰᠢᠷᠭᠠᠭᠤ ᠦᠢᠯᠡᠳᠦᠯᠭᠡᠵᠢᠭᠦᠯᠵᠦ᠂ ᠰᠡᠳᠬᠢᠵᠦ ᠰᠣᠷᠣᠭᠰᠠᠨ ᠮᠡᠳᠡᠯᠭᠡ ᠪᠠᠨ ᠪᠣᠳᠠᠲᠠᠶ ᠦᠢᠯᠡᠳᠦᠯᠭᠡ ᠪᠣᠯᠭᠠᠨ ᠤᠯᠠᠷᠢᠭᠤᠯᠵᠤ᠂ ᠪᠥᠬᠦ ᠲᠤᠭᠤᠷᠢᠭ ᠤᠨ ᠵᠣᠬᠢᠶᠠᠨ ᠪᠠᠶᠢᠭᠤᠯᠬᠤ ᠰᠢᠰᠲ᠋ᠧᠮ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号