﹇ᠲᠤᠭ᠎ᠠ ᠪᠦᠷᠢᠳᠬᠡᠯ ᠤᠨ ᠬᠠᠤᠯᠢ﹈ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ ᠨᠡᠶᠢᠭᠡᠮ ᠨᠡᠶᠢᠲᠡ ᠳᠤ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠦᠢᠯᠡᠴᠢᠯᠡᠭᠡ ᠬᠠᠩᠭᠠᠬᠤ — ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢᠨ ᠰᠢᠷᠢᠰ ᠲᠠᠶᠢᠯᠤᠮᠵᠢ ᠵᠢᠷᠭᠤᠭ᠎ᠠ
ᠨᠡᠶᠢᠲᠡᠯᠡᠭᠰᠡᠨ ᠴᠠᠭ᠄
2024/12/23
        ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠶᠢᠯᠡᠭᠰᠡᠨ ᠲᠤᠭ᠎ᠠ ᠪᠦᠷᠢᠳᠭᠡᠯ ᠤᠨ ᠵᠤᠷᠭᠠᠨ  ᠹᠦ᠋ ᠯᠢᠩ ᠾᠦᠢ        ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠪᠣᠯ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠶᠢᠨ ᠪᠠᠶᠢᠭᠤᠯᠤᠯᠲᠠ ᠶᠢᠨ ᠦᠨᠳᠦᠰᠦᠨ ᠵᠣᠭᠰᠣᠯᠲᠠ ᠪᠣᠯᠤᠨ᠎ᠠ᠃ 2024 ᠣᠨ ᠤ 9 ᠳ᠋ᠦ᠋ᠭᠡᠷ ᠰᠠᠷ᠎ᠠ ᠶᠢᠨ 13 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠪᠠᠲᠤᠯᠠᠵᠤ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠪᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠨᠢ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠠᠷᠠᠳ ᠠᠴᠠ ᠠᠪᠬᠤ᠂ ᠠᠷᠠᠳ ᠲᠤ ᠬᠡᠷᠡᠭᠯᠡᠬᠦ᠂ ᠠᠷᠠᠳ ᠲᠤ ᠦᠢᠯᠡᠴᠢᠯᠡᠬᠦ᠂ ᠠᠷᠠᠳ ᠲᠤ ᠠᠰᠢᠭ ᠬᠦᠷᠲᠡᠭᠡᠬᠦ ᠪᠠᠷ ᠴᠢᠷᠮᠠᠶᠢᠵᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠷᠭ᠎ᠠ ᠶᠢ ᠰᠠᠶᠢᠵᠢᠷᠠᠭᠤᠯᠬᠤ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠲᠤᠭ᠎ᠠ ᠪᠦᠷᠢᠳᠬᠡᠯ ᠤᠨ ᠠᠵᠢᠯᠲᠠᠨ ᠤ ᠨᠢᠭᠤᠴᠠ ᠶᠢ ᠬᠠᠮᠠᠭᠠᠯᠠᠬᠤ ᠬᠡᠪᠴᠢᠶ᠎ᠡ ᠶᠢ ᠥᠷᠭᠡᠳᠬᠡᠬᠦ ᠵᠡᠷᠭᠡ ᠲᠠᠯ᠎ᠠ ᠪᠠᠷ ᠲᠣᠳᠣᠷᠬᠠᠶ ᠲᠣᠭᠲᠠᠭᠠᠯ ᠭᠠᠷᠭᠠᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ᠂ ᠨᠡᠶᠢᠭᠡᠮ ᠨᠡᠶᠢᠲᠡ ᠳᠤ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠦᠢᠯᠡᠴᠢᠯᠡᠭᠡ ᠬᠠᠩᠭᠠᠬᠤ᠂ ᠠᠷᠠᠳ ᠣᠯᠠᠨ ᠤ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠳᠤ ᠪᠠᠲᠤ ᠪᠠᠬᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃        ᠨᠢᠭᠡ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠨᠢ ᠠᠷᠠᠳ ᠲᠦᠮᠡᠨ ᠢᠶᠠᠷ ᠭᠤᠣᠯ ᠪᠣᠯᠭᠠᠬᠤ ᠦᠨᠳᠦᠰᠦᠨ ᠵᠣᠭᠰᠣᠯᠲᠠ ᠳᠤ ᠲᠤᠭᠤᠰᠢᠯᠠᠭᠳᠠᠵᠤ ᠪᠠᠶᠢᠨ᠎ᠠ        ᠲᠤᠭ᠎ᠠ ᠪᠦᠷᠢᠳᠬᠡᠯ ᠤᠨ ᠠᠵᠢᠯ ᠨᠢ ᠡᠷᠬᠡᠪᠰᠢ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠦᠢᠯᠡᠴᠢᠯᠡᠬᠦ ᠬᠡᠷᠡᠭᠲᠡᠢ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠳᠤ ᠠᠷᠠᠳ ᠲᠦᠮᠡᠨ ᠤ ᠲᠥᠯᠥᠭᠡ ᠪᠠᠶᠢᠬᠤ᠂ ᠠᠷᠠᠳ ᠲᠦᠮᠡᠨ ᠳᠤ ᠲᠦᠰᠢᠭᠯᠡᠬᠦ᠂ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠬᠤ ᠬᠡᠷᠡᠭᠲᠡᠶ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠨᠢ ᠰᠢᠨ᠎ᠡ ᠴᠠᠭ ᠦᠶ᠎ᠡ ᠶᠢᠨ ᠲᠤᠭ᠎ᠠ ᠪᠦᠷᠢᠳᠬᠡᠯ ᠤᠨ ᠠᠵᠢᠯ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠳᠤ ᠵᠣᠬᠢᠴᠠᠵᠤ᠂ ᠠᠷᠠᠳ ᠤᠯᠠᠨ ᠤ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠤᠭ᠎ᠠ ᠪᠦᠷᠢᠳᠬᠡᠯ ᠤᠨ ᠬᠠᠤᠯᠢ ᠲᠦᠷᠢᠮ ᠢ ᠦᠷᠭᠦᠯᠵᠢᠯᠡᠨ ᠲᠡᠭᠦᠯᠳᠡᠷᠵᠢᠭᠦᠯᠬᠦ ᠠᠮᠢᠳᠤᠯᠢᠭ ᠦᠢᠯᠡᠳᠦᠯᠭᠡ ᠪᠠᠶᠢᠵᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠷᠠᠳᠴᠢ ᠴᠢᠨᠠᠷ ᠢ ᠭᠦᠢᠴᠡᠳ ᠢᠯᠡᠷᠡᠭᠦᠯᠪᠡ᠃        ᠨᠢᠭᠡ ᠳᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠵᠤ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠢ ᠴᠢᠬᠤᠯᠠᠴᠢᠯᠠᠪᠠ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠪᠣᠯ ᠲᠤᠭ᠎ᠠ ᠪᠦᠷᠢᠳᠬᠡᠯ ᠤᠨ ᠠᠵᠢᠯ ᠤᠨ ᠠᠮᠢᠨ ᠰᠤᠳᠠᠰᠤ ᠮᠥᠨ᠂ ᠪᠠᠰᠠ ᠴᠤ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠴᠢᠬᠤᠯᠠ ᠲᠠᠯ᠎ᠠ ᠮᠥᠨ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠨᠢ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠮᠢᠶᠠᠷᠤᠯᠲᠠ ᠪᠣᠯᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠲᠤᠭ᠎ᠠ ᠪᠦᠷᠢᠳᠬᠡᠯ ᠢ ᠬᠤᠳᠠᠯ ᠬᠠᠭᠤᠷᠮᠠᠭ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠡᠷᠭᠡᠶᠢᠯᠡᠬᠦ ᠪᠠ ᠲᠤᠭ᠎ᠠ ᠪᠦᠷᠢᠳᠭᠡᠯ ᠢ ᠬᠠᠭᠤᠷᠮᠠᠭᠯᠠᠨ ᠵᠣᠬᠢᠶᠠᠬᠤ ᠶᠢ ᠵᠠᠯᠬᠠᠭᠠᠨ ᠰᠢᠢᠳᠭᠡᠬᠦ ᠶᠢ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭ᠎ᠠ ᠶᠢᠨ ᠬᠡᠪᠴᠢᠶᠡᠨ ᠳᠤ ᠣᠷᠣᠭᠤᠯᠵᠤ᠂ ᠤᠳᠤᠷᠢᠳᠬᠤ ᠺᠠᠲᠠᠷᠴᠣᠳ ᠤᠨ ᠲᠤᠭ᠎ᠠ ᠪᠦᠷᠢᠳᠬᠡᠯ ᠤᠨ ᠠᠵᠢᠯ ᠤᠨ ᠬᠢᠨᠠᠨ ᠰᠢᠯᠭᠠᠬᠤ ᠬᠠᠮᠢᠶᠠᠷᠤᠯᠲᠠ ᠶᠢ ᠴᠢᠩᠭᠠᠳᠬᠠᠨ᠂ ᠤᠳᠤᠷᠢᠳᠬᠤ ᠺᠠᠲᠠᠷᠴᠣᠳ ᠤᠨ ᠲᠤᠭ᠎ᠠ ᠪᠦᠷᠢᠳᠭᠡᠯ ᠤᠨ ᠠᠵᠢᠯ ᠳᠤ ᠭᠠᠷ ᠲᠥᠷᠥᠵᠦ ᠪᠣᠯᠬᠤ ᠦᠭᠡᠶ ᠬᠤᠷᠢᠭᠠᠲᠤ ᠠᠵᠢᠯᠯᠠᠭ᠎ᠠ ᠶᠢ ︽ᠭᠤᠷᠪᠠᠨ ᠪᠣᠯᠬᠤ ᠦᠭᠡᠢ︾ ᠪᠠᠶᠢᠭᠰᠠᠨ ᠠᠴᠠ ︽ᠳᠦᠷᠪᠡᠨ ᠪᠣᠯᠬᠤ ᠦᠭᠡᠢ︾ ᠪᠣᠯᠭᠠᠨ ᠨᠡᠮᠡᠭᠳᠡᠭᠦᠯᠵᠦ᠂ ︽ᠳᠣᠣᠷᠠᠳᠤ ᠱᠠᠲᠤᠨ ᠤ ᠨᠢᠭᠡᠴᠢ ᠵᠢᠴᠢ ᠠᠵᠢᠯᠲᠠᠨ᠂ ᠲᠤᠭ᠎ᠠ ᠪᠦᠷᠢᠳᠭᠡᠯ ᠤᠨ ᠪᠠᠶᠢᠴᠠᠭᠠᠭᠳᠠᠬᠤ ᠡᠲᠡᠭᠡᠳ ᠲᠤ ᠬᠤᠳᠠᠯ ᠬᠠᠭᠤᠷᠮᠠᠭ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠶᠢ ᠢᠯᠡ ᠪᠠᠷ ᠪᠣᠶᠤ ᠳᠠᠯᠳᠠ ᠪᠠᠷ ᠰᠠᠨᠠᠭᠤᠯᠵᠤ ᠪᠣᠯᠬᠤ ᠦᠭᠡᠢ︾ ᠵᠡᠷᠭᠡ ᠶᠢ ᠲᠣᠳᠤᠷᠬᠠᠶᠢᠯᠠᠪᠠ᠃ ᠡᠳᠡᠭᠡᠷ ᠲᠣᠭᠲᠠᠭᠠᠯ ᠨᠢ ᠨᠡᠩ ᠬᠠᠲᠠᠭᠤ ᠴᠢᠩᠭ᠎ᠠ᠂ ᠨᠡᠩ ᠡᠷᠴᠢᠮ ᠲᠠᠢ ᠪᠠᠶᠢᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠦᠴᠦᠲᠡᠢ ᠪᠠᠲᠤᠯᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠪᠦᠲᠦᠮᠵᠢᠲᠡᠢ ᠦᠢᠯᠡᠴᠢᠯᠡᠵᠦ᠂ ᠠᠷᠠᠳ ᠤᠯᠠᠨ ᠤ ᠠᠰᠢᠭ ᠲᠤᠰᠠ ᠶᠢ ᠨᠡᠩ ᠰᠠᠶᠢᠲᠤᠷ ᠬᠠᠮᠠᠭᠠᠯᠠᠬᠤ ᠪᠣᠯᠤᠨ᠎ᠠ᠃        ᠬᠤᠶᠠᠷ ᠲᠤ᠂ ᠨᠡᠶᠢᠭᠡᠮ ᠨᠡᠶᠢᠲᠡ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠪᠠᠶᠢᠳᠠᠯ ᠢ ᠮᠡᠳᠡᠬᠦ ᠡᠷᠬᠡ ᠶᠢ ᠪᠠᠲᠤᠯᠠᠬᠤ ᠶᠢ ᠴᠢᠬᠤᠯᠠᠴᠢᠯᠠᠪᠠ᠃ ᠲᠤᠭ᠎ᠠ ᠪᠦᠷᠢᠳᠬᠡᠯ ᠤᠨ ᠮᠠᠲ᠋ᠧᠷᠢᠶᠠᠯ ᠨᠢ ᠤᠯᠤᠰ ᠤᠨ ᠪᠠᠶᠢᠳᠠᠯ ᠤᠯᠤᠰ ᠤᠨ ᠬᠦᠴᠦᠨ ᠵᠡᠷᠭᠡ ᠴᠢᠬᠤᠯᠠ ᠮᠡᠳᠡᠭᠡ ᠵᠠᠩᠭᠢ ᠶᠢ ᠲᠡᠮᠳᠡᠭᠯᠡᠵᠦ᠂ ᠨᠡᠶᠢᠭᠡᠮ ᠨᠡᠶᠢᠲᠡ ᠶᠢᠨ ᠴᠢᠬᠤᠯᠠ ᠪᠦᠬᠦᠢ ᠦᠢᠯᠡᠳᠬᠦᠨ ᠪᠠᠶᠢᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠤᠨ ᠥᠷᠭᠡᠨ ᠣᠯᠠᠨ ᠠᠷᠠᠳ ᠢᠷᠭᠡᠳ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠶᠢᠨ ᠭᠤᠷᠪᠠᠳᠤᠭᠠᠷ ᠪᠦᠯᠦᠭ ᠲᠤ ︽ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠠᠮᠢᠶᠠᠷᠬᠤ ᠪᠠ ᠨᠡᠶᠢᠲᠡᠯᠡᠬᠦ︾ ᠲᠤᠬᠠᠶ ᠲᠣᠳᠣᠷᠬᠠᠶ ᠲᠣᠭᠲᠠᠭᠠᠯ ᠭᠠᠷᠭᠠᠪᠠ᠂ ᠡᠭᠦᠨ ᠳᠤ ᠬᠤᠷᠢᠨ ᠵᠢᠷᠭᠤᠭ᠎ᠠ ᠠᠴᠠ ᠬᠤᠷᠢ ᠶᠢᠰᠦᠳᠦᠭᠡᠷ ᠵᠣᠷᠪᠤᠰ ᠲᠤ ᠲᠤᠰᠬᠠᠶ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠡᠶᠢᠲᠡᠯᠡᠬᠦ ᠲᠣᠭᠲᠠᠭᠠᠯ ᠢ ᠲᠣᠳᠤᠷᠬᠠᠶᠢᠯᠠᠵᠤ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠴᠠᠭ ᠲᠤᠬᠠᠶ ᠳᠤᠨᠢ ᠨᠡᠶᠢᠲᠡᠯᠡᠵᠦ᠂ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠶᠣᠰᠣᠲᠠᠶ ᠠᠴᠠ ᠪᠣᠰᠤᠳ ᠢ ᠨᠢ ᠴᠥᠮ ᠢᠯᠡ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ ᠡᠳᠡᠭᠡᠷ ᠲᠣᠭᠲᠠᠭᠠᠯ ᠤᠳ ᠠᠷᠠᠳ ᠤᠨ ᠲᠥᠯᠥᠭᠡ ᠪᠦᠷᠢᠳᠭᠡᠬᠦ ᠣᠶᠢᠯᠠᠭᠠᠭᠳᠠᠬᠤᠨ ᠢ ᠭᠦᠢᠴᠡᠳ ᠢᠯᠡᠷᠡᠭᠦᠯᠵᠦ᠂ ᠨᠡᠶᠢᠭᠡᠮ ᠨᠡᠶᠢᠲᠡ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠪᠠᠶᠢᠳᠠᠯ ᠢ ᠮᠡᠳᠡᠬᠦ ᠡᠷᠬᠡ ᠪᠠ ᠬᠦᠷᠲᠡᠬᠦ ᠡᠷᠬᠡ ᠶᠢ ᠪᠦᠲᠦᠮᠵᠢᠲᠡᠶ ᠪᠠᠲᠤᠯᠠᠬᠤ ᠪᠣᠯᠤᠨ᠎ᠠ᠃        ᠭᠤᠷᠪᠠ ᠳᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢ ᠴᠢᠬᠤᠯᠠᠴᠢᠯᠠᠪᠠ᠃ ᠲᠤᠭ᠎ᠠ ᠪᠦᠷᠢᠳᠬᠡᠯ ᠤᠨ ᠠᠵᠢᠯ ᠨᠢ ᠥᠷᠭᠡᠨ ᠣᠯᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠳᠡᠮᠵᠢᠯᠭᠡ ᠪᠣᠯᠤᠨ ᠬᠠᠮᠵᠢᠯᠴᠠᠭ᠎ᠠ ᠠᠴᠠ ᠰᠠᠯᠵᠤ ᠴᠢᠳᠠᠬᠤ ᠦᠭᠡᠶ ᠶᠤᠮ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠪᠣᠯ ᠲᠤᠭ᠎ᠠ ᠪᠦᠷᠢᠳᠬᠡᠯ ᠤᠨ ᠬᠠᠤᠯᠢ ᠶᠢᠨ ᠠᠩᠬᠠᠷᠤᠯ ᠤᠨ ᠭᠤᠤᠯᠳᠠᠯᠭ᠎ᠠ ᠪᠣᠯᠤᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠨᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠬᠤᠪᠢ ᠶᠢᠨ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠠᠭᠠᠯᠠᠯᠲᠠ ᠶᠢ ᠴᠢᠬᠤᠯᠠᠴᠢᠯᠠᠵᠤ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠭᠡᠳ ᠬᠤᠪᠢ ᠬᠥᠮᠦᠨ ᠤ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠵᠠᠳᠠᠷᠠᠭᠤᠯᠵᠤ ᠪᠣᠯᠬᠤ ᠦᠭᠡᠶ᠂ ᠪᠤᠰᠤᠳ ᠲᠤ ᠬᠠᠤᠯᠢ ᠪᠤᠰᠤ ᠪᠠᠷ ᠬᠤᠪᠢ ᠶᠢᠨ ᠲᠤᠭ᠎ᠠ ᠪᠦᠷᠢᠳᠬᠡᠯ ᠤᠨ ᠮᠠᠲ᠋ᠧᠷᠢᠶᠠᠯ ᠬᠠᠩᠭᠠᠵᠤ ᠪᠣᠯᠬᠤ ᠦᠭᠡᠶ᠂ ᠬᠤᠪᠢ ᠬᠦᠮᠦᠨ ᠤ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠤᠭ᠎ᠠ ᠪᠦᠷᠢᠳᠬᠡᠯ ᠠᠴᠠ ᠭᠠᠳᠠᠨᠠᠬᠢ ᠬᠠᠷᠠᠯᠲᠠ ᠳᠤ ᠬᠡᠷᠡᠭᠯᠡᠵᠦ ᠪᠣᠯᠬᠤ ᠦᠭᠡᠶ ᠭᠡᠳᠡᠭ ᠢ ᠲᠣᠳᠤᠷᠬᠠᠶᠢᠯᠠᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠨᠢ ᠪᠠᠰᠠ ᠲᠤᠭ᠎ᠠ ᠪᠦᠷᠢᠳᠭᠡᠯ ᠤᠨ ᠪᠠᠶᠢᠭᠤᠯᠤᠮᠵᠢ ᠶᠢᠨ ᠲᠤᠭ᠎ᠠ ᠪᠦᠷᠢᠳᠬᠡᠯ ᠤᠨ ᠠᠵᠢᠯᠲᠠᠨ ᠤ ᠨᠢᠭᠤᠴᠠ ᠶᠢ ᠬᠠᠮᠠᠭᠠᠯᠠᠬᠤ ᠬᠡᠪᠴᠢᠶ᠎ᠡ ᠶᠢ ᠲᠤᠭ᠎ᠠ ᠪᠦᠷᠢᠳᠬᠡᠯ ᠤᠨ ᠠᠵᠢᠯ ᠤᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ᠂ ᠠᠵᠢᠯ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠪᠠ ᠬᠤᠪᠢ ᠬᠥᠮᠦᠨ ᠤ ᠮᠡᠳᠡᠭᠡ ᠵᠠᠩᠭᠢ ᠬᠦᠷᠲᠡᠯ᠎ᠡ ᠦᠷᠭᠡᠳᠬᠡᠵᠦ᠂ ᠲᠤᠭ᠎ᠠ ᠪᠦᠷᠢᠳᠭᠡᠯ ᠤᠨ ᠪᠠᠶᠢᠴᠠᠭᠠᠯᠲᠠ ᠶᠢᠨ ᠡᠲᠡᠭᠡᠳ ᠤᠨ ᠬᠤᠪᠢ ᠪᠡᠶ᠎ᠡ ᠶᠢᠨ ᠰᠤᠷᠠᠭ ᠵᠠᠩᠭᠢ ᠶᠢ ᠵᠠᠳᠠᠷᠠᠭᠤᠯᠬᠤ ᠥᠬᠡᠶ ᠪᠠᠶᠢᠬᠤ ᠶᠢ ᠪᠦᠲᠦᠮᠵᠢᠲᠡᠶ ᠪᠠᠲᠤᠯᠠᠬᠤ ᠪᠣᠯᠤᠨ᠎ᠠ᠃ ᠡᠭᠦᠨ ᠤ ᠬᠠᠮᠲᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠨᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠷᠭ᠎ᠠ ᠶᠢ ᠰᠠᠶᠢᠵᠢᠷᠠᠭᠤᠯᠬᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠴᠤᠭᠯᠠᠭᠤᠯᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠬᠦ ᠲᠤᠬᠠᠢ ᠱᠠᠭᠠᠷᠳᠠᠯᠭ᠎ᠠ ᠳᠤᠷᠠᠳᠴᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠣᠯᠠᠨ ᠲᠠᠯ᠎ᠠ ᠠᠴᠠ ᠲᠠᠭᠯᠠᠨ ᠮᠡᠳᠡᠭᠦᠯᠬᠦ ᠳᠠᠷᠤᠭᠠᠰᠤ ᠶᠢ ᠪᠠᠭᠠᠰᠬᠠᠵᠤ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠬᠤ ᠳᠤ ᠠᠰᠢᠭᠲᠠᠶ ᠶᠤᠮ᠃        ᠬᠤᠶᠠᠷ᠂ ᠠᠷᠠᠳ ᠤᠨ ᠲᠥᠯᠥᠭᠡ ᠪᠦᠷᠢᠳᠬᠡᠬᠦ ᠶᠢ ᠪᠠᠷᠢᠮᠲᠠᠯᠠᠵᠤ᠂ ᠲᠤᠭ᠎ᠠ ᠪᠦᠷᠢᠳᠭᠡᠯ ᠤᠨ ᠦᠢᠯᠡᠴᠢᠯᠡᠭᠡ ᠨᠡᠶᠢᠭᠡᠮ ᠨᠡᠶᠢᠲᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ        ᠲᠤᠭ᠎ᠠ ᠪᠦᠷᠢᠳᠬᠡᠯ ᠤᠨ ᠠᠵᠢᠯ ᠨᠢ ᠠᠷᠠᠳ ᠲᠦᠮᠡᠨ ᠳᠤ ᠦᠢᠯᠡᠴᠢᠯᠡᠬᠦ ᠴᠢᠬᠤᠯᠠ ᠲᠠᠯ᠎ᠠ ᠪᠣᠯ ᠨᠡᠶᠢᠭᠡᠮ ᠨᠡᠶᠢᠲᠡ ᠳᠤ ᠪᠦᠷᠢᠨ ᠪᠦᠲᠦᠨ᠂ ᠣᠨᠣᠪᠴᠢᠲᠠᠶ᠂ ᠴᠠᠭ ᠲᠤᠬᠠᠶ ᠳᠤᠨᠢ ᠪᠦᠷᠢᠳᠬᠡᠭᠰᠡᠨ ᠮᠡᠳᠡᠭᠡ ᠵᠠᠩᠭᠢ ᠬᠠᠩᠭᠠᠬᠤ ᠶᠠᠪᠤᠳᠠᠯ ᠪᠣᠯᠤᠨ᠎ᠠ᠃ ᠣᠶᠢᠷ᠎ᠠ ᠶᠢᠨ ᠵᠢᠯ ᠤᠳ ᠲᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢ ᠪᠠᠲᠤ ᠪᠣᠶ ᠪᠣᠯᠭᠠᠵᠤ᠂ ᠲᠤᠭ᠎ᠠ ᠪᠦᠷᠢᠳᠬᠡᠯ ᠤᠨ ᠦᠢᠯᠡᠳᠬᠦᠨ ᠤ ᠰᠢᠨ᠎ᠡ ᠶᠢ ᠡᠭᠦᠳᠬᠦ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠨᠡᠶᠢᠲᠡᠯᠡᠬᠦ ᠠᠭᠤᠯᠭ᠎ᠠ ᠶᠢ ᠪᠠᠶᠠᠯᠢᠭᠵᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠨᠡᠶᠢᠲᠡᠯᠡᠬᠦ ᠶᠢᠨ ᠴᠠᠭ ᠲᠤᠬᠠᠶᠢᠲᠤ ᠴᠢᠨᠠᠷ᠂ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠤᠨ ᠠᠵᠢᠯ ᠤᠨ ᠢᠯᠡ ᠲᠣᠳᠣ ᠪᠠᠶᠢᠬᠤ ᠶᠢ ᠠᠬᠢᠭᠤᠯᠵᠤ᠂ ᠲᠤᠭ᠎ᠠ ᠪᠦᠷᠢᠳᠬᠡᠯ ᠤᠨ ᠨᠡᠶᠢᠭᠡᠮ ᠤᠨ ᠣᠯᠠᠨ ᠨᠡᠶᠢᠲᠡ ᠳᠤ ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠪᠡ᠃        ᠨᠢᠭᠡ ᠳᠤ᠂ ᠲᠤᠭ᠎ᠠ ᠪᠦᠷᠢᠳᠬᠡᠯ ᠤᠨ ᠦᠢᠯᠡᠳᠬᠦᠨ ᠢ ᠢᠳᠡᠪᠬᠢᠲᠡᠢ ᠪᠠᠷ ᠰᠢᠨ᠎ᠡ ᠶᠢ ᠡᠭᠦᠳᠴᠦ ᠥᠷᠭᠡᠳᠬᠡᠨ ᠪᠠᠶᠠᠯᠢᠭᠵᠢᠭᠤᠯᠪᠠ᠃ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠠᠷᠭ᠎ᠠ ᠶᠢᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠣᠨᠴᠠᠯᠢᠭ ᠢ ᠲᠤᠰᠬᠠᠭᠰᠠᠨ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠶᠢ ᠪᠣᠶ ᠪᠣᠯᠭᠠᠬᠤ ᠶᠢᠨ ᠬᠠᠮᠲᠤ ᠴᠠᠭ ᠲᠤᠬᠠᠶ ᠳᠤᠨᠢ ᠨᠡᠶᠢᠲᠡᠯᠡᠵᠦ᠂ ᠤᠤᠯ ᠤᠨ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠤᠳᠠᠯᠳᠤᠭᠠᠨ ᠤ ᠵᠠᠭᠪᠤᠷ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠲᠣᠭᠠᠴᠢᠯᠠᠭᠰᠠᠨ ᠠᠵᠤ ᠠᠬᠤᠢ ᠵᠡᠷᠭᠡ ᠲᠤᠭ᠎ᠠ ᠪᠦᠷᠢᠳᠬᠡᠯ ᠤᠨ ᠳᠦᠷᠢᠮ ᠳᠤ ᠰᠢᠨ᠎ᠡ ᠶᠢ ᠡᠭᠦᠳᠦᠨ ᠲᠣᠭᠲᠠᠭᠠᠬᠤ ᠶᠢᠨ ᠬᠠᠮᠲᠤ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢ ᠥᠷᠨᠢᠭᠦᠯᠵᠦ᠂ ᠰᠢᠨ᠎ᠡ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠶᠢ ᠢᠯᠡ ᠪᠣᠯᠭᠠᠬᠤ ᠶᠢ ᠯᠠᠪᠳᠠᠭᠤᠨ ᠢᠶᠠᠷ ᠠᠬᠢᠭᠤᠯᠤᠨ᠂ 2018 ᠣᠨ ᠳᠤ ᠪᠦᠬᠦ ᠤᠯᠤᠰ ᠤᠨ ︽ᠭᠤᠷᠪᠠᠨ ᠰᠢᠨ᠎ᠡ︾ ᠠᠵᠤ ᠠᠬᠤᠢ ᠶᠢᠨ ᠨᠡᠮᠡᠭᠳᠡᠯ ᠥᠷᠲᠡᠭ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠤ ᠵᠢᠭᠠᠯᠲᠠ ᠲᠤᠭ᠎ᠠ ᠵᠡᠷᠭᠡ ᠶᠢ ᠨᠡᠮᠡᠨ ᠨᠡᠶᠢᠲᠡᠯᠡᠪᠡ᠃ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠥᠷᠲᠡᠭ ᠤᠨ ᠲᠣᠭᠠᠴᠠᠭ᠎ᠠ ᠪᠠ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢ ᠥᠷᠨᠢᠭᠦᠯᠵᠦ᠂ 2016 ᠣᠨ ᠳᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠨᠡᠮᠡᠭᠳᠡᠯ ᠥᠷᠲᠡᠭ ᠤᠨ ᠭᠦᠢᠴᠡᠳᠬᠡᠯ ᠲᠤᠭ᠎ᠠ ᠶᠢ ᠨᠡᠮᠡᠨ ᠨᠡᠶᠢᠲᠡᠯᠡᠵᠦ᠂ 2023 ᠣᠨ ᠳᠤ ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠦᠢᠯᠡᠳᠪᠦᠷᠢᠯᠡᠯ ᠡᠵᠡᠩᠨᠡᠯᠲᠡ ᠶᠢᠨ ᠣᠨ ᠤ ᠲᠤᠭ᠎ᠠ ᠪᠠᠷᠢᠮᠲᠠ ᠶᠢ ᠨᠡᠮᠡᠨ ᠨᠡᠶᠢᠲᠡᠯᠡᠪᠡ᠃ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠬᠠᠮᠢᠶ᠎ᠠ ᠪᠥᠬᠦᠶ ᠬᠦᠢᠴᠡᠳᠬᠡᠯ ᠲᠤᠭ᠎ᠠ ᠶᠢ ᠪᠠᠶᠠᠯᠢᠭᠵᠢᠭᠤᠯᠤᠨ ᠥᠷᠭᠡᠳᠬᠡᠵᠦ᠂ 2017 ᠣᠨ ᠳᠤ ᠵᠢᠵᠢᠭᠯᠡᠨ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠬᠤ ᠬᠡᠮᠵᠢᠶᠡᠨ ᠤ ᠬᠦᠢᠴᠡᠳᠬᠡᠯ ᠲᠤᠭ᠎ᠠ ᠶᠢ ᠨᠡᠮᠡᠨ ᠨᠡᠶᠢᠲᠡᠯᠡᠵᠦ᠂ 2023 ᠣᠨ ᠳᠤ ᠦᠢᠯᠡᠴᠢᠯᠡᠬᠡᠨ ᠤ ᠵᠢᠵᠢᠭᠯᠡᠨ ᠬᠤᠳᠠᠯᠳᠤᠬᠤ ᠬᠡᠮᠵᠢᠶᠡᠨ ᠤ ᠨᠡᠮᠡᠭᠳᠡᠯ ᠤᠨ ᠬᠤᠷᠳᠤᠴᠠ ᠶᠢ ᠨᠡᠮᠡᠨ ᠨᠡᠶᠢᠳᠡᠯᠡᠪᠡ᠃ ᠡᠭᠦᠨ ᠠᠴᠠ ᠭᠠᠳᠠᠨ᠎ᠠ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠵᠡᠷᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠨᠡᠶᠢᠲᠡᠯᠡᠬᠦ ᠠᠵᠢᠯ ᠢ ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ ᠪᠤᠯᠤᠨ᠎ᠠ᠃        ᠬᠤᠶᠠᠷ ᠲᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢᠨ ᠴᠠᠭ ᠲᠤᠬᠠᠢᠢᠴᠢ ᠴᠢᠨᠠᠷ ᠢ ᠶᠡᠭᠡ ᠪᠠᠷ ᠳᠡᠭᠡᠭᠰᠢᠯᠡᠭᠦᠯᠪᠡ᠃ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠬᠤᠭᠤᠴᠠᠭᠠᠲᠤ ᠴᠢᠨᠠᠷ ᠪᠣᠯ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠴᠢᠬᠤᠯᠠ ᠠᠭᠤᠯᠭ᠎ᠠ ᠪᠣᠯᠤᠨ᠎ᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠡᠯ᠎ᠡ ᠲᠥᠷᠥᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠢᠯᠡ ᠪᠣᠯᠭᠠᠬᠤ ᠪᠠᠷ ᠬᠦᠴᠦᠯᠡᠨ ᠴᠢᠷᠮᠠᠶᠢᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠲᠤᠭ᠎ᠠ ᠪᠦᠷᠢᠳᠬᠡᠯ ᠤᠨ ᠦᠢᠯᠡᠳᠪᠦᠷᠢᠯᠡᠯ ᠤᠨ ᠶᠠᠪᠤᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠶᠢ ᠴᠢᠬᠤᠯᠠᠴᠢᠯᠠᠵᠤ᠂ ᠮᠠᠨ ᠤ ᠤᠯᠤᠰ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠢᠯᠡ ᠪᠣᠯᠭᠠᠬᠤ ᠴᠠᠭ ᠬᠤᠭᠤᠴᠠᠭᠠᠲᠤ ᠴᠢᠨᠠᠷ ᠳᠡᠯᠡᠬᠡᠶ ᠶᠢᠨ ᠭᠤᠤᠯ ᠪᠣᠯᠬᠤ ᠠᠵᠤ ᠠᠬᠤᠶ ᠶᠢᠨ ᠴᠣᠭᠴᠠ ᠳᠤ ᠲᠡᠷᠢᠭᠦᠯᠡᠵᠦ ᠪᠤᠢ᠃ ᠲᠤᠭ᠎ᠠ ᠪᠦᠷᠢᠳᠬᠡᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠤᠨ ᠲᠠᠷᠠᠭᠠᠯᠠᠯ ᠢ ᠵᠠᠷᠯᠠᠨ ᠨᠡᠶᠢᠲᠡᠯᠡᠬᠦ ᠲᠦᠷᠢᠮ ᠢ ᠪᠠᠶᠢᠭᠤᠯᠵᠤ᠂ ᠨᠡᠶᠢᠭᠡᠮ ᠨᠡᠶᠢᠲᠡ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠤᠯᠬᠤ ᠶᠢ ᠪᠠᠲᠤᠯᠠᠪᠠ᠃ 2007 ᠣᠨ ᠠᠴᠠ ᠨᠠᠭᠠᠰᠢ ᠵᠢᠯ ᠪᠦᠷᠢ ᠶᠢᠨ ᠵᠢᠯ ᠤᠨ ᠡᠴᠦᠰ ᠲᠤ ᠳᠠᠷᠠᠭ᠎ᠠ ᠵᠢᠯ ᠤᠨ ᠭᠤᠤᠯ ᠪᠣᠯᠬᠤ ᠲᠤᠭ᠎ᠠ ᠪᠠᠷᠢᠮᠲᠠ ᠶᠢ ᠨᠡᠶᠢᠲᠡᠯᠡᠬᠦ ᠴᠠᠭ ᠬᠤᠭᠤᠴᠠᠭ᠎ᠠ ᠶᠢᠨ ᠲᠣᠬᠢᠷᠠᠭᠤᠯᠤᠯᠲᠠ ᠶᠢ ᠨᠡᠶᠢᠭᠡᠮ ᠳᠤ ᠤᠷᠢᠳᠴᠢᠯᠠᠨ ᠨᠡᠶᠢᠲᠡᠯᠡᠬᠦ ᠶᠢᠨ ᠬᠠᠮᠲᠤ ᠨᠡᠶᠢᠲᠡᠯᠡᠭᠰᠡᠨ ᠠᠵᠢᠯ ᠤᠨ ᠳᠠᠷᠠᠭᠠᠯᠠᠯ ᠢ ᠴᠢᠩᠭ᠎ᠠ ᠵᠢᠷᠤᠮᠯᠠᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠨᠡᠶᠢᠲᠡᠯᠡᠨ᠎ᠡ᠃ 2015 ᠣᠨ ᠤ 10 ᠳ᠋ᠤᠭᠠᠷ ᠰᠠᠷ᠎ᠠ ᠳᠤ ᠮᠠᠨ ᠤ ᠤᠯᠤᠰ ᠣᠯᠠᠨ ᠤᠯᠤᠰ ᠤᠨ ᠵᠣᠭᠤᠰ ᠤᠨ ᠰᠠᠭᠤᠷᠢ ᠮᠥᠩᠭᠦ ᠶᠢᠨ ᠵᠣᠬᠢᠶᠠᠨ ᠪᠠᠶᠢᠭᠤᠯᠤᠯᠲᠠ ᠶᠢᠨ ᠰᠠᠨᠠᠭᠠᠴᠢᠯᠠᠭᠰᠠᠨ ᠲᠤᠭ᠎ᠠ ᠪᠠᠷᠢᠮᠲᠠ ᠶᠢ ᠨᠡᠶᠢᠲᠡᠯᠡᠬᠦ ᠣᠨᠴᠠᠭᠠᠢ ᠪᠠᠷᠢᠮᠵᠢᠶ᠎ᠠ ︵SDDS︶ ᠳᠤ ᠣᠷᠣᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ IMF ᠠᠯᠪᠠᠨ ᠤ ᠰᠦᠯᠵᠢᠶᠡᠨ ᠳᠡᠭᠡᠷ᠎ᠡ ᠲᠤᠭ᠎ᠠ ᠪᠠᠷᠢᠮᠲᠠ ᠶᠢᠨ ᠠᠵᠢᠯ ᠤᠨ ᠳᠠᠷᠠᠭᠠᠯᠠᠯ ᠢ ᠤᠷᠢᠳᠴᠢᠯᠠᠨ ᠨᠡᠶᠢᠲᠡᠯᠡᠵᠦ᠂ ᠣᠯᠠᠨ ᠤᠯᠤᠰ ᠤᠨ ᠬᠡᠷᠡᠭᠯᠡᠭᠴᠢᠳ ᠲᠤ ᠴᠠᠭ ᠲᠤᠬᠠᠶ ᠳᠤᠨᠢ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ᠃        ᠭᠤᠷᠪᠠ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠤᠯᠬᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠪᠡ᠃ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠮᠡᠳᠡᠭᠡ ᠵᠠᠩᠭᠢ ᠤᠯᠠᠮᠵᠢᠯᠠᠬᠤ ᠣᠷᠴᠢᠨ ᠲᠣᠭᠤᠷᠢᠨ ᠤ ᠬᠤᠪᠢᠷᠠᠯᠲᠠ ᠶᠢ ᠳᠠᠭᠠᠯᠳᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠣᠯᠬᠤ ᠬᠡᠷᠡᠭᠴᠡᠭᠡ ᠱᠠᠭᠠᠷᠳᠠᠯᠭ᠎ᠠ ᠨᠢ ᠡᠳᠦᠷ ᠢᠷᠡᠬᠦᠶ᠎ᠡ ᠣᠯᠠᠨ ᠶᠠᠩᠵᠤ ᠶᠢᠨ ᠪᠣᠯᠵᠤ ᠪᠤᠶ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠰᠢᠨ᠎ᠡ ᠪᠠᠶᠢᠳᠠᠯ ᠳᠤ ᠢᠳᠡᠪᠬᠢᠲᠡᠶ ᠪᠠᠷ ᠵᠣᠬᠢᠴᠠᠭᠤᠯᠤᠨ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠨᠡᠶᠢᠲᠡᠯᠡᠬᠦ ᠠᠷᠭ᠎ᠠ ᠵᠠᠮ ᠪᠠ ᠠᠷᠭ᠎ᠠ ᠮᠠᠶ᠋ᠢᠭ ᠢ ᠲᠠᠰᠤᠷᠠᠯᠲᠠ ᠥᠬᠡᠶ ᠥᠷᠭᠡᠳᠬᠡᠵᠦ᠂ ᠲᠤᠭ᠎ᠠ ᠪᠦᠷᠢᠳᠬᠡᠯ ᠤᠨ ᠠᠯᠪᠠᠨ ᠤ ᠰᠦᠯᠵᠢᠶ᠎ᠡ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠬᠥᠮᠥᠷᠭᠡ᠂ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠡᠪᠯᠡᠭᠳᠡᠬᠦᠨ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ ᠣᠯᠠᠨ ᠡᠰᠢᠵᠢᠭᠰᠡᠨ ᠪᠣᠰᠤᠭ᠎ᠠ ᠴᠣᠭᠴᠠᠲᠤ ᠮᠠᠶ᠋ᠢᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠴᠠ ᠶᠢ ᠠᠯᠬᠤᠮ ᠠᠯᠬᠤᠮ ᠢᠶᠠᠷ ᠪᠣᠶ ᠪᠣᠯᠭᠠᠪᠠ᠃ ᠲᠤᠭ᠎ᠠ ᠪᠠᠷᠢᠮᠲᠠ ᠶᠢᠨ ᠬᠥᠮᠥᠷᠭᠡ ᠶᠢᠨ ᠴᠠᠭ ᠲᠤᠬᠠᠶ ᠳᠤᠨᠢ ᠳᠥᠭᠦᠮ ᠳᠥᠲᠡ ᠪᠠᠶᠢᠬᠤ ᠣᠨᠴᠠᠯᠢᠭ ᠢ ᠭᠦᠢᠴᠡᠳ ᠪᠠᠳᠠᠷᠠᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠨᠡᠶᠢᠲᠡᠯᠡᠬᠦ ᠬᠥᠮᠥᠷᠭᠡ ᠶᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢᠨ ᠠᠭᠤᠯᠭ᠎ᠠ ᠶᠢ ᠦᠷᠭᠡᠳᠬᠡᠪᠡ᠂ ᠣᠳᠣᠬᠠᠨ ᠳᠤ ᠤᠯᠤᠰ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠨᠡᠶᠢᠲᠡᠯᠡᠬᠦ ᠬᠥᠮᠥᠷᠭᠡ ᠶᠢᠨ ᠶᠡᠷᠦᠩᠬᠡᠶ ᠵᠢᠭᠠᠯᠲᠠ ᠲᠤᠭ᠎ᠠ 7.6 ᠲᠦᠮᠡ ᠶᠢ ᠳᠠᠪᠠᠵᠤ᠂ ᠶᠡᠷᠦᠩᠬᠡᠶ ᠲᠤᠭ᠎ᠠ ᠪᠠᠷᠢᠮᠲᠠ ᠶᠢᠨ ᠬᠡᠮᠵᠢᠶ᠎ᠡ ᠨᠢ 1372 ᠲᠦᠮᠡ ᠳᠤ ᠬᠦᠷᠴᠡᠶ︔ ᠤᠯᠠᠮᠵᠢᠯᠠᠯᠲᠤ ᠬᠡᠷᠡᠭᠯᠡᠭᠴᠢᠳ ᠤᠨ ᠬᠡᠷᠡᠭᠯᠡᠬᠦ ᠱᠠᠭᠠᠷᠳᠠᠯᠭ᠎ᠠ ᠶᠢ ᠦᠨᠳᠦᠰᠦᠯᠡᠨ᠂ ᠶᠡᠷᠦᠩᠬᠡᠶᠢᠯᠡᠭᠰᠡᠨ ᠴᠢᠨᠠᠷᠲᠠᠶ ᠪᠠ ᠲᠤᠰᠬᠠᠶ ᠮᠡᠷᠭᠡᠵᠢᠯ ᠤᠨ ᠴᠢᠨᠠᠷᠲᠠᠶ ᠲᠤᠭ᠎ᠠ ᠪᠦᠷᠢᠳᠬᠡᠯ ᠤᠨ ᠬᠡᠪᠯᠡᠭᠳᠡᠬᠦᠨ ᠢ ᠨᠠᠶᠢᠷᠠᠭᠤᠯᠤᠨ ᠬᠡᠪᠯᠡᠵᠦ᠂ ᠵᠢᠯ ᠪᠦᠷᠢ ᠡᠯ᠎ᠡ ᠲᠥᠷᠥᠯ ᠤᠨ ᠵᠢᠯ ᠤᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ 40 ᠰᠢᠬᠠᠮ ᠵᠦᠢᠯ ᠬᠡᠪᠯᠡᠨ᠎ᠡ︔ ᠢᠨᠲ᠋ᠧᠷ ᠰᠦᠯᠵᠢᠶᠡᠨ ᠤ ᠴᠠᠭ ᠦᠶ᠎ᠡ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢᠨ ᠳᠠᠳᠬᠠᠯ ᠳᠤ ᠵᠣᠬᠢᠴᠠᠭᠤᠯᠤᠨ᠂ ᠵᠢᠷᠤᠭ ᠲᠠᠶᠢᠯᠪᠤᠷᠢ᠂ ᠺᠠᠷᠲ᠋ᠣᠨ ᠵᠢᠷᠤᠭ ᠵᠡᠷᠭᠡ ᠰᠢᠨ᠎ᠡ ᠵᠠᠭᠤᠴᠢᠯᠠᠭᠤᠷ ᠤᠨ ᠲᠤᠭ᠎ᠠ ᠪᠠᠷᠢᠮᠲᠠ ᠶᠢ ᠨᠡᠶᠢᠲᠡᠯᠡᠬᠦ ᠦᠢᠯᠡᠳᠬᠦᠨ ᠤ ᠰᠢᠨ᠎ᠡ ᠶᠢ ᠡᠭᠦᠳᠦᠨ ᠨᠡᠭᠡᠭᠡᠨ ᠬᠥᠭᠵᠢᠭᠦᠯᠵᠦ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠦᠢᠯᠡᠴᠢᠯᠡᠭᠡ ᠶᠢ ᠰᠠᠶᠢᠲᠤᠷ ᠬᠢᠵᠦ᠂ 2024 ᠣᠨ ᠳᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠳᠤ ᠮᠡᠳᠡᠭᠡ ᠵᠠᠩᠭᠢ ᠤᠩᠰᠢᠬᠤ ᠬᠡᠮᠵᠢᠶ᠎ᠡ ᠶᠢ 2400 ᠲᠦᠮᠡ ᠠᠴᠠ ᠳᠡᠭᠡᠭᠰᠢ ᠳᠤ ᠬᠦᠷᠦᠭᠦᠯᠪᠡ᠃        ᠳᠥᠷᠪᠡ ᠳᠤ᠂ ᠲᠤᠭ᠎ᠠ ᠪᠦᠷᠢᠳᠬᠡᠯ ᠤᠨ ᠠᠵᠢᠯ ᠤᠨ ᠢᠯᠡ ᠲᠣᠳᠣ ᠪᠠᠶᠢᠬᠤ ᠶᠢ ᠯᠠᠪᠳᠠᠭᠤᠨ ᠢᠶᠠᠷ ᠠᠬᠢᠭᠤᠯᠪᠠ᠃ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠢᠯᠡ ᠪᠣᠯᠭᠠᠬᠤ ᠪᠠ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ ᠲᠦᠯᠬᠢᠨ ᠠᠬᠢᠭᠤᠯᠬᠤ ᠨᠢ ᠨᠡᠶᠢᠭᠡᠮ ᠨᠡᠶᠢᠲᠡ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠣᠶᠢᠯᠠᠭᠠᠯᠲᠠ ᠪᠠ ᠢᠲᠡᠭᠡᠯ ᠠᠴᠠ ᠰᠠᠯᠵᠤ ᠴᠢᠳᠠᠬᠤ ᠦᠭᠡᠶ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠠᠵᠢᠯ ᠤᠨ ᠢᠯᠡ ᠲᠣᠳᠣ ᠪᠠᠶᠢᠬᠤ ᠶᠢ ᠲᠠᠰᠤᠷᠠᠯᠲᠠ ᠤᠢᠭᠡᠢ ᠲᠦᠯᠬᠢᠨ ᠠᠬᠢᠭᠤᠯᠵᠤ᠂ 2010 ᠣᠨ ᠠᠴᠠ ᠡᠬᠢᠯᠡᠨ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠲᠤᠭ᠎ᠠ ᠪᠦᠷᠢᠳᠬᠡᠯ ᠤᠨ ᠠᠵᠢᠯ ᠢ ᠰᠠᠨᠠᠭᠠᠴᠢᠯᠠᠭ᠎ᠠ ᠠᠴᠠ ᠪᠠᠨ ᠲᠠᠨᠢᠯᠴᠠᠭᠤᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ᠂ ᠲᠤᠭ᠎ᠠ ᠪᠦᠷᠢᠳᠬᠡᠯ ᠤᠨ ᠬᠡᠷᠡᠭᠯᠡᠭᠴᠢ ᠯᠦᠭᠡ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠪᠠ᠃ ᠨᠡᠶᠢᠭᠡᠮ ᠨᠡᠶᠢᠲᠡ ᠶᠢᠨ ᠠᠩᠬᠠᠷᠤᠯ ᠲᠠᠯᠪᠢᠵᠤ ᠪᠠᠶᠢᠭ᠎ᠠ ᠲᠤᠭ᠎ᠠ ᠪᠦᠷᠢᠳᠬᠡᠯ ᠤᠨ ᠠᠰᠠᠭᠤᠳᠠᠯ ᠳᠤ ᠴᠢᠭᠯᠡᠭᠦᠯᠦᠨ᠂ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠷᠢᠰ ᠨᠣᠮ ᠪᠢᠴᠢᠭ ᠢ ᠨᠠᠶᠢᠷᠠᠭᠤᠯᠤᠨ ᠬᠡᠪᠯᠡᠵᠦ᠂ ᠭᠦᠨᠵᠡᠭᠡᠢ ᠪᠦᠭᠡᠳ ᠣᠶᠢᠯᠠᠭᠠᠮᠵᠢᠲᠠᠢ ᠠᠷᠭ᠎ᠠ ᠮᠠᠶ᠋ᠢᠭ ᠢᠶᠠᠷ ᠲᠤᠭ᠎ᠠ ᠪᠦᠷᠢᠳᠬᠡᠯ ᠤᠨ ᠬᠡᠷᠡᠭᠯᠡᠭᠴᠢᠳ ᠢ ᠬᠠᠪᠰᠤᠷᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠡᠷᠡᠭᠵᠢᠭᠦᠯᠬᠦ ᠶᠠᠪᠤᠴᠠ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠲᠣᠭᠲᠠᠴᠠ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢᠨ ᠠᠩᠬᠠᠷᠬᠤ ᠵᠦᠢᠯᠡᠰ ᠵᠡᠷᠭᠡ ᠶᠢ ᠣᠶᠢᠯᠠᠭᠠᠭᠤᠯᠪᠠ᠃ ᠰᠢᠨ᠎ᠡ ᠵᠠᠭᠤᠴᠢᠯᠠᠭᠤᠷ ᠤᠨ ᠬᠡᠯᠪᠡᠷᠢ ᠪᠠᠷ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠳᠡᠭᠡᠷ᠎ᠡ ︽ᠲᠤᠭ᠎ᠠ ᠪᠦᠷᠢᠳᠬᠡᠯ ᠤᠨ ᠲᠤᠬᠠᠢ ᠶᠠᠷᠢᠬᠤ︾᠂ ︽ᠱᠤᠭ ᠵᠢᠷᠤᠭ ᠤᠨ ᠲᠤᠭ᠎ᠠ ᠪᠦᠷᠢᠳᠬᠡᠯ︾᠂ ︽ᠡᠭᠡᠯᠵᠢ ᠬᠠᠶᠢᠬᠤ ᠲᠤᠭ᠎ᠠ ᠪᠦᠷᠢᠳᠬᠡᠯ ᠤᠨ ᠠᠵᠢᠯ︾ ᠵᠡᠷᠭᠡ ᠪᠤᠯᠤᠩ ᠭᠠᠷᠭᠠᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ᠂ ᠲᠤᠭ᠎ᠠ ᠪᠦᠷᠢᠳᠬᠡᠯ ᠤᠨ ᠠᠵᠢᠯᠲᠠᠨ᠂ ᠨᠡᠶᠢᠭᠡᠮ ᠨᠡᠶᠢᠲᠡ ᠳᠤ ᠠᠰᠢᠭᠲᠠᠢ ᠯᠠᠪᠯᠠᠯᠲᠠ ᠬᠠᠩᠭᠠᠪᠠ᠃        ᠭᠤᠷᠪᠠ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠶᠡᠬᠡᠪᠡᠷ ᠠᠬᠢᠭᠤᠯᠵᠤ᠂ ᠠᠷᠠᠳ ᠲᠦᠮᠡᠨ ᠤ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ        ᠲᠤᠭ᠎ᠠ ᠪᠦᠷᠢᠳᠬᠡᠯ ᠤᠨ ᠠᠵᠢᠯ ᠤᠨ ᠦᠨᠳᠦᠰᠦᠨ ᠵᠣᠷᠢᠯᠭ᠎ᠠ ᠪᠣᠯ ᠠᠷᠠᠳ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠣᠯᠤᠨ᠎ᠠ᠃ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠦᠢᠯᠡᠴᠢᠯᠡᠭᠡ ᠬᠠᠩᠭᠠᠬᠤ ᠪᠣᠯ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠰᠡᠳᠦᠪ ᠲᠤ ᠪᠠᠶᠢᠪᠠᠰᠤ ᠵᠣᠬᠢᠬᠤ ᠠᠭᠤᠯᠭ᠎ᠠ ᠪᠣᠯᠤᠨ᠎ᠠ᠃ ᠳᠠᠷᠠᠭᠠᠴᠢ ᠶᠢᠨ ᠱᠠᠲᠤᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠬᠢᠵᠦ᠂ ᠲᠤᠭ᠎ᠠ ᠪᠦᠷᠢᠳᠬᠡᠯ ᠤᠨ ᠬᠡᠷᠡᠭᠯᠡᠭᠴᠢᠳ ᠲᠤ ᠪᠦᠬᠦ ᠲᠠᠯ᠎ᠠ ᠶᠢᠨ ᠴᠠᠭ ᠲᠤᠬᠠᠢ ᠳᠤᠨᠢ ᠤᠯᠠᠨ ᠶᠠᠩᠵᠤ ᠶᠢᠨ ᠲᠤᠭ᠎ᠠ ᠪᠦᠷᠢᠳᠬᠡᠯ ᠤᠨ ᠦᠢᠯᠡᠴᠢᠯᠡᠭᠡ ᠬᠠᠩᠭᠠᠵᠤ᠂ ᠲᠤᠭ᠎ᠠ ᠪᠦᠷᠢᠳᠬᠡᠯ ᠤᠨ ᠠᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠠᠷᠠᠳ ᠤᠯᠠᠨ ᠳᠤ ᠪᠤᠶᠠᠨ ᠦᠢᠯᠡᠳᠬᠦ ᠴᠢᠬᠤᠯᠠ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃        ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢ ᠡᠷᠡᠰ ᠭᠤᠶᠢᠪᠢᠰᠢ ᠥᠬᠡᠶ ᠠᠬᠢᠭᠤᠯᠤᠨ᠎ᠠ᠃ ᠡᠷᠬᠡᠪᠰᠢ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠤᠯᠤᠰ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠯᠤᠭ᠎ᠠ ᠲᠣᠬᠢᠷᠠᠯᠴᠠᠭᠰᠠᠨ ᠣᠳᠣᠬᠢᠴᠢᠯᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠣᠭᠲᠠᠯᠴᠠᠭ᠎ᠠ᠂ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠲᠣᠭᠲᠠᠯᠴᠠᠭ᠎ᠠ ᠵᠡᠷᠭᠡ ᠶᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠦᠢᠯᠡᠴᠢᠯᠡᠬᠦ ᠬᠡᠷᠡᠭᠲᠡᠶ᠃ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ ᠲᠤᠭ᠎ᠠ ᠪᠦᠷᠢᠳᠬᠡᠯ ᠤᠨ ᠠᠷᠭ᠎ᠠ ᠶᠢᠨ ᠳᠦᠷᠢᠮ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠵᠡᠷᠭᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠡᠨ ᠪᠣᠳᠠᠲᠠᠶ ᠣᠨᠣᠪᠴᠢᠲᠠᠶ᠂ ᠪᠦᠷᠢᠨ ᠪᠦᠲᠦᠨ ᠴᠠᠭ ᠲᠤᠬᠠᠶ ᠳᠤᠨᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠬᠠᠩᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠢᠯᠳᠤᠬᠤ ᠪᠣᠳᠣᠯᠭ᠎ᠠ ᠶᠢ ᠲᠣᠭᠲᠠᠭᠠᠬᠤ᠂ ᠠᠬᠢᠴᠠ ᠶᠢ ᠬᠢᠨᠠᠨ ᠬᠡᠮᠵᠢᠬᠦ᠂ ᠦᠷ᠎ᠡ ᠪᠦᠲᠦᠭᠡᠯ ᠢ ᠦᠨᠡᠯᠡᠬᠦ᠂ ᠣᠯᠠᠨ ᠤᠯᠤᠰ ᠤᠨ ᠬᠠᠷᠢᠴᠠᠭᠤᠯᠤᠯ ᠪᠠ ᠬᠠᠨᠳᠤᠰᠢ ᠶᠢ ᠲᠥᠰᠦᠭᠡᠯᠡᠬᠦ ᠵᠡᠷᠭᠡ ᠶᠢ ᠲᠦᠯᠬᠢᠨ ᠠᠬᠢᠭᠤᠯᠬᠤ ᠳᠤ ᠴᠢᠨᠠᠷ ᠰᠠᠶᠢᠲᠠᠶ ᠲᠤᠭ᠎ᠠ ᠪᠦᠷᠢᠳᠬᠡᠯ ᠤᠨ ᠦᠢᠯᠡᠴᠢᠯᠡᠭᠡ ᠬᠠᠩᠭᠠᠬᠤ ᠬᠡᠷᠡᠭᠲᠡᠶ᠃        ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠦᠨ᠎ᠡ᠃ ᠮᠡᠳᠡᠭᠡ ᠵᠠᠩᠭᠢᠵᠢᠯᠲᠠ ᠶᠢᠨ ᠴᠠᠭ ᠦᠶ᠎ᠡ ᠨᠢ ᠲᠤᠭ᠎ᠠ ᠪᠦᠷᠢᠳᠬᠡᠯ ᠤᠨ ᠦᠢᠯᠡᠴᠢᠯᠡᠭᠡ ᠳᠤ ᠨᠡᠩ ᠥᠨᠳᠥᠷ ᠱᠠᠭᠠᠷᠳᠠᠯᠭ᠎ᠠ ᠳᠤᠷᠠᠳᠪᠠ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠡᠷᠬᠡᠪᠰᠢ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠶᠢ ᠲᠡᠭᠦᠯᠳᠡᠷᠵᠢᠭᠦᠯᠬᠦ ᠬᠡᠷᠡᠭᠲᠡᠢ᠃ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠳᠠᠬᠢ ᠤᠯᠠᠷᠢᠭᠤᠯᠬᠤ ᠪᠠ ᠬᠡᠷᠡᠭᠯᠡᠬᠦ ᠶᠢ ᠢᠳᠡᠪᠬᠢᠲᠡᠶ ᠠᠬᠢᠭᠤᠯᠵᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠠᠮᠵᠢᠭᠤᠯᠬᠤ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠤᠨ ᠬᠡᠷᠡᠭᠯᠡᠭᠴᠢ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠨᠠᠩ ᠤᠯᠬᠤ ᠳᠡᠶᠢᠯᠬᠦ᠂ ᠲᠦᠷᠦᠭᠳᠡᠵᠦ ᠪᠣᠯᠬᠤ᠂ ᠬᠡᠷᠡᠭᠯᠡᠵᠦ ᠪᠣᠯᠬᠤ ᠶᠢ ᠠᠬᠢᠭᠤᠯᠵᠤ᠂ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠶ᠃ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠢᠯᠡ ᠪᠣᠯᠭᠠᠬᠤ ᠪᠠ ᠲᠤᠭ᠎ᠠ ᠪᠦᠷᠢᠳᠬᠡᠯ ᠤᠨ ᠮᠡᠳᠡᠯᠭᠡ ᠶᠢ ᠲᠦᠭᠡᠮᠡᠯᠵᠢᠭᠦᠯᠬᠦ ᠶᠢ ᠬᠦᠴᠦᠯᠡᠨ ᠠᠬᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠤᠯᠠᠨ ᠶᠠᠩᠵᠤᠴᠢᠯᠠᠭᠰᠠᠨ ᠢᠯᠡᠷᠡᠭᠦᠯᠦᠯᠲᠡ ᠶᠢ ᠶᠡᠬᠡᠪᠡᠷ ᠠᠬᠢᠭᠤᠯᠵᠤ᠂ ᠨᠡᠶᠢᠭᠡᠮ ᠨᠡᠶᠢᠲᠡ ᠶᠢᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠬᠡᠷᠡᠭᠲᠡᠢ᠃        ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠶᠢ ᠴᠢᠩᠭᠠᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠭᠦᠨ᠎ᠡ᠃ ᠠᠷᠠᠳ ᠤᠯᠠᠨ ᠳᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠣᠶᠢᠯᠠᠭᠠᠭᠤᠯᠬᠤ᠂ ᠢᠲᠡᠭᠡᠭᠦᠯᠬᠦ᠂ ᠰᠠᠶᠢᠲᠤᠷ ᠬᠡᠷᠡᠭᠯᠡᠭᠦᠯᠬᠦ ᠭᠡᠪᠡᠯ᠂ ᠡᠷᠬᠡᠪᠰᠢ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠲᠤᠭ᠎ᠠ ᠪᠦᠷᠢᠳᠬᠡᠯ ᠤᠨ ᠠᠵᠢᠯ ᠤᠨ ᠢᠯᠡ ᠲᠣᠳᠣ ᠪᠠᠶᠢᠬᠤ ᠶᠢ ᠠᠬᠢᠭᠤᠯᠬᠤ ᠬᠡᠷᠡᠭᠲᠡᠢ᠃ ᠠᠷᠠᠳ ᠣᠯᠠᠨ ᠤ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠳᠤ ᠴᠢᠭᠯᠡᠭᠦᠯᠦᠨ᠂ ᠲᠤᠭ᠎ᠠ ᠪᠦᠷᠢᠳᠬᠡᠯ ᠤᠨ ᠠᠷᠭ᠎ᠠ ᠶᠢᠨ ᠲᠦᠷᠢᠮ ᠤᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ ᠥᠷᠭᠡᠳᠬᠡᠬᠦ ᠬᠡᠷᠡᠭᠲᠡᠶ︔ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠰᠢᠨᠵᠢᠯᠡᠬᠦ ᠤᠬᠠᠭᠠᠨᠴᠢ ᠪᠠᠷ ᠲᠠᠶᠢᠯᠪᠤᠷᠢᠯᠠᠬᠤ ᠪᠠ ᠲᠤᠭ᠎ᠠ ᠪᠦᠷᠢᠳᠬᠡᠯ ᠤᠨ ᠠᠵᠢᠯ ᠢ ᠢᠯᠡ ᠪᠣᠯᠭᠠᠬᠤ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠬᠤᠪᠢᠷᠠᠯᠲᠠ ᠶᠢᠨ ᠯᠣᠭᠢᠭ ᠢ ᠲᠣᠳᠣᠷᠬᠠᠶ ᠶᠠᠷᠢᠵᠤ᠂ ᠲᠤᠭ᠎ᠠ ᠪᠦᠷᠢᠳᠬᠡᠯ ᠤᠨ ᠠᠵᠢᠯ ᠤᠨ ᠦᠷ᠎ᠡ ᠪᠦᠲᠦᠮᠵᠢ ᠶᠢ ᠨᠡᠪᠲᠡᠷᠬᠡᠶ ᠶᠠᠷᠢᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠡᠯ᠎ᠡ ᠲᠥᠷᠥᠯ ᠤᠨ ᠲᠤᠭ᠎ᠠ ᠪᠦᠷᠢᠳᠬᠡᠯ ᠤᠨ ᠠᠰᠠᠭᠤᠳᠠᠯ ᠳᠤ ᠪᠦᠲᠦᠮᠵᠢᠲᠡᠶ ᠬᠠᠷᠢᠭᠤᠯᠲᠠ ᠥᠭᠴᠦ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号