ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2024/12/23
        ᠰᠤᠷᠭᠠᠭᠤᠯᠢ ᠶᠢᠨ ᠬᠤᠭᠤᠯᠠᠨ ᠬᠡᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠤᠭᠤᠯᠠᠨ ᠬᠡᠷ ᠤᠨ ᠠᠵᠢᠯᠯᠠᠭᠠᠨ ᠤ ᠶᠠᠪᠤᠴᠠ ᠶᠢ ᠵᠢᠷᠤᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 17 ᠤ ᠡᠳᠦᠷ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃ ᠲᠣᠰ ᠤᠳᠠᠭᠠᠨ ᠤ ᠪᠠᠶᠢᠴᠠᠭᠠᠯᠲᠠ ᠶᠢᠨ ᠵᠣᠷᠢᠯᠭ᠎ᠠ ᠨᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠵᠤ᠂ ᠥᠷᠭᠡᠨ ᠣᠯᠠᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠨ᠂ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠶᠤᠮ᠃        ᠪᠠᠶᠢᠴᠠᠭᠠᠬᠤ ᠠᠵᠢᠯᠲᠠᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠠᠵᠢᠯᠲᠠᠳ ᠠᠴᠠ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃
图片7.png
        ᠪᠠᠶᠢᠴᠠᠭᠠᠬᠤ ᠶᠠᠪᠤᠴᠠ ᠳᠤ᠂ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ᠂ ᠢᠳᠡᠭᠡᠨ ᠤ ᠮᠠᠲ᠋ᠧᠷᠢᠶᠠᠯ ᠢ ᠬᠤᠳᠠᠯᠳᠤᠨ ᠠᠪᠬᠤ ᠪᠠ ᠬᠠᠳᠠᠭᠠᠯᠠᠬᠤ᠂ ᠢᠳᠡᠭᠡᠨ ᠡᠳ᠋ᠰᠢᠭᠦᠯᠬᠦ ᠪᠠ ᠬᠠᠭᠤᠷᠬᠤ᠂ ᠬᠤᠭᠤᠯᠠᠨ ᠤ ᠬᠡᠷᠡᠭᠰᠡᠯ ᠢ ᠠᠷᠢᠭᠤᠳᠬᠠᠬᠤ ᠪᠠ ᠡᠷᠡᠭᠦᠯ ᠬᠠᠮᠠᠭᠠᠯᠠᠯ ᠵᠢᠴᠢ ᠢᠳᠡᠭᠡᠨ ᠤ ᠠᠮᠤᠷ ᠲᠦᠪᠰᠢᠨ ᠤ ᠪᠣᠯᠪᠠᠰᠤᠷᠠᠯ ᠪᠠ ᠤᠬᠠᠭᠤᠯᠭ᠎ᠠ ᠵᠡᠷᠭᠡ ᠲᠠᠯ᠎ᠠ ᠶᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠬᠤ ᠠᠵᠢᠯᠲᠠᠳ ᠢᠳᠡᠭᠡᠨ ᠤ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠠᠷᠭ᠎ᠠ ᠵᠠᠮ᠂ ᠬᠠᠳᠠᠭᠠᠯᠠᠬᠤ ᠨᠥᠬᠦᠴᠡᠯ ᠵᠢᠴᠢ ᠡᠳ᠋ᠰᠢᠭᠦᠯᠬᠦ ᠶᠠᠪᠤᠴᠠ ᠶᠢ ᠨᠠᠷᠢᠨ ᠨᠢᠮᠪᠠᠶ ᠪᠠᠶᠢᠴᠠᠭᠠᠨ ᠦᠵᠡᠵᠦ᠂ ᠢᠳᠡᠭᠡᠨ ᠤ ᠮᠠᠲ᠋ᠧᠷᠢᠶᠠᠯ ᠤᠨ ᠰᠢᠨ᠎ᠡ ᠰᠣᠷᠭᠤᠭ᠂ ᠴᠢᠨᠠᠷ ᠬᠤᠪᠢᠷᠬᠠᠰᠠᠨ ᠥᠬᠡᠶ ᠪᠠᠶᠢᠬᠤ ᠶᠢ ᠪᠠᠲᠤᠯᠠᠪᠠ︔ ᠬᠤᠭᠤᠯᠠ ᠬᠢᠬᠦ ᠲᠥᠬᠦᠭᠡᠷᠦᠮᠵᠢ ᠶᠢᠨ ᠠᠷᠢᠭᠤᠨ ᠴᠡᠪᠡᠷ ᠪᠠ ᠬᠠᠮᠠᠭᠠᠯᠠᠯᠲᠠ ᠶᠢᠨ ᠪᠠᠶᠢᠳᠠᠯ ᠵᠢᠴᠢ ᠢᠳᠡᠭᠡᠨ ᠡᠳ᠋ᠰᠢᠭᠦᠯᠬᠦ ᠶᠠᠪᠤᠴᠠ ᠳᠠᠬᠢ ᠠᠷᠢᠭᠤᠨ ᠴᠡᠪᠡᠷ ᠤᠨ ᠪᠠᠶᠢᠳᠠᠯ ᠢ ᠪᠠᠶᠢᠴᠠᠭᠠᠪᠠ︔ ᠬᠤᠭᠤᠯᠠᠨ ᠤ ᠬᠡᠷᠡᠭᠰᠡᠯ ᠢ ᠤᠬᠢᠶᠠᠵᠤ ᠴᠡᠪᠡᠷᠯᠡᠬᠦ᠂ ᠠᠷᠢᠭᠤᠳᠬᠠᠬᠤ ᠶᠠᠪᠤᠴᠠ ᠵᠢᠴᠢ ᠬᠤᠭᠤᠯᠠᠨ ᠭᠡᠷ ᠤᠨ ᠪᠦᠬᠦᠯᠢ ᠴᠣᠭᠴᠠ ᠶᠢᠨ ᠠᠷᠢᠭᠤᠨ ᠴᠡᠪᠡᠷ ᠤᠨ ᠪᠠᠶᠢᠳᠠᠯ ᠢ ᠪᠠᠶᠢᠴᠠᠭᠠᠨ ᠦᠵᠡᠪᠡ︔ ᠡᠭᠦᠨ ᠤ ᠬᠠᠮᠲᠤ ᠪᠠᠰᠠ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠪᠠ ᠤᠬᠠᠭᠤᠯᠭ᠎ᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠭᠰᠡᠨ ᠡᠰᠡᠬᠦ ᠶᠢ ᠣᠶᠢᠯᠠᠭᠠᠵᠤ᠂ ᠪᠠᠭᠰᠢ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠪᠡ᠃        ᠪᠠᠶᠢᠴᠠᠭᠠᠭᠰᠠᠨ ᠢᠶᠠᠷ᠂ ᠰᠢᠭᠤᠶᠢᠳᠤ ᠲᠣᠭᠤᠷᠢᠭ ᠤᠨ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠨᠡᠯᠢᠶᠡᠳ ᠵᠢᠷᠤᠮᠵᠢᠵᠤ᠂ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠶᠣᠰᠣᠭᠠᠷ ᠠᠵᠢᠯᠯᠠᠵᠤ ᠳᠡᠶᠢᠯᠬᠦ ᠪᠣᠯᠪᠠᠴᠤ ᠪᠠᠰᠠ ᠵᠠᠷᠢᠮ ᠠᠰᠠᠭᠤᠳᠠᠯ ᠣᠷᠣᠰᠢᠵᠤ ᠪᠤᠢ᠂ ᠵᠢᠱᠢᠶᠡᠯᠡᠪᠡᠯ ᠢᠳᠡᠭᠡᠨ ᠤ ᠮᠠᠲ᠋ᠧᠷᠢᠶᠠᠯ ᠤᠨ ᠬᠠᠳᠠᠭᠠᠯᠠᠯᠲᠠ ᠨᠢ ᠵᠣᠬᠢᠰ ᠥᠬᠡᠶ ᠵᠡᠷᠭᠡ᠃ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠳ ᠲᠤᠬᠠᠶ ᠶᠢᠨ ᠲᠠᠯᠠᠪᠤᠷ ᠲᠤ ᠪᠣᠳᠠᠲᠠᠶ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠰᠠᠨᠠᠭᠤᠯᠭ᠎ᠠ ᠳᠤᠷᠠᠳᠴᠤ᠂ ᠬᠠᠮᠢᠶ᠎ᠠ ᠪᠥᠬᠦᠶ ᠰᠤᠷᠭᠠᠭᠤᠯᠢ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
图片8.png
        ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠨᠢ ᠥᠷᠭᠡᠨ ᠣᠯᠠᠨ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠂ ᠰᠢᠭᠤᠶᠢᠲᠤ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠭᠡᠵᠦ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠴᠤ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠶ ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠡᠯ᠎ᠡ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠬᠠᠮᠲᠤ ᠪᠠᠷ ᠠᠬᠢᠭᠤᠯᠤᠨ᠎ᠠ᠃        ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠨᠢ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠳ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠤᠯᠠᠮ ᠨᠢᠭᠡ ᠠᠯᠬᠤᠮ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠦᠷᠭᠦᠯᠵᠢᠯᠡᠨ ᠠᠩᠬᠠᠷᠴᠤ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠪᠠᠭᠰᠢ ᠰᠤᠷᠤᠭᠴᠢᠳ ᠲᠤ ᠠᠮᠤᠷ ᠲᠦᠪᠰᠢᠨ᠂ ᠡᠷᠡᠭᠦᠯ ᠰᠠᠷᠠᠭᠤᠯ ᠢᠳᠡᠭᠡᠨ ᠤᠮᠳᠠᠭᠠᠨ ᠤ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠵᠤ ᠥᠭᠭᠦᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号