ᠪᠣᠯᠪᠠᠰᠤᠨ ᠤ ᠦᠢᠯᠡᠳᠦᠯᠭᠡ ᠳᠤ ︽ᠲᠡᠷᠡ︾ ᠬᠦᠴᠦᠯᠡᠵᠦ  ᠰᠠᠶᠢᠨ ᠳᠤᠷ᠎ᠠ ᠶᠢᠨ ᠦᠢᠯᠡᠴᠢᠯᠡᠭᠡᠨ ᠳᠤ ︽ᠲᠡᠷᠡ︾ ᠡᠭᠦᠷᠭᠡᠯᠡᠨ᠎ᠡ
ᠨᠡᠶᠢᠲᠡᠯᠡᠭᠰᠡᠨ ᠴᠠᠭ᠄
2024/12/24
        ᠰᠢᠨ ᠸᠠᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠬᠢᠨ ︽ᠬᠤᠯᠪᠣᠭᠠᠯᠠᠬᠤ︾ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠵᠢᠭᠰᠠᠭᠠᠯ ᠤᠨ ᠭᠠᠵᠠᠷ ᠪᠠᠶᠢᠭᠤᠯᠵᠤ᠂ ᠠᠴᠢᠶᠠᠯᠠᠪᠤᠷᠢ ᠪᠠᠨ ᠠᠳᠬᠤᠵᠤ᠂ ᠠᠭᠤᠰᠤᠯᠴᠠᠨ ᠦᠢᠯᠡᠴᠢᠯᠡᠵᠦ᠂ ︽ᠲᠡᠭᠦᠨ︾ ᠤ ᠬᠦᠴᠦᠨ ᠢ ᠦᠨᠡᠨ ᠬᠦ ᠨᠢᠭᠲᠠᠷᠠᠭᠤᠯᠵᠤ᠂ ︽ᠲᠡᠭᠦᠨ ︾ ᠤ ᠦᠢᠯᠡᠳᠦᠯ ᠢ ᠪᠠᠳᠠᠷᠠᠭᠤᠯᠵᠤ᠂ ︽ᠲᠡᠭᠦᠨ︾ ᠤ ᠡᠭᠦᠷᠭᠡᠯᠡᠯ ᠢ ᠢᠯᠡᠷᠡᠭᠦᠯᠵᠦ᠂ ︽ᠡᠮᠡᠭᠲᠡᠶᠢᠴᠦᠳ ᠤᠨ ᠬᠦᠴᠦᠨ︾ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠬᠤ ᠤᠶᠠᠨ ᠬᠠᠳᠠᠨ ᠴᠢᠨᠠᠷ ᠢ ᠲᠠᠰᠤᠷᠠᠯᠲᠠ ᠦᠭᠡᠢ ᠬᠥᠭᠵᠢᠭᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠯ ᠵᠢᠷᠭᠠᠯ ᠡᠳ᠋ᠯᠡᠭᠦᠯᠪᠡ᠃        ᠪᠣᠯᠪᠠᠰᠤᠨ ᠰᠢᠨ᠎ᠡ ᠰᠤᠷᠲᠠᠯ ᠢ ︽ᠲᠡᠷᠡ︾ ᠰᠠᠨᠠᠭᠠᠴᠢᠯᠠᠨ᠎ᠠ        ᠰᠢᠨ ᠸᠠᠩ ᠨᠡᠶᠢᠭᠡᠮ ᠲᠣᠭᠤᠷᠢᠭ ᠤᠨ ᠬᠢᠨ ᠤᠯᠠᠨ ᠲᠦᠮᠡᠨ ᠤ ᠰᠠᠨᠠᠭᠠᠰᠢᠷᠠᠬᠤ᠂ ᠪᠤᠳᠤᠬᠤ᠂ ᠬᠡᠷᠡᠭᠴᠡᠭᠡ᠂ ᠬᠦᠰᠡᠯ ᠡᠷᠡᠮᠡᠯᠵᠡᠯ ᠳᠤ ᠰᠠᠭᠤᠷᠢᠯᠠᠵᠤ᠂ ᠳᠡᠷᠭᠡᠳᠡᠬᠢ ᠬᠥᠮᠦᠰ ᠢᠶᠠᠷ ᠢᠶᠠᠨ ᠳᠡᠷᠭᠡᠳᠡᠬᠢ ᠶᠠᠪᠤᠳᠠᠯ ᠢᠶᠠᠨ ᠡᠷᠬᠢᠮᠯᠡᠵᠦ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠨ ᠢᠶᠠᠨ ᠵᠢᠭᠠᠪᠠ᠃ ᠶᠠᠷᠢᠯᠴᠠᠬᠤ ᠬᠤᠷᠠᠯ᠂ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠬᠤ ᠵᠡᠷᠭᠡ ᠠᠵᠢᠯᠯᠠᠭ᠎ᠠ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠶᠠᠪᠤᠳᠠᠯ ᠢ ᠶᠠᠷᠢᠵᠤ᠂ ᠤᠯᠠᠨ ᠲᠦᠮᠡᠨ ᠤ ᠬᠠᠮᠤᠭ ᠠᠴᠠ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠬᠠᠮᠤᠭ ᠤᠨ ᠣᠮᠳᠠᠭᠠᠶᠢᠯᠠᠬᠤ ᠨᠠᠷᠢᠨ ᠵᠦᠢᠯᠡᠰ ᠢ ᠶᠠᠷᠢᠵᠤ᠂ ᠶᠡᠭᠡ ᠶᠣᠰᠣ ᠶᠢ ᠪᠠᠭ᠎ᠠ ᠦᠯᠢᠭᠡᠷ ᠪᠣᠯᠭᠠᠨ ᠶᠠᠷᠢᠵᠤ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠤᠯᠠᠨ ᠲᠦᠮᠡᠨ ᠤ ᠠᠮᠢᠳᠤᠷᠠᠯ ᠳᠤ ᠠᠭᠤᠰᠤᠯᠴᠠᠭᠤᠯᠪᠠ᠃ ᠣᠳᠣᠬᠠᠨ ᠪᠣᠯᠲᠠᠯ᠎ᠠ᠂ ᠮᠠᠨ ᠤ ᠨᠡᠶᠢᠭᠡᠮ ᠲᠣᠭᠤᠷᠢᠭ ᠬᠡᠷ ᠪᠦᠯᠢ ᠶᠢᠨ ᠬᠥᠮᠦᠵᠢᠯ ᠤᠨ ᠲᠠᠶᠢᠯᠤᠮᠵᠢ ᠶᠢ ᠨᠡᠶᠢᠲᠡ 4 ᠲᠠᠯᠠᠪᠤᠷ ᠤᠳᠠᠭ᠎ᠠ᠂ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ 13 ᠲᠠᠯᠠᠪᠤᠷ ᠤᠳᠠᠭ᠎ᠠ᠂ ᠬᠠᠤᠯᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠯᠲᠠ ᠶᠢ 6 ᠲᠠᠯᠠᠪᠤᠷ ᠤᠳᠠᠭ᠎ᠠ᠂ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠤᠨ ᠲᠠᠶᠢᠯᠪᠤᠷᠢᠯᠠᠯᠲᠠ ᠶᠢ 2 ᠲᠠᠯᠠᠪᠤᠷ ᠤᠳᠠᠭ᠎ᠠ ᠥᠷᠨᠢᠭᠦᠯᠵᠦ᠂ ︽ᠭᠠᠵᠠᠷ ᠪᠣᠯᠭᠠᠨ ᠳᠤ ᠦᠵᠡᠭᠳᠡᠬᠦ᠂ ᠬᠥᠮᠦᠨ ᠪᠦᠬᠦᠨ ᠬᠢᠬᠦ ᠳᠤᠷᠠᠲᠠᠶ︾ ᠠᠮᠢᠳᠤᠯᠢᠭ ᠪᠠᠶᠢᠳᠠᠯ ᠢ ᠦᠨᠡᠨ ᠬᠦ ᠪᠡᠶᠡᠯᠡᠭᠦᠯᠪᠡ᠃
1.jpg
        ᠨᠠᠰᠤᠲᠠᠨ ᠢᠶᠠᠨ ᠬᠠᠶᠢᠷᠠᠯᠠᠨ ᠬᠠᠮᠠᠭᠠᠯᠠᠬᠤ ᠳᠤ ︽ᠲᠡᠷᠡ︾ ᠬᠦᠴᠦ ᠨᠡᠮᠡᠷᠢᠯᠡᠨ᠎ᠡ        ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠠᠷᠢᠶᠠᠲᠤ ᠣᠷᠣᠨ ᠤ ᠭᠡᠷ ᠲᠡᠭᠡᠨ ᠬᠤᠴᠣᠷᠤᠭᠰᠠᠨ ᠨᠠᠰᠤᠲᠠᠨ ᠪᠠ ᠥᠨᠥᠴᠢᠨ ᠪᠡᠯᠪᠡᠰᠦᠨ ᠨᠠᠰᠤᠲᠠᠨ ᠤ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠵᠤ᠂ ᠨᠠᠰᠤᠲᠠᠨ ᠢᠶᠠᠨ ᠬᠦᠨᠳᠦᠯᠡᠬᠦ ᠡᠶ᠎ᠡ ᠵᠣᠬᠢᠴᠠᠩᠭᠤᠢ ᠠᠭᠤᠷ ᠠᠮᠢᠰᠬᠤᠯ ᠢ ᠪᠣᠢ ᠪᠣᠯᠭᠠᠵᠤ᠂ ᠭᠡᠷ ᠲᠡᠭᠡᠨ ᠬᠤᠴᠣᠷᠤᠭᠰᠠᠨ ᠨᠠᠰᠤᠲᠠᠳ ᠲᠤ ᠨᠡᠶᠢᠭᠡᠮ ᠲᠣᠭᠤᠷᠢᠭ ᠪᠠ ᠨᠡᠶᠢᠭᠡᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠬᠦ ᠶᠢᠨ ᠲᠥᠯᠥᠭᠡ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠳ ᠤᠨ ᠭᠡᠷ ᠲᠤ ᠭᠦᠨᠵᠡᠭᠡᠶᠢᠷᠡᠨ᠂ ᠲᠡᠳᠡᠨ ᠢ ᠬᠠᠪᠰᠤᠷᠤᠨ ᠭᠡᠷ ᠤᠨ ᠳᠣᠲᠣᠨ᠎ᠠ ᠭᠠᠳᠠᠨᠠᠬᠢ ᠡᠷᠡᠭᠦᠯ ᠬᠠᠮᠠᠭᠠᠯᠠᠯ ᠢ ᠴᠡᠪᠡᠷᠯᠡᠵᠦ᠂ ᠳᠣᠲᠣᠭᠠᠳᠤ ᠶᠠᠪᠤᠳᠠᠯ ᠢ ᠡᠮᠬᠢᠯᠡᠨ ᠲᠢᠭᠯᠡᠵᠦ᠂ ᠭᠡᠵᠢᠭᠡ ᠶᠢ ᠨᠢ ᠬᠠᠶᠢᠴᠢᠯᠠᠨ ᠥᠭᠴᠦ᠂ ᠨᠠᠰᠤᠲᠠᠨ ᠲᠠᠢ ᠵᠣᠭᠤᠭᠳᠠᠵᠤ᠂ ᠨᠠᠰᠤᠲᠠᠨ ᠤ ᠵᠣᠪᠠᠨᠢᠯ ᠢ ᠨᠢ ᠰᠢᠢᠳᠪᠦᠷᠢᠯᠡᠨ ᠥᠭᠴᠦ᠂ ᠲᠡᠳᠡᠨ ᠢ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠪᠡ᠃ ᠡᠭᠦᠨ ᠤ ᠬᠠᠮᠲᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠦᠴᠢᠷᠳᠡᠯᠲᠡᠢ ᠨᠠᠰᠤᠲᠠᠶᠢᠴᠤᠳ ᠲᠤ ᠨᠠᠰᠤᠵᠢᠯ ᠤᠨ ᠳᠠᠭᠠᠳᠬᠠᠯ ᠤᠨ ᠭᠡᠷᠡᠴᠢᠯᠡᠭᠡ ᠬᠢᠵᠦ᠂ ᠲᠡᠳᠡᠨ ᠢ ᠬᠠᠪᠰᠤᠷᠤᠨ ᠡᠮᠴᠢᠯᠡᠭᠡ ᠶᠢᠨ ᠳᠠᠭᠠᠳᠬᠠᠯ ᠲᠤᠰᠢᠶᠠᠯᠭᠠᠵᠤ᠂ ᠣᠯᠠᠨ ᠲᠦᠮᠡᠨ ᠳᠤ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠢᠴᠢ ᠡᠷᠡᠭᠦᠯ ᠮᠡᠨᠳᠦ ᠶᠢᠨ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠦᠨᠡᠨ ᠬᠦ ᠣᠯᠠᠨ ᠲᠦᠮᠡᠨ ᠤ ᠭᠡᠷ ᠤᠨ ᠡᠭᠦᠳᠡᠨ ᠳᠤ ᠬᠦᠷᠭᠡᠪᠡ᠃
2.jpg
        ᠭᠤᠶᠢᠳᠠ ᠰᠠᠶᠢᠬᠠᠨ ᠭᠱᠠᠨ ᠵᠠᠭᠤᠷ᠎ᠠ ︽ᠲᠡᠷᠡ︾ ᠪᠠᠳᠠᠷᠠᠨ ᠳᠡᠯᠭᠡᠷᠡᠨ᠎ᠡ        ᠪᠢᠳᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠳᠤ ᠲᠦᠰᠢᠭᠯᠡᠨ᠂ ᠨᠠᠮ ᠪᠠ ᠣᠯᠠᠨ ᠲᠦᠮᠡᠨ ᠤ ᠠᠵᠢᠯᠯᠠᠭᠠᠨ ᠤ ᠲᠠᠰᠤᠭ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ ᠡᠯ᠎ᠡ ᠵᠦᠢᠯ ᠤᠨ ᠣᠨᠴᠠᠯᠢᠭᠲᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠪᠡ᠂ ᠵᠢᠱᠢᠶᠡᠯᠡᠪᠡᠯ ︽ᠴᠤᠭ ᠵᠢᠪᠬᠤᠭ᠎ᠠ ᠶᠢ ᠪᠠᠳᠠᠷᠠᠭᠤᠯᠵᠤ ᠢᠷᠡᠭᠡᠳᠦᠶ ᠶᠢ ᠬᠠᠮᠲᠤ ᠪᠠᠷ ᠵᠢᠷᠤᠭᠯᠠᠶ᠎ᠠ︾ ᠭᠡᠬᠦ ᠤᠷᠠᠨ ᠰᠠᠶᠢᠬᠠᠨ ᠤ ᠦᠳᠡᠰᠢᠯᠡᠭᠡ᠂ ︽ᠬᠠᠶᠢᠷ᠎ᠠ ᠬᠠᠯᠠᠮᠵᠢ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠰᠠᠯᠬᠢᠨ ᠤ ᠠᠶ᠎ᠠ ᠪᠠᠷ ᠬᠦᠵᠢ ᠳᠠᠮᠵᠢᠭᠤᠯᠬᠤ︾ ᠭᠤᠤᠯ ᠰᠡᠳᠦᠪᠲᠦ ᠠᠵᠢᠯᠯᠠᠭ᠎ᠠ᠂ ︽ᠮᠥᠩᠭᠦᠨ ᠨᠠᠰᠤᠨ ᠤ ᠦᠵᠡᠰᠬᠦᠯᠡᠩ ᠤᠨ ᠴᠤᠭ ᠵᠢᠪᠬᠤᠭ᠎ᠠ ᠶᠢ ᠪᠠᠳᠠᠷᠠᠭᠤᠯᠤᠶ᠎ᠠ︾ ᠭᠡᠬᠦ ᠭᠤᠤᠯ ᠰᠡᠳᠦᠪᠲᠦ ᠠᠵᠢᠯᠯᠠᠭ᠎ᠠ᠂ ︽ᠴᠡᠴᠡᠭᠲᠦ ᠳ᠋ᠧᠩ ᠢᠶᠠᠷ ᠥᠩᠭᠡᠲᠦ ᠰᠠᠷ᠎ᠠ ᠶᠢ ᠤᠷᠢᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠢᠶᠠᠷ ᠬᠠᠮᠲᠤ ᠪᠠᠷ ᠴᠤᠭᠯᠠᠷᠠᠬᠤ︾ ᠴᠡᠴᠡᠭᠲᠦ ᠳ᠋ᠧᠩ ᠤᠨ DIY ᠬᠥᠳᠡᠯᠭᠡᠭᠡᠨ᠂ ᠡᠪᠦᠯ ᠤᠨ ᠪᠠᠶᠠᠷ ᠪᠠᠶᠠᠰᠬᠤᠯᠠᠩᠲᠤ ᠪᠠᠩᠰᠢ ᠰᠡᠳᠬᠢᠯ ᠳᠤᠯᠠᠭᠠᠴᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠬᠠᠷᠢᠶᠠᠲᠤ ᠣᠷᠣᠨ ᠤ ᠡᠮᠡᠭᠲᠡᠶᠢᠴᠦᠳ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠰᠠᠭᠤᠭᠠᠯᠢ ᠠᠷᠠᠳ ᠲᠤ ᠤᠯᠠᠮᠵᠢᠯᠠᠯᠲᠤ ᠰᠠᠶᠢᠬᠠᠨ ᠰᠤᠷᠲᠠᠯ ᠬᠢᠭᠡᠳ ᠨᠡᠶᠢᠭᠡᠮ ᠤᠨ ᠪᠣᠯᠪᠠᠰᠤᠨ ᠤ ᠬᠠᠷᠢᠴᠠᠭ᠎ᠠ ᠶᠢ ᠭᠦᠨᠵᠡᠭᠡᠶ ᠮᠡᠳᠡᠷᠡᠭᠦᠯᠪᠡ᠃
3.jpg
        ᠳᠠᠷᠠᠭᠠᠴᠢ ᠶᠢᠨ ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠡᠮᠡᠭᠲᠡᠶᠢᠴᠦᠳ ᠤᠨ ︽ᠬᠠᠭᠠᠰ ᠲᠡᠭᠷᠢ︾ ᠶᠢᠨ ᠦᠢᠯᠡᠳᠦᠯ ᠢ ᠭᠦᠢᠴᠡᠳ ᠢᠯᠡᠷᠡᠭᠦᠯᠵᠦ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠡᠪᠴᠢᠶ᠎ᠡ ᠶᠢ ᠲᠠᠰᠣᠷᠣᠯᠲᠠ ᠦᠭᠡᠢ ᠦᠷᠭᠡᠳᠬᠡᠵᠦ᠂ ︽ᠲᠡᠭᠦᠨ ᠤ ᠬᠦᠴᠦᠨ︾ ᠢᠶᠠᠷ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠰᠢᠨ᠎ᠡ ᠬᠠᠭᠤᠳᠠᠰᠤ ᠶᠢ ᠵᠢᠷᠤᠭᠯᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号