ᠪᠦᠷᠢᠨᠪᠠᠶᠠᠷ 1982 ᠣᠨ ᠳᠤ ᠲᠦᠷᠦᠵᠠᠢ᠂ ᠤᠳᠤ ᠳᠠᠷᠬᠠᠨ ᠰᠤᠮᠤᠨ ᠤ ᠨᠠᠮ ᠤᠯᠠᠨ ᠲᠦᠮᠡᠨ ᠤ | ᠦᠢᠯᠡᠴᠢᠯᠡᠭᠡᠨ ᠤ ᠲᠥᠪ ᠲᠤ ᠠᠵᠢᠯᠯᠠᠵᠤ ᠪᠠᠶᠢᠨ᠎ᠠ᠃ ᠲᠡᠷᠡ ᠶᠡᠷᠦ ᠠᠴᠠ ᠤᠳᠬ᠎ᠠ ᠤᠷᠠᠯᠢᠭ ᠤᠨ ᠦᠢᠯᠡᠰ ᠲᠤ | ᠦᠨᠡᠨᠴᠢ ᠰᠢᠳᠤᠷᠭᠤ ᠦᠨᠡᠨ ᠰᠡᠳᠬᠢᠯ ᠢ ᠡᠪᠦᠷᠯᠡᠨ᠂ ᠲᠠᠯᠠᠪᠠᠢ ᠲᠣᠭᠯᠠᠯᠲᠠ ᠪᠣᠯᠭᠠᠨ ᠢᠶᠠᠷ ᠥᠷᠭᠡᠨ ᠠᠭᠤᠳᠠᠮ | ᠳᠠᠷᠬᠠᠨ ᠰᠤᠮᠤᠨ ᠤ ᠡᠬᠡ ᠭᠠᠵᠠᠷ ᠳᠡᠭᠡᠷ᠎ᠡ ᠤᠳᠬ᠎ᠠ ᠤᠷᠠᠯᠢᠭ ᠤᠨ ᠠᠵᠢᠯ ᠢ ᠠᠬᠢᠭᠤᠯᠬᠤ ᠤᠶᠠᠩᠭᠠᠲᠤ ᠠᠶᠠᠰ ᠢ | ᠬᠥᠭᠵᠢᠮᠳᠡᠭᠰᠡᠭᠡᠷ ᠢᠷᠡᠵᠡᠢ᠃ | ᠨᠢᠭᠡ᠂ ᠰᠤᠷᠤᠯᠴᠠᠯᠭ᠎ᠠ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ | ᠳᠡᠭᠡᠭᠰᠢᠯᠡᠭᠦᠯᠪᠡ | 2006 ᠣᠨ᠂ 2007 ᠣᠨ ᠳᠤ ᠬᠥᠬᠡᠬᠤᠲᠠ ᠶᠢᠨ ᠪᠠᠭᠠᠲᠤᠷ ᠤᠷᠠᠯᠢᠭ ᠤᠨ ᠰᠤᠷᠭᠠᠭᠤᠯᠢ ᠶᠢᠨ | ᠬᠥᠭᠡᠮᠡᠢ ᠶᠢᠨ ᠲᠤᠰᠬᠠᠢ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠵᠤ᠂ ᠬᠥᠭᠡᠮᠡᠢ ᠶᠢᠨ ᠤᠷ᠎ᠠ ᠮᠡᠷᠭᠡᠵᠢᠯ ᠢ ᠡᠵᠡᠮᠰᠢᠪᠡ | ︔ 2014 ᠣᠨ ᠳᠤ ᠤᠯᠠᠭᠠᠨᠴᠠᠪ ᠬᠤᠲᠠ ᠶᠢᠨ ᠦᠨᠳᠦᠰᠦᠲᠡᠨ ᠤ ᠤᠷᠠᠯᠢᠭ ᠤᠨ ᠰᠤᠷᠭᠠᠭᠤᠯᠢ ᠶᠢᠨ ᠠᠩᠬᠠᠳᠤᠭᠠᠷ | ᠬᠤᠭᠤᠴᠠᠭᠠᠨ ᠤ ᠴᠤᠭᠤᠷ ᠳᠠᠭᠤᠨ ᠤ ᠪᠣᠯᠪᠠᠰᠤᠷᠠᠯ ᠳᠤ ᠣᠷᠣᠯᠴᠠᠵᠤ᠂ ᠮᠣᠩᠭᠤᠯ ᠦᠨᠳᠦᠰᠦᠲᠡᠨ ᠤ ᠤᠷᠲᠤ ᠶᠢᠨ | ᠳᠠᠭᠤᠨ ᠤ ᠤᠷ᠎ᠠ ᠮᠡᠷᠭᠡᠵᠢᠯ ᠢ ᠡᠵᠡᠮᠰᠢᠪᠡ᠃ 2017 ᠣᠨ ᠳᠤ᠂ ᠤᠯᠤᠰ ᠤᠨ ᠤᠷᠠᠯᠢᠭ ᠤᠨ ᠰᠠᠭᠤᠷᠢ ᠮᠥᠩᠭᠦᠨ ᠤ | ᠤᠷᠠᠯᠢᠭ ᠤᠨ ᠴᠢᠳᠠᠪᠤᠷᠢᠲᠠᠨ ︽ᠮᠣᠩᠭᠤᠯ ᠦᠨᠳᠦᠰᠦᠲᠡᠨ ᠤ ᠬᠥᠭᠡᠮᠡᠢ ᠶᠢᠨ ᠤᠷᠠᠯᠢᠭ ᠤᠨ ᠴᠢᠳᠠᠪᠤᠷᠢᠲᠠᠨ ᠢ | ᠬᠥᠮᠥᠵᠢᠭᠦᠯᠬᠦ︾ ᠪᠣᠯᠪᠠᠰᠤᠷᠠᠯ ᠤᠨ ᠠᠩᠭᠢ ᠳᠤ ᠣᠷᠣᠯᠴᠠᠵᠤ᠂ ᠬᠥᠭᠡᠮᠡᠢ ᠶᠢᠨ ᠤᠷ᠎ᠠ ᠮᠡᠷᠭᠡᠵᠢᠯ ᠢᠶᠠᠨ ᠤᠯᠠᠮ ᠨᠢᠭᠡ | ᠠᠯᠬᠤᠮ ᠳᠡᠭᠡᠭᠰᠢᠯᠡᠭᠦᠯᠪᠡ᠃ ᠠᠵᠢᠯ ᠳᠤ ᠣᠷᠣᠯᠴᠠᠭᠰᠠᠨ ᠠᠴᠠ ᠨᠠᠭᠠᠰᠢ᠂ ᠳᠠᠭᠤᠯᠠᠯᠳᠤ ᠬᠥᠭᠵᠢᠮ᠂ ᠬᠥᠭᠵᠢᠮ᠂ | ᠬᠥᠭᠡᠮᠡᠢ᠂ ᠬᠤᠯᠪᠣᠭ᠎ᠠ ᠵᠡᠷᠭᠡ ᠲᠤᠰᠬᠠᠢ ᠮᠡᠷᠭᠡᠵᠢᠯ ᠤᠨ ᠲᠣᠭᠯᠠᠯᠲᠠ ᠨᠢ 2010 ᠣᠨ ᠳᠤ᠂ ᠪᠤᠭᠤᠲᠤ ᠬᠤᠲᠠ ᠶᠢᠨ | ᠳᠠᠭᠤᠤ ᠬᠥᠭᠵᠢᠮᠴᠢᠨ ᠤ ᠨᠡᠶᠢᠭᠡᠮᠯᠢᠭ ᠲᠤ ᠭᠡᠰᠢᠭᠦᠨ ᠢᠶᠠᠷ ᠡᠯᠰᠡᠭᠳᠡᠪᠡ︔ 2013 ᠣᠨ ᠳᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠭᠤᠴᠢᠳ ᠤᠨ ᠭᠡᠰᠢᠭᠦᠳ ᠢᠶᠠᠷ ᠡᠯᠰᠡᠭᠳᠡᠵᠡᠢ︔ 2015 | ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠤᠤ ᠬᠥᠭᠵᠢᠮᠴᠢᠨ ᠤ ᠨᠡᠶᠢᠭᠡᠮᠯᠢᠭ ᠲᠤ | ᠭᠡᠰᠢᠭᠦᠨ ᠢᠶᠠᠷ ᠡᠯᠰᠡᠭᠳᠡᠵᠡᠢ︔ 2016 ᠣᠨ ᠳᠤ᠂ ᠥᠪᠥᠷ ᠮᠣᠩᠭᠤᠯ ᠤᠨ ᠬᠥᠭᠡᠮᠡᠢ ᠶᠢᠨ ᠨᠡᠶᠢᠭᠡᠮᠯᠢᠭ ᠲᠤ | ᠭᠡᠰᠢᠭᠦᠨ ᠢᠶᠠᠷ ᠡᠯᠰᠡᠭᠳᠡᠪᠡ︔ 2011 ᠣᠨ ᠳᠤ ᠪᠤᠭᠤᠲᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ | ᠮᠣᠩᠭᠤᠯ ᠦᠨᠳᠦᠰᠦᠲᠡᠨ ᠤ ᠬᠥᠭᠡᠮᠡᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠭᠡᠵᠦ | ᠦᠨᠡᠯᠡᠨ ᠨᠡᠷᠡᠶᠢᠳᠦᠪᠡ᠃ | ᠬᠤᠶᠠᠷ᠂ ᠰᠡᠳᠬᠢᠯ ᠲᠠᠯᠪᠢᠨ ᠴᠢᠷᠮᠠᠶᠢᠨ ᠠᠵᠢᠯᠯᠠᠵᠤ᠂ ᠢᠷᠠᠭᠤ ᠠᠯᠳᠠᠷ ᠢᠶᠠᠷ ᠦᠰᠦᠨ ᠪᠤᠶᠢᠵᠢᠯᠳᠠ ᠪᠠᠨ | ᠭᠡᠷᠡᠴᠢᠯᠡᠪᠡ | ᠴᠠᠭ ᠦᠶ᠎ᠡ ᠶᠢ ᠰᠠᠯᠤᠯ ᠦᠭᠡᠢ ᠲᠠᠭᠠᠵᠤ᠂ ᠰᠣᠶᠣᠯ ᠤᠨ ᠬᠥᠭᠵᠢᠯᠲᠡ ᠶᠢᠨ ᠤᠳᠤᠷᠢᠳᠤᠮᠵᠢ ᠶᠢ ᠰᠠᠶᠢᠲᠤᠷ | ᠰᠠᠬᠢᠬᠤ ᠪᠣᠯ ᠰᠣᠶᠣᠯ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ ᠮᠥᠨ᠃ ᠠᠵᠢᠯ ᠳᠤ ᠤᠷᠤᠯᠴᠠᠭᠰᠠᠨ ᠠᠴᠠ | ᠨᠠᠭᠠᠰᠢ ᠭᠥᠷᠳᠡᠭᠰᠡᠨ ᠱᠠᠩᠨᠠᠯ ᠬᠥᠬᠢᠭᠦᠯᠦᠯ ᠨᠢ ᠦᠯᠡᠮᠵᠢ ᠣᠯᠠᠨ᠄ ᠮᠠᠨ ᠤ ᠣᠷᠣᠨ ᠤ ᠭᠤᠷᠪᠠᠳᠤᠭᠠᠷ | ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ᠂ ᠨᠠᠶᠢᠷᠠᠯ ᠳᠠᠭᠤᠤ ᠶᠢᠨ ᠲᠤᠭᠯᠠᠯᠳᠠ ᠳᠤ ᠣᠷᠣᠯᠴᠠᠭᠠᠳ | ᠬᠠᠮᠲᠤ ᠨᠢᠭᠡᠴᠢ ᠶᠢᠨ ᠮᠥᠩᠭᠦᠨ ᠲᠡᠰ ᠤᠨ ᠱᠠᠩᠨᠠᠯ ᠬᠦᠷᠲᠡᠵᠡᠢ︔ ᠳᠥᠷᠪᠡᠳᠦᠭᠡᠷ ᠬᠤᠭᠤᠴᠠᠭᠠᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠲᠤ᠂ ︽ᠦᠵᠡᠰᠬᠦᠯᠡᠩᠲᠦ | ᠰᠠᠶᠢᠬᠠᠨ ᠲᠠᠷᠬᠠᠨ ᠮᠤᠤᠮᠢᠩᠭᠠᠨ︾ ᠭᠡᠬᠦ ᠫᠷᠣᠭ᠍ᠷᠠᠮ ᠨᠢ ᠬᠤᠪᠢ ᠬᠥᠮᠥᠨ ᠤ ᠭᠤᠷᠪᠠᠳᠤᠭᠠᠷ ᠲᠡᠰ ᠤᠨ ᠱᠠᠩᠨᠠᠯ | ᠬᠦᠷᠳᠡᠪᠡ︔ ᠲᠣᠮᠣ ᠬᠡᠯᠪᠡᠷᠢ ᠶᠢᠨ ᠦᠨᠳᠦᠰᠦᠲᠡᠨ ᠤ ᠵᠠᠩ ᠦᠢᠯᠡ ᠶᠢᠨ ᠳᠤᠭᠤᠶᠢᠯᠠᠩ ᠤᠨ ᠪᠥᠵᠢᠭ ︽ᠳᠠᠷᠬᠠᠨ | ᠮᠤᠤᠮᠢᠩᠭᠠᠨ᠂ ᠲᠡᠭᠷᠢ ᠭᠠᠵᠠᠷ ᠤᠨ ᠳᠠᠭᠤᠤ︾ ᠨᠢ ᠰᠢᠯᠢᠳᠡᠭ ᠲᠡᠰ ᠤᠨ ᠱᠠᠩᠨᠠᠯ ᠭᠥᠷᠳᠡᠪᠡ︔ ᠪᠤᠭᠤᠲᠤ ᠬᠤᠳᠠ ᠶᠢᠨ | ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠲᠤᠭᠯᠠᠯᠳᠠ ᠳᠤ᠂ ︽ᠴᠢᠩᠭᠢᠰ ᠬᠠᠭᠠᠨ ᠤ ᠮᠠᠭᠲᠠᠭᠠᠯ︾ | ︽ᠬᠠᠰᠠᠷ ᠤᠨ ᠮᠠᠭᠲᠠᠭᠠᠯ︾ ︽ᠬᠤᠯᠪᠤᠭ᠎ᠠ︾ ᠵᠡᠷᠭᠡ ᠫᠷᠣᠭ᠍ᠷᠠᠮ ᠨᠢ᠂ ᠬᠠᠮᠤᠭ ᠥᠨᠳᠥᠷ ᠲᠤ ᠪᠠᠨ ᠨᠢᠭᠡᠳᠦᠭᠡᠷ ᠲᠡᠰ ᠤᠨ | ᠱᠠᠩᠨᠠᠯ ᠬᠦᠷᠲᠡᠵᠡᠢ︔ ᠲᠥᠪ᠂ ᠪᠦᠬᠦ ᠣᠷᠣᠨ᠂ ᠪᠤᠭᠤᠲᠤ ᠬᠤᠲᠠ ᠶᠢᠨ ᠭᠡᠷ ᠪᠦᠯᠢ ᠶᠢᠨ ᠤᠷ᠎ᠠ ᠴᠢᠳᠠᠪᠤᠷᠢ ᠶᠢᠨ | ᠦᠵᠡᠭᠦᠯᠭᠡ ᠳᠤ ᠣᠷᠣᠯᠴᠠᠵᠤ᠂ ᠬᠠᠮᠤᠭ ᠥᠨᠳᠥᠷ ᠲᠤ ᠪᠠᠨ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ | ᠲᠣᠭᠯᠠᠯᠲᠠ ᠶᠢᠨ ᠫᠷᠣᠭ᠍ᠷᠠᠮ ᠢ ᠨᠢ ᠲᠧᠯᠸᠢᠰ ᠬᠤᠷᠢᠶ᠎ᠠ ᠠᠴᠠ ᠡᠯᠰᠡᠨ ᠠᠪᠴᠤ ᠬᠤᠷᠢᠶᠠᠨ ᠰᠢᠩᠭᠡᠭᠡᠪᠡ᠃ | ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠬᠥᠭᠡᠮᠡᠢ ᠶᠢᠨ ᠤᠷᠤᠯᠳᠤᠭᠠᠨ ᠳᠤ ᠣᠷᠣᠯᠴᠠᠵᠤ | ᠭᠤᠷᠪᠠᠳᠤᠭᠠᠷ ᠳᠡᠰ ᠤᠨ ᠱᠠᠩᠨᠠᠯ ᠬᠦᠷᠳᠡᠪᠡ︔ ︽ᠮᠤᠨᠢ ᠠᠭᠤᠯᠠ ᠶᠢᠨ ᠤᠶᠠᠩᠭ᠎ᠠ︾ ᠲᠠᠭᠤᠨ ᠤ ᠤᠷᠤᠯᠳᠤᠭᠠᠨ ᠳᠤ | ᠣᠷᠣᠯᠴᠠᠵᠤ ᠬᠤᠪᠢ ᠬᠥᠮᠥᠨ ᠤ ᠨᠢᠭᠡᠳᠦᠭᠡᠷ ᠳᠡᠰ ᠤᠨ ᠱᠠᠩᠨᠠᠯ ᠬᠦᠷᠲᠡᠪᠡ︔ ᠨᠠᠢᠮᠠᠨ ᠮᠤᠵᠢ ᠣᠷᠣᠨ ᠤ ︽ᠬᠠᠪᠤᠲᠤ · | ᠬᠠᠰᠠᠷ ᠬᠤᠨᠳᠠᠭᠠᠲᠤ︾ ᠬᠥᠭᠡᠮᠡᠢ ᠶᠢᠨ ᠤᠷᠤᠯᠳᠤᠭᠠᠨ ᠳᠤ ᠣᠷᠣᠯᠴᠠᠵᠤ ᠬᠤᠶᠠᠳᠤᠭᠠᠷ ᠳᠡᠰ ᠤᠨ ᠱᠠᠩᠨᠠᠯ ᠬᠦᠷᠲᠡᠪᠡ ︔ | 2017 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ | ᠣᠢ ᠶᠢ ᠤᠭᠲᠤᠬᠤ ᠪᠦᠬᠦ ᠬᠤᠲᠠ ᠶᠢᠨ ᠠᠵᠢᠯᠲᠠᠨ ᠤ ᠠᠩᠬᠠᠨ ᠤ ᠪᠦᠲᠦᠭᠡᠯ ᠤᠨ ᠦᠵᠡᠭᠦᠯᠦᠯᠭᠡ ᠶᠢᠨ | ᠲᠣᠭᠯᠠᠯᠲᠠ ᠶᠢᠨ ᠠᠵᠢᠯᠯᠠᠭ᠎ᠠ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠬᠥᠳᠡᠯᠮᠦᠷᠢ ᠶᠢᠨ ᠰᠢᠯᠦᠭ ᠳᠠᠭᠤᠯᠠᠯ | ︾ ᠳᠤ ᠣᠷᠣᠯᠴᠠᠵᠤ᠂ ᠡᠷᠡᠭᠲᠡᠢ ᠶᠢᠨ ᠭᠤᠴᠣᠯᠠᠯ ᠳᠠᠭᠤᠤ ︽ᠦᠵᠡᠰᠬᠦᠯᠡᠩᠲᠦ ᠰᠠᠶᠢᠬᠠᠨ ᠡᠬᠡ ᠨᠤᠲᠤᠭ︾ ᠪᠦᠲᠦᠭᠡᠯ | ᠨᠢ ᠠᠩᠬᠠᠨ ᠤ ᠪᠦᠲᠦᠭᠡᠯ ᠤᠨ ᠳᠠᠭᠤᠤ ᠬᠥᠭᠵᠢᠮ ᠤᠨ ᠲᠥᠷᠥᠯ ᠤᠨ ᠬᠤᠶᠠᠳᠤᠭᠠᠷ ᠳᠡᠰ ᠤᠨ ᠱᠠᠩᠨᠠᠯ ᠬᠦᠷᠲᠡᠪᠡ︔ | 2019 ᠣᠨ ᠳᠤ᠂ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠷᠠᠯᠢᠭ ᠤᠨ ᠨᠠᠶᠢᠷ ᠵᠢᠴᠢ | ᠠᠷᠪᠠᠨ ᠨᠠᠢᠮᠠᠳᠤᠭᠠᠷ ᠬᠤᠭᠤᠴᠠᠭᠠᠨ ᠤ ᠣᠳᠣᠳ ᠤᠨ ᠤᠷᠤᠯᠳᠤᠭᠠᠨ ᠳᠤ ᠣᠷᠣᠯᠴᠠᠵᠤ᠂ ︽ᠨᠠᠭᠠᠳᠤᠮ︾ ᠭᠡᠬᠦ ᠫᠷᠣᠭ᠍ᠷᠠᠮ | ᠨᠢ ᠰᠢᠢᠳᠪᠦᠷᠢᠲᠦ ᠤᠷᠤᠯᠳᠤᠭᠠᠨ ᠳᠤ ᠲᠣᠳᠣᠷᠠᠪᠠ︔ 2021 ᠣᠨ ᠪᠣᠯ ᠶᠠᠭᠠᠷᠠᠯᠲᠠᠢ ᠨᠢᠭᠡ ᠵᠢᠯ ᠪᠣᠯᠣᠨ᠎ᠠ ᠃ | ᠲᠤᠰ ᠵᠢᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭᠠᠨ ᠰᠠᠷ᠎ᠠ ᠶᠢᠨ ᠦᠳᠡᠰᠢᠯᠡᠭᠡ ᠳᠤ ᠣᠷᠣᠯᠴᠠᠪᠠ ︔ | ︽ᠨᠢᠭᠡᠨ ᠪᠠᠳᠠᠭ ᠠᠭᠤᠯᠠᠨ ᠳᠠᠭᠤᠤ ᠶᠢ ᠨᠠᠮ ᠳᠠᠭᠠᠨ ᠡᠷᠭᠦᠶ᠎ᠡ︾ ᠭᠡᠬᠦ ᠴᠥᠭᠡᠨ ᠲᠣᠭᠠᠲᠤ ᠦᠨᠳᠦᠰᠦᠲᠡᠨ ᠤ | MV ᠶᠢ ᠰᠢᠩᠭᠡᠬᠡᠨ ᠦᠢᠯᠡᠳᠴᠦ᠂ ᠥᠪᠥᠷ ᠮᠣᠩᠭᠤᠯ ᠤᠨ ᠲᠧᠯᠸᠢᠰ ᠬᠤᠷᠢᠶᠠᠨ ᠤ ︽ᠬᠠᠮᠲᠤ ᠳᠤ ᠪᠠᠨ ᠳᠠᠭᠤᠯᠠᠶ᠎ᠠ︾ | ᠭᠡᠬᠦ ᠫᠷᠣᠭ᠍ᠷᠠᠮ ᠢ ᠰᠢᠩᠭᠡᠬᠡᠨ ᠦᠢᠯᠡᠳᠴᠦ᠂ ᠪᠤᠭᠤᠲᠤ ᠶᠢᠨ ᠲᠧᠯᠸᠢᠰ ᠬᠤᠷᠢᠶᠠᠨ ᠤ ᠰᠢᠩᠭᠡᠬᠡᠨ ᠦᠢᠯᠡᠳᠬᠦ ᠠᠵᠢᠯ ᠢ | ᠪᠡᠶᠡᠯᠡᠭᠦᠯᠪᠡ︔ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠲᠠᠢ ᠰᠣᠯᠢᠯᠴᠠᠭ᠎ᠠ ᠲᠣᠭᠯᠠᠯᠲᠠ | ᠭᠠᠷᠭᠠᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ | ᠶᠢᠰᠦᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠤᠷᠠᠨ ᠰᠠᠶᠢᠬᠠᠨ ᠤ ᠲᠣᠭᠯᠠᠯᠲᠠ︾ ᠳᠤ | ᠣᠷᠣᠯᠴᠠᠪᠠ︔ ᠤᠯᠠᠭᠠᠨᠮᠥ᠋ᠴᠢᠷ ᠤᠨ ᠭᠡᠰᠢᠭᠦᠳ ᠤᠨ ︽ᠤᠯᠠᠮᠵᠢᠯᠠᠯ ᠪᠠ ᠢᠷᠠᠭᠤ ᠠᠯᠳᠠᠷ︾ ᠫᠷᠣᠭ᠍ᠷᠠᠮ ᠢ ᠰᠢᠩᠭᠡᠬᠡᠨ | ᠦᠢᠯᠡᠳᠪᠡ︔ ᠪᠤᠭᠤᠲᠤ ᠳᠤ ᠳᠠᠭᠤᠤ ᠬᠥᠭᠵᠢᠮᠲᠦ ᠵᠦᠴᠦᠭᠡ ︽ᠲᠠᠯ᠎ᠠ ᠨᠤᠲᠤᠭ ᠤᠨ ᠦᠷ ᠤᠨ ᠲᠤᠶᠠᠭ᠎ᠠ︾ | ᠵᠡᠷᠭᠡ ᠳᠤ ᠣᠷᠣᠯᠴᠠᠪᠠ᠃ | ᠭᠤᠷᠪᠠ᠂ ᠲᠤᠰ ᠭᠠᠵᠠᠷ ᠲᠠᠭᠠᠨ ᠰᠠᠭᠤᠷᠢᠯᠠᠵᠤ᠂ ᠲᠠᠰᠤᠷᠠᠯᠲᠠ ᠦᠭᠡᠢ ᠵᠠᠮ ᠨᠡᠭᠡᠭᠡᠨ ᠤᠷᠤᠭᠰᠢᠯᠠᠨ | ᠲᠠᠪᠰᠢᠪᠠ | 2017 ᠣᠨ ᠠᠴᠠ ᠣᠲᠣ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠤᠯᠠᠭᠠᠨᠮᠥ᠋ᠴᠢᠷ ᠠᠴᠠ ᠳᠠᠷᠬᠠᠨ ᠰᠤᠮᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ | ᠰᠣᠶᠣᠯ ᠤᠨ ᠠᠵᠢᠯ ᠬᠢᠪᠡ᠃ ᠠᠵᠢᠯ ᠤᠨ ᠪᠠᠶᠢᠷᠢ ᠶᠢᠨ ᠰᠣᠯᠢᠭᠳᠠᠯ ᠪᠠ ᠳᠦᠷᠢ ᠶᠢᠨ ᠬᠤᠪᠢᠷᠠᠯᠲᠠ ᠶᠢ ᠳᠠᠭᠠᠯᠳᠤᠨ᠂ | ᠰᠡᠳᠬᠢᠬᠦᠢ ᠨᠢ ᠵᠥᠪᠬᠡᠨ ᠬᠢᠯᠢ ᠬᠢᠵᠠᠭᠠᠷ ᠣᠷᠣᠨ ᠤ ᠰᠣᠶᠣᠯ ᠤᠨ ᠠᠵᠢᠯ ᠳᠡᠭᠡᠷ᠎ᠡ ᠬᠦᠯᠢᠶᠡᠰᠦᠯᠡᠭᠳᠡᠵᠦ ᠪᠣᠯᠬᠤ | ᠦᠭᠡᠢ᠃ ᠳᠠᠷᠬᠠᠨ ᠰᠤᠮᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠢᠷᠡᠭᠰᠡᠨ ᠤ ᠳᠠᠷᠠᠭ᠎ᠠ᠂ | ᠪᠦᠷᠢᠨᠪᠠᠶᠠᠷ ᠰᠢᠨᠵᠢᠯᠡᠬᠦ ᠤᠬᠠᠭᠠᠨ ᠰᠣᠶᠣᠯ ᠮᠡᠳᠡᠯᠭᠡ ᠶᠢ ᠲᠦᠭᠡᠮᠡᠯᠵᠢᠭᠦᠯᠬᠦ᠂ ᠨᠡᠶᠢᠭᠡᠮ ᠤᠨ ᠰᠤᠷᠭᠠᠨ ᠬᠥᠮᠦᠵᠢᠯ ᠢ | ᠥᠷᠨᠢᠭᠦᠯᠬᠦ᠂ ᠣᠯᠠᠨ ᠲᠦᠮᠡᠨ ᠤ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠬᠦ᠂ ᠲᠤᠬᠠᠢ ᠶᠢᠨ ᠭᠠᠵᠠᠷ ᠤᠨ ᠣᠶᠤᠨ ᠤ | ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠣᠯᠠᠨ ᠲᠦᠮᠡᠨ ᠤ ᠦᠵᠡᠵᠦ ᠰᠣᠨᠢᠷᠬᠠᠬᠤ | ᠳᠤᠷᠠᠲᠠᠢ ᠡᠯᠪᠡᠭ ᠪᠠᠶᠠᠯᠢᠭ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ︽ᠡᠩᠬᠡ | ᠠᠮᠤᠭᠤᠯᠠᠩ ᠥᠷᠨᠢᠯ ᠬᠥᠭᠵᠢᠯ᠂ ᠰᠢᠨ᠎ᠡ ᠵᠢᠯ ᠢᠶᠠᠨ ᠤᠭᠲᠤᠬᠤ ᠨᠥᠬᠦᠷᠯᠡᠯ ᠤᠨ ᠬᠤᠷᠠᠯ︾᠂ ︽ᠴᠡᠭᠡ ᠶᠢᠨ ᠰᠣᠶᠣᠯ ᠤᠨ | ᠪᠠᠶᠠᠷ︾᠂ ︽ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠰᠠᠭᠤᠷᠢᠨ ᠭᠠᠵᠠᠷ ᠤᠨ ᠡᠬᠢᠯᠡᠯᠲᠡ ᠶᠢᠨ ᠶᠣᠰᠣᠯᠠᠯ︾ ᠵᠡᠷᠭᠡ | ᠤᠷᠠᠨ ᠰᠠᠶᠢᠬᠠᠨ ᠤ ᠲᠣᠭᠯᠠᠯᠲᠠ ᠶᠢ ᠲᠥᠰᠥᠪᠯᠡᠨ ᠵᠣᠬᠢᠶᠠᠨ ᠪᠠᠶᠢᠭᠤᠯᠪᠠ︔ ᠨᠡᠭᠦᠳᠡᠯ ᠰᠣᠶᠣᠯ ᠤᠨ ᠦᠢᠯᠡᠴᠢᠯᠡᠭᠡ ᠶᠢ | ᠴᠢᠩᠭ᠎ᠠ ᠠᠳᠬᠤᠵᠤ᠂ ᠣᠳᠣᠬᠢᠴᠢᠯᠠᠭᠰᠠᠨ ᠤᠩᠰᠢᠯᠭ᠎ᠠ ᠶᠢᠨ ᠠᠷᠭ᠎ᠠ ᠪᠠᠷᠢᠯ ᠪᠠ ᠰᠢᠨᠵᠢᠯᠡᠬᠦ ᠤᠬᠠᠭᠠᠨ᠂ ᠲᠠᠷᠢᠶᠠᠯᠠᠩ | ᠮᠠᠯ ᠠᠵᠤ ᠠᠬᠤᠢ᠂ ᠲᠡᠦᠬᠡ ᠰᠣᠶᠣᠯ ᠤᠨ ᠮᠡᠳᠡᠯᠭᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠠᠷᠬᠠᠨ | ᠰᠤᠮᠤᠨ ᠤ ᠠᠷᠠᠳ ᠣᠯᠠᠨ ᠤ ᠤᠩᠰᠢᠯᠭ᠎ᠠ ᠶᠢᠨ ᠬᠡᠮᠵᠢᠶ᠎ᠡ ᠶᠢ ᠵᠢᠯ ᠪᠦᠷᠢ 0 . 02 % ᠢᠶᠠᠷ ᠨᠡᠮᠡᠭᠳᠡᠭᠦᠯᠪᠡ᠃ | ᠲᠣᠭᠠᠴᠢᠯᠠᠭᠰᠠᠨ ᠰᠣᠶᠣᠯ ᠢ ᠳᠣᠷᠣᠭᠰᠢ ᠤᠷᠲᠤᠳᠬᠠᠬᠤ ᠶᠢ ᠦᠷᠭᠦᠯᠵᠢᠯᠡᠨ ᠥᠷᠨᠢᠭᠦᠯᠵᠦ᠂ ᠥᠪᠥᠷ ᠮᠣᠩᠭᠤᠯ ᠤᠨ | ᠲᠣᠭᠠᠴᠢᠯᠠᠭᠰᠠᠨ ᠨᠣᠮ ᠪᠢᠴᠢᠭ ᠤᠨ ᠡᠬᠢ ᠪᠠᠶᠠᠯᠢᠭ ᠲᠤ ᠲᠦᠰᠢᠭᠯᠡᠨ᠂ ᠲᠣᠭᠠᠴᠢᠯᠠᠭᠰᠠᠨ ᠰᠦᠯᠵᠢᠶ᠎ᠡ ᠶᠢ ᠪᠥᠬᠦ | ᠲᠠᠯ᠎ᠠ ᠪᠠᠷ ᠪᠦᠷᠬᠦᠭᠦᠯᠬᠦ ᠶᠢ ᠪᠡᠶᠡᠯᠡᠭᠦᠯᠵᠦ᠂ ᠮᠠᠯᠴᠢᠨ ᠲᠠᠷᠢᠶᠠᠴᠢᠨ ᠤ ᠪᠦᠷᠢᠨ ᠲᠣᠭᠠᠴᠢᠯᠠᠭᠰᠠᠨ ᠮᠡᠳᠡᠯᠭᠡ ᠶᠢ ᠤᠩᠰᠢᠨ | ᠣᠶᠢᠯᠠᠭᠠᠬᠤ ᠡᠴᠦᠰ ᠤᠨ ᠨᠢᠭᠡ ᠺᠢᠯᠣᠮᠧᠲᠷ ᠢ ᠰᠢᠢᠳᠪᠦᠷᠢᠯᠡᠪᠡ᠃ ᠤᠯᠠᠨ ᠲᠦᠮᠡᠨ ᠤ ᠠᠵᠢᠯ ᠤᠨ ᠴᠢᠯᠦᠭᠡᠨ ᠤ | ᠤᠳᠬ᠎ᠠ ᠤᠷᠠᠯᠢᠭ ᠤᠨ ᠪᠦᠯᠬᠦᠮ ᠤᠨ ᠪᠠᠶᠢᠭᠤᠯᠤᠯᠲᠠ ᠶᠢ ᠴᠢᠬᠤᠯᠠᠴᠢᠯᠠᠨ ᠵᠢᠯᠤᠭᠤᠳᠴᠤ᠂ ᠪᠠᠭᠰᠢ ᠤᠷᠢᠬᠤ᠂ | ᠲᠤᠬᠠᠢ ᠶᠢᠨ ᠲᠠᠯᠠᠪᠤᠷ ᠲᠤ ᠵᠢᠭᠠᠨ ᠰᠤᠷᠭᠠᠬᠤ᠂ ᠰᠦᠯᠵᠢᠶ᠎ᠡ ᠪᠠᠷ ᠬᠢᠴᠢᠶᠡᠯᠯᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠵᠢᠯ ᠪᠦᠷᠢ ᠤᠯᠠᠨ ᠲᠦᠮᠡᠨ ᠤ ᠤᠳᠬ᠎ᠠ ᠤᠷᠠᠯᠢᠭ ᠤᠨ ᠭᠤᠣᠯᠯᠠᠭᠴᠢ ᠬᠦᠴᠦᠨ ᠢ ᠬᠡᠳᠦᠨ ᠠᠷᠪᠠᠨ | ᠨᠡᠷᠡᠰ ᠪᠣᠯᠪᠠᠰᠤᠷᠠᠭᠤᠯᠵᠤ᠂ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠠᠷᠪᠠ ᠭᠠᠷᠤᠢ ᠲᠠᠯᠠᠪᠤᠷ ᠵᠣᠬᠢᠶᠠᠨ | ᠪᠠᠶᠢᠭᠤᠯᠪᠠ᠃ | ᠠᠷᠠᠳ ᠤᠯᠠᠨ ᠳᠤ ᠦᠢᠯᠡᠴᠢᠯᠡᠬᠦ ᠵᠠᠮ ᠦᠵᠦᠭᠦᠷ ᠬᠢᠵᠠᠭᠠᠷ ᠦᠭᠡᠢ᠂ ᠵᠠᠮ ᠤᠷᠳᠤ ᠮᠤᠷᠤᠢ ᠰᠠᠷᠤᠢ᠂ | ᠬᠤᠶᠢᠰᠢᠳᠠ ᠶᠢᠨ ᠠᠵᠢᠯ ᠳᠤᠮᠳᠠ ᠪᠠᠨ ᠪᠦᠷᠢᠨᠪᠠᠶᠠᠷ ᠦᠷᠭᠦᠯᠵᠢᠯᠡᠨ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ | ᠲᠠᠰᠤᠷᠠᠯᠲᠠ ᠦᠭᠡᠢ ᠬᠠᠶᠢᠨ ᠰᠦᠪᠡᠭᠴᠢᠯᠡᠬᠦ᠂ ᠬᠦᠴᠢᠷ ᠢ ᠰᠥᠷᠦᠨ ᠤᠷᠤᠭᠰᠢᠯᠠᠬᠤ ᠲᠡᠮᠡᠴᠡᠯ ᠤᠨ ᠵᠣᠷᠢᠭ | ᠰᠠᠨᠠᠭ᠎ᠠ ᠶᠢ ᠪᠠᠷᠢᠮᠲᠠᠯᠠᠵᠤ᠂ ᠲᠤᠰ ᠪᠡᠶ᠎ᠡ ᠶᠢᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠢᠯ | ᠦᠢᠯᠡᠰ ᠢᠶᠠᠨ ᠳᠡᠭᠡᠳᠦᠯᠡᠵᠦ᠂ ᠳᠠᠷᠬᠠᠨ ᠰᠤᠮᠤᠨ ᠤ ᠰᠣᠶᠣᠯ ᠤᠳᠬ᠎ᠠ ᠤᠷᠠᠯᠢᠭ ᠤᠨ ᠦᠢᠯᠡᠰ ᠤᠨ ᠬᠥᠭᠵᠢᠯᠲᠡ ᠳᠤ | ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠤᠮ᠃ |