ᠰᠢᠭᠤᠳ ᠨᠡᠪᠲᠡᠷᠡᠭᠦᠯᠭᠡ ᠪᠠᠷ ᠪᠠᠷᠠᠭ᠎ᠠ ᠲᠠᠸᠠᠷ ᠠᠪᠬᠤ ᠳᠠᠭᠠᠨ ᠡᠳᠡᠭᠡᠷ ᠮᠡᠬᠡᠯᠡᠯ ᠠᠴᠠ ᠬᠡᠷᠰᠡᠦᠯᠡᠭᠡᠷᠡᠢ
ᠨᠡᠶᠢᠲᠡᠯᠡᠭᠰᠡᠨ ᠴᠠᠭ᠄
2024/12/25
        ᠣᠷᠴᠢᠮ ᠤᠨ ᠵᠢᠯ ᠳᠤ᠂ ᠰᠦᠯᠵᠢᠶᠡᠨ ᠤ ᠰᠢᠭᠤᠳ ᠨᠡᠪᠲᠡᠷᠡᠭᠦᠯᠭᠡ ᠡᠳᠦᠷ ᠢᠷᠡᠬᠦᠶ᠎ᠡ ᠬᠥᠭᠵᠢᠵᠦ ᠪᠠᠶᠢᠨ᠎ᠠ᠃ ᠵᠠᠷᠢᠮ ᠰᠢᠭᠤᠳ ᠨᠡᠪᠲᠡᠷᠡᠭᠦᠯᠭᠡ ᠶᠢᠨ  ᠲᠠᠰᠤᠭ ᠲᠤ᠂ ᠲᠠᠸᠠᠷ ᠤᠨ ᠦᠨ᠎ᠡ ᠬᠠᠩᠰᠢ ᠬᠢᠮᠳᠠ᠂ ᠨᠡᠪᠲᠡᠷᠡᠭᠦᠯᠦᠭᠴᠢ ᠨᠢ ᠮᠠᠰᠢ ᠥᠳᠥᠭᠡᠨ ᠲᠠᠲᠠᠬᠤ ᠴᠢᠨᠠᠷᠲᠠᠢ ᠪᠣᠷᠤᠯᠠᠭᠤᠯᠭ᠎ᠠ ᠶᠢᠨ ᠦᠭᠡ ᠬᠡᠯᠡᠬᠦ ᠡᠷᠳᠡᠮ ᠲᠠᠢ  ᠪᠠᠶᠢᠳᠠᠭ ᠠᠴᠠ ᠴᠥᠭᠡᠨ ᠪᠤᠰᠤ ᠬᠡᠷᠡᠭᠯᠡᠭᠴᠢᠳ ᠤᠨ ᠰᠣᠨᠢᠷᠬᠠᠯ ᠢ ᠲᠠᠲᠠᠵᠤ ᠰᠡᠳᠬᠢᠯ ᠢ ᠳᠣᠭᠳᠣᠯᠤᠭᠤᠯᠳᠠᠭ᠃ ᠭᠡᠲᠡᠯ᠎ᠡ᠂ ᠵᠠᠷᠢᠮ ᠰᠢᠭᠤᠳ ᠨᠡᠪᠲᠡᠷᠡᠭᠦᠯᠭᠡ ᠪᠠᠷ  ᠬᠤᠳᠠᠯᠳᠤᠵᠤ ᠪᠠᠶᠢᠭ᠎ᠠ ᠪᠠᠷᠠᠭ᠎ᠠ ᠲᠠᠸᠠᠷ ᠨᠢ ᠦᠵᠡᠬᠦ ᠳᠤ ᠡᠳ᠋ ᠨᠢ ᠰᠠᠶᠢᠨ ᠦᠨ᠎ᠡ ᠨᠢ ᠬᠢᠮᠳᠠ ᠰᠢᠭ᠋ ᠪᠤᠯᠪᠠᠴᠤ ᠠᠷᠤ ᠳᠤᠨᠢ ᠬᠠᠷᠢᠨ ᠬᠠᠭᠤᠷᠮᠠᠭ ᠪᠠᠷᠠᠭ᠎ᠠ ᠦᠢᠯᠡᠳᠴᠦ  ᠪᠣᠷᠣᠯᠠᠭᠤᠯᠬᠤ ︽ᠭᠡᠮ ᠰᠣᠭᠤᠭ︾ ᠨᠢᠭᠤᠭᠳᠠᠵᠤ ᠪᠠᠶᠢᠳᠠᠭ᠃ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ  ᠰᠠᠯᠠᠭ᠎ᠠ ᠮᠥᠴᠢᠷ ᠤᠨ ᠬᠢᠨ ᠰᠢᠭᠤᠳ ᠨᠡᠪᠲᠡᠷᠡᠭᠦᠯᠬᠦ ᠲᠠᠪᠴᠠᠩ ᠢᠶᠠᠷ ᠳᠠᠮᠵᠢᠭᠤᠯᠤᠨ ᠬᠠᠭᠤᠷᠮᠠᠭ ᠪᠠᠷᠠᠭ᠎ᠠ ᠲᠠᠸᠠᠷ ᠪᠣᠷᠣᠯᠠᠭᠤᠯᠤᠭᠰᠠᠨ ᠣᠯᠠᠨ ᠬᠡᠷᠡᠭ ᠢ ᠨᠢᠭᠡᠨᠲᠡ  ᠪᠠᠶᠢᠴᠠᠭᠠᠨ ᠰᠢᠢᠳᠪᠦᠷᠢᠯᠡᠵᠦ᠂ ᠡᠭᠦᠨ ᠳᠤ ᠴᠥᠭᠡᠨ ᠪᠤᠰᠤ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ ᠮᠢᠩᠭᠠᠨ ᠲᠦᠮᠡᠨ ᠲᠥᠭᠦᠷᠢᠭ ᠢ ᠳᠠᠪᠠᠵᠠᠢ᠃                   ᠬᠤᠪᠴᠠᠰᠤ ᠬᠤᠨᠠᠷ᠂ ᠵᠠᠰᠠᠯ ᠴᠢᠮᠡᠭᠯᠡᠯ ᠪᠣᠯ ᠭᠤᠣᠯ ᠮᠡᠬᠡᠯᠡᠯ                   ᠬᠤᠪᠴᠠᠰᠤ ᠬᠤᠨᠠᠷ᠂ ᠵᠠᠰᠠᠯ ᠴᠢᠮᠡᠭᠯᠡᠯ ᠵᠡᠷᠭᠡ ᠪᠣᠯ ᠬᠠᠭᠤᠷᠮᠠᠭ ᠵᠦᠢᠯ ᠢ ᠰᠢᠭᠤᠳ ᠨᠡᠪᠲᠡᠷᠡᠭᠦᠯᠭᠡ ᠪᠠᠷ ᠪᠣᠷᠣᠯᠠᠭᠤᠯᠵᠤ ᠪᠠᠶᠢᠭ᠎ᠠ ᠭᠤᠣᠯ ᠮᠡᠬᠡᠯᠡᠯ ᠤᠨ  ᠬᠡᠰᠡᠭ ᠪᠤᠯᠬᠤ ᠶᠢ ᠰᠤᠷᠪᠤᠯᠵᠢᠯᠠᠬᠴᠢ ᠣᠶᠢᠯᠠᠭᠠᠵᠤ ᠮᠡᠳᠡᠵᠡᠢ᠃ ᠪᠠᠰᠠ ᠠᠷᠢᠬᠢ ᠤᠮᠳᠠᠭᠠᠨ ᠤ ᠵᠦᠢᠯ ᠳᠤ ᠬᠠᠭᠤᠷᠮᠠᠭ ᠲᠠᠸᠠᠷ ᠪᠣᠷᠣᠯᠠᠭᠤᠯᠬᠤ ᠶᠠᠪᠤᠳᠠᠯ ᠴᠤ ᠪᠠᠶᠢᠨ  ᠳᠠᠭᠢᠨ ᠭᠠᠷᠴᠤ ᠪᠠᠶᠢᠨ᠎ᠠ᠃ ᠱᠠᠨᠳᠦ᠋ᠩ ᠤᠨ ᠳ᠋ᠧᠵᠸᠦ ᠶᠢᠨ ᠴᠠᠭᠳᠠᠭᠠᠨ ᠤ ᠲᠠᠯ᠎ᠠ ᠶᠢᠨ ᠬᠢᠨ ᠣᠶᠢᠷ᠎ᠠ ᠳᠤ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠨᠢᠭᠡᠨ  ᠬᠠᠭᠤᠷᠮᠠᠭ ᠮᠣᠣ ᠲᠠᠢ ᠠᠷᠢᠬᠢ ᠪᠣᠷᠣᠯᠠᠭᠤᠯᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ ᠯᠤᠲᠤ ᠶᠡᠭᠡ  ᠪᠠᠶᠢᠬᠤ ᠳᠤ ᠶᠠᠯ᠎ᠠ ᠬᠢᠭᠰᠡᠨ ᠰᠡᠵᠢᠭᠲᠡᠨ ᠤ ᠬᠠᠭᠤᠷᠮᠠᠭ ᠠᠷᠢᠬᠢ ᠦᠢᠯᠡᠳᠬᠦ ᠳᠤ ᠬᠡᠷᠡᠭᠯᠡᠭᠰᠡᠨ ᠥᠪᠡᠷ ᠤᠨ ᠥᠷᠲᠡᠭ ᠨᠢ ᠵᠢᠩ ᠪᠦᠷᠢ ᠳᠡᠭᠡᠨ ᠵᠥᠪᠭᠡᠨ 8.5  ᠲᠥᠭᠦᠷᠢᠭ ᠪᠠᠶᠢᠵᠠᠢ᠃ ᠰᠢᠭᠤᠳ ᠨᠡᠪᠲᠡᠷᠡᠭᠦᠯᠭᠡ ᠪᠠᠷ ᠬᠠᠭᠤᠷᠮᠠᠭ ᠲᠠᠸᠠᠷ ᠪᠣᠷᠣᠯᠠᠭᠤᠯᠬᠤ ᠨᠢ ᠰᠦᠯᠵᠢᠶᠡᠨ ᠠᠴᠠ ᠬᠤᠳᠠᠯᠳᠤᠨ ᠠᠪᠬᠤ ᠳᠤᠮᠳᠠᠬᠢ ᠣᠮᠲᠣᠭᠠᠶᠢᠯᠠᠵᠤ  ᠪᠣᠯᠣᠰᠢ ᠦᠭᠡᠢ ᠠᠰᠠᠭᠤᠳᠠᠯ ᠪᠣᠯᠵᠤ᠂ ᠴᠥᠭᠡᠨ ᠪᠤᠰᠤ ︽ᠰᠦᠯᠵᠢᠶᠡᠨ ᠤᠳᠤ︾ ᠬᠠᠭᠤᠷᠮᠠᠭ ᠲᠠᠸᠠᠷ ᠪᠣᠷᠣᠯᠠᠭᠤᠯᠤᠭᠰᠠᠨ ᠠᠰᠠᠭᠤᠳᠠᠯ ᠠᠴᠠ ᠪᠣᠯᠵᠤ ᠬᠢᠨᠠᠨ ᠬᠠᠮᠢᠶᠠᠷᠬᠤ  ᠰᠠᠯᠠᠭ᠎ᠠ ᠮᠥᠴᠢᠷ ᠲᠤ ᠰᠢᠢᠳᠬᠡᠭᠳᠡᠵᠦ ᠥᠩᠭᠡᠷᠡᠵᠡᠢ᠃ 2020 ᠣᠨ ᠳᠤ᠂ ᠵᠠᠷᠢᠮ ᠬᠡᠷᠡᠭᠯᠡᠭᠴᠢᠳ ᠨᠢᠭᠡᠨ ᠨᠡᠪᠲᠡᠷᠡᠭᠦᠯᠦᠭᠴᠢ ᠶᠢᠨ ᠪᠦᠯᠭᠦᠮ ᠤᠨ ᠪᠦᠷᠢᠯᠳᠦᠭᠦᠨ ᠤ  ᠰᠢᠭᠤᠳ ᠨᠡᠪᠲᠡᠷᠡᠭᠦᠯᠭᠡ ᠶᠢᠨ ᠲᠠᠰᠤᠭ ᠲᠤ ᠬᠤᠳᠠᠯᠳᠤᠵᠤ ᠪᠠᠶᠢᠭ᠎ᠠ ᠴᠠᠭᠠᠨ ᠡᠭᠦᠷ ᠪᠣᠯ ᠰᠢᠬᠢᠷᠲᠦ ᠤᠰᠤ ᠭᠡᠵᠦ ᠰᠡᠵᠢᠭᠯᠡᠪᠡ᠃ ᠭᠤᠸᠠᠩᠵᠧᠦ ᠶᠢᠨ ᠵᠠᠬ᠎ᠠ  ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠯᠪᠣᠭᠳᠠᠯ ᠪᠦᠬᠦᠢ ᠬᠥᠮᠥᠰ ᠢ ᠵᠠᠷᠯᠢᠭᠳᠠᠨ ᠬᠠᠤᠯᠢ ᠵᠥᠷᠢᠴᠡᠭᠰᠡᠨ ᠦᠶᠯᠡ ᠠᠵᠢᠯᠯᠠᠭ᠎ᠠ ᠶᠢ ᠨᠢ  ᠵᠣᠭᠰᠣᠭᠠᠵᠤ᠂ 90 ᠲᠦᠮᠡᠨ ᠲᠥᠭᠦᠷᠢᠭ ᠢᠶᠠᠷ ᠲᠣᠷᠭᠠᠬᠤ ᠵᠠᠰᠠᠭ ᠵᠠᠬᠢᠷᠭᠠᠨ ᠤ ᠰᠢᠢᠳᠬᠡᠯ ᠥᠭᠴᠡᠢ᠃                  ᠭᠡᠲᠡᠯ᠎ᠡ ᠾᠧᠢ ᠮᠣᠣ ᠵᠠᠭᠠᠯᠳᠤᠯᠭ᠎ᠠ ᠶᠢᠨ ᠲᠠᠪᠴᠠᠩ ᠳᠤ᠂ ᠬᠡᠷᠡᠭᠯᠡᠭᠴᠢᠳ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠪᠴᠠᠩ ᠳᠤ  ᠴᠢᠭᠯᠡᠭᠦᠯᠦᠭᠰᠡᠨ ᠵᠠᠭᠠᠯᠳᠤᠯᠭ᠎ᠠ ᠨᠢ ᠨᠢᠭᠡᠨᠲᠡ ᠲᠦᠮᠡ ᠭᠠᠷᠤᠢ ᠵᠤᠷᠪᠤᠰ ᠪᠣᠯᠵᠤ᠂ ᠭᠤᠣᠯᠳᠠᠭᠤ ᠮᠠᠭᠤ ᠲᠠᠸᠠᠷ ᠢᠶᠠᠷ ᠰᠠᠶᠢᠨ ᠢ ᠣᠷᠣᠯᠠᠭᠤᠯᠬᠤ᠂ ᠬᠤᠳᠠᠯ ᠬᠠᠭᠤᠷᠮᠠᠭ ᠢᠶᠠᠷ  ᠪᠣᠷᠣᠯᠠᠭᠤᠯᠬᠤ᠂ ᠬᠠᠭᠤᠷᠮᠠᠭ ᠮᠠᠭᠤ ᠦᠢᠯᠡᠳᠬᠦᠨ ᠪᠣᠷᠣᠯᠠᠭᠤᠯᠬᠤ ᠵᠡᠷᠭᠡ ᠣᠯᠠᠨ ᠲᠠᠯ᠎ᠠ ᠶᠢᠨ ᠠᠰᠠᠭᠤᠳᠠᠯ ᠳᠤ ᠬᠤᠯᠪᠣᠭᠳᠠᠵᠠᠢ᠃                  ᠬᠡᠷᠡᠭᠯᠡᠵᠦ ᠳᠠᠳᠤᠭᠰᠠᠨ ᠣᠪ ᠮᠡᠭᠡ ᠲᠠᠢ                   ᠣᠯᠠᠨ ᠬᠡᠷᠡᠭ ᠰᠢᠢᠳᠪᠦᠷᠢᠯᠡᠭᠰᠡᠨ ᠠᠷᠠᠳ ᠤᠨ ᠴᠠᠭᠳᠠᠭ᠎ᠠ ᠢᠯᠡᠷᠬᠡᠶᠢᠯᠡᠬᠦ ᠳᠡᠭᠡᠨ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠪᠣᠷᠣᠯᠠᠭᠤᠯᠬᠤ ᠳᠠᠭᠠᠨ᠂ ᠰᠦᠯᠵᠢᠶᠡᠨ ᠤ ᠨᠡᠪᠲᠡᠷᠡᠭᠦᠯᠦᠭᠴᠢᠳ ᠪᠠᠶᠢᠩᠭᠤ ᠬᠡᠷᠡᠭᠯᠡᠳᠡᠭ ᠠᠷᠭ᠎ᠠ ᠪᠠᠰᠢᠷ ᠣᠪ ᠮᠡᠭᠡ ᠲᠠᠢ ᠪᠣᠯᠤᠭᠰᠠᠨ ᠭᠡᠵᠡᠢ᠃                  ᠱᠠᠨᠳᠦ᠋ᠩ ᠤᠨ ᠾᠧ ᠽᠧ ᠶᠢᠨ ᠴᠠᠭᠳᠠᠭᠠᠨ ᠤ ᠲᠠᠯ᠎ᠠ ᠶᠢᠨ ᠬᠢᠨ ᠤ ᠢᠯᠡᠷᠡᠭᠦᠯᠦᠭᠰᠡᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ  ᠳᠠᠮᠵᠢᠭᠤᠯᠤᠨ ᠬᠠᠭᠤᠷᠮᠠᠭ ᠬᠤᠪᠴᠠᠰᠤ ᠪᠣᠷᠣᠯᠠᠭᠤᠯᠤᠭᠰᠠᠨ ᠬᠡᠷᠡᠭ ᠲᠤ᠂ ᠶᠠᠯ᠎ᠠ ᠬᠢᠭᠰᠡᠨ ᠰᠡᠵᠢᠭᠲᠡᠨ ᠶᠡᠭᠡ ᠬᠡᠮᠵᠢᠶᠡᠨ ᠤ ᠡᠵᠡᠩᠨᠡᠨ ᠪᠣᠷᠣᠯᠠᠭᠤᠯᠬᠤ ᠠᠷᠭ᠎ᠠ ᠪᠠᠷᠢᠯ ᠢᠶᠠᠷ  ᠦᠢᠯᠡᠳᠬᠦᠨ ᠢᠶᠠᠨ ᠤᠬᠠᠭᠤᠯᠤᠭᠰᠠᠨ ᠪᠥᠭᠡᠳ ᠰᠠᠶᠢᠬᠠᠨ ᠦᠭᠡ ᠬᠡᠯᠡᠬᠦ ᠡᠷᠳᠡᠮ ᠢᠶᠠᠷ ᠬᠡᠷᠡᠭᠯᠡᠭᠴᠢᠳ ᠢ ᠥᠳᠥᠭᠡᠨ ᠲᠠᠲᠠᠪᠠ᠃ ᠾᠧ ᠽᠧ ᠬᠤᠲᠠ ᠶᠢᠨ  ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠳᠡᠭᠡᠨ ᠪᠠ ᠡᠮ ᠤᠨ ᠵᠦᠢᠯ ᠬᠢᠭᠡᠳ ᠣᠷᠴᠢᠨ ᠲᠣᠭᠤᠷᠢᠨ ᠤ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ  ᠰᠠᠯᠪᠤᠷᠢ ᠠᠩᠭᠢ ᠶᠢᠨ ᠳᠠᠷᠤᠭ᠎ᠠ ᠹᠠᠩ ᠬᠤᠶ ᠵᠢᠶᠧ ᠬᠡᠯᠡᠬᠦ ᠳᠡᠭᠡᠨ᠂ ᠶᠠᠯ᠎ᠠ ᠬᠢᠭᠰᠡᠨ ᠰᠡᠵᠢᠭᠲᠡᠨ ᠰᠢᠭᠤᠳ ᠨᠡᠪᠲᠡᠷᠡᠭᠦᠯᠭᠡ ᠠᠴᠠ ᠡᠮᠦᠨ᠎ᠡ ᠮᠠᠰᠢ ᠣᠯᠠᠨ ᠨᠡᠶᠢᠭᠡᠮ ᠤᠨ  ᠬᠠᠷᠢᠯᠴᠠᠭᠠᠨ ᠤ ᠲᠠᠪᠴᠠᠩ ᠳᠤ ᠰᠢᠨ᠎ᠡ ᠭᠡᠯᠪᠡᠷᠢ ᠶᠢᠨ ᠦᠢᠯᠡᠳᠬᠦᠨ ᠤ ᠤᠷᠢᠳᠴᠢᠯᠠᠭᠰᠠᠨ ᠬᠠᠯᠠᠭᠤᠷᠠᠯ ᠢ ᠰᠤᠷᠲᠠᠯᠴᠢᠯᠠᠵᠤ᠂ ᠴᠢᠨᠠᠭᠰᠢᠯᠠᠪᠠᠯ ᠵᠣᠭᠤᠰ ᠵᠠᠷᠤᠴᠠᠭᠤᠯᠤᠨ  ᠤᠷᠤᠰᠴᠠ ᠬᠤᠳᠠᠯᠳᠤᠨ ᠠᠪᠴᠤ ᠬᠥᠭᠡᠷᠭᠡᠳᠡᠳᠡᠭ ᠠᠴᠠ ᠰᠢᠭᠤᠳ ᠨᠡᠪᠲᠡᠷᠡᠭᠦᠯᠭᠡ ᠶᠢᠨ ᠲᠠᠰᠤᠭ ᠲᠤ ᠪᠠᠷᠤᠭ ᠤᠳᠠᠭ᠎ᠠ ᠪᠦᠷᠢ ᠲᠦᠮᠡ ᠭᠠᠷᠤᠢ ᠬᠥᠮᠥᠨ ᠦᠵᠡᠳᠡᠭ᠃  ᠪᠣᠷᠣᠯᠠᠭᠤᠯᠬᠤ ᠶᠠᠪᠤᠴᠠ ᠳᠤ᠂ ︽ᠨᠡᠷᠡᠲᠦ ᠲᠡᠮᠳᠡᠭᠲᠦ ᠶᠢᠨ ᠰᠡᠭᠦᠯ ᠤᠨ ᠬᠠᠭᠤᠳᠠᠰᠤ︾᠂ ︽ᠦᠢᠯᠡᠳᠪᠦᠷᠢ ᠶᠢᠨ ᠤᠤᠯ ᠬᠠᠭᠤᠳᠠᠰᠤ︾ ᠵᠡᠷᠭᠡ ᠨᠡᠷ᠎ᠡ ᠪᠠᠷ ᠬᠡᠰᠡᠭ  ᠬᠡᠷᠡᠭᠯᠡᠭᠴᠢᠳ ᠤᠨ ᠬᠢᠮᠳᠠ ᠶᠢ ᠬᠥᠭᠡᠭᠡᠴᠡᠯᠳᠦᠬᠦ ᠰᠡᠳᠬᠢᠯᠭᠡ ᠶᠢ ᠠᠰᠢᠭᠯᠠᠨ᠂ ᠪᠣᠷᠤᠯᠠᠭᠤᠯᠭ᠎ᠠ ᠶᠢᠨ ᠦᠨ᠎ᠡ ᠬᠠᠩᠰᠢ ᠨᠢ ᠵᠢᠩᠬᠢᠨᠢ ᠦᠢᠯᠡᠳᠬᠦᠨ ᠠᠴᠠ ᠬᠤᠯᠠ ᠬᠢᠮᠳᠠ  ᠬᠠᠭᠤᠷᠮᠠᠭ ᠪᠠᠷᠠᠭ᠎ᠠ ᠬᠤᠳᠠᠯᠳᠤᠳᠠᠭ ᠪᠠᠶᠢᠨ᠎ᠠ ᠭᠡᠵᠡᠢ᠃                  ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠬᠥᠮᠥᠰ ᠰᠤᠷᠪᠤᠯᠵᠢᠯᠠᠬᠴᠢ ᠳᠤ ᠬᠡᠯᠡᠬᠦ ᠳᠡᠭᠡᠨ᠂ ᠬᠠᠭᠤᠷᠮᠠᠭ ᠪᠠᠷᠠᠭ᠎ᠠ ᠪᠣᠷᠣᠯᠠᠭᠤᠯᠳᠠᠭ ᠴᠥᠭᠡᠨ ᠪᠤᠰᠤ  ᠪᠦᠯᠭᠦᠮ ᠪᠠᠰᠠ ᠣᠯᠠᠨ ᠵᠦᠢᠯ ᠤᠨ ᠬᠡᠷᠡᠭᠯᠡᠵᠦ ᠰᠤᠷᠤᠬᠰᠠᠨ ᠠᠷᠭ᠎ᠠ ᠪᠠᠰᠢᠷ ᠲᠠᠢ ᠭᠡᠵᠡᠢ᠃ ᠵᠢᠱᠢᠶᠡᠯᠡᠪᠡᠯ᠂ ᠪᠦᠲᠦᠭᠡᠭᠳᠡᠬᠦᠨ ᠢᠶᠠᠨ ᠪᠣᠷᠣᠯᠠᠭᠤᠯᠬᠤ ᠦᠶᠡᠰ᠂ ᠦᠷᠭᠦᠯᠵᠢ  ︽ᠪᠦᠷ ᠳᠣᠲᠣᠭᠠᠳᠤ ᠶᠢᠨ ᠠᠷᠭ᠎ᠠ ᠵᠠᠮ ᠢᠶᠠᠷ ᠣᠯᠣᠭᠰᠠᠨ ᠪᠠᠷᠠᠭ᠎ᠠ᠂ ᠬᠡᠷᠪᠡ ᠬᠠᠭᠤᠷᠮᠠᠭ ᠪᠠᠷᠠᠭ᠎ᠠ ᠪᠣᠯ ᠪᠢ ᠢᠨᠬᠭᠢᠵᠤ ᠦᠢᠯᠡ  ᠪᠠᠨ ᠪᠠᠷᠠᠭᠠᠳ ᠶᠠᠭᠠᠬᠢᠬᠤ ᠪᠤᠢ︖︾  ︽ᠦᠢᠯᠡ ᠪᠠᠨ ᠪᠠᠷᠠᠭᠠᠳ ᠣᠷᠣᠭᠤᠯᠤᠭᠰᠠᠨ ᠪᠠᠷᠠᠭ᠎ᠠ ᠶᠢ ᠬᠥᠮᠥᠰ ᠣᠶᠢᠯᠠᠭᠠᠬᠤ ᠦᠭᠡᠢ᠂ ᠡᠶᠢᠮᠦ ᠲᠥᠷᠥᠭᠳᠡᠯ ᠢ ᠴᠢ ᠮᠡᠳᠡᠨ᠎ᠡ ᠤᠤ︖︾ ᠭᠡᠬᠦ ᠵᠡᠷᠭᠡ ᠦᠭᠡ ᠶᠠᠷᠢᠶ᠎ᠠ  ᠨᠢ ᠪᠠᠷᠠᠭ᠎ᠠ ᠶᠢ ᠤᠷᠤᠭᠤᠯᠬᠤ ᠳᠤ ᠠᠮᠠᠷᠬᠠᠨ ᠪᠢᠰᠢ ᠭᠡᠰᠡᠨ ᠲᠥᠷᠥᠭᠳᠡᠯ ᠢ ᠪᠤᠢ ᠪᠣᠯᠭᠠᠨ᠎ᠠ᠃ ᠬᠠᠷᠢᠨ ᠬᠡᠷᠡᠭᠯᠡᠭᠴᠢᠳ ᠢ ᠥᠳᠥᠭᠡᠵᠦ ᠵᠠᠬᠢᠶᠠᠯᠠᠭ᠎ᠠ ᠬᠢᠯᠭᠡᠬᠦ ᠦᠶ᠎ᠡ ᠳᠤ᠂  ᠬᠡᠵᠢᠶᠡᠳᠡ ︽ᠨᠡᠶᠢᠲᠡ 30 ᠬᠠᠭᠤᠳᠠᠰᠤ ᠪᠤᠢ᠂ ᠨᠢᠭᠡ ᠯᠡ ᠮᠢᠨᠦ᠋ᠲ ᠤᠨ ᠴᠠᠭ ᠲᠠᠢ︾᠂ ︽ᠥᠩᠭᠡᠷᠡᠪᠡᠯ ᠳᠠᠭᠢᠭᠠᠳ ᠪᠠᠶᠢᠬᠤ ᠦᠭᠡᠢ︾᠂ ︽ᠡᠨᠡ ᠦᠨ᠎ᠡ ᠵᠦᠪᠭᠡᠨ ᠡᠨᠡ  ᠤᠳᠠᠭ᠎ᠠ ᠭᠠᠷᠤᠨ᠎ᠠ᠂ ᠤᠳᠠᠬᠤ ᠦᠭᠡᠢ ᠤᠤᠯ ᠦᠨ᠎ᠡ ᠶᠢ ᠰᠡᠷᠭᠦᠭᠡᠨ᠎ᠡ︾ ᠭᠡᠬᠦ ᠮᠡᠲᠦ ᠪᠠᠷ ᠶᠠᠷᠢᠨ᠎ᠠ᠃ ᠵᠠᠷᠢᠮ ᠨᠡᠪᠲᠡᠷᠡᠭᠦᠯᠦᠭᠴᠢ ᠰᠢᠭᠤᠳ ᠨᠡᠪᠲᠡᠷᠡᠭᠦᠯᠭᠡ ᠶᠢᠨ ᠲᠠᠪᠴᠠᠩ  ᠳᠡᠭᠡᠷ᠎ᠡ ᠬᠠᠭᠤᠷᠮᠠᠭ ᠪᠠᠷᠠᠭ᠎ᠠ ᠲᠠᠸᠠᠷ ᠢ ᠣᠷᠳᠣ ᠬᠤᠭᠤᠴᠠᠭ᠎ᠠ ᠪᠠᠷ ᠪᠣᠷᠣᠯᠠᠭᠤᠯᠵᠤ ᠪᠠᠶᠢᠬᠤ ᠨᠢ ᠪᠠᠰᠠ ᠲᠠᠪᠴᠠᠩ ᠤᠨ ᠲᠣᠰ ᠪᠡᠶ᠎ᠡ ᠳᠤ ᠬᠢᠨᠠᠯᠲᠠ ᠬᠠᠮᠢᠶᠠᠷᠤᠯᠲᠠ ᠶᠢᠨ  ᠳᠤᠲᠠᠮᠠᠭ ᠪᠠᠶᠢᠬᠤ ᠶᠢ ᠲᠤᠪᠤᠶᠢᠯᠭᠠᠵᠤ ᠪᠠᠶᠢᠨ᠎ᠠ᠃ ᠳ᠋ᠧᠵᠸᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳ᠋ᠧᠴᠧᠩ ᠬᠤᠪᠢᠶᠠᠷᠢ ᠲᠣᠪᠴᠢᠶᠠᠨ ᠤ  ᠢᠳᠡᠭᠡᠨ ᠤ ᠵᠦᠢᠯ ᠡᠮ ᠤᠨ ᠵᠦᠢᠯ ᠪᠣᠯᠣᠨ ᠣᠷᠴᠢᠨ ᠠᠬᠤᠢ ᠶᠢᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠮᠠ  ᠾᠧᠩ ᠬᠡᠯᠡᠬᠦ ᠳᠡᠭᠡᠨ᠂ ᠪᠠᠶᠢᠴᠠᠭᠠᠨ ᠰᠢᠢᠳᠪᠦᠷᠢᠯᠡᠭᠰᠡᠨ ᠬᠠᠭᠤᠷᠮᠠᠭ ᠠᠷᠢᠬᠢ ᠪᠣᠷᠣᠯᠠᠭᠤᠯᠤᠭᠰᠠᠨ ᠬᠡᠷᠡᠭ ᠤᠨ ᠳᠣᠲᠣᠷ᠎ᠠ᠂ ᠶᠠᠯ᠎ᠠ ᠬᠢᠭᠰᠡᠨ ᠰᠡᠵᠢᠭᠲᠡᠨ ᠰᠢᠭᠤᠳ  ᠨᠡᠪᠲᠡᠷᠡᠭᠦᠯᠭᠡ ᠶᠢᠨ ᠳ᠋ᠤᠭᠠᠷ ᠢᠶᠠᠷ ᠢᠶᠠᠨ ᠵᠠᠯᠭᠠᠭ᠎ᠠ ᠪᠠᠷ ᠣᠯᠠᠨ ᠤᠳᠠᠭ᠎ᠠ ᠰᠢᠭᠤᠳ ᠨᠠᠪᠲᠠᠷᠡᠭᠦᠯᠵᠦ ᠪᠠᠷᠠᠭ᠎ᠠ ᠬᠤᠳᠠᠯᠳᠤᠭᠠᠳ ᠨᠢᠭᠡ ᠯᠡ ᠰᠠᠷ᠎ᠠ ᠳᠤ 2000 ᠭᠠᠷᠤᠢ  ᠬᠠᠶᠢᠷᠴᠠᠭ ᠬᠠᠭᠤᠷᠮᠠᠭ ᠠᠷᠢᠬᠢ ᠬᠤᠳᠠᠯᠳᠤᠭᠰᠠᠨ ᠭᠡᠵᠡᠢ᠃                   ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ︽2022 ᠣᠨ ᠤ ︿ᠬᠤᠣᠰ 11﹀ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ  ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠵᠠᠳᠠᠯᠤᠯᠲᠠ ᠶᠢᠨ ᠮᠡᠳᠡᠭᠦᠯᠦᠯᠲᠡ︾ ᠳᠤ ᠳᠤᠷᠠᠳᠤᠭᠰᠠᠨ ᠢᠶᠠᠷ᠂ ︽ᠬᠤᠣᠰ 11︾ ᠶᠢᠨ ᠭᠡᠯᠪᠡᠷᠢ ᠶᠢ ᠬᠤᠪᠢᠷᠠᠭᠤᠯᠤᠨ ᠲᠠᠰ  ᠳᠡᠪᠰᠢᠭᠦᠯᠬᠦ᠂ ᠲᠠᠸᠠᠷ ᠬᠢᠭᠡᠳ ᠠᠷᠠᠯᠵᠢᠶᠠᠨ ᠤ ᠯᠣᠭᠢᠭ ᠢ ᠳᠠᠭᠢᠨ ᠡᠮᠬᠢᠯᠡᠬᠦ ᠠᠯᠬᠤᠮ ᠠᠯᠬᠤᠮ ᠢᠶᠠᠷ ᠤᠷᠤᠭᠰᠢᠯᠠᠬᠤ ᠶᠠᠪᠤᠴᠠ ᠳᠤ ᠲᠠᠪᠴᠠᠩ ᠬᠢᠭᠡᠳ  ᠬᠤᠳᠠᠯᠳᠤᠭᠠᠴᠢᠨ ᠤ ᠳᠦᠷᠢᠮ ᠤᠨ ᠵᠠᠭᠠᠭ ᠬᠢᠵᠠᠭᠠᠷ ᠤᠨ ᠦᠵᠡᠯ ᠤᠬᠠᠮᠰᠠᠷ ᠢ ᠪᠠᠰᠠ ᠴᠢᠩᠭᠠᠳᠬᠠᠬᠤ ᠴᠢᠬᠤᠯᠠᠲᠠᠢ ᠪᠠᠶᠢᠨ᠎ᠠ ᠭᠡᠪᠡ᠃                   ᠲᠠᠪᠴᠠᠩ ᠤᠨ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠᠲᠠᠢ                   ᠵᠠᠷᠢᠮ ᠲᠠᠪᠴᠠᠩ ᠨᠢ ᠤᠳᠤ ᠨᠢᠭᠡᠨᠲᠡ ᠠᠷᠭ᠎ᠠ ᠬᠡᠮᠵᠢᠶ᠎ᠡ ᠠᠪᠴᠤ᠂ ᠰᠢᠭᠤᠳ ᠨᠡᠪᠲᠡᠷᠡᠭᠦᠯᠭᠡ ᠬᠠᠭᠤᠷᠮᠠᠭ ᠪᠠᠷᠠᠭ᠎ᠠ ᠲᠠᠸᠠᠷ ᠪᠣᠷᠣᠯᠠᠭᠤᠯᠬᠤ ᠦᠶᠯᠡ  ᠠᠵᠢᠯᠯᠠᠭ᠎ᠠ ᠶᠢ ᠡᠬᠢᠯᠡᠨ ᠵᠠᠰᠠᠵᠤ ᠪᠤᠢ᠃ 2022 ᠣᠨ ᠤ 9 ᠰᠠᠷ᠎ᠠ ᠳᠤ᠂ ᠴᠤᠤᠷᠢᠶ᠎ᠠ ᠶᠢᠨ ᠡᠯᠧᠺᠲᠷᠣᠨ ᠬᠤᠳᠠᠯᠳᠤᠭ᠎ᠠ ︽ᠭᠤᠷᠪᠠᠨ ᠦᠭᠡᠢ ᠲᠠᠸᠠᠷ︾ ᠢ ᠲᠤᠰᠬᠠᠶᠢᠯᠠᠨ  ᠵᠠᠰᠠᠬᠤ ᠲᠤᠬᠠᠢ ᠠᠯᠪᠠᠨ ᠵᠠᠷ ᠨᠡᠶᠢᠲᠡᠯᠡᠵᠦ᠂ ᠦᠢᠯᠡᠳᠬᠦᠨ ᠤ ᠨᠡᠷ᠎ᠡ ᠦᠭᠡᠢ᠂ ᠦᠢᠯᠡᠳᠪᠦᠷᠢ ᠶᠢᠨ ᠨᠡᠷ᠎ᠡ ᠦᠭᠡᠢ᠂ ᠦᠢᠯᠡᠳᠪᠦᠷᠢ ᠶᠢᠨ ᠬᠠᠶ᠋ᠢᠭ ᠦᠭᠡᠢ ᠲᠠᠸᠠᠷ ᠢ  ᠪᠣᠷᠣᠯᠠᠭᠤᠯᠬᠤ ᠬᠤᠳᠠᠯᠳᠤᠭᠠᠴᠢᠨ ᠳᠤ ᠴᠢᠩᠭ᠎ᠠ ᠴᠣᠬᠢᠯᠲᠠ ᠥᠭᠪᠡ᠃ ᠡᠭᠦᠨ ᠠᠴᠠ ᠭᠠᠳᠠᠨ᠎ᠠ᠂ 2022 ᠣᠨ ᠤ 11 ᠰᠠᠷ᠎ᠠ ᠶᠢᠨ 10 ᠤ ᠡᠳᠦᠷ᠂ ᠴᠤᠤᠷᠢᠶ᠎ᠠ  ᠡᠯᠧᠺᠲᠷᠣᠨ ᠬᠤᠳᠠᠯᠳᠤᠭ᠎ᠠ ᠪᠠᠰᠠ ︽ᠴᠢᠨᠠᠷ ᠮᠠᠭᠤᠲᠠᠢ ᠥᠲᠥᠨ ᠬᠤᠪᠴᠠᠰᠤ ᠬᠤᠳᠠᠯᠳᠤᠬᠤ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ︾ ᠶᠢᠨ ᠱᠠᠲᠤ ᠦᠶ᠎ᠡ ᠶᠢᠨ  ᠵᠠᠰᠠᠯᠲᠠ ᠶᠢᠨ ᠦᠷ᠎ᠡ ᠪᠦᠲᠦᠭᠡᠯ ᠢ ᠨᠡᠶᠢᠲᠡᠯᠡᠵᠦ᠂ ᠲᠣᠭᠲᠠᠭᠠᠯ ᠠᠴᠠ ᠵᠥᠷᠢᠴᠡᠭᠰᠡᠨ 33491 ᠥᠲᠥᠨ ᠬᠤᠪᠴᠠᠰᠤᠨ ᠤ ᠲᠠᠸᠠᠷ ᠢ ᠪᠢᠲᠡᠭᠦᠮᠵᠢᠯᠡᠨ ᠴᠠᠭᠠᠵᠠᠯᠠᠵᠤ᠂  ᠬᠠᠮᠢᠶ᠎ᠠ ᠪᠦᠬᠦᠢ 522 ᠳᠡᠯᠭᠡᠭᠦᠷ ᠢ ᠪᠠᠭᠤᠯᠭᠠᠨ ᠬᠠᠭᠠᠵᠤ᠂ ᠬᠠᠮᠢᠶ᠎ᠠ ᠪᠦᠬᠦᠢ 596 ᠬᠤᠳᠠᠯᠳᠤᠭᠠᠴᠢᠨ ᠢ ᠲᠣᠷᠭᠠᠪᠠ᠃                  ᠰᠣᠷᠪᠤᠯᠵᠢᠯᠠᠭ᠎ᠠ ᠬᠦᠯᠢᠶᠡᠭᠰᠡᠨ ᠲᠤᠰᠬᠠᠢ ᠮᠡᠷᠭᠡᠵᠢᠯᠲᠡᠨ ᠤ ᠦᠵᠡᠬᠦ ᠪᠠᠷ᠂ ᠬᠠᠭᠤᠷᠮᠠᠭ ᠮᠠᠭᠤ ᠦᠢᠯᠡᠳᠬᠦᠨ ᠤ ᠦᠢᠯᠡᠳᠪᠦᠷᠢᠯᠡᠯ ᠪᠠ ᠪᠣᠷᠤᠯᠠᠭᠤᠯᠭ᠎ᠠ ᠨᠢ  ᠬᠡᠪ ᠤᠨ ᠡᠵᠡᠩᠨᠡᠯᠲᠡ ᠶᠢᠨ ᠡᠮᠬᠢ ᠵᠢᠷᠤᠮ ᠢ ᠨᠥᠯᠥᠭᠡᠯᠡᠭᠰᠡᠨ ᠪᠥᠭᠡᠳ ᠪᠠᠰᠠ ᠬᠤᠯᠪᠣᠭᠳᠠᠯ ᠪᠦᠬᠦᠢ ᠨᠠᠷᠠᠲᠤ ᠲᠡᠮᠳᠡᠭᠲᠦ ᠠᠵᠤ ᠠᠬᠤᠶᠢᠯᠠᠯ ᠤᠨ ᠠᠮᠢ ᠪᠡᠶ᠎ᠡ ᠶᠢᠨ  ᠠᠰᠢᠭ ᠲᠤᠰᠠ ᠳᠤ ᠬᠠᠯᠳᠠᠭᠰᠠᠨ ᠪᠠ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠪᠣᠯᠬᠤᠷ ᠴᠢᠩᠭ᠎ᠠ ᠵᠠᠰᠠᠬᠤ ᠴᠢᠬᠤᠯᠠᠲᠠᠢ ᠪᠠᠶᠢᠨ᠎ᠠ ᠭᠡᠵᠡᠢ᠃ ᠳᠤᠮᠳᠠᠳᠤ  ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠬᠤᠳᠠᠯᠳᠤᠭᠠᠨ ᠤ ᠬᠠᠤᠯᠢ ᠶᠢᠨ ᠰᠤᠳᠤᠯᠭᠠᠨ ᠤ ᠭᠠᠵᠠᠷ ᠤᠨ ᠳᠠᠷᠤᠭ᠎ᠠ ᠯᠢᠦ ᠵᠢᠶᠦ᠋ᠨ ᠬᠠᠢ ᠬᠡᠯᠡᠬᠦ ᠳᠡᠭᠡᠨ᠂  ᠰᠢᠭᠤᠳ ᠨᠡᠪᠲᠡᠷᠡᠭᠦᠯᠭᠡ ᠶᠢᠨ ᠲᠠᠪᠴᠠᠩ ᠢ ᠠᠰᠢᠭᠯᠠᠨ ᠬᠠᠭᠤᠷᠮᠠᠭ ᠲᠠᠸᠠᠷ ᠪᠣᠷᠣᠯᠠᠭᠤᠯᠬᠤ ᠦᠵᠡᠭᠳᠡᠯ ᠣᠯᠠᠰᠢᠷᠠᠵᠤ ᠪᠠᠶᠢᠬᠤ ᠨᠢ ᠡᠨᠡ ᠬᠦ ᠰᠢᠨ᠎ᠡ ᠪᠠᠷ ᠬᠥᠭᠵᠢᠭᠰᠡᠨ  ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠬᠠᠷᠠᠬᠠᠨ ᠬᠦᠷᠦᠯᠴᠡᠬᠦ ᠦᠭᠡᠢ ᠪᠠᠶᠢᠬᠤ ᠶᠢ ᠳᠣᠪᠤᠶᠢᠯᠭᠠᠵᠤ ᠪᠠᠶᠢᠨ᠎ᠠ ᠭᠡᠵᠡᠢ᠃ 2021 ᠣᠨ ᠤ 5 ᠰᠠᠷ᠎ᠠ ᠳᠤ᠂  ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠵᠡᠷᠭᠡ ᠲᠤᠯᠤᠭᠠᠨ ᠰᠠᠯᠠᠭ᠎ᠠ ᠮᠥᠴᠢᠷ ᠤᠨ ᠲᠣᠭᠲᠠᠭᠠᠭᠰᠠᠨ ︽ᠰᠦᠯᠵᠢᠶᠡᠨ ᠤ ᠰᠢᠭᠤᠳ  ᠨᠡᠪᠲᠡᠷᠡᠭᠦᠯᠭᠡ ᠶᠢ ᠡᠵᠡᠩᠨᠡᠨ ᠪᠣᠷᠣᠯᠠᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠡᠬᠢᠯᠡᠨ ᠬᠡᠷᠡᠭᠵᠢᠭᠦᠯᠪᠡ᠃ ᠬᠠᠮᠢᠶ᠎ᠠ ᠪᠦᠬᠦᠢ ᠬᠢᠨᠠᠯᠲᠠ  ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠭᠤᠷᠮᠠᠭ ᠪᠠᠷᠠᠭ᠎ᠠ ᠳᠤ ︽ᠥᠴᠥᠬᠡᠨ ᠴᠦ ᠢᠯᠳᠠᠷ ᠬᠠᠶᠠᠬᠤ ᠦᠭᠡᠢ︾ ᠪᠠᠶᠢᠬᠤ ᠣᠪᠣᠷ ᠢ ᠪᠠᠷᠢᠮᠲᠠᠯᠠᠨ᠂ ᠡᠯ᠎ᠡ  ᠲᠥᠷᠥᠯ ᠤᠨ ᠬᠤᠳᠠᠯ ᠬᠠᠭᠤᠷᠮᠠᠭ ᠵᠣᠬᠢᠶᠠᠵᠤ ᠪᠣᠷᠣᠯᠠᠭᠤᠯᠬᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ  ᠡᠷᠬᠡ ᠠᠰᠢᠭ ᠢ ᠬᠠᠮᠠᠭᠠᠯᠠᠬᠤ ᠬᠡᠷᠡᠭᠲᠡᠢ᠃                  2022 ᠣᠨ ᠤ 3 ᠰᠠᠷ᠎ᠠ ᠳᠤ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠤᠯᠤᠰ ᠤᠨ ᠭᠠᠶᠢᠯᠢ ᠶᠢᠨ ᠶᠠᠪᠤᠳᠠᠯ ᠤᠨ  ᠶᠡᠷᠦᠩᠬᠡᠢ ᠲᠣᠪᠴᠢᠶ᠎ᠠ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ︽ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ  ᠠᠰᠢᠭ ᠣᠯᠬᠤ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠰᠠᠨᠠᠯ︾ ᠢ  ᠨᠡᠶᠢᠲᠡᠯᠡᠵᠦ᠂ ᠲᠠᠪᠴᠠᠩ ᠤᠨ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠢ ᠲᠣᠭᠲᠠᠭᠠᠪᠠ᠃                   ︽ᠡᠯ᠎ᠡ ᠢᠨᠲ᠋ᠧᠷ ᠰᠦᠯᠵᠢᠶᠡᠨ ᠤ ᠲᠠᠪᠴᠠᠩ ᠨᠢ ᠲᠣᠰ ᠪᠡᠶ᠎ᠡ ᠶᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠣᠷᠣᠵᠤ  ᠰᠠᠭᠤᠭᠰᠠᠨ ᠡᠯᠧᠺᠲᠷᠣᠨ ᠬᠤᠳᠠᠯᠳᠤᠭ᠎ᠠ ᠡᠵᠡᠩᠨᠡᠭᠴᠢᠳ ᠲᠤ ᠭᠤᠣᠯ ᠴᠣᠭᠴᠠ ᠶᠢᠨ ᠬᠢᠷᠢ ᠭᠡᠮ ᠢ ᠬᠢᠨᠠᠨ ᠬᠠᠷᠭᠤᠭᠤᠯᠬᠤ ᠡᠭᠦᠷᠭᠡ ᠶᠢ ᠭᠦᠢᠴᠡᠳᠬᠡᠵᠦ᠂  ᠬᠡᠷᠡᠭᠯᠡᠭᠴᠢᠳ ᠤᠨ ᠡᠷᠬᠡ ᠠᠰᠢᠭ ᠢ ᠪᠠᠲᠤᠯᠠᠬᠤ ᠶᠢᠨ ᠬᠠᠮᠲᠤ᠂ ᠮᠥᠨ ᠴᠦ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠨᠡᠮᠡᠭᠳᠡᠯ ᠢᠶᠠᠨ ᠠᠬᠢᠭᠤᠯᠬᠤ ᠠᠷᠭ᠎ᠠ  ᠭᠡᠯᠪᠡᠷᠢ ᠶᠢᠨ ᠨᠢᠭᠡ ᠪᠣᠯᠣᠨ᠎ᠠ︾᠃ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠬᠠᠤᠯᠢᠴᠢ ᠶᠢᠨ ᠪᠦᠯᠭᠦᠮ ᠤᠨ ᠬᠠᠤᠯᠢᠴᠢ ᠯᠢ ᠪᠢᠨ ᠤ ᠦᠵᠡᠬᠦ ᠪᠠᠷ᠂  ᠡᠯ᠎ᠡ ᠲᠣᠮᠣ ᠲᠠᠪᠴᠠᠩ ᠨᠢ ᠬᠢᠨᠠᠯᠲᠠ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠵᠤ ᠰᠠᠭᠤᠬᠤ ᠬᠤᠳᠠᠯᠳᠤᠭᠠᠴᠢᠨ ᠤ ᠦᠨᠡᠨᠴᠢ ᠢᠲᠡᠭᠡᠮᠵᠢᠲᠡᠢ ᠪᠠᠶᠢᠬᠤ  ᠵᠠᠷᠴᠢᠮ ᠢ ᠬᠢᠴᠢᠶᠡᠩᠭᠦᠶᠢᠯᠡᠨ ᠵᠢᠷᠤᠮᠯᠠᠬᠤ ᠶᠢ ᠬᠥᠲᠥᠯᠥᠨ ᠵᠢᠯᠤᠭᠤᠳᠴᠤ᠂ ᠬᠠᠤᠯᠢ ᠶᠢ ᠰᠠᠬᠢᠵᠤ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠦᠨᠡᠨ ᠬᠦ ᠪᠠᠲᠤᠯᠠᠬᠤ  ᠬᠡᠷᠡᠭᠲᠡᠢ᠃ ᠣᠯᠠᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠪᠠᠰᠠ ᠬᠡᠷᠡᠭᠯᠡᠭᠡᠨ ᠤ ᠰᠠᠨᠠᠭᠤᠯᠤᠮᠵᠢ ᠭᠠᠷᠭᠠᠵᠤ᠂ ᠬᠡᠷᠡᠭᠯᠡᠭᠴᠢᠳ ᠢ ᠥᠪᠡᠷ ᠢ ᠪᠠᠨ  ᠬᠠᠮᠠᠭᠠᠯᠠᠬᠤ ᠤᠬᠠᠮᠰᠠᠷ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠯᠠᠩᠭᠤᠶ᠎ᠠ ᠰᠣᠬᠤᠷ ᠪᠠᠯᠠᠢ ᠪᠠᠷ ᠪᠤᠰᠤ᠂  ᠰᠢᠨᠵᠢᠯᠡᠬᠦ ᠤᠬᠠᠭᠠᠨᠴᠢ ᠪᠠᠷ ᠬᠡᠷᠡᠭᠯᠡᠭᠡ ᠬᠢᠬᠦ ᠶᠢ ᠤᠷᠢᠶᠠᠯᠠᠬᠤ ᠬᠡᠷᠡᠭᠲᠡᠢ᠃ ᠬᠡᠷᠡᠭᠯᠡᠭᠡᠨ ᠤ ᠵᠠᠭᠤᠷᠠᠯᠳᠤᠭᠠᠨ ᠳᠤ ᠲᠤᠯᠭᠠᠷᠠᠪᠠᠯ᠂ ᠴᠠᠭ ᠲᠤᠬᠠᠢ ᠳᠤᠨᠢ ᠬᠠᠮᠢᠶ᠎ᠠ ᠪᠦᠬᠦᠢ  ᠰᠠᠯᠠᠭ᠎ᠠ ᠮᠥᠴᠢᠷ ᠲᠤ ᠰᠦᠪᠡᠭᠴᠢ ᠬᠠᠩᠭᠠᠵᠤ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠢ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号