ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠡᠷᠦᠩᠬᠡᠢ ᠱᠦᠵᠢ ᠰᠢ ᠶᠢᠨ ᠫᠢᠩ ᠤᠨ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ︽ᠨᠢᠭᠡ ᠪᠦᠰᠡ ᠨᠢᠭᠡ ᠵᠠᠮ︾ ︽ᠳᠤᠮᠳᠠᠳᠤ | ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠬᠤᠯᠠ | ᠵᠠᠩᠭᠢᠯᠠᠭ᠎ᠠ ᠶᠢᠨ ᠴᠡᠭ ᠤᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠭᠡᠵᠢᠩ ᠲᠢᠶᠠᠨᠵᠢᠨ | ᠾᠧᠪᠧᠢ ᠶᠢ ᠬᠠᠮᠵᠢᠯᠴᠠᠭᠤᠯᠤᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠮᠠᠨ ᠤ ᠬᠤᠲᠠ ᠶᠢᠨ ᠣᠷᠣᠨ ᠪᠦᠰᠡ ᠶᠢᠨ ᠣᠨᠴᠠᠯᠢᠭᠲᠤ | ᠳᠠᠪᠠᠭᠤᠯᠢᠭ ᠲᠠᠭᠠᠨ ᠰᠠᠭᠤᠷᠢᠯᠠᠨ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ | ᠬᠥᠭᠵᠢᠯᠲᠡ ᠶᠢ ᠠᠬᠢᠭᠤᠯᠬᠤ ᠪᠠᠷ ᠵᠣᠷᠢᠯᠲᠠ ᠪᠣᠯᠭᠠᠵᠤ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠵᠡᠷᠭᠡ | ᠣᠯᠠᠨ ᠵᠦᠢᠯ ᠤᠨ ᠵᠠᠮ ᠬᠠᠷᠢᠯᠴᠠᠭᠠᠨ ᠤ ᠠᠷᠭ᠎ᠠ ᠮᠠᠶ᠋ᠢᠭ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ | ᠤᠯᠤᠰ ᠮᠤᠵᠢ ᠶᠢᠨ ᠵᠠᠮ ᠱᠤᠭᠤᠮ ᠤᠨ ᠵᠠᠰᠠᠮᠠᠯ ᠵᠠᠮ ᠤᠨ ᠲᠣᠣᠷ ᠲᠠᠰᠤᠷᠠᠯᠲᠠ ᠦᠭᠡᠢ ᠲᠡᠭᠦᠯᠳᠡᠷᠵᠢᠪᠡ᠃ | ᠡᠨᠡ ᠵᠢᠯ ᠠᠴᠠ ᠨᠠᠭᠠᠰᠢ᠂ ︽ᠳᠥᠷᠪᠡᠨ ᠵᠠᠮ ᠬᠤᠶᠠᠷ ᠬᠥᠭᠦᠷᠭᠡ︾ ᠵᠡᠷᠭᠡ ᠴᠢᠬᠤᠯᠠ ᠶᠡᠭᠡ ᠰᠠᠭᠤᠷᠢ | ᠲᠥᠬᠦᠭᠡᠷᠦᠮᠵᠢ ᠶᠢᠨ ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ 110 ᠨᠣᠮᠧᠷᠲᠤ | ᠤᠯᠤᠰ ᠤᠨ ᠵᠠᠮ ᠱᠤᠭᠤᠮ ᠤᠨ ᠬᠤᠲᠠ ᠶᠢ ᠲᠣᠭᠤᠷᠢᠭᠰᠠᠨ ᠨᠢᠭᠡᠳᠦᠭᠡᠷ ᠳᠡᠰ ᠤᠨ ᠵᠠᠰᠠᠮᠠᠯ ᠵᠠᠮ ᠢ ᠨᠢᠭᠡᠨᠲᠡ | ᠪᠠᠶᠢᠭᠤᠯᠤᠨ ᠳᠠᠭᠤᠰᠬᠠᠵᠤ ᠲᠡᠷᠭᠡ ᠨᠠᠪᠲᠠᠷᠡᠭᠦᠯᠵᠦ᠂ ᠪᠡᠭᠡᠵᠢᠩ ᠲᠢᠶᠠᠨᠵᠢᠨ ᠾᠧᠪᠧᠢ ᠲᠠᠢ ᠠᠭᠤᠰᠤᠯᠴᠠᠭᠰᠠᠨ ᠪᠠᠰᠠ | ᠨᠢᠭᠡᠨ ᠵᠡᠭᠦᠨᠰᠢ ᠪᠠᠷᠠᠭᠤᠨᠰᠢ ᠴᠢᠭᠯᠡᠯ ᠲᠠᠢ ᠴᠢᠬᠤᠯᠠ ᠨᠡᠪᠲᠡᠷᠡᠬᠦ ᠵᠠᠮ ᠪᠣᠯᠪᠠ︔ 210 ᠨᠣᠮᠧᠷᠲᠤ ᠤᠯᠤᠰ ᠤᠨ ᠵᠠᠮ | ᠱᠤᠭᠤᠮ ᠪᠠᠶᠠᠨ᠋ᠣ᠋ᠪᠣᠭ᠎ᠠ ᠠᠴᠠ ᠭᠦᠶᠠᠩ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠪᠡ︔ 210 ᠨᠣᠮᠧᠷᠲᠤ ᠤᠯᠤᠰ ᠤᠨ ᠵᠠᠮ ᠱᠤᠭᠤᠮ ᠰᠢᠶᠣᠣ ᠰᠠᠢ ᠺᠧᠦ ᠠᠴᠠ ᠶᠡᠭᠡ ᠮᠢᠶᠤᠤ ᠬᠦᠷᠬᠦ | ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ ᠢ ᠵᠢᠯ ᠤᠨ ᠳᠣᠲᠣᠷ᠎ᠠ ᠡᠬᠢᠯᠡᠭᠦᠯᠬᠦ ᠪᠠᠷ | ᠴᠢᠷᠮᠠᠶᠢᠨ᠎ᠠ︔ 210 ᠨᠣᠮᠧᠷᠲᠤ ᠤᠯᠤᠰ ᠤᠨ ᠵᠠᠮ ᠱᠤᠭᠤᠮ ᠤᠨ ᠡᠷᠲᠡᠨ ᠤ ᠬᠤᠲᠠ ᠶᠢᠨ ᠪᠣᠯᠤᠩ ᠤᠨ ᠬᠠᠲᠤᠨ | ᠭᠤᠣᠯ ᠤᠨ ᠶᠡᠭᠡ ᠬᠥᠭᠦᠷᠭᠡ ᠶᠢᠨ ᠨᠡᠪᠲᠡᠷᠡᠬᠦ ᠵᠠᠮ ᠤᠨ ᠢᠨᠵᠧᠨᠧᠷᠢᠩ ᠪᠠ 238 ᠨᠣᠮᠧᠷᠲᠤ ᠮᠤᠵᠢ ᠶᠢᠨ ᠵᠠᠮ | ᠱᠤᠭᠤᠮ ᠤᠨ ᠵᠠᠩᠵᠤᠨ ᠶᠣᠣ ᠶᠢᠨ ᠬᠠᠲᠤᠨ ᠭᠤᠣᠯ ᠤᠨ ᠶᠡᠭᠡ ᠬᠥᠭᠦᠷᠭᠡ ᠶᠢᠨ ᠨᠡᠪᠲᠡᠷᠡᠬᠦ ᠵᠠᠮ ᠤᠨ | ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠴᠢᠨᠠᠷ ᠰᠠᠶᠢᠲᠠᠢ ᠲᠥᠯᠥᠪᠯᠡᠪᠡ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠵᠠᠮ | ᠬᠠᠷᠢᠯᠴᠠᠭᠠᠨ ᠤ ᠨᠡᠪᠲᠡᠷᠡᠬᠦ ᠦᠷ᠎ᠡ ᠪᠦᠲᠦᠮᠵᠢ ᠪᠠ ᠳᠥᠭᠦᠮ ᠳᠥᠲᠡ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ | ᠣᠷᠣᠨ ᠪᠦᠰᠡ ᠶᠢᠨ ᠬᠤᠯᠪᠣᠯᠳᠤᠨ ᠨᠡᠪᠲᠡᠷᠡᠯᠴᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠲᠡᠮᠦᠷ ᠵᠠᠮ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠢᠳᠡᠪᠬᠢᠲᠡᠢ ᠦᠷ᠎ᠡ ᠪᠦᠲᠦᠮᠵᠢ | ᠣᠯᠪᠠ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ︵ᠪᠤᠭᠤᠲᠤ ᠶᠢᠨ ᠬᠡᠰᠡᠭ︶ ᠤᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 2025 ᠣᠨ ᠳᠤ ᠲᠡᠷᠭᠡ ᠨᠡᠪᠲᠡᠷᠡᠭᠦᠯᠦᠨ ᠡᠵᠡᠩᠨᠡᠬᠦ | ᠨᠥᠬᠦᠴᠡᠯ ᠢ ᠪᠦᠷᠢᠯᠳᠦᠭᠦᠯᠬᠦ ᠪᠠᠷ ᠴᠢᠷᠮᠠᠶᠢᠨ᠎ᠠ︔ ᠲᠡᠮᠦᠷ ᠵᠠᠮ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ | ᠪᠤᠭᠤᠲᠤ ᠠᠴᠠ ᠱᠠᠨᠰᠢ ᠬᠦᠷᠬᠦ ᠪᠠᠷᠠᠭᠤᠨ ᠬᠡᠰᠡᠭ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠪᠤᠭᠤᠲᠤ | ᠣᠷᠳᠣᠰ ᠤᠨ ᠬᠡᠰᠡᠭ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠪᠡᠶᠡᠯᠡᠭᠦᠯᠬᠦ ᠶᠢ | ᠠᠬᠢᠭᠤᠯᠵᠤ᠂ ᠠᠯᠢ ᠲᠦᠷᠭᠡᠨ ᠢᠶᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠳᠤ ᠰᠠᠭᠤᠷᠢ ᠶᠢ ᠰᠠᠶᠢᠲᠤᠷ | ᠲᠠᠯᠪᠢᠵᠤ᠂ ᠬᠥᠬᠡᠬᠤᠲᠠ ᠪᠤᠭᠤᠲᠤ ᠣᠷᠳᠣᠰ ᠤᠨ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ᠂ | ᠰᠣᠶᠣᠯ ᠢᠷᠭᠡᠨᠰᠢᠯ ᠤᠨ ᠰᠣᠯᠢᠯᠴᠠᠭ᠎ᠠ᠂ ᠴᠢᠳᠠᠪᠤᠷᠢᠲᠠᠨ ᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠬᠤ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ | ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠯᠠᠪᠳᠠᠭᠤᠨ ᠢᠶᠠᠷ ᠠᠬᠢᠪᠠ᠃ | ︽ᠪᠤᠭᠤᠲᠤ ᠪᠠᠷ ᠥᠩᠭᠡᠷᠡᠬᠦ ᠨᠢᠰᠬᠡᠯ︾ ᠨᠡᠷᠡᠲᠦ ᠲᠡᠮᠳᠡᠭ ᠢ ᠦᠷᠭᠦᠯᠵᠢᠯᠡᠨ ᠡᠭᠦᠳᠴᠦ᠂ ᠣᠷᠣᠨ ᠤ ᠳᠣᠲᠣᠷᠠᠬᠢ | ᠪᠤᠰᠤᠳ ᠠᠶᠢᠮᠠᠭ ᠬᠤᠲᠠ ᠶᠢᠨ ᠠᠶᠠᠨᠴᠢᠳ ᠢ ᠦᠷᠭᠦᠯᠵᠢᠯᠡᠨ ᠲᠡᠳᠡᠨ ᠠᠪᠴᠢᠷᠠᠵᠤ᠂ ᠮᠠᠨ ᠤ ᠬᠤᠲᠠ ᠶᠢᠨ ᠠᠭᠠᠷ | ᠠᠶᠠᠯᠠᠯ ᠤᠨ ᠵᠠᠬ᠎ᠠ ᠳᠡᠯᠭᠡᠭᠦᠷ ᠤᠨ ᠵᠣᠴᠢᠳ ᠤᠨ ᠢᠷᠡᠯᠲᠡ ᠶᠢ ᠲᠠᠰᠤᠷᠠᠯᠲᠠ ᠦᠭᠡᠢ ᠨᠥᠬᠦᠪᠦᠷᠢᠯᠡᠵᠦ᠂ | ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠤᠲᠠ ᠶᠢᠨ ᠠᠷᠠᠳ ᠲᠤ ᠴᠢᠨᠠᠷ ᠰᠠᠶᠢᠲᠠᠢ᠂ ᠥᠨᠳᠥᠷ | ᠪᠦᠲᠦᠮᠵᠢᠲᠡᠶ ᠠᠭᠠᠷ ᠤᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠪᠣᠶ ᠪᠣᠯᠭᠠᠵᠤ᠂ ᠡᠷᠭᠢᠨ ᠲᠣᠭᠤᠷᠢᠨ ᠤ | ᠭᠠᠵᠠᠷ ᠣᠷᠣᠨ ᠯᠤᠭ᠎ᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠨ ᠴᠢᠩᠭᠠᠳᠬᠠᠵᠤ᠂ ᠣᠷᠣᠨ | ᠪᠦᠰᠡ ᠶᠢᠨ ᠠᠵᠤ ᠠᠬᠤᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠳᠤ ᠰᠢᠨ᠎ᠡ ᠠᠮᠢᠵᠢᠷᠠᠯ ᠤᠨ | ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠪᠡ᠃ ᠪᠤᠭᠤᠲᠤ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠵᠦ | ᠥᠷᠭᠡᠳᠬᠡᠨ ᠪᠠᠶᠢᠭᠤᠯᠬᠤ ᠲᠥᠷᠥᠯ ᠵᠦᠢᠯ ᠢ ᠲᠦᠯᠬᠢᠨ ᠠᠬᠢᠭᠤᠯᠪᠠ᠂ ᠲᠥᠷᠥᠯ ᠵᠦᠢᠯ ᠤᠨ ᠠᠵᠢᠯ ᠳᠠᠭᠤᠰᠤᠭᠰᠠᠨ ᠤ | ᠳᠠᠷᠠᠭ᠎ᠠ ᠨᠢᠰᠬᠡᠯ ᠨᠢᠰᠬᠦ ᠪᠠ ᠭᠠᠵᠠᠷ ᠲᠤ ᠪᠠᠭᠤᠬᠤ ᠦᠶ᠎ᠡ ᠳᠤ ᠭᠦᠶᠦᠯᠲᠡ ᠶᠢᠨ ᠵᠠᠮ ᠢ ᠡᠵᠡᠯᠡᠨ ᠬᠡᠷᠡᠭᠯᠡᠬᠦ ᠴᠠᠭ ᠢ | ᠪᠣᠭᠤᠨᠢᠰᠬᠠᠵᠤ᠂ ᠠᠭᠠᠷ ᠤᠨ ᠲᠡᠭᠡᠭᠡᠪᠦᠷᠢ ᠶᠢᠨ ᠥᠷᠲᠡᠭᠡᠨ ᠤ ᠠᠰᠠᠷ᠂ ᠨᠢᠰᠬᠡᠯ ᠤᠨ ᠪᠠᠶᠢᠷᠢ᠂ ᠭᠦᠶᠦᠯᠲᠡ ᠶᠢᠨ ᠵᠠᠮ | ᠵᠡᠷᠭᠡ ᠶᠢᠨ ᠠᠰᠢᠭᠯᠠᠯᠲᠠ ᠶᠢᠨ ᠨᠣᠷᠮ᠎ᠠ ᠪᠠ ᠨᠢᠰᠬᠡᠯ ᠤᠨ ᠡᠷᠭᠢᠯᠲᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠠᠭᠠᠷ ᠤᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠬᠦᠴᠢᠷᠳᠡᠯ ᠢ ᠨᠠᠮᠳᠠᠭᠤᠯᠵᠤ᠂ ᠨᠢᠰᠬᠡᠯ ᠤᠨ ᠪᠠᠭᠤᠳᠠᠯ ᠤᠨ | ᠡᠭᠡᠯᠵᠢ ᠶᠢᠨ ᠨᠢᠰᠬᠡᠯ ᠢ ᠨᠡᠮᠡᠭᠳᠡᠭᠦᠯᠬᠦ᠂ ᠠᠭᠠᠷ ᠤᠨ ᠠᠶᠠᠯᠠᠯ ᠤᠨ ᠱᠤᠭᠤᠮ ᠢ ᠨᠡᠭᠡᠭᠡᠬᠦ ᠳᠤ ᠨᠠᠩ ᠪᠠᠲᠤ ᠪᠠᠬᠢ | ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ | ᠠᠷᠠᠳ ᠲᠤ ᠠᠰᠢᠭ ᠬᠦᠷᠲᠡᠭᠡᠬᠦ ᠬᠤᠲᠠ ᠶᠢᠨ ᠬᠤᠭᠤᠷᠣᠨᠳᠣᠬᠢ ᠨᠡᠶᠢᠲᠡ ᠶᠢᠨ ᠵᠠᠮ ᠬᠠᠷᠢᠯᠴᠠᠭ᠎ᠠ | ᠠᠭᠠᠵᠢᠮ ᠢᠶᠠᠷ ᠨᠡᠪᠲᠡᠷᠡᠪᠡ᠃ ᠬᠥᠬᠡᠬᠤᠲᠠ ᠪᠤᠭᠤᠲᠤ ᠬᠤᠲᠠ ᠶᠢᠨ ᠣᠯᠠᠨ ᠲᠦᠮᠡᠨ ᠤ ᠶᠠᠪᠤᠵᠤ ᠰᠠᠭᠤᠬᠤ | ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠥᠯᠥᠭᠡ᠂ ᠪᠤᠭᠤᠲᠤ ᠶᠢᠨ ᠬᠤᠯᠠ ᠵᠠᠮ ᠤᠨ ᠮᠠᠰᠢᠨ ᠲᠡᠷᠭᠡᠨ ᠤ | ᠥᠷᠲᠡᠭᠡ ᠠᠴᠠ ᠬᠥᠬᠡᠬᠤᠲᠠ ᠶᠢᠨ ᠢᠯᠢ ᠡᠷᠡᠭᠦᠯ ᠮᠡᠨᠳᠦ ᠶᠢᠨ ᠭᠠᠵᠠᠷ ᠤᠨ ᠭᠠᠵᠠᠷ ᠳᠣᠣᠷᠠᠬᠢ ᠭᠠᠯᠲᠤ ᠲᠡᠷᠭᠡᠨ ᠤ | ᠥᠷᠲᠡᠭᠡ ︵C103 ᠵᠠᠮ︶ ᠬᠦᠷᠬᠦ ᠬᠤᠲᠠ ᠶᠢᠨ ᠬᠤᠭᠤᠷᠣᠨᠳᠣᠬᠢ ᠨᠡᠶᠢᠲᠡ ᠶᠢᠨ ᠵᠠᠮ ᠬᠠᠷᠢᠯᠴᠠᠭ᠎ᠠ ᠤ ᠮᠠᠰᠢᠨ | ᠲᠡᠷᠭᠡ ᠨᠡᠪᠲᠡᠷᠡᠭᠦᠯᠪᠡ᠂ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ ᠨᠡᠶᠢᠲᠡ 1931 ᠠᠶᠠᠨᠴᠢᠨ ᠲᠡᠭᠡᠭᠡᠭᠰᠡᠨ | ᠪᠥᠭᠡᠳ ᠶᠡᠷᠦᠩᠬᠡᠢ ᠡᠭᠡᠯᠵᠢ ᠤᠳᠠᠭ᠎ᠠ ᠨᠢ 678 ᠤᠳᠠᠭ᠎ᠠ ᠪᠣᠯᠪᠠ᠃ ᠨᠢᠭᠡᠨᠲᠡ ᠬᠤᠶᠠᠷ ᠬᠤᠲᠠ ᠶᠢᠨ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠨᠢᠭᠡ ᠺᠠᠷᠲ ᠢ ᠨᠡᠶᠢᠳᠡᠮ ᠬᠡᠷᠡᠭᠯᠡᠬᠦ ᠶᠢ ᠪᠡᠶᠡᠯᠡᠭᠦᠯᠵᠦ᠂ ᠠᠶᠠᠨᠴᠢᠳ ︽ᠵᠠᠮ | ᠬᠠᠷᠢᠯᠴᠠᠭᠠᠨ ᠤ ᠬᠤᠯᠪᠣᠭᠠᠯᠠᠯ︾ ᠤᠨ ᠲᠡᠮᠳᠡᠭ ᠲᠠᠢ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢᠶᠠᠷ | ᠬᠥᠬᠡᠬᠤᠲᠠ ᠪᠤᠭᠤᠲᠤ ᠬᠤᠶᠠᠷ ᠬᠤᠲᠠ ᠳᠤ ᠬᠡᠷᠡᠭᠯᠡᠵᠦ ᠪᠣᠯᠣᠨ᠎ᠠ᠃ ᠪᠤᠭᠤᠲᠤ ᠣᠷᠳᠣᠰ ᠤᠨ ᠲᠠᠯ᠎ᠠ ᠪᠠᠷ᠂ | ᠪᠤᠭᠤᠲᠤ ᠠᠴᠠ ᠣᠷᠳᠣᠰ ᠤᠨ ᠳᠠᠯᠠᠤᠨ ᠬᠤᠰᠢᠭᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ | ᠱᠤᠭᠤᠮ ᠤᠨ ᠨᠡᠶᠢᠲᠡ ᠶᠢᠨ ᠮᠠᠰᠢᠨᠴᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠪᠠ᠃ ᠬᠤᠲᠠ ᠶᠢᠨ | ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡ ᠠᠯᠬᠤᠮ ᠠᠯᠬᠤᠮ ᠢᠶᠠᠷ ᠨᠡᠪᠲᠡᠷᠡᠭᠰᠡᠨ ᠨᠢ ᠬᠤᠲᠠ ᠶᠢᠨ | ᠬᠤᠭᠤᠷᠣᠨᠳᠣᠬᠢ ᠵᠠᠮ ᠬᠠᠷᠢᠯᠴᠠᠭᠠᠨ ᠤ ᠬᠠᠷᠢᠯᠴᠠᠭᠠᠨ ᠤ ᠭᠦᠨᠵᠡᠭᠡᠶᠢᠷᠡᠯ ᠪᠠ ᠳᠡᠰ ᠳᠡᠪᠰᠢᠯᠲᠡ ᠶᠢ ᠬᠠᠷᠠᠭᠤᠯᠵᠤ᠂ | ᠬᠤᠲᠠ ᠶᠢᠨ ᠠᠷᠠᠳ ᠤᠨ ︽ᠵᠠᠮ ᠬᠠᠷᠢᠯᠴᠠᠭᠠᠨ ᠤ ᠬᠦᠷᠢᠶ᠎ᠡ︾᠂ ︽ᠠᠮᠢᠳᠤᠷᠠᠯ ᠤᠨ ᠬᠦᠷᠢᠶ᠎ᠡ︾ ᠶᠢ ᠲᠠᠰᠤᠷᠠᠯᠲᠠ | ᠦᠭᠡᠢ ᠥᠷᠭᠡᠳᠬᠡᠵᠦ᠂ ᠠᠵᠤ ᠠᠬᠤᠢ᠂ ᠰᠣᠶᠣᠯ ᠵᠡᠷᠭᠡ ᠣᠯᠠᠨ ᠲᠠᠯ᠎ᠠ ᠶᠢᠨ ᠰᠣᠯᠢᠯᠴᠠᠭ᠎ᠠ ᠠᠭᠤᠰᠤᠯᠴᠠᠯ ᠢ ᠨᠠᠩ ᠴᠤ | ᠠᠬᠢᠭᠤᠯᠤᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠮᠠᠨ ᠤ | ᠬᠤᠲᠠ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠳᠤ ᠠᠭᠤᠰᠤᠯᠴᠠᠬᠤ ᠳᠠᠯᠳᠠ ᠬᠦᠴᠦᠨ ᠳᠤ ᠭᠦᠨᠵᠡᠭᠡᠢ | ᠠᠭᠤᠳᠠᠯᠵᠤ᠂ ︽ᠬᠥᠮᠥᠨ ᠨᠢ ᠲᠡᠭᠦᠨ ᠢ ᠡᠳ᠋ᠯᠡᠵᠦ᠂ ᠪᠣᠳᠠᠰ ᠨᠢ ᠤᠷᠤᠰᠬᠠᠯ ᠢ ᠰᠢᠯᠤᠭᠤᠳᠬᠠᠬᠤ︾ ᠰᠠᠶᠢᠨ ᠰᠠᠶᠢᠬᠠᠨ | ᠬᠦᠰᠡᠯ ᠡᠷᠡᠮᠡᠯᠵᠡᠯ ᠤᠨ ᠲᠣᠭᠤᠷᠢᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠨᠠᠩ ᠴᠢᠨᠠᠷ ᠰᠠᠶᠢᠲᠠᠢ᠂ | ᠨᠠᠩ ᠥᠨᠳᠥᠷ ᠬᠢᠷᠢ ᠲᠦᠪᠰᠢᠨ᠂ ᠨᠠᠩ ᠥᠷᠭᠡᠨ ᠬᠦᠷᠢᠶ᠎ᠡ ᠲᠡᠶᠢᠰᠢ ᠬᠥᠭᠵᠢᠬᠦ ᠶᠢ ᠠᠬᠢᠭᠤᠯᠵᠤ᠂ ᠣᠷᠣᠨ | ᠪᠠᠶᠢᠷᠢ ᠶᠢᠨ ᠳᠠᠪᠠᠭᠤᠯᠢᠭ ᠢ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠣᠷᠣᠨ | ᠪᠦᠰᠡ ᠶᠢᠨ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠵᠠᠮ | ᠬᠠᠷᠢᠯᠴᠠᠭᠠᠨ ᠤ ᠲᠤᠯᠭᠠᠭᠤᠷᠢᠯᠠᠯ ᠬᠠᠩᠭᠠᠨ᠎ᠠ᠃ |