﹇ᠨᠡᠷᠡᠲᠦ ᠲᠡᠮᠳᠡᠭᠲᠦ ᠶᠢ ᠭᠡᠷᠡᠯᠲᠦᠭᠦᠯᠵᠦ · ᠬᠦᠷᠰᠢ ᠵᠡᠷᠭᠡᠯᠡᠳᠡᠭᠡ ᠬᠦᠴᠦᠨ ᠢ ᠲᠥᠪᠯᠡᠷᠡᠭᠦᠯᠬᠦ﹈ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠤᠨ ︽ᠵᠢᠵᠢᠭ ᠡᠬᠡ ᠳᠠᠩᠰᠠ︾ ᠠᠷᠠᠳ ᠤᠨ ᠠᠮᠢᠳᠤᠷᠠᠯ ᠳᠤ ᠦᠢᠯᠡᠴᠢᠯᠡᠬᠦ ︽ᠶᠡᠭᠡ ᠲᠠᠪᠴᠠᠩ︾ ᠢ ᠪᠠᠶᠢᠭᠤᠯᠪᠠ
ᠨᠡᠶᠢᠲᠡᠯᠡᠭᠰᠡᠨ ᠴᠠᠭ᠄
2024/12/30
        ᠡᠨᠡ ᠵᠢᠯ ᠠᠴᠠ ᠨᠠᠭᠠᠰᠢ᠂ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠤᠨ ᠬᠢᠨ ︽ᠬᠥᠷᠰᠢ ᠵᠡᠷᠭᠡᠯᠡᠳᠡᠭᠡ ᠬᠦᠴᠦᠨ ᠢ ᠲᠥᠪᠯᠡᠷᠡᠭᠦᠯᠬᠦ ︾ ᠨᠡᠶᠢᠭᠡᠮ ᠲᠣᠭᠤᠷᠢᠭ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠨᠡᠷᠡᠲᠦ ᠲᠡᠮᠳᠡᠭᠲᠦ ᠶᠢ ᠡᠭᠦᠳᠬᠦ ᠪᠠᠷ ᠠᠴᠢᠶᠠᠯᠠᠪᠤᠷᠢ ᠪᠣᠯᠭᠠᠵᠤ᠂ ᠰᠠᠭᠤᠭᠠᠯᠢ ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠨᠡᠶᠢᠭᠡᠮ ᠲᠣᠭᠤᠷᠢᠭ ᠤᠨ ᠣᠯᠠᠨ ᠲᠦᠮᠡᠨ ᠤ ᠭᠤᠣᠯ ᠴᠣᠭᠴᠠ ᠶᠢᠨ ᠦᠵᠡᠯ ᠤᠬᠠᠮᠰᠠᠷ ᠢ ᠨᠠᠷᠢᠯᠢᠭ ᠣᠨᠣᠪᠴᠢᠲᠠᠢ ᠬᠥᠭᠵᠢᠭᠡᠵᠦ᠂ ︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ ᠡᠬᠡ ᠳᠠᠩᠰᠠ︾ ᠶᠢ ᠬᠦᠴᠦᠯᠡᠨ ᠰᠠᠶᠢᠲᠤᠷ ᠪᠠᠶᠢᠭᠤᠯᠵᠤ᠂ ᠵᠣᠬᠢᠶᠠᠨ ᠪᠠᠶᠢᠭᠤᠯᠤᠯᠲᠠ ᠨᠢ ᠬᠦᠴᠦᠨ ᠲᠠᠢ᠂ ᠬᠥᠷᠰᠢ ᠵᠡᠷᠭᠡᠯᠡᠳᠡᠭᠡ ᠨᠢ ᠬᠠᠶᠢᠷ᠎ᠠ  ᠲᠠᠢ᠂ ᠡᠶ᠎ᠡ ᠵᠣᠬᠢᠴᠠᠯ ᠲᠠᠢ ᠪᠥᠭᠡᠳ ᠡᠮᠬᠢ ᠵᠢᠷᠤᠮ ᠲᠠᠢ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠪᠠᠶᠢᠷᠢᠰᠢᠯ  ᠢ ᠪᠠᠶᠢᠭᠤᠯᠵᠤ ᠂ ᠰᠠᠭᠤᠭᠠᠯᠢ ᠠᠷᠠᠳ ᠲᠤ ︽ᠨᠢᠳᠦᠨ ᠳᠤ ᠦᠵᠡᠭᠳᠡᠬᠦ ᠠᠮᠤᠷ ᠲᠥᠪᠰᠢᠨ᠂ ᠭᠠᠷ ᠲᠤ ᠪᠠᠷᠢᠭᠳᠠᠬᠤ ᠵᠣᠯ ᠵᠢᠷᠭᠠᠯ︾ ᠢ ᠦᠨᠡᠨ ᠬᠦ ᠣᠶᠢᠯᠠᠭᠠᠭᠤᠯᠪᠠ᠃        ᠵᠥᠪᠬᠡᠨ ᠣᠯᠠᠨ ᠲᠦᠮᠡᠨ ᠤ ᠰᠠᠨᠠᠭ᠎ᠠ ᠶᠢ ᠣᠶᠢᠯᠠᠭᠠᠪᠠᠯ ᠰᠠᠶ᠋ᠢ ᠠᠵᠢᠯ ᠢᠶᠠᠨ ᠣᠯᠠᠨ ᠲᠦᠮᠡᠨ ᠤ ᠰᠡᠳᠬᠢᠯ ᠵᠢᠷᠦᠬᠡᠨ ᠳᠤ ᠬᠦᠷᠲᠡᠯ᠎ᠡ ᠬᠢᠵᠦ ᠴᠢᠳᠠᠨ᠎ᠠ᠃ ᠰᠢᠨ ᠸᠠᠩ ᠨᠡᠶᠢᠭᠡᠮ ᠲᠣᠭᠤᠷᠢᠭ ᠤᠨ ᠬᠢᠨ ᠰᠠᠷ᠎ᠠ ᠪᠦᠷᠢ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠵᠥᠪᠯᠡᠯ ᠨᠢᠭᠡ ᠤᠳᠠᠭ᠎ᠠ ᠬᠤᠷᠠᠯᠳᠤᠭᠤᠯᠵᠤ᠂ ᠤᠯᠠᠷᠢᠯ ᠪᠦᠷᠢ ᠭᠤᠷᠪᠠᠨ ᠲᠠᠯ᠎ᠠ ᠶᠢᠨ ᠬᠤᠯᠪᠣᠭᠠᠯᠠᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ ᠰᠠᠨᠳᠠᠯᠢ ᠶᠢᠨ ᠵᠥᠪᠯᠡᠯ︾ ᠢ ᠰᠢᠨ᠎ᠡ ᠪᠠᠷ ᠡᠭᠦᠳᠦᠨ ᠪᠠᠶᠢᠭᠤᠯᠵᠤ᠂ ᠭᠠᠷᠠᠭ ᠤᠨ ᠭᠤᠷᠪᠠᠨ ᠪᠦᠷᠢ ᠶᠢ ︽ᠪᠢ ᠠᠶᠢᠯ ᠡᠷᠦᠬᠡ ᠪᠠᠷ ᠲᠣᠭᠤᠷᠢᠬᠤ︾ ᠲᠣᠣᠷᠵᠢᠯ ᠢ ᠡᠷᠦᠬᠡ ᠳᠤ ᠣᠷᠣᠭᠤᠯᠬᠤ ᠡᠳᠦᠷ ᠢᠶᠠᠷ ᠲᠣᠭᠲᠠᠭᠠᠵᠤ᠂ ︽ᠠᠷᠠᠳ ᠤᠨ ᠪᠠᠶᠢᠳᠠᠯ ᠢ ᠰᠤᠷᠪᠤᠯᠵᠢᠯᠠᠬᠤ᠂ ᠠᠷᠠᠳ ᠤᠨ ᠰᠠᠨᠠᠭ᠎ᠠ ᠶᠢ ᠰᠣᠨᠣᠰᠬᠤ᠂ ᠠᠷᠠᠳ ᠤᠨ ᠵᠣᠪᠠᠨᠢᠯ ᠢ ᠰᠢᠢᠳᠪᠦᠷᠢᠯᠡᠬᠦ︾ ᠠᠵᠢᠯᠯᠠᠭ᠎ᠠ ᠶᠢ ᠥᠷᠨᠢᠭᠦᠯᠵᠦ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠰᠠᠭᠤᠭᠠᠯᠢ ᠠᠷᠠᠳ ᠤᠨ ᠬᠡᠷᠡᠭ ᠵᠥᠪᠯᠡᠬᠦ ᠲᠠᠪᠴᠠᠩ ᠢ ᠪᠠᠶᠢᠭᠤᠯᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ︽ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ ᠡᠬᠡ ᠲᠠᠩᠰᠠ︾ ᠶᠢ ᠪᠠᠶᠢᠭᠤᠯᠵᠤ᠂ ︽ᠵᠢᠵᠢᠭ ᠡᠬᠡ ᠲᠠᠩᠰᠠ︾ ᠪᠠᠷ ᠠᠷᠠᠳ ᠤᠨ ᠠᠮᠢᠳᠤᠷᠠᠯ ᠳᠤ ᠦᠢᠯᠡᠴᠢᠯᠡᠬᠦ ︽ᠲᠤᠮᠤ ᠲᠠᠪᠴᠠᠩ︾ ᠢ ᠪᠠᠶᠢᠭᠤᠯᠪᠠ᠃        ᠵᠤᠷᠪᠤᠰ ᠨᠢᠭᠡᠪᠦᠷᠢ ᠡᠬᠡ ᠳᠠᠩᠰᠠ ᠶᠢᠨ ᠠᠭᠤᠯᠭ᠎ᠠ ᠨᠢ ᠤᠯᠠᠨ ᠲᠦᠮᠡᠨ ᠤ ᠬᠦᠴᠢᠷ ᠵᠣᠪᠠᠭᠤᠷᠢ ᠶᠢ ᠲᠡᠮᠳᠡᠭᠯᠡᠪᠡ᠃ ᠨᠡᠶᠢᠭᠡᠮ ᠲᠣᠭᠤᠷᠢᠭ ᠤᠨ ᠠᠵᠢᠯᠲᠠᠳ ᠤᠯᠠᠨ ᠲᠦᠮᠡᠨ ᠤ ᠭᠡᠷ ᠲᠤ ᠬᠦᠷᠴᠦ ︽ᠵᠣᠭᠤᠭ ᠳᠡᠯᠭᠡᠵᠦ︾ ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠣᠶᠢᠯᠠᠭᠠᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠤᠯᠠᠨ ᠲᠦᠮᠡᠨ ᠤ ᠦᠨᠳᠦᠰᠦᠨ ᠮᠠᠲ᠋ᠧᠷᠢᠶᠠᠯ ᠵᠢᠴᠢ ᠬᠠᠷᠢᠭᠤ ᠲᠤᠰᠬᠠᠭᠰᠠᠨ ᠠᠰᠠᠭᠤᠳᠠᠯ ᠢ ᠨᠠᠷᠢᠨ ᠨᠢᠭᠲᠠ ᠲᠡᠮᠳᠡᠭᠯᠡᠵᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠴᠠᠭ ᠲᠤᠬᠠᠢ ᠳᠤᠨᠢ ᠣᠶᠢᠯᠠᠭᠠᠨ᠎ᠠ᠃        ᠵᠤᠷᠪᠤᠰ ᠨᠢᠭᠡᠪᠦᠷᠢ ᠡᠬᠡ ᠲᠠᠩᠰᠠ ᠶᠢᠨ ᠠᠭᠤᠯᠭ᠎ᠠ ᠨᠢ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠪᠡ᠃ ᠡᠬᠡ ᠲᠠᠩᠰᠠ ᠶᠢᠨ ᠣᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠣᠳᠠᠲᠤ ᠶᠠᠪᠤᠳᠠᠯ ᠬᠢᠬᠦ ᠦᠢᠯᠡᠳᠦᠯ ᠢ ᠦᠨᠡᠨ ᠬᠦ ᠪᠠᠳᠠᠷᠠᠭᠤᠯᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠠᠵᠢᠯᠲᠠᠳ ᠤᠬᠠᠭᠤᠯᠤᠭᠴᠢ᠂ ᠮᠡᠳᠡᠭᠡ ᠵᠠᠩᠭᠢᠴᠢ᠂ ᠬᠠᠪᠰᠤᠷᠤᠨ ᠲᠡᠳᠭᠦᠭᠴᠢ ᠪᠣᠯᠵᠣ᠂ ᠰᠠᠷ᠎ᠠ ᠪᠦᠷᠢ ᠣᠯᠠᠨ ᠲᠦᠮᠡᠨ ᠤ ᠲᠠᠩᠰᠠ ᠡᠪᠬᠡᠮᠡᠯ ᠤᠨ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠡᠷᠦᠬᠡ ᠬᠥᠮᠦᠨ ᠳᠤ ᠬᠦᠷᠲᠡᠯ᠎ᠡ ᠰᠢᠨᠡᠳᠬᠡᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠡᠷᠡ ᠳᠠᠷᠤᠶ ᠳᠤᠨᠢ ᠬᠠᠷᠢᠭᠤ ᠲᠤᠰᠬᠠᠬᠤ ᠪᠠ ᠰᠢᠢᠳᠪᠦᠷᠢᠯᠡᠨ᠎ᠡ ᠃ ᠬᠥᠳᠡᠯᠵᠦ ᠪᠠᠷᠢᠬᠤ ᠳᠤ ᠳᠥᠭᠦᠮ ᠦᠭᠡᠢ᠂ ᠨᠠᠰᠤ ᠵᠢᠯ ᠨᠢ ᠨᠡᠯᠢᠶᠡᠳ ᠶᠡᠭᠡ ᠬᠥᠮᠦᠰ ᠲᠤ᠂ ᠰᠠᠶᠢᠨ ᠳᠤᠷ᠎ᠠ ᠶᠢᠨ ᠠᠵᠢᠯᠯᠠᠭᠴᠢ ᠪᠠ ᠨᠡᠶᠢᠭᠡᠮ ᠲᠣᠭᠤᠷᠢᠭ ᠤᠨ ᠠᠵᠢᠯᠲᠠᠳ ᠭᠡᠷ ᠲᠤᠨᠢ ᠬᠦᠷᠴᠦ ᠴᠡᠪᠡᠷᠯᠡᠬᠦ ᠂ ᠬᠠᠶᠢᠷ᠎ᠠ ᠬᠠᠯᠠᠮᠵᠢ ᠬᠦᠷᠭᠡᠵᠦ ᠨᠣᠭᠤᠭ᠎ᠠ ᠬᠦᠷᠭᠡᠬᠦ᠂ ᠨᠠᠰᠤᠵᠢᠯ ᠤᠨ ᠭᠡᠷᠡᠴᠢᠯᠡᠭᠡ᠂ ᠡᠷᠡᠭᠦᠯ ᠮᠡᠨᠳᠦ ᠶᠢᠨ ᠤᠬᠠᠭᠤᠯᠭ᠎ᠠ᠂ ᠣᠶᠤᠨ ᠰᠠᠨᠠᠭᠠᠨ ᠤ ᠲᠠᠶᠢᠳᠬᠤᠷᠠᠭᠤᠯᠤᠯ ᠤᠨ ᠦᠢᠯᠡᠴᠢᠯᠡᠭᠡ ᠥᠷᠨᠢᠭᠦᠯᠦᠨ᠎ᠡ︔ ᠬᠦᠨᠳᠦ ᠶᠡᠭᠡ ᠡᠪᠡᠳᠴᠢᠨ ᠡᠮᠭᠡᠭ ᠠᠴᠠ ᠪᠣᠯᠵᠤ ᠠᠮᠢᠳᠤᠷᠠᠯ ᠨᠢ ᠬᠦᠴᠢᠷᠳᠡᠯᠲᠡᠶ ᠬᠡᠷ ᠪᠦᠯᠢ ᠳᠤ ᠲᠦᠷ ᠴᠠᠭ ᠤᠨ ᠠᠪᠤᠷᠠᠨ ᠲᠤᠰᠠᠯᠠᠬᠤ᠂ ᠬᠦᠨᠳᠦ ᠡᠪᠡᠳᠴᠢᠨ ᠤ ᠡᠮᠴᠢᠯᠡᠭᠡᠨ ᠤ ᠠᠪᠤᠷᠠᠨ ᠲᠤᠰᠠᠯᠠᠬᠤ ᠵᠡᠷᠭᠡ ᠶᠢ ᠴᠠᠭ ᠲᠤᠬᠠᠶ ᠳᠤᠨᠢ ᠬᠠᠪᠰᠤᠷᠤᠨ ᠭᠦᠢᠴᠡᠳᠬᠡᠨ᠎ᠡ᠃        ᠵᠤᠷᠪᠤᠰ ᠨᠢᠭᠡᠪᠦᠷᠢ ᠡᠬᠡ ᠳᠠᠩᠰᠠ ᠮᠥᠷᠳᠡᠬᠦ ᠮᠠᠶᠢᠭ ᠢᠶᠠᠷ ᠣᠨᠣᠪᠴᠢᠲᠠᠢ ᠰᠢᠪᠠᠳᠠᠨ ᠰᠢᠢᠳᠪᠦᠷᠢᠯᠡᠨ᠎ᠡ᠃ ᠨᠡᠶᠢᠭᠡᠮ ᠲᠣᠭᠤᠷᠢᠭ ᠨᠢ ᠠᠷᠠᠳ ᠤᠨ ᠪᠠᠶᠢᠳᠠᠯ ᠢ ᠴᠤᠭᠯᠠᠭᠤᠯᠤᠨ ᠰᠢᠢᠳᠪᠦᠷᠢᠯᠡᠵᠦ ᠰᠢᠮᠳᠠᠭᠤᠯᠤᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠤᠯᠠᠷᠢᠯ ᠪᠦᠷᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠴᠦ ᠪᠠᠶᠢᠭ᠎ᠠ ᠪᠠᠶᠢᠳᠠᠯ ᠢ ᠲᠤᠰᠬᠠᠶ ᠰᠡᠳᠦᠪ ᠢᠶᠠᠷ ᠰᠤᠳᠤᠯᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠪᠦᠬᠦᠨ ᠳᠤ ︽ᠬᠠᠷᠢᠭᠤᠯᠲᠠ︾ ᠲᠠᠢ ᠪᠠᠶᠢᠬᠤ ᠶᠢ ᠪᠠᠲᠤᠯᠠᠨ᠎ᠠ ᠃ ᠡᠬᠡ ᠲᠠᠩᠰᠠ ᠶᠢᠨ ᠠᠭᠤᠯᠭ᠎ᠠ ᠶᠢᠨ ᠲᠣᠭᠤᠷᠢᠨ ᠳᠤ᠂ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠲᠥᠷᠥᠯ ᠬᠤᠪᠢᠶᠠᠨ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ ᠳᠣᠲᠣᠭᠠᠳᠤ ᠳᠤ ᠰᠢᠢᠳᠪᠦᠷᠢᠯᠡᠵᠦ ᠪᠣᠯᠬᠤ ᠶᠢ ᠨᠢ ᠴᠠᠭ ᠲᠤᠬᠠᠶ ᠳᠤᠨᠢ ᠰᠢᠢᠳᠪᠦᠷᠢᠯᠡᠵᠦ᠂ ᠰᠢᠢᠳᠪᠦᠷᠢᠯᠡᠬᠦ ᠴᠢᠳᠠᠯ ᠥᠬᠡᠶ ᠶᠢ ᠨᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ ᠵᠣᠬᠢᠴᠠᠭᠤᠯᠤᠨ ᠵᠥᠪᠳᠡᠯᠴᠡᠨ ᠰᠤᠳᠤᠯᠵᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠯᠪᠠᠴᠤ ᠣᠬᠤᠷ ᠬᠤᠭᠤᠴᠠᠭᠠᠨ ᠤ ᠳᠣᠲᠣᠷ᠎ᠠ ᠰᠢᠢᠳᠪᠦᠷᠢᠯᠡᠬᠦ ᠳᠤ ᠬᠦᠴᠢᠷᠲᠡᠶ ᠠᠰᠠᠭᠤᠳᠠᠯ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠬᠠᠷᠢᠭᠤᠯᠲᠠ ᠥᠭᠬᠦ ᠪᠠ ᠣᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠰᠠᠶᠢᠲᠤᠷ ᠬᠢᠨ᠎ᠡ᠃ ᠡᠨᠡ ᠵᠢᠯ ᠠᠴᠠ ᠨᠠᠭᠠᠰᠢ᠂ ᠰᠢᠨ ᠸᠠᠩ ᠨᠡᠶᠢᠭᠡᠮ ᠲᠣᠭᠤᠷᠢᠭ ᠠᠴᠠ ᠣᠯᠠᠨ ᠲᠦᠮᠡᠨ ᠤ ᠲᠤᠰᠬᠠᠭᠰᠠᠨ 160 ᠬᠤᠪᠢ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠨᠡᠶᠢᠲᠡ 148 ᠬᠤᠪᠢ ᠶᠢ ᠨᠢ ᠰᠢᠢᠳᠪᠦᠷᠢᠯᠡᠨ ᠳᠠᠭᠤᠰᠬᠠᠵᠤ᠂ 12 ᠬᠤᠪᠢ ᠶᠢ ᠨᠢ ᠶᠠᠭ ᠰᠢᠢᠳᠪᠦᠷᠢᠯᠡᠵᠦ ᠪᠠᠶᠢᠨ᠎ᠠ᠃        ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠬᠤ ᠠᠴᠠ ᠤᠯᠠᠨ ᠲᠦᠮᠡᠨ ᠤ ᠮᠡᠳᠡᠭᠡ ᠵᠠᠩᠭᠢ ᠶᠢ ᠴᠤᠭᠯᠠᠭᠤᠯᠬᠤ ᠬᠦᠷᠲᠡᠯ᠎ᠡ᠂ ᠲᠠᠬᠢᠨ ᠤᠯᠠᠨ ᠲᠦᠮᠡᠨ ᠤ ᠠᠰᠠᠭᠤᠳᠠᠯ ᠢ ᠢᠯᠡᠷᠡᠭᠦᠯᠬᠦ ᠬᠦᠷᠲᠡᠯ᠎ᠡ᠂ ᠪᠠᠰᠠ ᠳᠠᠬᠢᠨ ᠤᠯᠠᠨ ᠲᠦᠮᠡᠨ ᠤ ᠠᠰᠠᠭᠤᠳᠠᠯ ᠢ ᠰᠢᠢᠳᠪᠦᠷᠢᠯᠡᠬᠦ ᠬᠦᠷᠲᠡᠯ᠎ᠡ᠂ ᠪᠦᠬᠦ ᠬᠡᠯᠬᠢᠶ᠎ᠡ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠮᠥᠷᠳᠡᠨ ᠱᠠᠯᠠᠪᠳᠠᠭᠤᠯᠤᠨ ᠰᠢᠢᠳᠪᠦᠷᠢᠯᠡᠭᠦᠯᠬᠦ ᠬᠦᠷᠲᠡᠯ᠎ᠡ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠨᠠᠷᠢᠨ ᠲᠠᠩᠰᠠ ᠮᠠᠶ᠋ᠢᠭ ᠤᠨ ᠡᠬᠡ ᠲᠠᠩᠰᠠ ᠶᠢᠨ ᠬᠠᠮᠢᠶᠠᠷᠤᠯᠲᠠ ᠳᠣᠣᠷ᠎ᠠ᠂ ᠰᠢᠨ ᠸᠠᠩ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠰᠠᠶᠢᠨ ᠰᠠᠶᠢᠬᠠᠨ᠂ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ᠂ ᠠᠮᠤᠷ ᠲᠠᠶᠢᠪᠤᠩ ᠠᠵᠤ ᠲᠦᠷᠦᠭᠦ ᠰᠢᠨ᠎ᠡ ᠬᠠᠭᠤᠳᠠᠰᠤ ᠠᠭᠠᠵᠢᠮ ᠢᠶᠠᠷ ᠳᠡᠯᠭᠡᠭᠳᠡᠵᠦ ᠪᠤᠢ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号