ᠰᠢᠭᠤᠶᠢᠳᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ︽ᠬᠥᠷᠰᠢ ᠵᠡᠷᠭᠡᠯᠡᠳᠡᠭᠡ ᠶᠢᠨ ᠬᠦᠴᠦᠨ ᠢ ᠲᠥᠪᠯᠡᠷᠡᠭᠦᠯᠬᠦ︾ ᠶᠢ ᠬᠥᠲᠥᠯᠥᠨ ᠳᠠᠭᠠᠭᠤᠯᠵᠤ ᠨᠠᠮ ᠪᠠ ᠣᠯᠠᠨ ᠲᠦᠮᠡᠨ ︽ᠬᠥᠷᠰᠢ ᠵᠡᠷᠭᠡᠯᠡᠳᠡᠭᠡ ᠶᠢᠨ ᠰᠡᠳᠬᠢᠯᠭᠡ︾ ᠶᠢ ᠬᠠᠮᠲᠤ ᠪᠠᠷ ᠪᠠᠶᠢᠭᠤᠯᠪᠠ
ᠨᠡᠶᠢᠲᠡᠯᠡᠭᠰᠡᠨ ᠴᠠᠭ᠄
2024/12/30
        ᠤᠯᠠᠨ ᠲᠦᠮᠡᠨ ᠤ ᠳᠡᠷᠭᠡᠳᠡᠬᠢ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠣᠯ ᠤᠯᠠᠨ ᠲᠦᠮᠡᠨ ᠤ ᠬᠡᠷᠡᠭᠴᠡᠭᠡ ᠮᠥᠨ᠂ ᠨᠠᠮ ᠤᠨ ᠰᠡᠳᠬᠢᠯ ᠤᠨ ᠬᠤᠯᠪᠣᠭᠠᠰᠤ ᠮᠥᠨ᠃ ᠣᠶᠢᠷ᠎ᠠ ᠶᠢᠨ ᠵᠢᠯ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠦᠨ ᠵᠢᠯᠤᠭᠤᠳᠬᠤ ᠰᠠᠭᠤᠷᠢᠨ ᠳᠡᠭᠡᠷ᠎ᠡ᠂ ︽ᠬᠥᠷᠰᠢ ᠵᠡᠷᠭᠡᠯᠡᠳᠡᠭᠡ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠬᠥᠷᠰᠢ ᠵᠡᠷᠭᠡᠯᠡᠳᠡᠭᠡ ᠶᠢᠨ ᠬᠦᠴᠦᠨ ᠢ ᠲᠥᠪᠯᠡᠷᠡᠭᠦᠯᠬᠦ︾ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠨᠡᠷᠡᠲᠦ ᠲᠡᠮᠳᠡᠭᠲᠦ ᠶᠢ ᠦᠷᠭᠦᠯᠵᠢᠯᠡᠨ ᠡᠭᠦᠳᠴᠦ᠂ ᠬᠤᠲᠠ ᠶᠢᠨ ︽ᠲᠣᠮᠣ ᠨᠠᠮ ᠤᠨ ᠪᠠᠶᠢᠭᠤᠯᠤᠯᠲᠠ︾ ᠪᠠᠷ ᠨᠡᠶᠢᠭᠡᠮ ᠲᠣᠭᠤᠷᠢᠭ ᠤᠨ ︽ᠪᠢᠴᠢᠯ ᠵᠠᠰᠠᠯᠲᠠ︾ ᠶᠢ ᠬᠥᠭᠵᠢᠭᠡᠵᠦ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠷᠢᠯᠴᠠᠨ ᠬᠠᠪᠰᠤᠷᠤᠯᠴᠠᠵᠤ ᠰᠠᠬᠢᠨ ᠪᠠᠷᠠᠯᠠᠬᠤ᠂ ᠨᠥᠬᠦᠷᠰᠡᠭ᠂ ᠬᠤᠪᠢᠶᠠᠯᠴᠠᠬᠤ᠂ ᠬᠠᠯᠠᠮᠵᠢᠯᠠᠬᠤ ᠲᠤᠮᠲᠠᠳᠤ ᠶᠢᠨ ᠮᠠᠶ᠋ᠢᠭ ᠤᠨ ᠬᠥᠷᠰᠢ ᠵᠡᠷᠭᠡᠯᠡᠳᠡᠭᠡ ᠶᠢᠨ ᠰᠣᠶᠣᠯ ᠤᠨ ᠭᠠᠯ ᠢ ᠠᠰᠠᠭᠠᠪᠠ᠃        ᠬᠦᠷᠰᠢ ᠵᠡᠷᠭᠡᠯᠡᠳᠡᠭᠡ ᠶᠢᠨ ᠰᠡᠳᠬᠢᠯᠭᠡ ᠶᠢ ᠨᠢᠭᠲᠠᠷᠠᠭᠤᠯᠵᠤ᠂ ᠦᠨᠳᠦᠰᠦᠨ ᠱᠠᠳᠦᠨ ᠤ ᠵᠠᠰᠠᠯᠲᠠ ᠶᠢᠨ ︽ᠬᠦᠷᠰᠢ ᠵᠡᠷᠭᠡᠯᠡᠳᠡᠭᠡ︾ ᠶᠢᠨ ᠰᠠᠭᠤᠷᠢ ᠶᠢ ᠪᠠᠬᠢᠵᠢᠭᠦᠯᠦᠨ᠎ᠡ        ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠲᠠᠰᠤᠷᠠᠯᠲᠠ ᠦᠭᠡᠢ ᠲᠡᠭᠦᠯᠳᠡᠷᠵᠢᠪᠡ᠃ ︽ᠨᠡᠶᠢᠭᠡᠮ ᠲᠣᠭᠤᠷᠢᠭ ᠤᠨ ᠨᠠᠮ ᠤᠨ ᠡᠭᠦᠷ — ᠲᠣᠣᠷᠵᠢᠯ ᠤᠨ ᠨᠠᠮ ᠤᠨ ᠳᠤᠭᠤᠶᠢᠯᠠᠩ︾ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢ ᠪᠦᠷᠢᠯᠳᠦᠭᠦᠯᠬᠦ ᠶᠢᠨ ᠬᠠᠮᠲᠤ ᠲᠣᠣᠷᠵᠢᠯ ᠤᠨ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠣᠭᠴᠢ ᠶᠢ ᠲᠤᠬᠢᠷᠠᠭᠤᠯᠵᠤ᠂ 4 ᠤᠳᠠᠭ᠎ᠠ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠤᠯᠠᠷᠢᠯ ᠪᠦᠷᠢ ᠡᠯ᠎ᠡ ᠲᠣᠣᠷᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠣᠬᠢᠶᠠᠨ ᠪᠠᠶᠢᠭᠤᠯᠵᠤ ᠰᠣᠨᠣᠰᠪᠠ᠃ ᠳᠠᠭᠠᠭᠠᠴᠢᠯᠠᠨ ᠬᠤᠯᠪᠣᠭᠠᠯᠠᠭᠰᠠᠨ ᠺᠠᠳ᠋ᠷ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠺᠠᠳ᠋ᠷ᠂ ᠲᠣᠣᠷᠵᠢᠭᠤᠯᠤᠭᠴᠢ᠂ ᠨᠢᠭᠡᠴᠢ ᠶᠢᠨ ᠳᠠᠷᠤᠭ᠎ᠠ᠂ ᠬᠡᠰᠡᠭ ᠤᠨ ᠳᠠᠷᠤᠭ᠎ᠠ᠂ ᠬᠠᠯᠠᠭᠤᠨ ᠰᠡᠳᠬᠢᠯᠲᠦ ᠰᠠᠭᠤᠭᠠᠯᠢ ᠠᠷᠠᠳ ᠵᠡᠷᠭᠡ ᠬᠦᠴᠦᠨ ᠢ ᠭᠦᠢᠴᠡᠳ ᠪᠠᠳᠠᠷᠠᠭᠤᠯᠵᠤ᠂ ︽1 + 3 + N︾ ᠲᠣᠣᠷᠵᠢᠯ ᠤᠨ ᠲᠣᠭᠲᠠᠯᠴᠠᠭ᠎ᠠ ᠶᠢ ᠪᠠᠶᠢᠭᠤᠯᠵᠤ᠂ ︽ᠣᠯᠠᠨ ᠲᠣᠣᠷᠵᠢᠯ ᠢ ᠨᠢᠭᠡᠳᠬᠡᠬᠦ᠂ ᠨᠢᠭᠡ ᠲᠣᠣᠷᠵᠢᠯ ᠢᠶᠠᠷ ᠶᠡᠷᠦᠩᠬᠡᠶᠢᠯᠡᠨ ᠡᠵᠡᠮᠳᠡᠬᠦ︾ ᠶᠢ ᠪᠡᠶᠡᠯᠡᠭᠦᠯᠪᠡ᠃ ᠨᠠᠮ ᠤᠨ ᠭᠡᠰᠢᠭᠦᠳ ᠤᠨ ᠤᠬᠠᠮᠰᠠᠷ ᠢ ᠦᠷᠭᠦᠯᠵᠢᠯᠡᠨ ᠴᠢᠩᠭᠠᠳᠬᠠᠪᠠ᠃ ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢᠨ ᠳᠦᠷᠢᠮ ᠢ ᠴᠢᠩᠭ᠎ᠠ ᠨᠠᠶᠢᠲᠠᠪᠤᠷᠢᠵᠢᠭᠤᠯᠪᠠ᠃ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠡᠷᠭᠢᠴᠡᠭᠦᠯᠬᠦ᠂ ᠪᠢᠴᠢᠯ ᠨᠠᠮ ᠤᠨ ᠬᠢᠴᠢᠶᠡᠯ᠂ ᠮᠡᠳᠡᠯᠭᠡ ᠶᠢᠨ ᠤᠷᠤᠯᠳᠤᠭᠠᠨ᠂ ᠰᠢᠯᠦᠭ ᠤᠶᠠᠩᠭᠠᠯᠠᠬᠤ᠂ ᠬᠤᠪᠢᠶᠠᠯᠴᠠᠨ ᠰᠣᠯᠢᠯᠴᠠᠬᠤ ᠵᠡᠷᠭᠡ ᠭᠤᠭᠴᠤᠭ᠎ᠠ ᠪᠠᠷ ᠳᠠᠮᠵᠢᠭᠤᠯᠤᠨ᠂ 4 ᠬᠤᠭᠤᠴᠠᠭᠠᠨ ᠤ ︽ᠰᠡᠳᠬᠢᠯ ᠢ ᠳᠤᠯᠠᠭᠠᠴᠠᠭᠤᠯᠬᠤ ᠨᠠᠮ ᠤᠨ ᠪᠠᠶᠢᠭᠤᠯᠤᠯᠲᠠ ᠶᠢᠨ ᠬᠤᠪᠢᠰᠬᠠᠯᠲᠤ ᠴᠤᠭᠯᠠᠭᠠᠨ︾ ᠭᠡᠬᠦ ᠭᠤᠤᠯ ᠰᠡᠳᠦᠪᠲᠦ ᠠᠵᠢᠯᠯᠠᠭ᠎ᠠ ᠶᠢ ᠰᠢᠨ᠎ᠡ ᠪᠠᠷ ᠡᠭᠦᠳᠦᠨ ᠥᠷᠨᠢᠭᠦᠯᠵᠦ᠂ ᠨᠠᠮ ᠤᠨ ᠭᠡᠰᠢᠭᠦᠳ ᠤᠨ ᠳᠤᠷ᠎ᠠ ᠪᠠᠬ᠎ᠠ ᠶᠢ ᠶᠡᠬᠡᠳᠡ ᠲᠠᠲᠠᠪᠠ᠃ ᠪᠠᠬᠢᠯᠡᠯᠲᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠭᠤᠴᠢᠨ ᠢ ᠲᠦᠯᠬᠢᠨ ᠰᠢᠨ᠎ᠡ ᠶᠢ ᠡᠭᠦᠳᠪᠡ᠃ ︽ᠰᠠᠭᠤᠭᠠᠯᠢ ᠠᠷᠠᠳ ᠲᠤ ᠦᠢᠯᠡᠴᠢᠯᠡᠬᠦ ᠶᠢ ᠬᠠᠮᠤᠭ ᠤᠨ ᠶᠡᠭᠡᠴᠢᠯᠡᠬᠦ︾ ᠵᠠᠷᠴᠢᠮ ᠶᠣᠰᠣᠭᠠᠷ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠴᠢᠳᠠᠮᠵᠢ ᠶᠢᠨ ᠲᠠᠰᠤᠭ ᠢ ᠵᠦᠶ ᠵᠣᠬᠢᠰᠲᠠᠶ ᠪᠠᠶᠢᠷᠢᠰᠢᠭᠤᠯᠵᠤ᠂ ᠶᠡᠷᠦᠩᠬᠡᠶ ᠳᠡᠭᠡᠨ ︽ᠨᠢᠭᠡ ᠲᠢᠩᠬᠢᠮ ᠨᠢᠭᠡ ᠥᠷᠲᠡᠭᠡ + N ᠲᠣᠭᠤᠷᠢᠭ︾ ᠬᠡᠯᠪᠡᠷᠢ ᠪᠠᠷ ᠪᠠᠶᠢᠷᠢᠰᠢᠭᠤᠯᠪᠠ᠂ ᠲᠤᠬᠠᠶᠢᠯᠠᠪᠠᠯ ᠨᠢᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ᠂ ᠨᠢᠭᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ᠂ ᠬᠤᠪᠢᠰᠬᠠᠯ ᠤᠨ ᠡᠨᠧᠷᠭᠢ ᠬᠠᠳᠠᠭᠠᠯᠠᠬᠤ ᠥᠷᠲᠡᠭᠡ᠂ ᠰᠢᠲᠠᠷ᠎ᠠ ᠶᠢᠨ ᠲᠠᠰᠤᠭ᠂ ᠡᠶᠡᠳᠡᠭᠦᠯᠬᠦ ᠲᠠᠰᠤᠭ᠂ ᠬᠡᠷᠡᠭ ᠵᠥᠪᠯᠡᠵᠦ ᠵᠥᠪᠳᠡᠯᠴᠡᠬᠦ ᠲᠠᠰᠤᠭ ᠵᠡᠷᠭᠡ N ᠴᠢᠳᠠᠮᠵᠢ ᠲᠠᠢ ᠲᠣᠭᠤᠷᠢᠭ ᠢ ᠢᠵᠢ ᠪᠥᠷᠢᠳᠦᠭᠦᠯᠵᠦ᠂ ᠰᠠᠭᠤᠭᠠᠯᠢ ᠠᠷᠠᠳ ᠤᠨ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠵᠤ᠂ ᠵᠢᠭᠰᠠᠭᠠᠯ ᠤᠨ ᠭᠠᠵᠠᠷ ᠤᠨ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠥᠷᠭᠡᠳᠬᠡᠪᠡ᠃ ᠨᠠᠮ ᠪᠠ ᠣᠯᠠᠨ ᠲᠦᠮᠡᠨ ᠤ ᠲᠥᠪ ᠢ ᠰᠢᠨᠡᠳᠬᠡᠨ ᠲᠠᠰ ᠳᠡᠪᠰᠢᠭᠦᠯᠦᠭᠰᠡᠨ ᠠᠴᠠ ᠨᠠᠭᠠᠰᠢ᠂ ᠡᠷᠬᠢᠨ ᠲᠣᠭᠤᠷᠢᠨ ᠤ ᠨᠠᠮ ᠤᠨ ᠭᠡᠰᠢᠭᠦᠨ᠂ ᠣᠯᠠᠨ ᠲᠦᠮᠡᠨ ᠤ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠤ᠂ ︽ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠶᠠᠩ ᠪᠠᠯᠭᠠᠰᠤ ᠰᠤᠮᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ ᠬᠤᠶᠠᠳᠤᠭᠠᠷ ᠳᠡᠰ ᠤᠨ ᠰᠣᠶᠣᠯ ᠤᠨ ᠥᠷᠲᠡᠭᠡ︾ ᠪᠠ ︽ᠪᠤᠭᠤᠲᠤ ᠬᠤᠲᠠ ᠶᠢᠨ 2024 ᠣᠨ ᠤ ᠬᠤᠲᠠ ᠶᠢᠨ ᠲᠠᠰ ᠤᠨ ᠬᠡᠪ ᠳᠠᠭᠤᠷᠢᠶᠠᠯ ᠤᠨ ᠬᠡᠯᠪᠡᠷᠢ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ︾ ᠤᠨ ᠢᠷᠠᠭᠤ ᠠᠯᠳᠠᠷ ᠢ ᠭᠥᠷᠳᠡᠵᠦ᠂ ᠰᠠᠷ᠎ᠠ ᠶᠢᠨ ᠳᠤᠮᠳᠠᠴᠢ ᠠᠵᠢᠯᠯᠠᠭᠠᠨ ᠤ ᠲᠠᠯᠠᠪᠠᠶ 20 ᠭᠠᠷᠤᠶ ᠲᠠᠯᠠᠪᠠᠶ ᠳᠤ ᠬᠦᠷᠴᠦ᠂ ᠰᠠᠷ᠎ᠠ ᠶᠢᠨ ᠳᠤᠮᠳᠠᠴᠢ ᠪᠠᠷ 300 ᠭᠠᠷᠤᠶ ᠬᠥᠮᠦᠨ ᠤᠳᠠᠭ᠎ᠠ ᠳᠤ ᠦᠢᠯᠡᠴᠢᠯᠡᠪᠡ᠃        ᠬᠥᠷᠰᠢ ᠵᠡᠷᠭᠡᠯᠡᠳᠡᠭᠡ ᠶᠢᠨ ᠬᠦᠴᠦᠨ ᠢ ᠲᠥᠪᠯᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ︽ᠬᠥᠷᠰᠢ ᠵᠡᠷᠭᠡᠯᠡᠳᠡᠭᠡ︾ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ        ᠬᠠᠮᠲᠤ ᠪᠠᠷ ᠰᠠᠭᠤᠵᠤ ᠬᠠᠮᠲᠤ ᠪᠠᠷ ᠪᠠᠶᠢᠭᠤᠯᠬᠤ ᠬᠦᠴᠦᠨ ᠢ ᠨᠢᠭᠲᠠᠷᠠᠭᠤᠯᠪᠠ᠃ ᠨᠡᠶᠢᠭᠡᠮ ᠲᠣᠭᠤᠷᠢᠭ ᠤᠨ ᠨᠠᠮ ᠤᠨ ᠡᠭᠦᠷ ︽ᠦᠢᠯᠡᠴᠢᠯᠡᠭᠡ ᠪᠣᠯ ᠬᠠᠮᠤᠭ ᠤᠨ ᠰᠠᠶᠢᠨ ᠵᠠᠰᠠᠯᠲᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠪᠠ᠃ ︽ᠯᠦ ᠴᠧᠩ ᠶᠢᠨ ᠬᠤᠰᠢᠭᠤᠴᠢ︾ ᠭᠡᠬᠦ ᠡᠨᠡ ᠬᠦ ᠲᠠᠪᠴᠠᠩ ᠳᠤ ᠲᠦᠰᠢᠭᠯᠡᠨ᠂ ᠡᠬᠢ ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠬᠤᠶᠠᠷ ᠢ ᠨᠡᠷ᠎ᠡ ᠮᠡᠳᠡᠭᠦᠯᠬᠦ᠂ ᠬᠤᠶᠠᠷ ᠢ ᠦᠢᠯᠡᠴᠢᠯᠡᠬᠦ᠂ ᠬᠤᠶᠠᠷ ᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ︽ᠰᠠᠭᠤᠭᠠᠯᠢ ᠠᠷᠠᠳ ᠳᠤᠷᠠᠳᠬᠤ᠂ ᠨᠠᠮ ᠤᠨ ᠭᠡᠰᠢᠭᠦᠨ ᠡᠷᠢᠬᠦ᠂ ᠨᠡᠶᠢᠭᠡᠮ ᠲᠣᠭᠤᠷᠢᠭ ᠠᠴᠠ ᠪᠠᠶᠢᠴᠠᠭᠠᠬᠤ︾ ᠪᠠᠷ ᠳᠠᠮᠵᠢᠭᠤᠯᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠳᠤᠮᠳᠠᠬᠢ ᠵᠢᠵᠢᠭ ᠰᠠᠵᠢᠭ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠪᠡ᠃ ᠨᠡᠶᠢᠭᠡᠮ ᠤᠨ ᠬᠦᠴᠦᠨ ᠢ ᠥᠷᠭᠡᠨ ᠢᠶᠠᠷ ᠲᠥᠪᠯᠡᠷᠡᠭᠦᠯᠪᠡ᠃ ︽ᠬᠤᠪᠢᠰᠬᠠᠯ ᠤᠨ ᠡᠨᠧᠷᠭᠢ ᠬᠠᠳᠠᠭᠠᠯᠠᠬᠤ ᠥᠷᠲᠡᠭᠡ︾ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠲᠠᠰ ᠳᠡᠪᠰᠢᠭᠦᠯᠵᠦ᠂ ᠪᠠᠴᠢᠮ ᠪᠠᠶᠢᠳᠠᠯ ᠢ ᠠᠷᠠᠭᠴᠠᠭᠠᠬᠬᠤ ᠡᠮ ᠤᠨ ᠬᠠᠶᠢᠷᠴᠠᠭ᠂ ᠠᠷᠠᠳ ᠲᠤ ᠲᠥᠬᠦᠮ ᠦᠵᠡᠭᠦᠯᠬᠦ ᠡᠮᠴᠢᠯᠡᠭᠡᠨ ᠤ ᠪᠠᠭᠠᠵᠢ ᠬᠡᠷᠡᠭᠰᠡᠯ᠂ ᠰᠡᠯᠪᠢᠨ ᠵᠠᠰᠠᠬᠤ ᠪᠠᠭᠠᠵᠢ ᠬᠡᠷᠡᠭᠰᠡᠯ ᠤᠨ ᠬᠠᠶᠢᠷᠴᠠᠭ᠂ ᠬᠠᠶᠢᠷ᠎ᠠ ᠬᠠᠯᠠᠮᠵᠢ ᠶᠢᠨ ᠪᠣᠷᠣᠭᠠᠨ ᠤ ᠬᠡᠷᠡᠭᠰᠡᠯ᠂ ᠬᠥᠯ ᠠᠮᠠᠷᠠᠵᠤ ᠴᠠᠬᠢᠯᠭᠠᠨ ᠴᠡᠨᠡᠭᠯᠡᠬᠦ᠂ ᠦᠨ᠎ᠡ ᠲᠥᠯᠥᠪᠦᠷᠢ ᠥᠬᠡᠶ ᠪᠠᠷ WIFI ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠲᠥᠷᠥᠯ ᠵᠦᠢᠯ ᠢ ᠳᠣᠭᠢᠷᠠᠭᠤᠯᠤᠨ᠂ ᠬᠡᠷ ᠤᠨ ᠭᠠᠳᠠᠨᠠᠬᠢ ᠬᠥᠳᠡᠯᠮᠦᠷᠢᠴᠢᠳ ᠤᠨ ︽ᠠᠮᠠᠷᠠᠬᠤ ᠳᠤ ᠤᠩᠰᠢᠬᠤ ᠨᠣᠮ᠂ ᠤᠮᠳᠠᠭᠠᠰᠬᠤ ᠳᠤ  ᠤᠤᠭᠤᠬᠤ ᠤᠰᠤ ᠲᠠᠢ᠂ ᠬᠠᠯᠠᠪᠠᠯ ᠰᠡᠷᠢᠭᠦᠴᠡᠬᠦ ᠭᠠᠵᠠᠷ ᠲᠠᠢ᠂ ᠳᠠᠭᠠᠷᠠᠪᠠᠯ ᠳᠤᠯᠠᠭᠠᠴᠠᠬᠤ ᠭᠠᠵᠠᠷ ᠲᠠᠢ︾ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠥᠬᠦᠶ ᠰᠢᠨ᠎ᠡ ᠠᠵᠢᠯ ᠣᠯᠤᠭᠰᠠᠨ ᠬᠥᠮᠦᠰ ᠤᠨ ︽ᠬᠥᠭᠵᠢᠶᠡᠨᠲᠡᠶ ᠬᠠᠮᠲᠤᠯᠢᠭ︾ ᠪᠣᠯᠬᠤ ᠶᠢ ᠨᠡᠶᠢᠭᠡᠮ ᠲᠣᠭᠤᠷᠢᠭ ᠤᠨ ᠵᠠᠰᠠᠯᠲᠠ ᠶᠢᠨ ︽ᠬᠤᠪᠢᠰᠬᠠᠯᠲᠤ ᠬᠠᠪᠰᠤᠷᠤᠭᠴᠢ ︾ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠵᠤ᠂ ︽ᠬᠤᠣᠰ ᠴᠢᠭᠯᠡᠯ ᠢᠶᠠᠷ ᠴᠢᠷᠮᠠᠶᠢᠬᠤ︾ ᠦᠨᠳᠦᠰᠦᠨ ᠱᠠᠲᠤᠨ ᠤ ᠵᠠᠰᠠᠯᠲᠠ ᠶᠢᠨ ᠬᠠᠮᠲᠤ ᠶᠢᠨ ᠴᠣᠭᠴᠠ ᠶᠢ ᠪᠣᠶ ᠪᠣᠯᠭᠠᠪᠠ᠃ ᠬᠡᠷᠡᠭ ᠵᠥᠪᠯᠡᠬᠦ ᠲᠠᠪᠴᠠᠩ ᠢ ᠰᠠᠶᠢᠲᠤᠷ ᠬᠡᠷᠡᠭᠯᠡᠪᠡ᠃ ︽ᠭᠤᠷᠪᠠᠨ ᠲᠠᠯ᠎ᠠ ᠶᠢᠨ ᠬᠠᠮᠲᠤᠷᠠᠭᠰᠠᠨ ᠬᠤᠷᠠᠯ︾ ᠢ 10 ᠭᠠᠷᠤᠢ ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠣᠷᠵᠢᠯ ᠤᠨ ᠵᠥᠪᠯᠡᠯᠭᠡᠨ ᠤ ᠬᠤᠷᠠᠯ ᠢ 80 ᠭᠠᠷᠤᠢ ᠤᠳᠠᠭ᠎ᠠ᠂ ᠰᠠᠨᠳᠠᠯᠢ ᠶᠢᠨ ᠵᠥᠪᠯᠡᠯᠭᠡᠨ ᠤ ᠬᠤᠷᠠᠯ ᠢ 7 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠡᠶᠢᠲᠡ ᠶᠢᠨ ᠮᠠᠰᠢᠨ ᠲᠡᠷᠭᠡᠨ ᠤ ᠦᠷᠳᠡᠭᠡ ᠪᠠᠶᠢᠭᠤᠯᠬᠤ᠂ ᠵᠠᠮ ᠤᠨ ᠳ᠋ᠧᠩ ᠭᠡᠷᠡᠯᠲᠦᠬᠦ ᠦᠭᠡᠢ᠂ ᠭᠡᠷ ᠤᠨ ᠣᠷᠣᠢ ᠤᠰᠤ ᠭᠤᠭᠤᠵᠢᠬᠤ ᠵᠡᠷᠭᠡ 110 ᠭᠠᠷᠤᠢ ᠬᠤᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠤᠯᠠᠨ ᠲᠦᠮᠡᠨ ᠲᠤᠬᠠᠢ ᠶᠢᠨ ᠲᠠᠯᠠᠪᠠᠢ ᠳᠤ ︽ᠰᠡᠳᠦᠪ ᠭᠠᠷᠭᠠᠬᠤ︾ ᠂ ᠺᠠᠳ᠋ᠷ ᠨᠢᠭᠤᠷᠳᠠᠨ ︽ᠬᠠᠷᠢᠭᠤᠯᠲᠠ ᠥᠭᠬᠦ︾ ᠶᠢ ᠪᠡᠶᠡᠯᠡᠭᠦᠯᠵᠦ ᠂ ᠶᠠᠪᠤᠳᠠᠯ ᠪᠦᠬᠦᠨ ᠳᠤ ᠬᠠᠷᠢᠭᠤ ᠲᠤᠰᠬᠠᠯ ᠲᠠᠢ ᠪᠠᠶᠢᠬᠤ ᠶᠢ ᠪᠡᠶᠡᠯᠡᠭᠦᠯᠪᠡ᠃        ᠬᠥᠷᠰᠢ ᠵᠡᠷᠭᠡᠯᠡᠳᠡᠭᠡ ᠶᠢᠨ ᠰᠡᠳᠬᠢᠯᠭᠡ ᠶᠢ ᠲᠥᠪᠯᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ︽ᠬᠥᠷᠰᠢ ᠵᠡᠷᠭᠡᠯᠡᠳᠡᠭᠡ︾ ᠶᠢᠨ ᠡᠨᠧᠷᠭᠢ ᠶᠢ ᠬᠥᠭᠵᠢᠭᠡᠨ᠎ᠡ        ᠨᠠᠮ ᠤᠨ ᠭᠡᠰᠢᠭᠦᠨ ᠤ ᠪᠡᠶ᠎ᠡ ᠶᠢᠨ ᠭᠠᠷᠤᠯ ᠤᠨ ᠫᠠᠢᠰᠠ ᠶᠢ ᠭᠡᠷᠡᠯᠲᠦᠭᠦᠯᠪᠡ᠃ ᠨᠡᠶᠢᠭᠡᠮ ᠲᠣᠭᠤᠷᠢᠭ ᠤᠨ ᠨᠠᠮ ᠤᠨ ᠡᠭᠦᠷ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠢᠶᠠᠨ ᠢᠳᠡᠪᠬᠢᠲᠡᠢ ᠭᠦᠢᠴᠡᠳᠬᠡᠵᠦ᠂ ᠨᠠᠮ ᠤᠨ ᠭᠡᠰᠢᠭᠦᠨ ᠤ ᠰᠦᠯᠳᠡ ᠲᠡᠮᠳᠡᠭ ᠢᠶᠠᠨ ᠵᠡᠭᠦᠵᠦ᠂ ︽ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ︾ ᠶᠢᠨ ᠫᠠᠶᠢᠰᠠ ᠡᠯᠭᠦᠵᠦ᠂ ᠪᠡᠶ᠎ᠡ ᠶᠢᠨ ᠭᠠᠷᠤᠯ ᠢᠶᠠᠨ ᠢᠯᠡ ᠪᠠᠷ ᠲᠣᠳᠣᠷᠬᠠᠶᠢᠯᠠᠵᠤ᠂ ᠠᠵᠢᠯᠳᠠᠨ ᠠᠵᠢᠯᠴᠢᠨ ᠤᠯᠠᠨ ᠲᠦᠮᠡᠨ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠶᠢᠨ ᠬᠠᠮᠲᠤ 10 ᠨᠡᠷᠡᠰ ᠲᠤᠰᠢᠶᠠᠯ ᠦᠭᠡᠢ ᠨᠠᠮ ᠤᠨ ᠭᠡᠰᠢᠭᠦᠨ ᠳᠤ ᠠᠵᠢᠯ ᠤᠨ ᠪᠠᠶᠢᠷᠢ ᠭᠠᠷᠭᠠᠨ ᠲᠤᠰᠢᠶᠠᠯ ᠲᠣᠭᠲᠠᠭᠠᠵᠤ᠂ 200 ᠭᠠᠷᠤᠢ ᠨᠡᠷᠡᠰ ᠠᠵᠢᠯ ᠤᠨ ᠪᠠᠶᠢᠷᠢ ᠳᠤ ᠪᠠᠶᠢᠭ᠎ᠠ ᠨᠠᠮ ᠤᠨ ᠭᠡᠰᠢᠭᠦᠳ ᠢ ᠳᠠᠶᠢᠴᠢᠯᠠᠨ ︽ᠪᠡᠶ᠎ᠡ ᠶᠢᠨ ᠭᠠᠷᠤᠯ ᠢ ᠨᠢ ᠲᠣᠳᠣᠷᠠᠭᠤᠯᠵᠤ︾᠂ ᠤᠯᠠᠨ ᠲᠦᠮᠡᠨ ᠤ ᠳᠡᠷᠭᠡᠳᠡ ᠭᠦᠨᠵᠡᠭᠡᠶᠢᠷᠡᠨ ᠭᠤᠮᠣᠳᠠᠯ ᠱᠠᠭᠠᠷᠳᠠᠯᠭ᠎ᠠ ᠪᠠ ᠰᠠᠨᠠᠯ ᠰᠠᠨᠠᠭᠤᠯᠭ᠎ᠠ ᠶᠢ 30 ᠭᠠᠷᠤᠢ ᠵᠤᠷᠪᠤᠰ ᠴᠤᠭᠯᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ 80 ᠭᠠᠷᠤᠢ ᠤᠳᠠᠭ᠎ᠠ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠤᠯᠠᠨ ᠲᠦᠮᠡᠨ ᠤ ᠰᠡᠳᠬᠢᠯ ᠳᠤ ᠦᠨᠡᠨ ᠬᠦ ᠬᠦᠷᠭᠡᠪᠡ᠃ ᠰᠠᠶᠢᠨ ᠳᠤᠷ᠎ᠠ ᠶᠢᠨ ᠠᠵᠢᠯᠯᠠᠭᠴᠢ ᠶᠢᠨ ᠦᠢᠯᠡᠳᠦᠯ ᠢ ᠪᠠᠳᠠᠷᠠᠭᠤᠯᠪᠠ᠃ ᠨᠡᠶᠢᠭᠡᠮ ᠲᠣᠭᠤᠷᠢᠭ ᠤᠨ ᠨᠠᠮ ᠤᠨ ᠡᠭᠦᠷ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠪᠠᠭ᠎ᠠ ᠠᠩᠬᠢ᠂ ᠵᠢᠷᠭᠤᠭᠠᠨ ᠤᠯᠠᠭᠠᠨ ᠡᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠭᠰᠠᠨ ︽ᠬᠥᠷᠰᠢ ᠵᠡᠷᠭᠡᠯᠡᠳᠡᠭᠡ︾ ᠶᠢᠨ ᠵᠠᠭᠪᠤᠷ ᠢ ᠪᠦᠷᠢᠯᠳᠦᠭᠦᠯᠵᠦ᠂ ︽ᠨᠠᠰᠤ ᠪᠠᠭ᠎ᠠ ᠨᠢ ᠨᠠᠰᠤ ᠠᠬᠠᠮᠠᠳ ᠢᠶᠠᠨ ᠬᠠᠪᠰᠤᠷᠬᠤ᠂ ᠨᠠᠮ ᠤᠨ ᠭᠡᠰᠢᠭᠦᠳ ᠤᠯᠠᠨ ᠲᠦᠮᠡᠨ ᠢ ᠬᠠᠪᠰᠤᠷᠬᠤ︾ ᠬᠠᠷᠢᠯᠴᠠᠨ ᠬᠠᠪᠰᠤᠷᠤᠯᠴᠠᠬᠤ ᠬᠡᠯᠪᠡᠷᠢ ᠪᠠᠷ 90 ᠭᠠᠷᠤᠢ ᠵᠠᠰᠠᠯᠲᠠ ᠶᠢ ᠲᠠᠶᠢᠴᠢᠯᠠᠭᠴᠢ ᠶᠢ ᠲᠠᠶᠢᠴᠢᠯᠠᠨ ᠨᠡᠶᠢᠭᠡᠮ ᠲᠣᠭᠤᠷᠢᠭ ᠤᠨ ᠥᠪᠡᠷᠲᠡᠭᠡᠨ ᠵᠠᠰᠠᠬᠤ ᠪᠠ ᠬᠠᠮᠲᠤᠪᠠᠷ ᠵᠠᠰᠠᠬᠤ ᠳᠤ ᠣᠷᠣᠯᠴᠠᠭᠤᠯᠪᠠ᠃ ᠨᠢᠭᠡᠴᠢ ᠶᠢᠨ ᠳᠠᠷᠤᠭ᠎ᠠ ᠶᠢᠨ ᠬᠥᠳᠡᠯᠭᠡᠬᠦ ᠬᠦᠴᠦᠨ ᠢ ᠬᠥᠭᠵᠢᠭᠡᠪᠡ᠃ ᠨᠢᠭᠡᠴᠢ ᠶᠢᠨ ᠳᠠᠷᠤᠭ᠎ᠠ ᠶᠢᠨ ᠥᠷᠭᠦᠯᠵᠢᠯᠡᠬᠦᠶᠢᠴᠡ ᠬᠥᠭᠵᠢᠯᠲᠡ ᠳᠤ ᠰᠠᠭᠤᠷᠢᠯᠠᠨ᠂ ᠢᠷᠠᠭᠤ ᠠᠯᠳᠠᠷ ᠤᠨ ᠬᠠᠯᠠᠮᠵᠢᠯᠠᠯ᠂ ᠬᠠᠶᠢᠷ᠎ᠠ ᠰᠡᠳᠬᠢᠯᠭᠡ ᠶᠢᠨ ᠬᠠᠯᠠᠮᠵᠢᠯᠠᠯ᠂ ᠬᠠᠪᠰᠤᠷᠤᠨ ᠲᠡᠳᠬᠦᠬᠦ ᠬᠠᠯᠠᠮᠵᠢᠯᠠᠯ᠂ ᠪᠣᠳᠠᠰ ᠤᠨ ᠬᠠᠯᠠᠮᠵᠢᠯᠠᠯ ᠵᠡᠷᠭᠡ ︽ᠳᠥᠷᠪᠡᠨ ᠬᠠᠯᠠᠮᠵᠢᠯᠠᠯ︾ ᠢ ᠪᠠᠷᠢᠮᠲᠠᠯᠠᠵᠤ᠂ ᠨᠢᠭᠡᠴᠢ ᠶᠢᠨ ᠳᠠᠷᠤᠭ᠎ᠠ ᠶᠢᠨ ᠠᠵᠢᠯ ᠳᠤ ᠣᠷᠣᠯᠴᠠᠬᠤ ᠢᠳᠡᠪᠬᠢᠵᠢᠯ ᠢ ᠪᠦᠲᠦᠮᠵᠢᠲᠡᠶ ᠳᠠᠶᠢᠴᠢᠯᠠᠪᠠ᠃ ᠨᠢᠭᠡᠴᠢ ᠶᠢᠨ ᠳᠠᠷᠤᠭ᠎ᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠤᠷᠢᠵᠤ ᠨᠡᠶᠢᠭᠡᠮ ᠲᠣᠭᠤᠷᠢᠭ ᠤᠨ ᠬᠤᠷᠠᠯ ᠳᠡᠭᠡᠷ᠎ᠡ ᠰᠡᠳᠭᠢᠭᠳᠡᠯ ᠲᠥᠷᠥᠭᠳᠡᠯ ᠶᠠᠷᠢᠭᠤᠯᠵᠤ᠂ ᠨᠢᠭᠡᠴᠢ ᠶᠢᠨ ᠳᠠᠷᠤᠭ᠎ᠠ ᠶᠢᠨ ᠬᠠᠷᠢᠶᠠᠯᠠᠭᠳᠠᠬᠤ ᠰᠡᠳᠭᠢᠯᠭᠡ᠂ ᠢᠷᠠᠭᠤ ᠠᠯᠳᠠᠷ ᠤᠨ ᠰᠡᠳᠭᠢᠯᠭᠡ ᠶᠢ ᠨᠡᠮᠡᠭᠳᠡᠭᠦᠯᠦᠨ᠂ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠣᠷᠣᠯᠴᠠᠬᠤ᠂ ᠰᠠᠶᠢᠨ ᠳᠤᠷ᠎ᠠ ᠶᠢᠨ ᠦᠢᠯᠡᠴᠢᠯᠡᠭᠡ᠂ ᠬᠡᠷᠡᠭ ᠵᠥᠪᠯᠡᠵᠦ ᠵᠥᠪᠳᠡᠯᠴᠡᠬᠦ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠵᠣᠬᠢᠴᠠᠭᠤᠯᠤᠨ ᠰᠢᠢᠳᠪᠦᠷᠢᠯᠡᠬᠦ ᠵᠡᠷᠭᠡ ᠠᠵᠢᠯ ᠤᠨ ᠪᠠᠶᠢᠳᠠᠯ ᠢ ᠦᠨᠳᠦᠰᠦᠯᠡᠨ᠂ ︽ᠰᠢᠯᠢᠳᠡᠭ ᠨᠢᠭᠡᠴᠢ  ᠶᠢᠨ ᠳᠠᠷᠤᠭ᠎ᠠ︾ ᠶᠢ ᠰᠢᠯᠭᠠᠷᠠᠭᠤᠯᠵᠤ᠂ ᠢᠷᠠᠭᠤ ᠠᠯᠳᠠᠷ ᠤᠨ ᠦᠨᠡᠮᠯᠡᠯ ᠣᠯᠭᠤᠬᠤ ᠶᠢᠨ ᠬᠠᠮᠲᠤ ᠰᠢᠯᠭᠠᠷᠠᠭᠤᠯᠵᠤ ᠭᠠᠷᠭᠠᠭᠰᠠᠨ ᠨᠢᠭᠡᠴᠢ  ᠶᠢᠨ ᠳᠠᠷᠤᠭ᠎ᠠ ᠶᠢ ᠨᠡᠶᠢᠭᠡᠮ ᠲᠣᠭᠤᠷᠢᠭ ᠲᠤ ᠤᠬᠠᠭᠤᠯᠤᠨ ᠳᠡᠯᠭᠡᠷᠡᠭᠦᠯᠵᠦ᠂ ︽ᠨᠢᠭᠡᠴᠢ ᠶᠢᠨ ᠳᠠᠷᠤᠭ᠎ᠠ︾ ᠶᠢᠨ ᠠᠵᠢᠯ ᠬᠢᠵᠦ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ ᠦᠨᠡᠨ ᠬᠦ ᠬᠥᠭᠵᠢᠭᠡᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号