2024 ᠣᠨ ᠤ 12 ᠳ᠋ᠤᠭᠠᠷ ᠰᠠᠷ᠎ᠠ ᠶᠢᠨ 23 — 24 ᠤ ᠡᠳᠦᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 2024 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯᠲᠠᠨ ᠤ | ᠠᠵᠢᠯ ᠤᠨ ᠪᠠᠶᠢᠷᠢ ᠶᠢᠨ ᠪᠣᠯᠪᠠᠰᠤᠷᠠᠯ ᠥᠷᠨᠢᠭᠦᠯᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ | ᠨᠢᠯᠬᠠᠰ ᠤᠨ ᠡᠷᠡᠭᠦᠯᠵᠢᠯ ᠤᠨ ᠬᠤᠷᠢᠶ᠎ᠠ ᠳᠤ ᠶᠠᠪᠤᠭᠳᠠᠪᠠ᠃ ᠰᠢᠭᠤᠶᠢᠲᠤ ᠲᠣᠭᠤᠷᠢᠭ ᠤᠨ ᠵᠢᠪᠬᠤᠯᠠᠩᠲᠤ ᠰᠣᠮᠣ ᠶᠢᠨ | ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠰᠢᠤᠸᠠᠢ ᠵᠢᠶᠤᠤ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠂ | ᠰᠦᠯᠵᠢᠶᠡᠨ ᠳᠡᠭᠡᠷᠡᠬᠢ ᠶᠡᠷᠦᠩᠬᠡᠶᠢᠯᠡᠭᠰᠡᠨ ᠮᠡᠳᠡᠯᠭᠡ ᠶᠢᠨ ᠪᠢᠷ ᠤᠨ ᠰᠢᠯᠭᠠᠯᠲᠠ᠂ ᠶᠡᠷᠦᠩᠬᠡᠶᠢᠯᠡᠭᠰᠡᠨ ᠮᠡᠳᠡᠯᠭᠡ ᠶᠢᠨ | ᠤᠷᠤᠯᠳᠤᠭᠠᠨ ᠵᠢᠴᠢ ᠤᠷ᠎ᠠ ᠴᠢᠳᠠᠪᠤᠷᠢ ᠶᠢᠨ ᠤᠷᠤᠯᠳᠤᠭᠠᠨ ᠵᠡᠷᠭᠡ ᠭᠤᠷᠪᠠᠨ ᠭᠤᠭᠴᠤᠭ᠎ᠠ ᠪᠠᠷ ᠳᠡᠮᠵᠢᠨ᠂ ᠰᠢᠤᠸᠠᠢ | ᠵᠢᠶᠤᠤ ᠡᠯ᠎ᠡ ᠠᠶᠢᠮᠠᠭ ᠬᠤᠲᠠ ᠶᠢᠨ 12 ᠤᠷᠤᠯᠳᠤᠭᠠᠨ ᠳᠤ ᠣᠷᠣᠯᠴᠠᠭᠰᠠᠨ ᠡᠩᠨᠡᠭᠡ ᠠᠴᠠ ᠴᠣᠯᠭᠤᠷᠠᠨ ᠭᠠᠷᠴᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠠᠵᠢᠯᠲᠠᠨ ᠤ ᠠᠵᠢᠯ ᠤᠨ ᠪᠠᠶᠢᠷᠢ ᠶᠢᠨ ᠪᠣᠯᠪᠠᠰᠤᠷᠠᠯ ᠤᠨ ᠠᠵᠢᠯᠯᠠᠭ᠎ᠠ ᠶᠢᠨ ᠣᠨ ᠤ ᠤᠷᠤᠯᠳᠤᠭᠠᠨ ᠤ | ᠰᠤᠪᠢᠯᠠᠭᠴᠢ ᠶᠢᠨ ᠳᠤᠭᠤᠶᠢᠯᠠᠩ ᠤᠨ ᠬᠤᠪᠢ ᠬᠥᠮᠦᠨ ᠤ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ 12 ᠡᠩᠨᠡᠭᠡ ᠲᠣᠰ ᠤᠳᠠᠭᠠᠨ ᠤ ᠠᠵᠢᠯᠯᠠᠭ᠎ᠠ ᠳᠤ | ᠣᠷᠣᠯᠴᠠᠪᠠ᠂ ᠡᠭᠦᠨ ᠳᠤ ᠰᠤᠪᠢᠯᠠᠯᠲᠠ ᠶᠢᠨ ᠳᠤᠭᠤᠶᠢᠯᠠᠩ ᠨᠡᠶᠢᠲᠡ 48 ᠬᠥᠮᠦᠨ ᠣᠷᠣᠯᠴᠠᠵᠤ᠂ ᠰᠢᠭᠤᠶᠢᠲᠤ | ᠲᠣᠭᠤᠷᠢᠭ ᠤᠨ ᠰᠤᠪᠢᠯᠠᠯᠲᠠ ᠶᠢᠨ ᠳᠤᠭᠤᠶᠢᠯᠠᠩ ᠤᠨ ᠬᠤᠪᠢ ᠬᠥᠮᠦᠨ ᠨᠢᠭᠡᠳᠦᠭᠡᠷ ᠳᠡᠰ ᠤᠨ ᠱᠠᠩᠨᠠᠯ ᠭᠥᠷᠳᠡᠪᠡ᠃ | | |