ᠰᠢᠭᠤᠶᠢᠲᠤ ᠲᠣᠭᠤᠷᠢᠭ᠄ ᠬᠤᠲᠠ ᠶᠢᠨ ᠠᠮᠢᠵᠢᠷᠠᠯ ᠤᠨ ᠬᠦᠴᠦᠨ ᠣᠷᠭᠢᠯᠣᠨ ᠪᠠᠳᠠᠷᠠᠵᠤ ᠬᠡᠷᠡᠭᠯᠡᠭᠡ ᠶᠢᠨ ︽ᠬᠠᠯᠠᠮᠰᠢᠯ︾ ᠤᠨ ᠪᠠᠶᠢᠳᠠᠯ ᠢ ᠵᠢᠷᠤᠭᠯᠠᠨ᠎ᠠ
ᠨᠡᠶᠢᠲᠡᠯᠡᠭᠰᠡᠨ ᠴᠠᠭ᠄
2024/12/30
        2024 ᠣᠨ ᠳᠤ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠪᠣᠯ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠮᠤᠭ ᠤᠨ ᠬᠠᠯᠠᠮᠰᠢᠯ ᠵᠠᠩᠭᠢᠯᠠᠭ᠎ᠠ ᠶᠢᠨ ᠦᠭᠡ ᠪᠣᠯᠬᠤ ᠪᠥᠭᠡᠳ ᠪᠠᠰᠠ ᠴᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠬᠡᠷᠡᠭᠯᠡᠭᠡᠨ ᠤ ᠨᠡᠮᠡᠭᠳᠡᠯ ᠢ ᠠᠬᠢᠭᠤᠯᠬᠤ ᠵᠠᠩᠭᠢᠯᠠᠭ᠎ᠠ ᠶᠢᠨ ᠬᠥᠳᠡᠯᠭᠡᠬᠦ ᠬᠦᠴᠦᠨ ᠤ ᠨᠢᠭᠡ ᠪᠣᠯᠬᠤ ᠨᠢ ᠳᠠᠮᠵᠢᠭ ᠦᠭᠡᠢ ᠶᠤᠮ᠃ ︽ᠬᠠᠭᠤᠴᠢᠨ ᠢᠶᠠᠷ ᠰᠢᠨ᠎ᠡ ᠶᠢ ᠰᠣᠯᠢᠬᠤ︾ ᠬᠠᠯᠠᠮᠰᠢᠯ ᠪᠣᠯ ᠣᠳᠣᠬᠠᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠤᠯᠠᠭᠠᠷᠠᠯ ᠤᠨ ᠬᠤᠷᠢᠶᠠᠩᠭᠤᠶᠢᠯᠠᠯ ᠮᠥᠨ᠂ ︽ᠵᠢᠩᠬᠢᠨᠢ ᠠᠯᠲᠠ ᠮᠥᠩᠭᠦ︾ ᠰᠢᠭᠤᠳ ᠬᠡᠷᠡᠭᠯᠡᠬᠦ ᠶᠢ ᠳᠠᠭᠠᠯᠳᠤᠨ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ︽ᠬᠠᠪᠤᠷ ᠤᠨ ᠤᠰᠤ︾ ᠶᠢ ᠬᠥᠭᠵᠢᠭᠡᠪᠡ᠃        ᠲᠦᠷᠦᠭᠦᠬᠡᠨ᠂ ᠰᠢᠭᠤᠶᠢᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠬᠤ ᠲᠣᠪᠴᠢᠶ᠎ᠠ ᠠᠴᠠ ᠳ᠋ᠠ ᠹᠠ ᠵᠡᠭᠡᠯᠢ ᠭᠤᠳᠤᠮᠵᠢ ᠶᠢᠨ ᠰᠢᠭᠤᠶᠢᠲᠤ ᠨᠡᠶᠢᠭᠡᠮ ᠲᠣᠭᠤᠷᠢᠭ ᠪᠠ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠲᠠᠢ ᠬᠠᠮᠲᠤᠷᠠᠨ ᠬᠠᠷᠢᠶ᠎ᠠ ᠣᠷᠣᠨ ᠤ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠵᠤ ᠪᠣᠷᠣᠯᠠᠭᠤᠯᠬᠤ ᠠᠵᠤ ᠠᠬᠤᠶᠢᠯᠠᠯ ᠤᠨ ᠪᠤᠭᠤᠲᠤ ᠬᠤᠲᠠ ᠶᠢᠨ ᠰᠢᠩ ᠶᠤᠸᠠᠨ ᠠᠷᠠᠯᠵᠢᠶᠠᠨ ᠤ ᠬᠢᠵᠠᠭᠠᠷᠲᠤ ᠺᠣᠮᠫᠠᠨᠢ ᠲᠠᠢ ᠭᠠᠷ ᠬᠤᠯᠪᠣᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠢᠴᠢ ᠲᠣᠰᠣ ᠤᠲᠤᠭᠠᠨ ᠤ ᠮᠠᠰᠢᠨ ᠢ ᠰᠦᠢᠳᠬᠡᠯ ᠬᠤᠷᠢᠶᠠᠬᠤ ᠥᠬᠡᠶ ᠪᠠᠷ ᠤᠬᠢᠶᠠᠨ ᠴᠡᠪᠡᠷᠯᠡᠬᠦ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠴᠦ᠂ ᠥᠷᠭᠡᠨ ᠣᠯᠠᠨ ᠰᠠᠭᠤᠭᠠᠯᠢ ᠠᠷᠠᠳ ᠲᠤ ᠪᠣᠳᠠᠲᠤ ᠠᠰᠢᠭ ᠬᠦᠷᠲᠡᠭᠡᠬᠦ ᠪᠠ ᠲᠥᠬᠦᠮ ᠦᠵᠡᠭᠦᠯᠬᠦ ᠶᠢᠨ ᠬᠠᠮᠲᠤ ᠪᠠᠰᠠ ᠣᠯᠠᠨ ᠤ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠲᠠᠰᠤᠷᠠᠯᠲᠠ ᠥᠬᠡᠶ ᠬᠥᠭᠵᠢᠭᠡᠪᠡ᠃
图片12.png
        ᠲᠣᠰ ᠤᠳᠠᠭᠠᠨ ᠤ ᠠᠵᠢᠯᠯᠠᠭ᠎ᠠ ᠶᠢ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠬᠡᠯᠪᠡᠷᠢ ᠪᠠᠷ ᠥᠷᠨᠢᠭᠦᠯᠪᠡ᠃ ᠰᠦᠯᠵᠢᠶᠡᠨ ᠳᠡᠭᠡᠷ᠎ᠡ ᠸᠢᠴᠠᠲ ᠤᠨ ᠨᠡᠶᠢᠲᠡ ᠶᠢᠨ ᠲᠠᠪᠴᠠᠩ᠂ ᠨᠡᠶᠢᠭᠡᠮ ᠲᠣᠭᠤᠷᠢᠭ ᠤᠨ ᠰᠦᠯᠵᠢᠶᠡᠨ ᠤ ᠪᠦᠯᠦᠭᠯᠡᠯ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ ᠬᠠᠮᠢᠶ᠎ᠠ ᠪᠥᠬᠦᠶ ᠠᠵᠢᠯᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠦᠷᠭᠡᠵᠦ᠂ ︽ᠬᠥᠮᠦᠨ ᠪᠦᠬᠦᠨ ᠮᠡᠳᠡᠵᠦ᠂ ᠪᠥᠬᠦ ᠲᠠᠯ᠎ᠠ ᠪᠠᠷ ᠣᠷᠣᠯᠴᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ︔ ᠰᠦᠯᠵᠢᠶᠡᠨ ᠭᠠᠳᠠᠨᠠᠬᠢ ᠨᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠴᠡᠭ ᠭᠠᠷᠭᠠᠵᠤ᠂ ᠣᠯᠠᠨ ᠲᠦᠮᠡᠨ ᠲᠠᠢ ᠨᠢᠭᠤᠷᠲᠠᠨ ᠶᠠᠷᠢᠯᠴᠠᠵᠤ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ ᠮᠠᠳᠠᠭ ᠲᠠᠢ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠬᠦ ᠶᠢᠨ ᠬᠠᠮᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠲᠡᠳᠡᠨ ᠤ ᠬᠡᠷᠡᠭᠯᠡᠭᠡᠨ ᠤ ᠵᠦᠢᠯᠡᠰ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠬᠠᠷᠢᠶ᠎ᠠ ᠣᠷᠣᠨ ᠤ ᠣᠯᠠᠨ ᠲᠦᠮᠡᠨ ᠤ ᠬᠡᠷᠡᠭᠯᠡᠭᠡᠨ ᠤ ᠵᠦᠢᠯᠡᠰ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ ᠲᠠᠨᠢᠨ ᠮᠡᠳᠡᠬᠦ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃        ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠰᠢᠭᠤᠶᠢᠲᠤ ᠲᠣᠭᠤᠷᠢᠭ ᠬᠡᠷᠡᠭᠯᠡᠭᠡᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ ᠪᠠᠷ ᠭᠠᠷᠳᠠᠴᠠ ᠪᠣᠯᠭᠠᠵᠤ᠂ ᠨᠢᠭᠡ ᠪᠦᠯᠦᠭ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠪᠠ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠨᠠᠷᠢᠨ ᠬᠢᠨᠠᠮᠠᠭᠠᠶ ᠲᠥᠯᠥᠪᠯᠡᠨ ᠬᠡᠷᠡᠭᠵᠢᠭᠦᠯᠵᠦ᠂ ᠠᠷᠠᠳ ᠣᠯᠠᠨ ᠤ ᠥᠪᠡᠷᠮᠢᠴᠡ᠂ ᠣᠯᠠᠨ ᠶᠠᠩᠵᠤᠴᠢᠯᠠᠭᠰᠠᠨ᠂ ᠶᠠᠰᠤ ᠴᠢᠨᠠᠷᠵᠢᠭᠰᠠᠨ ᠬᠡᠷᠡᠭᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠠᠭᠤᠳᠠᠯᠤᠨ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠢᠭᠲᠠᠷᠠᠭᠤᠯᠪᠠ᠃
图片13.png
        5 ᠤᠳᠠᠭᠠᠨ ᠤ ︽ᠯᠧ GO ᠰᠢᠭᠤᠶᠢᠲᠤ ︾ ᠤᠨ ᠰᠢᠷᠢᠰ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠤᠯᠳᠠᠭᠤ ᠴᠢᠶ᠋ᠢᠦ ᠲᠣᠰᠣ᠂ ᠬᠡᠷ ᠤᠨ ᠴᠠᠬᠢᠯᠭᠠᠨ ᠬᠡᠷᠡᠭᠰᠡᠯ᠂ ᠢᠳᠡᠭᠡᠨ ᠤᠮᠳᠠᠭᠠᠨ᠂ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠠᠵᠢᠯ ᠲᠥᠷᠥᠯ ᠳᠤ ᠬᠤᠯᠪᠣᠭᠳᠠᠵᠤ᠂ ᠬᠡᠷᠡᠭᠯᠡᠭᠡᠨ ᠤ ᠲᠡᠮᠳᠡᠭᠲᠦ ᠨᠡᠶᠢᠲᠡ 6000 ᠬᠤᠪᠢ ᠲᠠᠷᠬᠠᠭᠠᠵᠤ᠂ ᠬᠡᠷᠡᠭᠯᠡᠭᠡᠨ ᠤ ᠵᠠᠭᠤᠨ ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠣᠨᠴᠠᠭᠠᠶᠢᠯᠠᠨ ᠪᠤᠭᠤᠲᠤ ᠬᠤᠲᠠ ᠶᠢᠨ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠪᠤᠭᠤᠲᠤ ᠬᠤᠲᠠ ᠶᠢᠨ ᠰᠢᠩ ᠶᠤᠸᠠᠨ ᠠᠷᠠᠯᠵᠢᠶᠠᠨ ᠤ ᠬᠢᠵᠠᠭᠠᠷᠲᠤ ᠺᠣᠮᠫᠠᠨᠢ ᠶᠢ ᠢᠳᠡᠪᠬᠢᠲᠡᠶ ᠪᠠᠷ ᠲᠠᠨᠢᠯᠴᠠᠭᠤᠯᠤᠨ ᠭᠤᠷᠪᠠᠳᠤᠭᠠᠷ ᠪᠦᠯᠦᠭ ᠤᠨ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠥᠭᠬᠦ ᠠᠵᠢᠯᠯᠠᠭ᠎ᠠ ᠶᠢᠨ ᠬᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ ᠠᠵᠤ ᠠᠬᠤᠶᠢᠯᠠᠯ ᠪᠣᠯᠭᠠᠨ ᠮᠡᠳᠡᠭᠦᠯᠵᠦ᠂ ᠪᠤᠭᠤᠲᠤ ᠬᠤᠲᠠ ᠶᠢᠨ ᠴᠦᠨ ᠢᠦᠶ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠵᠠᠳᠠᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠲᠠᠨᠢᠯᠴᠠᠭᠤᠯᠤᠨ ᠬᠤᠶᠠᠳᠤᠭᠠᠷ ᠪᠦᠯᠦᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠡᠭᠡᠭᠦᠯᠦᠨ ᠬᠤᠷᠢᠶᠠᠬᠤ ᠭᠤᠤᠯ ᠴᠣᠭᠴᠠ ᠪᠣᠯᠭᠠᠬᠤ ᠪᠠᠷ ᠮᠡᠳᠡᠭᠦᠯᠪᠡ᠃        ᠰᠠᠶ᠋ᠢᠬᠠᠨ ᠥᠩᠭᠡᠷᠡᠭᠰᠡᠨ ︽ᠬᠤᠣᠰ ᠠᠷᠪᠠᠨ ᠨᠢᠭᠡ︾ ︽ᠬᠤᠣᠰ ᠠᠷᠪᠠᠨ ᠬᠤᠶᠠᠷ︾ ᠤᠨ ᠬᠤᠭᠤᠴᠠᠭᠠᠨ ᠳᠤ᠂ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠠᠬᠢᠭᠤᠯᠬᠤ ᠦᠢᠯᠡᠳᠦᠯ ᠨᠢ ᠨᠡᠩ ᠢᠯᠡᠷᠬᠡᠢ ᠪᠣᠯᠵᠤ᠂ ᠰᠢᠭᠤᠶᠢᠲᠣ ᠲᠣᠭᠤᠷᠢᠭ ᠤᠨ ᠭᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ ᠠᠵᠤ ᠠᠬᠤᠶᠢᠯᠠᠯ  ᠤᠨ ᠪᠣᠷᠣᠯᠠᠭᠤᠯᠬᠤ ᠬᠡᠮᠵᠢᠶ᠎ᠡ ᠨᠢ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠢᠯᠡᠳᠲᠡ ᠳᠡᠭᠡᠭᠰᠢᠯᠡᠵᠦ᠂ ᠪᠣᠷᠣᠯᠠᠭᠤᠯᠤᠯᠲᠠ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 30% ᠠᠴᠠ ᠳᠡᠭᠡᠭᠰᠢ ᠨᠡᠮᠡᠭᠳᠡᠵᠦ᠂ ᠪᠦᠬᠦ ᠵᠢᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ ᠰᠠᠶᠢᠵᠢᠷᠠᠬᠤ  ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃
图片14.png
        ︽ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢ ᠠᠬᠢᠭᠤᠯᠤᠨ ᠨᠡᠮᠡᠭᠳᠡᠯ ᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠰᠢᠨ᠎ᠡ ᠠᠵᠠ ᠲᠣᠬᠢᠶᠠᠯ ᠢ ᠢᠳᠡᠪᠬᠢᠲᠡᠶ ᠠᠮᠵᠢᠨ᠂ ᠰᠢᠨ᠎ᠡ ᠳᠠᠯᠳᠠ ᠬᠦᠴᠦᠨ ᠢ ᠠᠭᠤᠳᠠᠯᠵᠤ᠂ ᠡᠯ᠎ᠡ ᠵᠦᠢᠯ ᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠬᠡᠷᠡᠭᠯᠡᠭᠡᠨ ᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠨᠢᠭᠡ ᠪᠦᠯᠦᠭ ᠬᠡᠷᠡᠭᠯᠡᠭᠡᠨ ᠤ ᠰᠢᠨ᠎ᠡ ᠪᠠᠶᠢᠳᠠᠯ᠂ ᠤᠯᠠᠨ ᠬᠦᠷᠢᠶᠡᠨ ᠤ ᠬᠡᠷᠡᠭᠯᠡᠭᠡᠨ ᠤ ᠵᠠᠭᠪᠤᠷ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠬᠥᠭᠵᠢᠭᠡᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠬᠡᠷᠡᠭᠯᠡᠭᠡ ᠶᠢᠨ ︿ᠬᠠᠯᠠᠮᠰᠢᠯ﹀ ᠢᠶᠠᠷ ᠳᠠᠮᠵᠢᠭᠤᠯᠵᠤ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠵᠦ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠳᠠᠷᠤᠭ᠎ᠠ ᠭᠦᠩ ᠲᠢᠶᠠᠨ ᠴᠢ ᠢᠯᠡᠳᠬᠡᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号