ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠤᠨ ᠮᠡᠳᠡᠭᠳᠡᠯ
ᠨᠡᠶᠢᠲᠡᠯᠡᠭᠰᠡᠨ ᠴᠠᠭ᠄
2024/12/30
            ᠰᠢᠭᠤᠶᠢᠲᠤ ᠵᠠᠰᠠᠭ ᠲᠠᠷᠬᠠᠭᠠᠭᠰᠠᠨ ﹇2024﹈ 21 ᠳ᠋ᠤᠬᠡᠷ ᠲᠣᠭᠠᠲᠤ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠤᠨ ᠮᠡᠳᠡᠭᠳᠡᠯ  ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ᠄        ᠲᠤᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                 ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                2024 ᠣᠨ ᠤ 12 ᠳ᠋ᠤᠭᠠᠷ ᠰᠠᠷ᠎ᠠ ᠶᠢᠨ 3 ᠤ ᠡᠳᠦᠷ ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶          ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2024 ᠣᠨ ᠤ ᠬᠡᠪᠯᠡᠯ︶                     ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                    2024 ᠣᠨ ᠤ 12 ᠳ᠋ᠤᠭᠠᠷ ᠰᠠᠷ᠎ᠠ  ᠭᠠᠷᠴᠠᠭ1 ᠶᠡᠷᠦᠩᠭᠡᠢ ᠳᠥᠷᠢᠮ1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ1.3 ᠬᠡᠷᠡᠭᠯᠡᠬᠦ ᠬᠡᠪᠴᠢᠶ᠎ᠡ1.4 ᠠᠵᠢᠯ ᠤᠨ ᠵᠠᠷᠴᠢᠮ2 ᠵᠤᠬᠢᠶᠡᠨ ᠪᠠᠶᠢᠭᠤᠯᠵᠤ ᠵᠢᠯᠥᠭᠤᠳᠬᠤ ᠲᠣᠭᠲᠠᠯᠴᠠᠭ᠎ᠠ2.1 ᠣᠳᠣᠷᠢᠳᠬᠤ ᠪᠠᠶᠢᠭᠤᠯᠥᠮᠵᠢ2.2 ᠭᠡᠷᠩ ᠡᠷᠬᠢᠯᠡᠬᠦ ᠪᠠᠶᠢᠭᠤᠯᠥᠮᠵᠢ2.3 ᠠᠵᠢᠯᠯᠠᠬᠤ ᠪᠠᠶᠢᠭᠤᠯᠥᠮᠵᠢ2.4 ᠮᠡᠷᠭᠡᠵᠢᠯᠳᠡᠨ ᠤ ᠵᠦᠪᠯᠡᠯ2.5 ᠡᠯ᠎ᠠ ᠡᠬᠦᠷᠭᠡ ᠴᠢᠳᠡᠪᠦᠷᠢᠳᠤ ᠰᠠᠯᠠᠭ᠎ᠠ ᠮᠦᠴᠢᠷ ᠤᠨ ᠡᠬᠦᠷᠭᠡ ᠬᠠᠷᠢᠭᠤᠴᠠᠯᠭ᠎ᠠ3 ᠭᠠᠶ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠵᠢᠴᠢ ᠠᠪᠤᠷᠠᠨ ᠲᠤᠰᠠᠯᠠᠬᠤ ᠪᠡᠯᠡᠳᠬᠡᠯ3.1 ᠡᠬᠢᠯᠡᠭᠦᠯᠬᠦ ᠨᠥᠬᠦᠴᠡᠯ3.2 ᠡᠬᠢᠯᠡᠭᠦᠯᠬᠦ ᠶᠠᠪᠤᠴᠠ3.3 ᠰᠡᠷᠡᠮᠵᠢᠯᠡᠬᠦᠯᠦᠭᠰᠡᠨ ᠤ ᠳᠠᠷᠠᠭᠠᠬᠢ ᠭᠠᠢ ᠭᠠᠮᠰᠢᠭ ᠠᠴᠠ ᠠᠪᠤᠷᠠᠬᠤ ᠪᠡᠯᠡᠳᠬᠡᠯ ᠠᠷᠭ᠎ᠠ ᠬᠡᠮᠵᠢᠶ᠎ᠡ3.4 ᠰᠡᠷᠡᠮᠵᠢᠯᠡᠬᠦᠯᠦᠯ ᠢ ᠬᠡᠷᠡᠭᠵᠢᠬᠦᠯᠬᠦ ᠶᠢ ᠵᠣᠭᠰᠤᠭᠠᠬᠤ4 ᠮᠡᠳᠡᠭᠡ ᠵᠠᠩᠬᠢ ᠶᠢᠨ ᠬᠠᠮᠢᠶᠠᠷᠤᠯᠲᠠ4.1 ᠰᠡᠷᠡᠮᠵᠢᠯᠡᠭᠦᠯᠬᠦ ᠮᠡᠳᠡᠭᠡ ᠵᠠᠩᠭᠢ ᠶᠢᠨ ᠬᠠᠮᠢᠶᠠᠷᠤᠯᠲᠠ4.2 ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ4.3 ᠮᠡᠳᠡᠭᠡ ᠵᠠᠩᠭᠢ ᠨᠡᠶᠢᠲᠡᠯᠡᠬᠦ5 ᠪᠠᠴᠢᠮ ᠪᠠᠶᠢᠳᠠᠯ ᠢ ᠠᠷᠭᠠᠴᠠᠭᠠᠬᠤ ᠶᠢ ᠬᠡᠷᠡᠭᠵᠢᠭᠦᠯᠬᠦ5.1 ᠭᠠᠮᠰᠢᠭ ᠤᠨ ᠳᠡᠰ5.2 ᠬᠡᠷᠡᠭᠵᠢᠭᠦᠯᠬᠦ ᠳᠡᠰ5.3 ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠶᠢ ᠬᠡᠷᠡᠭᠵᠢᠭᠦᠯᠬᠦ5.4 ᠡᠬᠢᠯᠡᠭᠦᠯᠬᠦ ᠨᠥᠬᠦᠴᠡᠯ ᠤᠨ ᠲᠣᠬᠢᠷᠠᠭᠤᠯᠤᠯᠲᠠ5.5 ᠴᠤᠤᠷᠢᠶᠠᠳᠤᠨ ᠳᠠᠭᠠᠵᠤ ᠬᠠᠮᠳᠣᠷᠠᠨ ᠬᠦᠳᠡᠯᠥᠯᠴᠡᠬᠦ5.6 ᠬᠡᠷᠡᠭᠵᠢᠭᠦᠯᠬᠦ ᠶᠢ ᠵᠣᠭᠰᠤᠭᠠᠬᠤ6 ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠪᠠ ᠰᠡᠷᠭᠦᠭᠡᠨ ᠳᠠᠬᠢᠨ ᠪᠠᠶᠢᠭᠤᠯᠬᠤ6.1 ᠰᠢᠯᠵᠢᠯᠲᠡ ᠶᠢᠨ ᠬᠤᠭᠤᠴᠠᠭᠠᠨ ᠤ ᠠᠮᠢᠳᠤᠷᠠᠯ ᠤᠨ ᠠᠪᠤᠷᠠᠨ ᠲᠤᠰᠠᠯᠠᠯᠲᠠ6.2 ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠰᠡᠷᠭᠦᠭᠡᠨ ᠳᠠᠬᠢᠨ ᠪᠠᠶᠢᠭᠤᠯᠬᠤ6.3 ᠡᠪᠦᠯ ᠬᠠᠪᠤᠷ ᠤᠨ ᠠᠪᠤᠷᠠᠨ ᠲᠤᠰᠠᠯᠠᠯᠳᠠ7 ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ7.1 ᠪᠡᠯᠡ ᠮᠦᠡᠭᠬᠦ ᠶᠢᠨ ᠪᠠᠳᠣᠯᠠᠭ᠎ᠠ7.2 ᠡᠳ᠋ ᠪᠠᠷᠠᠭ᠎ᠠ ᠶᠢᠨ ᠪᠠᠲᠤᠯᠠᠭ᠎ᠠ7.3 ᠴᠢᠮᠡᠭᠡ ᠬᠤᠯᠪᠣᠭ᠎ᠠ ᠪᠠ ᠮᠡᠳᠡᠭᠡ ᠵᠠᠩᠭᠢ ᠶᠢᠨ ᠪᠠᠲᠤᠯᠠᠭ᠎ᠠ7.4 ᠲᠣᠨᠤᠭ ᠳᠥᠬᠦᠭᠡᠷᠦᠮᠵᠢ ᠪᠠ ᠪᠡᠯᠡᠳᠭᠡᠮᠵᠢ ᠶᠢᠨ ᠪᠠᠳᠣᠯᠠᠭ᠎ᠠ7.5 ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ7.6 ᠵᠠᠮ ᠬᠠᠷᠢᠯᠴᠠᠭ᠎ᠠ ᠲᠡᠭᠡᠭᠡᠪᠦᠷᠢ ᠪᠠ ᠠᠮᠤᠷ ᠲᠦᠪᠰᠢᠨ ᠤ ᠬᠠᠮᠠᠭᠠᠯᠠᠯᠲᠠ7.7 ᠬᠥᠮᠦᠨ ᠤ ᠬᠦᠴᠦᠨ ᠤ ᠡᠬᠢ ᠪᠠᠶᠠᠯᠢᠭ ᠤᠨ ᠪᠡᠯᠡᠳᠬᠡᠯ 7.8 ᠨᠡᠶᠢᠭᠡᠮ ᠤᠨ ᠳᠠᠶᠢᠴᠢᠯᠠᠯᠲᠠ7.9 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠯᠡᠳᠬᠡᠯ7.10 ᠤᠬᠠᠭᠤᠯᠭ᠎ᠠ ᠪᠠ ᠪᠣᠯᠪᠠᠰᠤᠷᠠᠯ ᠤᠨ ᠵᠣᠬᠢᠶᠠᠨ ᠪᠠᠶᠢᠭᠤᠯᠤᠯᠲᠠ8. ᠳᠠᠭᠠᠯᠳᠤᠭᠤᠯᠤᠯ ᠳᠦᠷᠢᠮ8.1 ᠪᠠᠶᠢᠭᠠᠯᠢ ᠶᠢᠨ ᠭᠠᠮᠰᠢᠭ ᠠᠴᠠ ᠠᠪᠤᠷᠠᠬᠤ ᠵᠣᠭᠤᠰ ᠪᠠ ᠡᠳ᠋ ᠪᠣᠳᠠᠰ ᠤᠨ ᠬᠢᠨᠠᠯᠲᠠ ᠬᠠᠮᠢᠶᠠᠷᠤᠯᠲᠠ8.2 ᠱᠠᠩᠨᠠᠯ ᠪᠠ ᠬᠠᠷᠢᠭᠤᠴᠠᠯᠭ᠎ᠠ8.3 ᠪᠡᠯᠡᠳᠬᠡᠯ ᠲᠥᠰᠦᠯ ᠤᠨ ᠬᠠᠮᠢᠶᠠᠷᠤᠯᠲᠠ ᠪᠠ ᠰᠢᠨᠡᠴᠢᠯᠡᠯᠲᠡ8.4 ᠲᠣᠭᠲᠠᠭᠠᠬᠤ ᠪᠠ ᠲᠠᠶᠢᠯᠪᠤᠷᠢᠯᠠᠬᠤ ᠰᠠᠯᠠᠭ᠎ᠠ ᠮᠥᠴᠢᠷ8.5 ᠪᠡᠯᠡᠳᠭᠡᠯ ᠳᠥᠰᠥᠯ ᠤᠨ ᠬᠦᠴᠥᠨ ᠲᠠᠢ ᠪᠤᠯᠬᠤ ᠴᠠᠭᠳᠠᠭᠠᠯᠳᠤᠭᠤᠯᠤᠯ 1᠄ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠭᠡᠰᠢᠭᠦᠨ ᠤ ᠨᠡᠷᠡᠰᠳᠠᠭᠠᠯᠳᠤᠭᠤᠯᠤᠯ 2᠄ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠶᠢ ᠬᠡᠷᠡᠭᠵᠢᠭᠦᠯᠬᠦ ᠴᠤᠪᠤᠷᠠᠯ ᠤᠨ ᠵᠢᠷᠤᠭ          1 ᠶᠡᠷᠦᠩᠭᠡᠢ ᠳᠥᠷᠢᠮ        1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠪᠤᠭᠤᠲᠤ ᠬᠤᠳᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠭᠲᠠᠯᠴᠠᠭ᠎ᠠ ᠪᠣᠯᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠠᠮᠰᠢᠭ ᠠᠴᠠ ᠠᠪᠤᠷᠠᠬᠤ ᠠᠵᠢᠯ ᠤᠨ ᠬᠠᠤᠯᠢᠵᠢᠯᠲᠠ᠂ ᠵᠢᠷᠤᠮᠵᠢᠯᠲᠠ᠂ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠭᠠᠮᠰᠢᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠥᠮᠦᠰ ᠤᠨ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠵᠤ᠂ ᠭᠠᠮᠰᠢᠭᠳᠠᠭᠰᠠᠨ ᠭᠠᠵᠠᠷ ᠣᠷᠣᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃        1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ        ᠲᠣᠰ ᠪᠡᠯᠡᠳᠬᠡᠯ ᠲᠥᠰᠦᠯ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠬᠦᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠣᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ︾᠂ ︽ᠪᠠᠶᠢᠭᠠᠯᠢ ᠶᠢᠨ ᠭᠠᠮᠰᠢᠭ ᠠᠴᠠ ᠠᠪᠤᠷᠠᠬᠤ ᠳᠦᠷᠢᠮ︾᠂ ︽ᠤᠯᠤᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠂ ︽ᠪᠣᠭᠤᠲᠤ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠦᠰᠦᠯ︾ ᠵᠢᠴᠢ ᠲᠣᠭᠤᠷᠢᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠪᠡᠯᠡᠳᠬᠡᠯ ᠲᠥᠰᠦᠯ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠦᠨᠳᠦᠰᠦᠯᠡᠨ ᠨᠠᠶᠢᠷᠠᠭᠤᠯᠤᠨ ᠵᠣᠬᠢᠶᠠᠪᠠ᠃        1.3 ᠬᠡᠷᠡᠭᠯᠡᠬᠦ ᠬᠡᠪᠴᠢᠶ᠎ᠡ        ᠲᠤᠰ ᠪᠡᠯᠡᠳᠬᠡᠯ ᠲᠥᠰᠦᠯ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠲᠣᠬᠢᠷᠠᠨ᠎ᠠ᠃        ᠬᠥᠷᠰᠢ ᠵᠡᠷᠭᠡᠯᠡᠳᠡᠭᠡ ᠲᠦᠮᠡᠳ ᠪᠠᠷᠠᠭᠤᠨ ᠬᠤᠰᠢᠭᠤ᠂ ᠵᠢᠦᠶᠤᠸᠠᠨ ᠲᠣᠭᠤᠷᠢᠭ᠂ ᠳ᠋ᠦᠩ ᠾᠧ ᠲᠣᠭᠤᠷᠢᠭ ᠂ ᠴᠢᠩᠱᠠᠨ ᠲᠣᠭᠤᠷᠢᠭ᠂ ᠭᠦᠶᠡᠩ ᠰᠢᠶᠠᠨ ᠵᠡᠷᠭᠡ ᠬᠤᠰᠢᠭᠤ ᠰᠢᠶᠠᠨ ᠲᠣᠭᠤᠷᠢᠭ ᠲᠤ ᠪᠠᠶᠢᠭᠠᠯᠢ ᠶᠢᠨ ᠭᠠᠮᠰᠢᠭ ᠡᠭᠦᠰᠦᠭᠰᠡᠨ ᠪᠥᠭᠡᠳ ᠰᠢᠭᠤᠶᠢᠲᠤ ᠲᠣᠭᠤᠷᠢᠭ ᠲᠤ ᠨᠥᠯᠥᠭᠡ ᠪᠣᠯᠤᠭᠰᠠᠨ ᠦᠶ᠎ᠡ ᠳᠤ᠂ ᠲᠣᠰ ᠪᠡᠯᠡᠳᠬᠡᠯ ᠲᠥᠰᠦᠯ ᠤᠨ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠦᠨ᠎ᠡ᠃        ᠲᠤᠰ ᠪᠡᠯᠡᠳᠬᠡᠯ ᠲᠥᠰᠦᠯ ᠳᠤ ᠬᠡᠯᠡᠵᠦ ᠪᠠᠶᠢᠭ᠎ᠠ ᠪᠠᠶᠢᠭᠠᠯᠢ ᠶᠢᠨ ᠭᠠᠮᠰᠢᠭ ᠨᠢ ᠭᠤᠣᠯᠳᠠᠭᠤ ᠭᠠᠩ ᠬᠠᠭᠰᠠᠷᠠᠭᠠᠨ᠂ ᠦᠶᠡᠷ ᠤᠰᠤᠲᠤᠯ ᠤᠨ ᠭᠠᠮᠰᠢᠭ᠂ ᠬᠤᠢ ᠰᠠᠯᠬᠢ᠂ ᠮᠥᠨᠳᠥᠷ᠂ ᠴᠠᠰᠤ᠂ ᠡᠯᠡᠰᠦᠨ ᠰᠢᠭᠤᠷᠭ᠎ᠠ ᠵᠡᠷᠭᠡ ᠴᠠᠭ ᠠᠭᠤᠷ ᠤᠨ ᠭᠠᠮᠰᠢᠭ᠂ ᠭᠠᠵᠠᠷ ᠬᠥᠳᠡᠯᠦᠯᠲᠡ ᠶᠢᠨ ᠭᠠᠮᠰᠢᠭ᠂ ᠠᠭᠤᠯᠠ ᠨᠤᠷᠠᠵᠤ ᠶᠡᠭᠦᠷᠡᠬᠦ᠂ ᠭᠤᠯᠭᠤᠭ᠎ᠠ ᠪᠡᠯ᠂ ᠰᠢᠪᠠᠷ ᠴᠢᠯᠠᠭᠤᠨ ᠤᠷᠤᠰᠬᠠᠯ ᠵᠡᠷᠭᠡ ᠭᠠᠵᠠᠷ ᠤᠨ ᠭᠠᠮᠰᠢᠭ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠪᠠ ᠬᠦᠨᠳᠦ ᠶᠡᠭᠡ ᠠᠮᠢᠳᠤ ᠪᠣᠳᠠᠰ ᠤᠨ ᠭᠠᠮᠰᠢᠭ ᠵᠡᠷᠭᠡ ᠶᠢ ᠪᠠᠭᠲᠠᠭᠠᠨ᠎ᠠ᠃        1.4 ᠠᠵᠢᠯ ᠤᠨ ᠵᠠᠷᠴᠢᠮ        1. ᠬᠦᠮᠦᠨ ᠢᠶᠠᠷ ᠦᠨᠳᠦᠰᠦ ᠪᠤᠯᠭᠠᠵᠤ ᠠᠮᠢ ᠨᠠᠰᠤ ᠶᠢ ᠡᠷᠭᠢᠮᠯᠠᠭᠦ ᠶᠢ ᠪᠠᠷᠢᠮᠲᠠᠯᠠᠨ᠎ᠠ        ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠡᠷᠬᠢᠮᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠬᠤ ᠬᠡᠷᠡᠭᠲᠡᠢ︔ ᠨᠢᠭᠡᠳᠦᠯᠲᠡᠢ ᠵᠢᠯᠣᠭᠤᠳᠬᠤ᠂ ᠶᠡᠷᠦᠩᠬᠡᠶᠢᠯᠡᠨ ᠵᠣᠬᠢᠴᠠᠭᠤᠯᠬᠤ᠂ ᠱᠠᠳᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠪᠠᠷ ᠭᠤᠣᠯ ᠪᠣᠯᠭᠠᠬᠤ ᠬᠡᠷᠡᠭᠲᠡᠢ︔ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠨᠡᠶᠢᠭᠡᠮ ᠤᠨ ᠬᠢᠨ ᠣᠷᠣᠯᠴᠠᠬᠤ᠂ ᠤᠯᠠᠨ ᠲᠦᠮᠡᠨ ᠥᠪᠡᠷ ᠢᠶᠠᠨ ᠠᠪᠤᠷᠠᠬᠤ ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠣᠯᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠡᠷᠭᠡᠶᠢᠯᠡᠬᠦ ᠠᠪᠤᠷᠠᠨ ᠲᠤᠰᠠᠯᠠᠬᠤ ᠶᠢ ᠨᠢᠭᠡ ᠴᠤᠭᠴᠠᠵᠢᠭᠤᠯᠬᠤ ᠶᠢ ᠠᠬᠢᠭᠤᠯᠵᠤ᠂ ᠥᠨᠳᠥᠷ ᠪᠦᠲᠦᠮᠵᠢᠲᠡᠢ ᠡᠮᠬᠢ ᠵᠢᠷᠤᠮ ᠲᠠᠢ ᠵᠣᠯᠭᠠᠭᠤᠯᠬᠤ ᠶᠢ ᠪᠡᠶᠡᠯᠡᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠠᠷᠠᠳ ᠤᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠰᠠᠭᠤᠷᠢ ᠲᠥᠬᠦᠭᠡᠷᠦᠮᠵᠢ ᠶᠢᠨ ᠴᠢᠳᠠᠪᠬᠢ ᠶᠢ ᠲᠦᠷᠭᠡᠨ ᠰᠡᠷᠭᠦᠭᠡᠵᠦ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠨᠥᠬᠦᠴᠡᠯ ᠢ ᠦᠨᠡᠨ ᠬᠦ ᠪᠠᠲᠤᠯᠠᠨ᠎ᠠ᠃        2. ᠨᠢᠭᠡᠳᠦᠯᠲᠡᠶ ᠤᠳᠤᠷᠢᠳᠴᠤ᠂ ᠶᠡᠷᠦᠩᠬᠡᠶᠢᠯᠡᠨ ᠵᠣᠬᠢᠴᠠᠭᠤᠯᠤᠨ᠎ᠠ        ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠳᠤ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠪᠦᠬᠦ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠶᠢ ᠬᠠᠷᠢᠭᠤᠴᠠᠵᠤ᠂ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯᠯᠠᠭ᠎ᠠ ᠶᠢ ᠵᠣᠬᠢᠴᠠᠭᠤᠯᠤᠨ ᠥᠷᠨᠢᠭᠦᠯᠦᠨ᠎ᠡ᠃        3. ᠱᠠᠳᠤ ᠬᠤᠪᠢᠶᠠᠨ ᠬᠠᠷᠢᠭᠤᠴᠠᠵᠤ᠂ ᠬᠠᠷᠢᠶ᠎ᠠ ᠭᠠᠵᠠᠷ ᠲᠤᠨᠢ ᠬᠠᠮᠢᠶᠠᠷᠤᠨ᠎ᠠᠲᠤᠭᠤᠷᠢᠭ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠨᠢᠭᠡᠳᠦᠯᠲᠡᠶ ᠵᠢᠯᠣᠭᠤᠳᠬᠤ᠂ ᠲᠤᠰᠬᠠᠶ ᠪᠠᠶᠢᠩᠭᠤ ᠬᠤᠤᠰᠯᠠᠬᠤ᠂ ᠬᠠᠷᠢᠭᠤ ᠲᠤᠰᠬᠠᠯ ᠬᠤᠷᠴᠠ ᠰᠡᠷᠭᠡᠭ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠵᠡᠭᠦᠨᠰᠢ ᠪᠠᠷᠠᠭᠤᠨᠰᠢ ᠬᠠᠷᠢᠯᠴᠠᠨ ᠨᠡᠪᠲᠡᠷᠡᠯᠴᠡᠬᠦ ᠣᠯᠠᠨ ᠲᠠᠯᠠᠲᠤ ᠪᠠᠶᠢᠭᠠᠯᠢ ᠶᠢᠨ ᠭᠠᠮᠰᠢᠭ ᠠᠴᠠ ᠠᠪᠤᠷᠠᠬᠤ ᠵᠢᠯᠣᠭᠤᠳᠬᠤ ᠲᠣᠭᠲᠠᠯᠴᠠᠭ᠎ᠠ ᠶᠢ ᠪᠠᠶᠢᠭᠤᠯᠤᠨ᠎ᠠ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠦᠬᠦ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠢ ᠨᠢᠭᠡᠳᠦᠯᠲᠡᠶ ᠲᠥᠯᠥᠪᠯᠡᠵᠦ᠂ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠡᠳᠦᠷ ᠲᠤᠲᠤᠮ ᠤᠨ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠥᠬᠦ ᠲᠤᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠨ᠎ᠡ᠃        ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠱᠠᠲᠤ ᠳᠠᠪᠬᠤᠷᠭ᠎ᠠ ᠪᠦᠬᠦᠢ ᠬᠠᠮᠲᠤᠷᠠᠨ ᠬᠥᠳᠡᠯᠦᠯᠴᠡᠵᠦ ᠬᠡᠷᠡᠭᠵᠢᠭᠦᠯᠬᠦ ᠶᠢ ᠲᠤᠪᠤᠶᠢᠯᠭᠠᠨ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠵᠣᠬᠢᠴᠠᠯᠳᠤᠨ ᠬᠠᠮᠵᠢᠯᠴᠠᠬᠤ ᠶᠢ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠯ᠎ᠡ ᠲᠥᠷᠥᠯ ᠤᠨ ᠬᠦᠴᠦᠨ ᠢ ᠳᠡᠶᠢᠴᠢᠯᠡᠨ᠂ ᠲᠤᠰᠬᠠᠶ ᠮᠡᠷᠭᠡᠵᠢᠯᠲᠡᠨ ᠪᠠ ᠮᠡᠷᠭᠡᠵᠢᠯ ᠤᠨ ᠡᠩᠨᠡᠭᠡᠨ ᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠡᠶᠢᠴᠢᠯᠡᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠳᠤ ᠥᠷᠭᠡᠨ ᠢᠶᠠᠷ ᠣᠷᠤᠯᠴᠠᠭᠤᠯᠤᠨ᠎ᠠ᠃        4. ᠵᠠᠰᠠᠭ ᠤᠨ ᠣᠷᠲᠣᠠ ᠭᠤᠣᠯᠯᠠᠵᠤ᠂ ᠨᠠᠶᠢᠭᠡᠮ ᠠᠴᠠ ᠬᠠᠪᠰᠤᠷᠴᠤ᠂ ᠭᠠᠮᠰᠢᠭᠳᠠᠭᠰᠠᠨ ᠠᠷᠠᠳ ᠦᠪᠡᠰᠦᠪᠡᠨ ᠠᠪᠤᠷᠠᠨ᠎ᠠ        ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠣᠯᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠲᠣᠭᠤᠷᠢᠭ ᠤᠨ ᠵᠠᠰᠠᠭ ᠤᠨ ᠣᠷᠳᠣᠨ ᠠᠴᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠡᠶᠢᠭᠡᠮ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠶ ᠶᠢᠨ ᠪᠠᠶᠢᠭᠤᠯᠤᠮᠵᠢ ᠪᠠ ᠢᠯᠡ ᠪᠠᠷ ᠴᠤᠭᠯᠠᠭᠤᠯᠬᠤ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠵᠤ᠂ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠢ ᠬᠠᠮᠵᠢᠨ ᠥᠷᠨᠢᠭᠦᠯᠦᠨ᠎ᠡ᠃         2 ᠵᠤᠬᠢᠶᠡᠨ ᠪᠠᠶᠢᠭᠤᠯᠵᠤ ᠵᠢᠯᠥᠭᠤᠳᠬᠤ ᠲᠣᠭᠲᠠᠯᠴᠠᠭ᠎ᠠ        2.1 ᠣᠳᠣᠷᠢᠳᠬᠤ ᠪᠠᠶᠢᠭᠤᠯᠥᠮᠵᠢ        ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠲᠤᠭᠤᠷᠢᠭ ᠤᠨ ᠵᠠᠰᠠᠭ ᠤᠨ ᠣᠷᠳᠣᠨ ᠪᠣᠯ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠤᠨ ᠵᠠᠰᠠᠭ ᠵᠠᠬᠢᠷᠭᠠᠨ ᠤ ᠤᠳᠤᠷᠢᠳᠬᠤ ᠪᠠᠶᠢᠭᠤᠯᠤᠮᠵᠢ ᠪᠣᠯᠤᠨ᠎ᠠ᠃ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠪᠦᠬᠦ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠵᠤ᠂ ᠤᠳᠤᠷᠢᠳᠴᠤ᠂ ᠵᠣᠬᠢᠴᠠᠭᠤᠯᠬᠤ ᠶᠢ ᠬᠠᠷᠢᠭᠤᠴᠠᠵᠤ᠂ ᠪᠠᠶᠢᠭᠠᠯᠢ ᠶᠢᠨ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠ ᠡᠭᠦᠷᠭᠡ ᠶᠢ ᠰᠤᠳᠤᠯᠵᠤ᠂ ᠲᠣᠭᠲᠠᠭᠠᠬᠤ ᠪᠠ ᠪᠠᠶᠢᠷᠢᠯᠠᠭᠤᠯᠤᠨ᠎ᠠ᠃        2.2 ᠭᠡᠷᠩ ᠡᠷᠬᠢᠯᠡᠬᠦ ᠪᠠᠶᠢᠭᠤᠯᠥᠮᠵᠢ        ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠪᠣᠯ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠤᠨ ᠬᠡᠷᠡᠭ ᠡᠷᠬᠢᠯᠡᠬᠦ ᠪᠠᠶᠢᠭᠤᠯᠤᠮᠵᠢ ᠮᠥᠨ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠵᠢᠴᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠵᠦ᠂ ᠪᠦᠬᠦ ᠲᠤᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠬᠤ ᠶᠢ ᠬᠠᠷᠢᠭᠤᠴᠠᠵᠤ᠂ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯᠯᠠᠭ᠎ᠠ ᠪᠠ ᠲᠤᠭᠤᠷᠢᠭ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠤᠬᠠᠶ ᠡᠯ᠎ᠡ ᠵᠦᠢᠯ ᠤᠨ ᠰᠢᠢᠳᠪᠦᠷᠢ ᠪᠠ ᠡᠭᠦᠷᠭᠡ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ᠎ᠠ᠃        2.3 ᠠᠵᠢᠯᠯᠠᠬᠤ ᠪᠠᠶᠢᠭᠤᠯᠥᠮᠵᠢ        ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠳᠣᠤᠷ᠎ᠠ ᠲᠣᠬᠢᠷᠠᠭᠤᠯᠤᠭᠰᠠᠨ ᠠᠯᠪᠠᠨ ᠭᠡᠷ ᠨᠢ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠵᠤ᠂ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠪᠠᠶᠢᠭᠤᠯᠤᠮᠵᠢ ᠪᠣᠯᠤᠨ᠎ᠠ᠂ ᠡᠯ᠎ᠡ ᠭᠠᠵᠠᠷ ᠣᠷᠣᠨ᠂ ᠡᠯ᠎ᠡ ᠭᠡᠰᠢᠭᠦᠨ ᠨᠢᠭᠡᠴᠢ ᠵᠢᠴᠢ ᠭᠠᠮᠰᠢᠭ ᠲᠤ ᠬᠤᠯᠪᠣᠭᠳᠠᠭᠰᠠᠨ ᠰᠠᠯᠠᠭ᠎ᠠ ᠮᠥᠴᠢᠷ ᠪᠣᠯᠤᠨ ᠨᠢᠭᠡᠴᠢ ᠯᠦᠭᠡ ᠶᠢᠨ ᠨᠡᠪᠲᠡᠷᠡᠯᠴᠡᠨ ᠬᠠᠷᠢᠯᠴᠠᠬᠤ᠂ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ᠂ ᠮᠡᠳᠡᠭᠡ ᠵᠠᠩᠭᠢ ᠶᠢ ᠨᠡᠪᠲᠡᠷᠡᠭᠦᠯᠬᠦ ᠵᠡᠷᠭᠡ ᠶᠢ ᠬᠠᠷᠢᠭᠤᠴᠠᠵᠤ᠂ ᠭᠠᠮᠰᠢᠭ ᠤᠨ ᠪᠠᠶᠢᠳᠠᠯ ᠢ ᠵᠥᠪᠳᠡᠯᠴᠡᠵᠦ ᠦᠨᠡᠯᠡᠨ ᠵᠢᠱᠢᠬᠦ᠂ ᠭᠠᠮᠰᠢᠭ ᠠᠴᠠ ᠠᠪᠤᠷᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠨᠠᠶᠢᠲᠠᠪᠤᠷᠢᠵᠢᠭᠤᠯᠤᠨ᠎ᠠ᠃ ᠵᠥᠪᠯᠡᠯ ᠤᠨ ᠭᠡᠰᠢᠭᠦᠨ ᠨᠢᠭᠡᠴᠢ ᠨᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︵ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ︶᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠬᠤ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠬᠢᠳᠠᠯ ᠰᠣᠷᠪᠤᠯᠵᠢᠯᠠᠯ ᠤᠨ ᠲᠣᠪᠴᠢᠶ᠎ᠠ᠂ ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠰᠢᠭᠤᠶᠢᠲᠤ ᠬᠤᠪᠢᠶᠠᠷᠢ ᠲᠣᠪᠴᠢᠶ᠎ᠠ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠭᠤᠶᠢᠲᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠭᠠᠯ ᠤᠨᠲᠠᠷᠠᠭᠠᠬᠤ ᠶᠡᠭᠡ ᠠᠩᠭᠢ᠂ ᠰᠢᠭᠤᠶᠢᠲᠤ ᠵᠡᠭᠡᠯᠢ ᠭᠤᠳᠤᠮᠵᠢ᠂ ᠳ᠋ᠠ ᠽᠢ ᠵᠡᠭᠡᠯᠢ ᠭᠤᠳᠤᠮᠵᠢ᠂ ᠪᠠᠢ ᠬᠤᠤ ᠭᠸᠦ ᠵᠡᠭᠡᠯᠢ ᠭᠤᠳᠤᠮᠵᠢ᠂ ᠳ᠋ᠠ ᠹᠠ ᠵᠡᠭᠡᠯᠢ ᠭᠤᠳᠤᠮᠵᠢ᠂ ᠳ᠋ᠠ ᠳ᠋ᠧ ᠾᠧᠩ ᠵᠡᠭᠡᠯᠢ ᠭᠤᠳᠤᠮᠵᠢ᠂ ᠪᠤᠭᠤᠲᠤ ᠶᠢᠨ ᠰᠢᠭᠤᠶᠢᠲᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠪᠤᠭᠤᠲᠤ ᠬᠤᠲᠠ ᠶᠢᠨ ᠪᠠᠳᠺᠠᠷ ᠰᠦᠮ᠎ᠡ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠪᠤᠶᠤ ᠨᠢᠭᠡᠴᠢ ᠶᠢᠨ ᠬᠠᠷᠢᠭᠤᠴᠠᠯᠭᠠᠲᠠᠨ ᠢᠶᠠᠷ ᠪᠦᠷᠢᠯᠳᠦᠪᠡ᠃ ᠪᠠᠴᠢᠮ ᠪᠠᠶᠢᠳᠠᠯ ᠢ ᠠᠷᠭᠠᠴᠠᠭᠠᠬᠤ ᠶᠢᠨ ᠵᠢᠵᠢᠭᠦᠷᠯᠡᠨ ᠰᠠᠬᠢᠬᠤ᠂ ᠮᠡᠳᠡᠭᠡ ᠵᠠᠩᠭᠢ ᠶᠢ ᠬᠤᠷᠢᠶᠠᠩᠭᠤᠶᠢᠯᠠᠬᠤ᠂ ᠶᠡᠷᠦᠩᠬᠡᠶᠢᠯᠡᠨ ᠵᠣᠬᠢᠴᠠᠭᠤᠯᠬᠤ᠂ ᠲᠡᠩᠬᠡᠷᠡᠭᠦᠯᠦᠨ ᠲᠤᠰᠠᠯᠠᠵᠤ ᠭᠠᠮᠰᠢᠭ ᠢ ᠪᠠᠭᠠᠰᠬᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠠᠵᠢᠯᠯᠠᠭᠠᠨ ᠤ ᠬᠦᠢᠰᠦ ᠶᠢᠨ ᠦᠢᠯᠡᠳᠦᠯ ᠢ ᠪᠠᠳᠠᠷᠠᠭᠤᠯᠤᠨ᠎ᠠ᠃        2.4 ᠮᠡᠷᠭᠡᠵᠢᠯᠳᠡᠨ ᠤ ᠵᠦᠪᠯᠡᠯ        ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠨᠢ ᠲᠤᠰᠬᠠᠢ ᠮᠡᠷᠭᠡᠵᠢᠯᠲᠡᠨ ᠤ ᠠᠯᠪᠠᠨ ᠭᠡᠷ ︵ᠠᠵᠢᠯ ᠲᠥᠷᠥᠯ ᠤᠨ ᠰᠠᠯᠠᠭ᠎ᠠ ᠮᠦᠴᠢᠷ ᠲᠤ ᠲᠤᠰᠬᠠᠢ ᠮᠡᠷᠭᠡᠵᠢᠯ ᠤᠨ ᠴᠣᠯᠠ ᠲᠠᠢ ᠪᠤᠶᠤ ᠣᠯᠠᠨ ᠵᠢᠯ ᠤᠨ ᠲᠤᠷᠰᠢ ᠲᠤᠰᠬᠠᠢ ᠮᠡᠷᠭᠡᠵᠢᠯ ᠤᠨ ᠠᠵᠢᠯ ᠬᠢᠭᠰᠡᠳ︶ ᠲᠣᠬᠢᠷᠠᠭᠤᠯᠵᠤ᠂ ᠪᠦᠬᠦ ᠲᠣᠭᠤᠷᠢᠭ ᠤᠨ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠭᠠᠮᠰᠢᠭ ᠢ ᠰᠡᠷᠭᠡᠶᠢᠯᠡᠬᠦ ᠠᠵᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠ ᠴᠢᠬᠤᠯᠠ ᠲᠥᠯᠥᠪᠵᠢᠭᠦᠯᠭᠡ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠪᠠ ᠰᠠᠨᠠᠭᠤᠯᠭ᠎ᠠ ᠬᠠᠩᠭᠠᠵᠤ᠂ ᠪᠦᠬᠦ ᠲᠣᠭᠤᠷᠢᠭ ᠤᠨ ᠬᠦᠨᠳᠦ ᠶᠡᠭᠡ ᠪᠠᠢᠭᠠᠯᠢ ᠶᠢᠨ ᠭᠠᠮᠰᠢᠭ ᠤᠨ ᠪᠠᠢᠳᠠᠯ ᠢ ᠦᠨᠡᠯᠡᠨ ᠵᠢᠱᠢᠬᠦ᠂ ᠪᠠᠴᠢᠮ ᠪᠠᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠳᠤ ᠵᠥᠪᠯᠡᠯᠭᠡ ᠥᠭᠬᠦ ᠰᠠᠨᠠᠯ ᠳᠤᠷᠠᠳᠤᠨ᠎ᠠ᠃        2.5 ᠡᠯ᠎ᠠ ᠡᠬᠦᠷᠭᠡ ᠴᠢᠳᠡᠪᠦᠷᠢᠳᠤ ᠰᠠᠯᠠᠭ᠎ᠠ ᠮᠦᠴᠢᠷ ᠤᠨ ᠡᠬᠦᠷᠭᠡ ᠬᠠᠷᠢᠭᠤᠴᠠᠯᠭ᠎ᠠ        ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠪᠠᠶᠢᠭᠠᠯᠢ ᠶᠢᠨ ᠭᠠᠮᠰᠢᠭ ᠠᠴᠠ ᠠᠪᠤᠷᠠᠬᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠬᠠᠷᠭᠤᠭᠤᠯᠬᠤ᠂ ᠳᠡᠭᠡᠭᠰᠢ ᠮᠡᠳᠡᠭᠦᠯᠬᠦ ᠪᠠ ᠳᠠᠷᠤᠮᠠᠯᠯᠠᠨ ᠲᠠᠷᠬᠠᠭᠠᠬᠤ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠬᠤ ᠪᠠ ᠣᠷᠣᠯᠴᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠬᠠᠤ ᠠᠵᠢᠯ ᠢ ᠵᠣᠬᠢᠴᠠᠭᠤᠯᠤᠨ᠎ᠠ᠃        ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠄ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳᠬᠡᠵᠦ᠂ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠣᠳᠠᠲᠠᠢ ᠠᠵᠢᠯ ᠢ ᠬᠠᠷᠢᠭᠤᠴᠠᠨ᠎ᠠ᠄ ᠬᠠᠮᠢᠶ᠎ᠠ ᠪᠦᠬᠦᠢ ᠰᠠᠯᠠᠭ᠎ᠠ ᠮᠥᠴᠢᠷ ᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠪᠤᠷᠠᠨ ᠲᠤᠰᠠᠯᠠᠬᠤ ᠡᠳ᠋ ᠪᠣᠳᠠᠰ ᠬᠤᠳᠠᠯᠳᠤᠨ ᠠᠪᠬᠤ᠂ ᠨᠥᠭᠡᠴᠡᠯᠡᠬᠦ᠂ ᠰᠢᠯᠵᠢᠭᠦᠯᠦᠨ ᠥᠭᠬᠦ ᠠᠵᠢᠯ ᠢ ᠵᠣᠬᠢᠶᠠᠨ ᠪᠠᠶᠢᠭᠤᠯᠤᠨ ᠰᠠᠶᠢᠳᠤᠷ ᠬᠢᠨ᠎ᠡ︔ ᠬᠠᠮᠢᠶ᠎ᠠ ᠪᠦᠬᠦᠢ ᠰᠠᠯᠠᠭ᠎ᠠ ᠮᠥᠴᠢᠷ ᠢ ᠭᠠᠮᠰᠢᠭ ᠤᠨ ᠬᠤᠬᠢᠷᠠᠯ ᠢ ᠪᠠᠶᠢᠴᠠᠭᠠᠬᠤ᠂ ᠨᠡᠶᠢᠭᠡᠮ ᠤᠨ ᠪᠠᠲᠤᠯᠠᠭ᠎ᠠ ᠪᠠ ᠦᠨᠡᠯᠡᠨ ᠵᠢᠱᠢᠬᠦ ᠵᠡᠷᠭᠡ ᠭᠠᠮᠰᠢᠭ ᠤᠨ ᠳᠠᠷᠠᠭᠠᠬᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠦᠷᠨᠢᠭᠦᠯᠦᠨ᠎ᠡ︔ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠮᠰᠢᠭ ᠤᠨ ᠳᠤᠮᠳᠠᠬᠢ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠠᠵᠢᠯ ᠢ ᠵᠢᠯᠤᠭᠤᠳᠤᠨ ᠵᠣᠬᠢᠴᠠᠭᠤᠯᠵᠤ ᠦᠷᠨᠢᠭᠦᠯᠦᠨ᠎ᠡ︔ ᠪᠦᠬᠦ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡᠳᠬᠡᠯ ᠲᠥᠰᠦᠯ ᠪᠠ ᠬᠠᠮᠢᠶ᠎ᠠ ᠪᠦᠬᠦᠢ ᠳᠦᠷᠢᠮ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ︔ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠴᠢᠳᠠᠪᠤᠷᠢ ᠶᠢ ᠪᠠᠶᠢᠴᠠᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠵᠤ ᠦᠷᠨᠢᠭᠦᠯᠦᠨ᠎ᠡ︔ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠢ ᠶᠡᠷᠦᠩᠬᠡᠶᠢᠯᠡᠨ ᠵᠣᠬᠢᠴᠠᠭᠤᠯᠵᠤ ᠪᠠᠶᠢᠭᠠᠳ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠪᠦᠷᠢᠳᠭᠡᠬᠦ᠂ ᠨᠡᠶᠢᠲᠡᠯᠡᠬᠦ ᠶᠢ ᠬᠠᠷᠢᠭᠤᠴᠠᠨ᠎ᠠ︔ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ᠂ ᠬᠤᠬᠢᠷᠠᠯ ᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠭᠠᠮᠰᠢᠭ ᠠᠴᠠ ᠠᠪᠤᠷᠠᠨ ᠪᠡᠯᠭᠡᠯᠡᠨ ᠬᠦᠷᠭᠡᠬᠦ᠂ ᠭᠠᠮᠰᠢᠭ ᠠᠴᠠ ᠠᠪᠤᠷᠠᠬᠤ ᠵᠡᠷᠭᠡ ᠠᠵᠢᠯ ᠢ ᠬᠡᠷᠡᠭᠵᠢᠭᠦᠯᠦᠨ᠎ᠡ︔ ᠳᠡᠭᠡᠳᠦ ᠱᠠᠲᠤᠨ ᠤ ᠳᠣᠷᠣᠭᠰᠢ ᠪᠠᠭᠤᠯᠭᠠᠬᠤ᠂ ᠲᠣᠭᠤᠷᠢᠭ ᠤᠨ ᠱᠠᠲᠤᠨ ᠤ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠬᠤ᠂ ᠬᠤᠪᠢᠶᠠᠷᠢᠯᠠᠬᠤ ᠪᠠ ᠬᠢᠨᠠᠯᠲᠠ ᠲᠠᠯᠪᠢᠵᠤ ᠬᠡᠷᠡᠭᠯᠡᠬᠦ ᠠᠵᠢᠯ ᠢ ᠡᠭᠦᠷᠭᠡᠯᠡᠨ᠎ᠡ᠃        ᠲᠣᠭᠤᠷᠢᠭ ᠤᠨ ᠤᠬᠠᠭᠤᠯᠬᠤ ᠬᠡᠯᠲᠡᠰ᠄ ᠰᠣᠨᠢᠨ ᠮᠡᠳᠡᠭᠡᠨ ᠤ ᠨᠢᠭᠡᠴᠢ ᠶᠢ ᠪᠠᠶᠢᠭᠠᠯᠢ ᠶᠢᠨ ᠭᠠᠮᠰᠢᠭ ᠠᠴᠠ ᠠᠪᠤᠷᠠᠬᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠶᠢ ᠵᠢᠯᠤᠭᠤᠳᠤᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠲᠣᠭᠲᠠᠭᠠᠯ ᠶᠣᠰᠣᠭᠠᠷ ᠪᠠᠶᠢᠭᠠᠯᠢ ᠶᠢᠨ ᠭᠠᠮᠰᠢᠭ ᠠᠴᠠ ᠠᠪᠤᠷᠠᠬᠤ ᠮᠡᠳᠡᠭᠡ ᠵᠠᠩᠭᠢ ᠶᠢ ᠨᠡᠶᠢᠲᠡᠯᠡᠬᠦ ᠶᠢ ᠵᠣᠬᠢᠶᠠᠨ ᠪᠠᠶᠢᠭᠤᠯᠤᠨ ᠵᠢᠯᠤᠭᠤᠳᠤᠨ᠎ᠠ᠂ ᠰᠣᠨᠢᠨ ᠮᠡᠳᠡᠭᠡᠨ ᠤ ᠵᠠᠭᠤᠴᠢᠯᠠᠭᠤᠷ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠢ ᠰᠣᠨᠢᠨ ᠮᠡᠳᠡᠭᠡᠨ ᠤ ᠮᠡᠳᠡᠭᠡᠯᠡᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ ᠴᠠᠭ ᠲᠤᠬᠠᠢ ᠳᠤᠨᠢ ᠴᠢᠩᠭᠠᠳᠬᠠᠬᠤ ᠶᠢ ᠵᠢᠯᠤᠭᠤᠳᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠠᠶᠢᠭᠠᠯᠢ ᠶᠢᠨ ᠭᠠᠮᠰᠢᠭ ᠢ ᠤᠬᠠᠭᠤᠯᠬᠤ ᠠᠵᠢᠯ ᠢ ᠵᠢᠯᠣᠭᠤᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠠᠵᠢᠯ ᠢ ᠥᠷᠨᠢᠭᠦᠯᠦᠨ᠎ᠡ᠃ ᠰᠣᠨᠢᠨ ᠮᠡᠳᠡᠭᠡᠨ ᠤ ᠨᠢᠭᠡᠴᠢ ᠶᠢ ᠵᠣᠬᠢᠴᠠᠭᠤᠯᠵᠤ ᠪᠠᠶᠢᠭᠠᠳ ᠪᠠᠶᠢᠭᠠᠯᠢ ᠶᠢᠨ ᠭᠠᠮᠰᠢᠭ ᠠᠴᠠ ᠠᠪᠤᠷᠠᠬᠤ ᠶᠢ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠨ᠎ᠡ᠃        ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠨᠢᠭᠡᠳᠦᠯᠲᠡᠢ ᠲᠦᠯᠦᠪᠵᠢᠭᠦᠯᠦᠨ᠂ ᠭᠠᠮᠰᠢᠭ ᠢ ᠪᠠᠭᠠᠰᠬᠠᠬᠤ ᠵᠢᠴᠢ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠵᠢᠯᠴᠠᠨ ᠪᠦᠬᠦ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠨᠥᠭᠡᠴᠡᠯᠡᠬᠦ ᠲᠥᠯᠥᠪᠵᠢᠭᠦᠯᠭᠡ ᠪᠠ ᠨᠥᠭᠡᠴᠡᠯᠡᠬᠦ ᠬᠥᠮᠥᠷᠭᠡ ᠶᠢᠨ ᠲᠥᠯᠥᠪᠵᠢᠭᠦᠯᠭᠡ ᠶᠢ ᠲᠣᠭᠲᠠᠭᠠᠨ᠎ᠠ︔ ᠪᠦᠬᠦ ᠲᠣᠭᠤᠷᠢᠭ ᠤᠨ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ᠂ ᠲᠦᠯᠦᠪᠵᠢᠭᠦᠯᠭᠡ ᠪᠣᠯᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠲᠣᠭᠤᠷᠢᠭ ᠤᠨ ᠱᠠᠲᠤᠨ ᠤ ᠪᠡᠯᠡ ᠣᠷᠣᠭᠤᠯᠤᠯᠲᠠ ᠶᠢᠨ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠣᠬᠢᠷᠠᠭᠤᠯᠤᠨ᠂ ᠪᠠᠶᠢᠭᠠᠯᠢ ᠶᠢᠨ ᠭᠠᠮᠰᠢᠭ ᠭᠠᠷᠤᠭᠰᠠᠨ ᠤ ᠳᠠᠷᠠᠭ᠎ᠠ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠰᠢᠯᠵᠢᠭᠦᠯᠦᠨ ᠥᠭᠬᠦ ᠶᠢᠨ ᠬᠠᠮᠲᠤ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ ᠰᠠᠭᠤᠷᠢ ᠪᠡᠯᠡᠳᠬᠡᠮᠵᠢ ᠶᠢᠨ ᠬᠤᠬᠢᠷᠠᠯ ᠤᠨ ᠪᠠᠶᠢᠳᠠᠯ ᠢ ᠪᠦᠷᠢᠳᠬᠡᠵᠦ᠂ ᠳᠡᠰ ᠳᠠᠷᠠᠭᠠᠯᠠᠯ ᠶᠣᠰᠣᠭᠠᠷ ᠭᠠᠮᠰᠢᠭ ᠢ ᠰᠡᠷᠭᠡᠶᠢᠯᠡᠬᠦ ᠪᠠ ᠭᠠᠮᠰᠢᠭ ᠤᠨ ᠳᠠᠷᠠᠭᠠᠬᠢ ᠪᠡᠯᠡ ᠮᠥᠩᠭᠦ ᠶᠢ ᠮᠡᠳᠡᠭᠦᠯᠦᠨ᠎ᠡ︔ ᠲᠤᠰᠬᠠᠶ ᠵᠦᠢᠯ ᠤᠨ ᠦᠨ᠎ᠡ ᠬᠠᠩᠰᠢ ᠶᠢᠨ ᠪᠠᠶᠢᠴᠠᠭᠠᠯᠲᠠ ᠪᠠ ᠣᠷᠣᠨ ᠲᠠᠯᠠᠪᠠᠢ ᠶᠢᠨ ᠲᠣᠭᠤᠷᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠭᠦᠨ᠎ᠡ︔ ᠦᠨ᠎ᠡ ᠬᠠᠩᠰᠢ ᠶᠢᠨ ᠲᠣᠬᠢᠷᠠᠭᠤᠯᠤᠨ ᠡᠵᠡᠮᠳᠡᠬᠦ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠣᠷᠣᠨ ᠲᠠᠯᠠᠪᠠᠢ ᠶᠢᠨ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃        ᠲᠣᠭᠤᠷᠢᠭ ᠤᠨ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠄ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢ ᠠᠶᠤᠯ ᠠᠴᠠ ᠵᠠᠶᠢᠯᠠᠬᠤ ᠭᠠᠵᠠᠷ ᠪᠠ ᠭᠠᠮᠰᠢᠭ ᠠᠴᠠ ᠠᠪᠤᠷᠠᠬᠤ ᠡᠳ᠋ ᠪᠣᠳᠠᠰ ᠬᠠᠩᠭᠠᠬᠤ ᠴᠡᠭ ᠢ ᠴᠠᠭ ᠲᠤᠬᠠᠶ ᠳᠤᠨᠢ ᠪᠠᠶᠢᠭᠤᠯᠬᠤ ᠶᠢ ᠵᠣᠬᠢᠴᠠᠭᠤᠯᠵᠤ᠂ ᠭᠠᠮᠰᠢᠭᠳᠠᠭᠰᠠᠨ ᠠᠷᠠᠳ ᠢ ᠪᠠᠴᠢᠮ ᠰᠢᠯᠵᠢᠭᠦᠯᠬᠦ ᠶᠢᠨ ᠬᠠᠮᠲᠤ ᠲᠣᠬᠢᠲᠠᠶ ᠲᠥᠪᠬᠢᠨᠡᠭᠦᠯᠵᠦ᠂ ᠭᠠᠮᠰᠢᠭᠳᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠪᠠ ᠭᠠᠮᠰᠢᠭ ᠤᠨ ᠳᠠᠷᠠᠭᠠᠬᠢ ᠶᠠᠳᠠᠭᠤ ᠶᠢ ᠲᠡᠳᠬᠦᠬᠦ ᠠᠵᠢᠯ ᠢ ᠵᠢᠯᠤᠭᠤᠳᠤᠨ᠎ᠠ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ︵ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠡᠶᠢᠭᠡᠮ ᠤᠨ ᠰᠠᠭᠤᠷᠢ ᠮᠥᠩᠭᠦ᠂ ᠠᠰᠠᠷᠠᠮᠵᠢ ᠶᠢᠨ ᠰᠤᠭᠤᠯᠤᠭ᠎ᠠ᠂ ᠪᠦᠯᠬᠦᠮ ᠨᠡᠶᠢᠲᠡ᠂ ᠬᠤᠪᠢ ᠬᠥᠮᠦᠨ︶ ᠵᠡᠷᠭᠡ ᠶᠢ ᠵᠣᠷᠢᠭᠵᠢᠭᠤᠯᠤᠨ ᠵᠢᠯᠣᠭᠤᠳᠴᠤ ᠬᠠᠪᠰᠤᠷᠴᠤ ᠪᠠᠶᠢᠭᠠᠳ ᠪᠡᠯᠡᠭᠯᠡᠨ ᠬᠦᠷᠭᠡᠬᠦ ᠪᠠ ᠠᠪᠤᠷᠠᠨ ᠳᠤᠰᠠᠯᠠᠬᠤ ᠶᠢ ᠦᠷᠨᠢᠭᠦᠯᠦᠨ᠎ᠡ᠃        ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠄ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠭᠠᠯᠢ ᠶᠢᠨ ᠭᠠᠮᠰᠢᠭ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯ ᠥᠷᠨᠢᠭᠦᠯᠬᠦ ᠶᠢ ᠬᠠᠷᠢᠭᠤᠴᠠᠨ ᠵᠢᠯᠣᠭᠤᠳᠴᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠡᠨᠡᠳᠲᠡ ᠡᠭᠦᠰᠬᠦ ᠪᠠᠶᠢᠭᠠᠯᠢ ᠶᠢᠨ ᠭᠠᠮᠰᠢᠭ ᠤᠨ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠵᠡᠷᠭᠡ ᠲᠠᠯ᠎ᠠ ᠶᠢᠨ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠰᠠᠶᠢᠨ ᠳᠤᠷ᠎ᠠ ᠠᠴᠠ ᠪᠠᠨ ᠭᠠᠮᠰᠢᠭ ᠠᠴᠠ ᠠᠪᠤᠷᠠᠬᠤ ᠠᠵᠢᠯᠯᠠᠭ᠎ᠠ ᠳᠤ ᠣᠷᠣᠯᠴᠠᠬᠤ ᠶᠢ ᠤᠬᠠᠭᠤᠯᠤᠨ ᠵᠢᠯᠣᠭᠤᠳᠤᠨ᠎ᠠ︔ ᠵᠢᠭᠠᠨ ᠰᠤᠷᠭᠠᠬᠤ ᠪᠡᠯᠡᠳᠬᠡᠮᠵᠢ ᠨᠢ ᠭᠠᠮᠰᠢᠭ ᠠᠴᠠ ᠪᠣᠯᠵᠤ ᠬᠤᠬᠢᠷᠠᠭᠰᠠᠨ ᠪᠠᠶᠢᠳᠠᠯ ᠢ ᠪᠦᠷᠢᠳᠬᠡᠵᠦ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠳᠤ ᠭᠠᠮᠰᠢᠭᠳᠠᠭᠰᠠᠨ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠢ ᠰᠢᠯᠵᠢᠭᠦᠯᠬᠦ᠂ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠰᠡᠷᠭᠦᠭᠡᠬᠦ᠂ ᠭᠠᠮᠰᠢᠭᠳᠠᠭᠰᠠᠨ ᠣᠷᠣᠨ ᠢ ᠵᠢᠯᠣᠭᠤᠳᠴᠤ ᠪᠠᠶᠢᠭᠠᠳ ᠰᠤᠷᠭᠠᠭᠤᠯᠢ ᠶᠢᠨ ᠳᠠᠬᠢᠨ ᠪᠠᠶᠢᠭᠤᠯᠬᠤ ᠲᠥᠯᠥᠪᠵᠢᠭᠦᠯᠭᠡ ᠶᠢᠨ ᠲᠥᠰᠦᠯ ᠵᠡᠷᠭᠡ ᠠᠵᠢᠯ ᠢ ᠮᠡᠳᠡᠭᠦᠯᠬᠦ ᠶᠢ ᠰᠠᠶᠢᠲᠤᠷ ᠬᠢᠬᠦ ᠶᠢ ᠬᠠᠷᠢᠭᠤᠴᠠᠨ᠎ᠠ᠃        ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠄ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠤᠨ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠠᠷᠤᠳᠠᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢᠨ ᠬᠠᠮᠲᠤ ᠣᠨ ᠤ ᠲᠥᠰᠦᠪ ᠲᠤ ᠣᠷᠣᠭᠤᠯᠤᠨ᠎ᠠ︔ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠡᠯᠡ ᠮᠥᠩᠭᠦ  ᠭᠤᠶᠤᠴᠢᠯᠠᠬᠤ᠂ ᠬᠤᠪᠢᠶᠠᠷᠢᠯᠠᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃        ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠪᠥᠬᠦ ᠲᠣᠭᠤᠷᠢᠭ ᠤᠨ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠤᠨ ᠵᠢᠯᠤᠭᠤᠳᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ︔ ᠪᠥᠬᠦ ᠲᠣᠭᠤᠷᠢᠭ ᠤᠨ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ︔ ᠭᠠᠵᠠᠷ ᠤᠨ ᠭᠠᠶ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠭᠠᠵᠠᠷ ᠤᠨ ᠭᠠᠶ ᠭᠠᠮᠰᠢᠭ ᠢ ᠰᠡᠷᠭᠡᠶᠢᠯᠡᠬᠦ ᠮᠡᠳᠡᠯᠭᠡ᠂ ᠭᠠᠵᠠᠷ ᠤᠨ ᠭᠠᠶ ᠭᠠᠮᠰᠢᠭ ᠢ ᠪᠠᠶᠢᠴᠠᠭᠠᠬᠤ ᠪᠠ ᠦᠨᠡᠯᠡᠨ ᠵᠢᠱᠢᠬᠦ ᠶᠢ ᠣᠬᠠᠭᠤᠯᠤᠨ᠎ᠠ︔ ᠭᠠᠮᠰᠢᠭᠳᠠᠭᠰᠠᠨ ᠣᠷᠣᠨ ᠤ ᠬᠡᠮᠵᠢᠨ ᠵᠢᠷᠤᠬᠤ ᠪᠠ ᠭᠠᠵᠠᠷ ᠵᠦᠶ ᠶᠢᠨ ᠮᠡᠳᠡᠭᠡ ᠵᠠᠩᠭᠢ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠵᠦ᠂ ᠭᠠᠮᠰᠢᠭ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠳᠡᠭᠡᠭᠰᠢ ᠮᠡᠳᠡᠭᠦᠯᠦᠨ᠎ᠡ︔ ︽2021 — 2028 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠳᠤᠮᠳᠠ ᠬᠤᠭᠤᠴᠠᠭᠠᠨ ᠤ ᠵᠢᠷᠤᠮᠵᠢᠯ︾ ᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢ ᠬᠠᠮᠢᠶᠠᠷᠬᠤ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ︔ ᠣᠶ ᠰᠢᠭᠤᠶ ᠶᠢᠨ ᠬᠤᠤᠷ ᠬᠥᠨᠥᠭᠡᠯ ᠲᠠᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠶ ᠰᠢᠭᠤᠶ ᠶᠢᠨ ᠤᠷᠭᠤᠮᠠᠯ ᠤᠨ ᠬᠢᠵᠢᠭ ᠢ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠵᠢᠯᠣᠭᠤᠳᠴᠤ᠂ ᠣᠶ ᠰᠢᠭᠤᠶ ᠶᠢᠨ ᠬᠤᠤᠷ ᠬᠥᠨᠥᠭᠡᠯ ᠲᠠᠢ ᠠᠮᠢᠳᠤ ᠪᠣᠳᠠᠰ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠮᠢᠶᠠᠷᠤᠨ᠎ᠠ᠃        ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠄ ᠭᠠᠮᠰᠢᠭᠳᠠᠭᠰᠠᠨ ᠣᠷᠣᠨ ᠤ ᠭᠠᠮᠰᠢᠭ ᠤᠨ ᠳᠠᠷᠠᠭᠠᠬᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠤᠨ ᠠᠮᠤᠷ ᠲᠦᠪᠰᠢᠨ ᠢ ᠦᠨᠡᠯᠡᠨ ᠵᠢᠱᠢᠬᠦ᠂ ᠬᠢᠨᠠᠨ ᠲᠣᠭᠲᠠᠭᠠᠬᠤ ᠵᠡᠷᠭᠡ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ ᠭᠠᠮᠰᠢᠭᠳᠠᠭᠰᠠᠨ ᠣᠷᠣᠨ ᠤ ᠭᠡᠷ ᠪᠠᠶᠢᠰᠢᠩ ᠤᠨ ᠢᠨᠵᠧᠨᠧᠷᠢᠩ ᠤᠨ ᠬᠤᠬᠢᠷᠠᠯ ᠢ ᠪᠦᠷᠢᠳᠬᠡᠬᠦ ᠶᠢ ᠬᠠᠷᠢᠭᠤᠴᠠᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠤᠨ᠎ᠠ︔ ᠭᠠᠮᠰᠢᠭᠳᠠᠭᠰᠠᠨ ᠭᠠᠵᠠᠷ ᠣᠷᠣᠨ ᠤ ᠤᠰᠤ᠂ ᠴᠠᠬᠢᠯᠭᠠᠨ᠂ ᠳᠤᠯᠠᠭᠠᠯᠠᠭ᠎ᠠ ᠵᠡᠷᠭᠡ ᠰᠠᠭᠤᠷᠢ ᠠᠮᠢᠨ ᠰᠤᠳᠠᠰᠤ ᠶᠢᠨ ᠢᠨᠵᠧᠨᠧᠷᠢᠩ ᠢ ᠰᠡᠷᠭᠦᠭᠡᠬᠦ ᠶᠢ ᠬᠠᠷᠢᠭᠤᠴᠠᠨ᠎ᠠ᠃        ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠄ ᠪᠥᠬᠦ ᠲᠣᠭᠤᠷᠢᠭ ᠤᠨ ᠲᠠᠷᠢᠶᠠᠯᠠᠩ ᠤᠨ ᠪᠠᠶᠢᠭᠠᠯᠢ ᠶᠢᠨ ᠭᠠᠮᠰᠢᠭ ᠢ ᠬᠢᠨᠠᠨ ᠬᠡᠮᠵᠢᠬᠦ᠂ ᠰᠡᠷᠭᠡᠶᠢᠯᠡᠬᠦ ᠪᠠ ᠭᠠᠮᠰᠢᠭ ᠤᠨ ᠳᠠᠷᠠᠭ᠎ᠠ ᠦᠢᠯᠡᠳᠪᠦᠷᠢᠯᠡᠯ ᠤᠨ ᠠᠪᠤᠷᠠᠨ ᠲᠤᠰᠠᠯᠠᠬᠤ ᠠᠵᠢᠯ ᠢ ᠵᠢᠯᠣᠭᠤᠳᠬᠤ ᠶᠢ ᠵᠣᠬᠢᠶᠠᠨ ᠪᠠᠶᠢᠭᠤᠯᠤᠨ᠎ᠠ︔ ᠲᠠᠷᠢᠮᠠᠯ ᠤᠨ ᠡᠪᠡᠳᠴᠢᠨ ᠬᠤᠷᠣᠬᠠᠶ ᠶᠢᠨ ᠭᠠᠮᠰᠢᠭ ᠵᠢᠴᠢ ᠠᠮᠢᠲᠠᠨ ᠤ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠦᠨ᠎ᠡ︔ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ᠂ ᠤᠰᠤᠨ ᠤ ᠠᠮᠢᠲᠠᠨ ᠤᠷᠭᠤᠮᠠᠯ ᠪᠠ ᠠᠮᠢᠲᠠᠨ ᠤ ᠬᠢᠵᠢᠭ ᠤᠨ ᠪᠠᠶᠢᠳᠠᠯ ᠵᠡᠷᠭᠡ ᠭᠠᠮᠰᠢᠭ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠵᠣᠬᠢᠴᠠᠭᠤᠯᠤᠨ᠎ᠠ︔ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠰᠡᠷᠭᠡᠶᠢᠯᠡᠯᠲᠡ ᠶᠢᠨ ᠰᠤᠳᠤᠯᠭᠠᠨ ᠢ ᠲᠣᠭᠲᠠᠭᠠᠵᠤ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠮᠡᠷᠭᠡᠵᠢᠯ ᠢ ᠳᠡᠯᠭᠡᠷᠡᠭᠦᠯᠬᠦ ᠪᠠ ᠮᠡᠳᠡᠯᠭᠡ ᠶᠢᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠭᠠᠮᠰᠢᠭᠳᠠᠭᠰᠠᠨ ᠠᠷᠠᠳ ᠢ ᠲᠠᠷᠬᠠᠭᠠᠬᠤ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ᠂ ᠭᠠᠮᠰᠢᠭ ᠠᠴᠠ ᠠᠪᠤᠷᠠᠬᠤ ᠬᠥᠮᠦᠰ ᠢ ᠳᠠᠮᠵᠢᠭᠤᠯᠤᠨ ᠬᠦᠷᠭᠡᠬᠦ ᠵᠠᠰᠠᠮᠠᠯ ᠵᠠᠮ ᠤᠨ ᠪᠡᠯᠡᠳᠬᠡᠮᠵᠢ ᠶᠢ ᠵᠠᠪᠳᠤᠨ ᠨᠡᠪᠲᠡᠷᠡᠭᠦᠯᠬᠦ ᠪᠠ ᠬᠠᠮᠠᠭᠠᠯᠠᠨ ᠬᠠᠮᠢᠶᠠᠷᠬᠤ ᠠᠵᠢᠯ ᠢ ᠬᠠᠷᠢᠭᠤᠴᠠᠵᠤ᠂ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ︽ᠰᠠᠭᠠᠳ ᠦᠭᠡᠶ︾ ᠵᠠᠮ ᠢ ᠨᠡᠪᠲᠡᠷᠡᠭᠦᠯᠦᠨ᠎ᠡ᠃ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠲᠡᠭᠡᠭᠡᠪᠦᠷᠢ ᠶᠢᠨ ᠲᠡᠷᠭᠡ ᠬᠥᠰᠬᠡ ᠶᠢ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠮᠰᠢᠭ ᠠᠴᠠ ᠠᠪᠤᠷᠠᠬᠤ ᠡᠳ᠋ ᠪᠣᠳᠠᠰ ᠤᠨ ᠪᠠᠴᠢᠮ ᠲᠡᠭᠡᠭᠡᠪᠦᠷᠢᠯᠡᠬᠦ ᠠᠵᠢᠯ ᠢ ᠰᠠᠶᠢᠲᠤᠷ ᠬᠢᠨ᠎ᠡ︔ ᠪᠦᠬᠦ ᠲᠣᠭᠤᠷᠢᠭ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠲᠠᠯᠪᠢᠬᠤ᠂ ᠠᠮᠤᠷ ᠲᠦᠪᠰᠢᠨ ᠤ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠵᠡᠷᠭᠡ ᠠᠵᠢᠯ ᠢ ᠥᠷᠨᠢᠭᠦᠯᠦᠨ᠎ᠡ᠃ ᠪᠦᠬᠦ ᠲᠣᠭᠤᠷᠢᠭ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠲᠥᠯᠥᠪᠵᠢᠭᠦᠯᠭᠡ ᠶᠢ ᠬᠠᠷᠢᠭᠤᠴᠠᠨ ᠲᠣᠭᠲᠠᠭᠠᠨ᠎ᠠ︔ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ᠂ ᠤᠰᠤᠨ ᠠᠰᠢᠭᠯᠠᠯᠲᠠ ᠶᠢᠨ ᠢᠨᠵᠧᠨᠧᠷᠢᠩ ᠵᠡᠷᠭᠡ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠷᠭ᠎ᠠ ᠪᠣᠳᠣᠯᠭ᠎ᠠ ᠪᠣᠯᠤᠨ ᠰᠠᠨᠠᠭᠤᠯᠭ᠎ᠠ ᠬᠠᠩᠭᠠᠬᠤ ᠶᠢ ᠬᠠᠷᠢᠭᠤᠴᠠᠨ᠎ᠠ︔ ᠪᠦᠬᠦ ᠲᠣᠭᠤᠷᠢᠭ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠤᠨ᠎ᠠ︔ ᠭᠠᠮᠰᠢᠭ ᠤᠨ ᠳᠠᠷᠠᠭᠠᠬᠢ ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠵᠠᠰᠠᠨ ᠰᠡᠷᠭᠦᠭᠡᠬᠦ ᠶᠢ ᠬᠠᠷᠢᠭᠤᠴᠠᠨ᠎ᠠ︔ ᠦᠶᠡᠷ ᠤᠨ ᠪᠠᠶᠢᠳᠠᠯ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ︔ ᠦᠶᠡᠷ ᠤᠨ ᠭᠠᠮᠰᠢᠭ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠨ᠎ᠡ᠃        ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠲᠣᠪᠴᠢᠶ᠎ᠠ᠄ ᠭᠠᠮᠰᠢᠭᠳᠠᠭᠰᠠᠨ ᠣᠷᠣᠨ ᠤ ᠠᠵᠤ ᠠᠬᠤᠢ ᠶᠢᠨ ᠮᠡᠳᠡᠭᠡ ᠵᠠᠩᠭᠢ ᠪᠠ ᠬᠡᠯᠪᠡᠷᠢ ᠮᠠᠶ᠋ᠢᠭ ᠢ ᠴᠠᠭ ᠲᠤᠬᠠᠶ ᠳᠤᠨᠢ ᠵᠠᠳᠠᠯᠵᠤ᠂ ᠬᠠᠮᠢᠶ᠎ᠠ ᠪᠦᠬᠦᠢ ᠠᠵᠤ ᠦᠢᠯᠡᠰ ᠢ ᠬᠦᠴᠦᠯᠡᠨ ᠣᠷᠣᠭᠤᠯᠵᠤ᠂ ᠡᠯ᠎ᠡ ᠲᠥᠷᠥᠯ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠭᠠᠮᠰᠢᠭᠳᠠᠭᠰᠠᠨ ᠣᠷᠣᠨ ᠳᠤ ᠪᠡᠯᠡ ᠣᠷᠣᠭᠤᠯᠵᠤ ᠪᠦᠲᠦᠭᠡᠨ ᠪᠠᠶᠢᠭᠤᠯᠤᠯᠲᠠ ᠬᠢᠯᠭᠡᠵᠦ᠂ ᠭᠠᠮᠰᠢᠭᠳᠠᠭᠰᠠᠨ ᠣᠷᠣᠨ ᠤ ᠠᠵᠤ ᠠᠬᠤᠢ ᠶᠢᠨ ᠰᠡᠷᠭᠦᠯᠲᠡ ᠶᠢ ᠣᠯᠠᠨ ᠲᠠᠯ᠎ᠠ ᠪᠠᠷ ᠲᠡᠳᠬᠦᠨ᠎ᠡ᠃        ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠭᠠᠮᠰᠢᠭᠳᠠᠭᠰᠠᠨ ᠣᠷᠣᠨ ᠢ ᠬᠠᠷᠢᠭᠤᠴᠠᠨ ᠵᠢᠯᠣᠭᠤᠳᠴᠤ ᠪᠠᠶᠢᠭᠠᠳ ᠡᠮᠴᠢᠯᠡᠭᠡᠨ ᠤ ᠠᠪᠤᠷᠠᠨ ᠲᠤᠰᠠᠯᠠᠬᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠵᠡᠷᠭᠡ ᠠᠵᠢᠯ ᠢ ᠰᠠᠶᠢᠲᠤᠷ ᠬᠢᠨ᠎ᠡ︔ ᠡᠷᠡᠭᠦᠯ ᠬᠠᠮᠠᠭᠠᠯᠠᠯ ᠤᠨ ᠬᠢᠵᠢᠭ ᠰᠡᠷᠭᠡᠶᠢᠯᠡᠬᠦ ᠪᠠ ᠪᠠᠴᠢᠮ ᠪᠠᠶᠢᠳᠠᠯ ᠢ ᠠᠪᠤᠷᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠵᠢᠴᠢ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠥᠷᠨᠢᠭᠦᠯᠦᠨ᠎ᠡ︔ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠵᠣᠬᠢᠶᠠᠨ ᠪᠠᠶᠢᠭᠤᠯᠵᠤ ᠪᠠᠶᠢᠭᠠᠳ ᠭᠠᠮᠰᠢᠭᠳᠠᠭᠰᠠᠨ ᠣᠷᠣᠨ ᠳᠤ ᠣᠴᠢᠭᠤᠯᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠ ᠰᠡᠳᠭᠢᠴᠡ ᠶᠢᠨ ᠲᠤᠰᠠᠯᠠᠮᠵᠢ ᠦᠵᠡᠭᠦᠯᠦᠨ᠎ᠡ᠃        ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ᠄ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠪᠣᠯᠤᠨ ᠪᠡᠯᠡᠭᠯᠡᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠬᠠᠮᠢᠶᠠᠷᠴᠤ ᠬᠡᠷᠡᠭᠯᠡᠭᠰᠡᠨ ᠪᠠᠶᠢᠳᠠᠯ ᠳᠤ ᠬᠢᠨᠠᠨ ᠪᠤᠳᠤᠯᠲᠠ ᠬᠢᠵᠦ ᠬᠢᠨᠠᠯᠲᠠ ᠲᠠᠯᠪᠢᠬᠤ ᠶᠢ ᠬᠠᠷᠢᠭᠤᠴᠠᠨ᠎ᠠ᠃        ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠭᠠᠮᠰᠢᠭᠳᠠᠭᠰᠠᠨ ᠣᠯᠠᠨ ᠲᠦᠮᠡᠨ ᠤ ᠡᠮᠴᠢᠯᠡᠭᠡ ᠶᠢᠨ ᠳᠥᠭᠦᠮ ᠨᠥᠬᠦᠴᠡᠯ ᠬᠠᠩᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠲᠠᠢ ᠤᠶᠠᠯᠳᠤᠭᠤᠯᠤᠨ᠂ ᠡᠯ᠎ᠡ ᠲᠥᠷᠥᠯ ᠤᠨ ᠡᠮᠴᠢᠯᠡᠭᠡ ᠶᠢᠨ ᠳᠠᠭᠠᠳᠬᠠᠯ ᠤᠨ ᠪᠠᠶᠢᠭᠤᠯᠤᠮᠵᠢ ᠶᠢ ᠵᠢᠯᠣᠭᠤᠳᠤᠨ ᠭᠠᠮᠰᠢᠭᠳᠠᠭᠰᠠᠨ ᠣᠯᠠᠨ ᠲᠦᠮᠡᠨ ᠳᠤ ᠡᠮᠴᠢᠯᠡᠭᠡ ᠶᠢᠨ ᠳᠠᠭᠠᠳᠬᠠᠯ ᠤᠨ ᠪᠠᠲᠤᠯᠠᠭ᠎ᠠ ᠬᠠᠩᠭᠠᠨ᠎ᠠ᠃        ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠰᠢᠭᠤᠶᠢᠲᠤ ᠬᠤᠪᠢᠶᠠᠷᠢ ᠲᠣᠪᠴᠢᠶ᠎ᠠ᠄ ᠭᠠᠮᠰᠢᠭᠳᠠᠭᠰᠠᠨ ᠣᠷᠣᠨ ᠤ ᠣᠷᠴᠢᠨ ᠲᠣᠭᠤᠷᠢᠨ ᠤ ᠪᠣᠬᠢᠷᠲᠤᠯ ᠤᠨ ᠪᠠᠶᠢᠳᠠᠯ ᠢ ᠬᠢᠨᠠᠨ ᠬᠡᠮᠵᠢᠬᠦ᠂ ᠵᠠᠳᠠᠯᠤᠯᠲᠠ ᠬᠢᠬᠦ ᠶᠢ ᠵᠣᠬᠢᠶᠠᠨ ᠪᠠᠶᠢᠭᠤᠯᠵᠤ᠂ ᠰᠢᠢᠳᠪᠦᠷᠢᠯᠡᠬᠦ ᠲᠥᠰᠦᠯ ᠤᠨ ᠰᠠᠨᠠᠭᠤᠯᠭ᠎ᠠ ᠳᠤᠷᠠᠳᠬᠤ ᠶᠢᠨ ᠬᠠᠮᠲᠤ ᠲᠤᠬᠠᠶ ᠶᠢᠨ ᠭᠠᠵᠠᠷ ᠤᠨ ᠬᠡᠷᠡᠭᠵᠢᠭᠦᠯᠦᠯᠲᠡ ᠶᠢ ᠵᠢᠯᠣᠭᠤᠳᠤᠨ᠎ᠠ︔ ᠭᠡᠨᠡᠳᠲᠡ ᠶᠢᠨ ᠭᠠᠮᠰᠢᠭ ᠪᠠ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠭᠠᠮᠰᠢᠭᠳᠠᠭᠰᠠᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠪᠠᠶᠢᠳᠠᠯ ᠢ ᠡᠵᠡᠮᠰᠢᠬᠦ ᠶᠢᠨ ᠬᠠᠮᠲᠤ ᠲᠤᠬᠠᠶ ᠶᠢᠨ ᠭᠠᠵᠠᠷ ᠤᠨ ᠰᠡᠷᠭᠦᠭᠡᠯᠲᠡ ᠶᠢ ᠵᠢᠯᠣᠭᠤᠳᠤᠨ᠎ᠠ᠃        ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠭᠤᠶᠢᠲᠤ ᠬᠤᠪᠢᠶᠠᠷᠢ ᠲᠣᠪᠴᠢᠶ᠎ᠠ ᠄ ᠭᠠᠮᠰᠢᠭᠳᠠᠭᠰᠠᠨ ᠣᠷᠣᠨ ᠤ ᠲᠤᠬᠠᠶ ᠶᠢᠨ ᠲᠠᠯᠠᠪᠠᠶ ᠶᠢᠨ ᠠᠮᠤᠷ ᠲᠦᠪᠰᠢᠨ ᠤ ᠰᠡᠷᠭᠡᠶᠢᠯᠡᠯᠲᠡ ᠵᠢᠴᠢ ᠭᠠᠮᠰᠢᠭ ᠤᠨ ᠬᠤᠭᠤᠴᠠᠭᠠᠨ ᠳᠠᠬᠢ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠢ ᠬᠠᠷᠢᠭᠤᠴᠠᠵᠤ᠂ ᠭᠠᠮᠰᠢᠭ ᠠᠴᠠ ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠢᠳᠡᠪᠬᠢᠲᠡᠶ ᠬᠠᠮᠵᠢᠯᠴᠠᠨ ᠰᠠᠶᠢᠲᠤᠷ ᠬᠢᠵᠦ᠂ ᠭᠠᠮᠰᠢᠭᠳᠠᠭᠰᠠᠨ ᠣᠷᠣᠨ ᠤ ᠬᠤᠯᠠᠭᠠᠶᠢᠯᠠᠨ ᠪᠤᠯᠢᠶᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠰᠦᠯᠵᠢᠶᠡᠨ ᠤ ᠴᠤᠤᠷᠬᠠᠯ ᠵᠣᠬᠢᠶᠠᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠬᠥᠮᠦᠰ ᠢ ᠪᠠᠶᠢᠴᠠᠭᠠᠨ ᠰᠢᠢᠳᠪᠦᠷᠢᠯᠡᠨ᠎ᠡ︔ ᠪᠥᠬᠦ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠨ᠎ᠠ᠃        ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠰᠢᠭᠤᠶᠢᠲᠤ ᠲᠣᠭᠤᠷᠢᠭ ᠤᠨ ᠶᠡᠭᠡ ᠠᠩᠭᠢ᠄ ᠭᠠᠮᠰᠢᠭᠳᠠᠭᠰᠠᠨ ᠣᠷᠣᠨ ᠤ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ ᠰᠡᠷᠭᠡᠶᠢᠯᠡᠯᠲᠡ ᠪᠠ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠠᠭᠠᠯᠠᠯᠲᠠ ᠶᠢ ᠬᠠᠷᠢᠭᠤᠴᠠᠵᠤ᠂ ᠭᠠᠮᠰᠢᠭᠳᠠᠭᠰᠠᠨ ᠣᠷᠣᠨ ᠤ ᠣᠯᠠᠨ ᠲᠦᠮᠡᠨ ᠢ ᠬᠠᠪᠰᠤᠷᠤᠨ ᠪᠠᠴᠢᠮ ᠰᠢᠯᠵᠢᠭᠦᠯᠬᠦ ᠠᠵᠢᠯ ᠢ ᠬᠠᠷᠢᠭᠤᠴᠠᠨ᠎ᠠ︔ ᠭᠠᠮᠰᠢᠭ ᠠᠴᠠ ᠠᠪᠤᠷᠠᠬᠤ ᠡᠳ᠋ ᠪᠣᠳᠠᠰ ᠤᠨ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ︔ ᠭᠠᠮᠰᠢᠭ ᠠᠴᠠ ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠢᠳᠡᠪᠬᠢᠲᠡᠢ ᠬᠠᠮᠵᠢᠯᠴᠠᠨ ᠰᠠᠶᠢᠲᠤᠷ ᠬᠢᠨ᠎ᠡ᠃        ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠄ ᠰᠠᠭᠤᠭ᠎ᠠ ᠭᠠᠵᠠᠷ ᠤᠨ ᠴᠡᠷᠢᠭ ᠠᠩᠭᠢ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠳᠤ ᠣᠷᠣᠯᠴᠠᠬᠤ ᠶᠢ ᠵᠣᠬᠢᠴᠠᠭᠤᠯᠤᠨ ᠵᠢᠯᠣᠭᠤᠳᠴᠤ᠂ ᠠᠶᠤᠯ ᠭᠠᠮᠰᠢᠭ ᠠᠴᠠ ᠠᠪᠤᠷᠠᠬᠤ ᠪᠠᠶᠢᠳᠠᠯ ᠲᠠᠢ ᠤᠶᠠᠯᠳᠤᠭᠤᠯᠤᠨ᠂ ᠭᠠᠮᠰᠢᠭ ᠠᠴᠠ ᠠᠪᠤᠷᠠᠬᠤ ᠠᠵᠢᠯ ᠢ ᠬᠠᠮᠵᠢᠨ ᠥᠷᠨᠢᠭᠦᠯᠦᠨ᠎ᠡ᠃        ᠭᠠᠯ ᠤᠨᠲᠠᠷᠠᠭᠠᠬᠤ ᠶᠡᠭᠡ ᠠᠩᠭᠢ᠄ ᠭᠠᠮᠰᠢᠭ ᠠᠴᠠ ᠠᠪᠤᠷᠠᠬᠤ ᠪᠠ ᠠᠶᠤᠯ ᠭᠠᠮᠰᠢᠭ ᠠᠴᠠ ᠠᠪᠤᠷᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠭᠠᠯ ᠤᠨᠲᠠᠷᠠᠭᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠬᠠᠷᠢᠭᠤᠴᠠᠵᠤ᠂ ᠭᠠᠯ ᠤᠨᠲᠠᠷᠠᠭᠠᠬᠤ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠵᠢᠴᠢ ᠰᠣᠷᠢᠯᠲᠠ ᠶᠢ ᠰᠠᠶᠢᠲᠤᠷ ᠬᠢᠨ᠎ᠡ᠃        ᠲᠣᠭᠤᠷᠢᠭ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠄ ᠬᠠᠷᠢᠶ᠎ᠠ ᠪᠦᠬᠦᠢ ᠴᠠᠬᠢᠯᠭᠠᠨ ᠬᠠᠩᠭᠠᠬᠤ ᠺᠣᠮᠫᠠᠨᠢ ᠶᠢᠨ ᠭᠠᠮᠰᠢᠭᠳᠠᠭᠰᠠᠨ ᠣᠷᠣᠨ ᠤ ᠭᠠᠮᠰᠢᠭ ᠠᠴᠠ ᠠᠪᠤᠷᠠᠬᠤ ᠵᠦᠪᠯᠡᠯ᠂ ᠡᠮᠨᠡᠯᠭᠡ ᠶᠢᠨ ᠬᠤᠷᠢᠶ᠎ᠠ᠂ ᠲᠥᠪᠯᠡᠷᠡᠭᠦᠯᠦᠨ ᠲᠥᠪᠬᠢᠨᠡᠭᠦᠯᠬᠦ ᠭᠠᠵᠠᠷ ᠵᠡᠷᠭᠡ ᠴᠢᠬᠤᠯᠠ ᠬᠠᠷᠠᠯᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠴᠠᠬᠢᠯᠭᠠᠨ ᠬᠠᠩᠭᠠᠬᠤ ᠠᠵᠢᠯ ᠢ ᠬᠠᠷᠢᠭᠤᠴᠠᠨ ᠥᠷᠨᠢᠭᠦᠯᠵᠦ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ ᠪᠦᠬᠦᠢ ᠴᠠᠬᠢᠯᠭᠠᠨ ᠤ ᠲᠣᠤᠷ ᠤᠨ ᠭᠠᠮᠰᠢᠭ ᠤᠨ ᠪᠠᠶᠢᠳᠠᠯ ᠢ ᠬᠢᠨᠠᠨ ᠬᠠᠷᠭᠤᠭᠤᠯᠬᠤ ᠪᠠ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠨ᠎ᠡ︔ ᠭᠠᠮᠰᠢᠭ ᠠᠴᠠ ᠪᠣᠯᠵᠤ ᠡᠪᠳᠡᠭᠳᠡᠭᠰᠡᠨ ᠴᠠᠬᠢᠯᠭᠠᠨ ᠤ ᠲᠣᠣᠷ ᠢ ᠰᠡᠯᠪᠢᠨ ᠵᠠᠰᠠᠵᠤ ᠳᠠᠬᠢᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠭᠠᠮᠰᠢᠭᠳᠠᠭᠰᠠᠨ ᠣᠷᠣᠨ ᠤ ᠴᠠᠬᠢᠯᠭᠠᠨ ᠬᠠᠩᠭᠠᠬᠤ ᠶᠢ ᠴᠠᠭ ᠲᠤᠬᠠᠶ ᠳᠤᠨᠢ ᠰᠡᠷᠭᠦᠭᠡᠨ᠎ᠡ᠃ ᠬᠠᠷᠢᠶ᠎ᠠ ᠪᠦᠬᠦᠢ ᠴᠠᠬᠢᠯᠭᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠥᠷᠲᠡᠭᠡ ᠶᠢᠨ ᠠᠵᠢᠯᠯᠠᠭᠠᠨ ᠤ ᠠᠷᠭ᠎ᠠ ᠮᠠᠶ᠋ᠢᠭ ᠢ ᠵᠣᠬᠢᠴᠠᠭᠤᠯᠤᠨ ᠲᠣᠬᠢᠷᠠᠭᠤᠯᠬᠤ ᠶᠢ ᠬᠠᠷᠢᠭᠤᠴᠠᠨ᠎ᠠ︔ ᠲᠣᠭᠤᠷᠢᠭ ᠤᠨ ᠭᠡᠨᠡᠳᠲᠡ ᠶᠢᠨ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠢᠶᠠᠨ ᠤ ᠵᠠᠷᠯᠢᠭ ᠲᠤ ᠪᠣᠳᠠᠲᠠᠶ ᠬᠡᠷᠡᠭᠵᠢᠭᠦᠯᠦᠨ᠎ᠡ︔ ᠪᠠᠴᠢᠮ ᠪᠠᠶᠢᠳᠠᠯ ᠢ ᠠᠷᠭᠠᠴᠠᠭᠠᠬᠤ ᠠᠵᠢᠯ᠂ ᠠᠶᠤᠯ ᠠᠴᠠ ᠠᠪᠤᠷᠠᠨ ᠲᠤᠰᠠᠯᠠᠬᠤ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠨ᠎ᠠ᠃        ᠨᠢᠭᠡᠳᠦᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ᠂ ᠰᠢᠯᠵᠢᠮᠡᠯ ᠬᠤᠯᠪᠣᠭᠠᠨ ᠤ ᠺᠣᠮᠫᠠᠨᠢ᠄ ᠲᠤᠰ ᠰᠢᠰᠲ᠋ᠧᠮ ᠤᠨ ᠴᠢᠮᠡᠭᠡ ᠬᠤᠯᠪᠣᠭᠠᠨ ᠤ ᠢᠨᠵᠧᠨᠧᠷᠢᠩ ᠤᠨ ᠪᠡᠯᠡᠳᠬᠡᠮᠵᠢ ᠶᠢᠨ ᠠᠮᠤᠷ ᠲᠦᠪᠰᠢᠨ ᠢ ᠬᠠᠷᠢᠭᠤᠴᠠᠵᠤ᠂ ᠪᠠᠶᠢᠭᠠᠯᠢ ᠶᠢᠨ ᠭᠡᠨᠡᠳᠲᠡ ᠶᠢᠨ ᠭᠠᠮᠰᠢᠭ ᠠᠴᠠ ᠠᠪᠤᠷᠠᠬᠤ ᠤᠳᠤᠷᠢᠳᠬᠤ ᠳᠤᠭᠤᠶᠢᠯᠠᠩ᠂ ᠲᠣᠭᠤᠷᠢᠭ ᠤᠨ ᠭᠡᠰᠢᠭᠦᠨ ᠨᠢᠭᠡᠴᠢ ᠶᠢᠨ ᠴᠢᠮᠡᠭᠡ ᠬᠤᠯᠪᠣᠭᠠᠨ ᠤ ᠱᠤᠭᠤᠮ ᠢ ᠠᠷᠠᠴᠢᠯᠠᠨ ᠬᠠᠮᠠᠭᠠᠯᠠᠬᠤ ᠶᠢ ᠬᠠᠷᠢᠭᠤᠴᠠᠵᠤ᠂ ᠳ᠋ᠢᠶᠠᠩᠬᠤᠸᠠ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ ᠶᠢ ᠴᠠᠭ ᠲᠤᠬᠠᠢ ᠳᠤᠨᠢ ᠳᠠᠮᠵᠢᠭᠤᠯᠬᠤ ᠶᠢ ᠪᠠᠲᠤᠯᠠᠨ᠎ᠠ᠃        ᠵᠢᠪᠬᠤᠯᠠᠩᠲᠤ ᠰᠤᠮᠤ᠂ ᠪᠠᠳᠺᠠᠷ ᠰᠦᠮ᠎ᠡ ᠪᠠᠯᠭᠠᠰᠤ᠂ ᠰᠢᠭᠤᠶᠢᠲᠤ ᠵᠡᠭᠡᠯᠢ ᠭᠤᠳᠤᠮᠵᠢ ᠶᠢᠨ ᠠᠯᠪᠠᠨ ᠭᠡᠷ᠂ ᠳ᠋ᠠ ᠽᠢ ᠵᠡᠭᠡᠯᠢ ᠭᠤᠳᠤᠮᠵᠢ᠂ ᠪᠠᠶ ᠬᠤ᠋ ᠭᠸᠦ ᠵᠡᠭᠡᠯᠢ ᠭᠤᠳᠤᠮᠵᠢ᠂ ᠳ᠋ᠠ ᠹᠠ ᠵᠡᠭᠡᠯᠢ ᠭᠤᠳᠤᠮᠵᠢ᠂ ᠳ᠋ᠠ ᠳ᠋ᠧ ᠾᠧᠩ ᠵᠡᠭᠡᠯᠢ ᠭᠤᠳᠤᠮᠵᠢ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠪᠤᠭᠤᠲᠤ ᠶᠢᠨ ᠰᠢᠭᠤᠶᠢᠲᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠳᠺᠠᠷ ᠰᠦᠮ᠎ᠡ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠭᠡᠰᠢᠭᠦᠨ᠄    ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠣᠬᠢᠴᠠᠩᠭᠤᠶ ᠤᠳᠤᠷᠢᠳᠬᠤ ᠳᠤᠭᠤᠶᠢᠯᠠᠩ ᠪᠠᠶᠢᠭᠤᠯᠵᠤ᠂ ᠭᠠᠮᠰᠢᠭ ᠤᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠵᠢᠴᠢ ᠭᠠᠮᠰᠢᠭ ᠠᠴᠠ ᠠᠪᠤᠷᠠᠬᠤ ᠡᠩᠨᠡᠭᠡ ᠶᠢ ᠲᠣᠭᠲᠠᠭᠠᠵᠤ᠂ ᠲᠤᠰ ᠬᠠᠷᠢᠶ᠎ᠠ ᠣᠷᠣᠨ ᠤ ᠪᠠᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠃ ᠳᠡᠭᠡᠳᠦ ᠱᠠᠲᠤᠨ ᠤ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠪᠣᠯᠤᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠤᠷ᠎ᠠ᠂ ᠲᠤᠰ ᠬᠠᠷᠢᠶ᠎ᠠ ᠣᠷᠣᠨ ᠤ ᠪᠠᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃         3 ᠭᠠᠶ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠵᠢᠴᠢ ᠠᠪᠤᠷᠠᠨ ᠲᠤᠰᠠᠯᠠᠬᠤ ᠪᠡᠯᠡᠳᠬᠡᠯ        3.1 ᠡᠬᠢᠯᠡᠭᠦᠯᠬᠦ ᠨᠥᠬᠦᠴᠡᠯ        ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠴᠠᠭ ᠠᠭᠤᠷ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ᠂ ᠭᠠᠵᠠᠷ ᠬᠥᠳᠡᠯᠦᠯᠲᠡ ᠵᠡᠷᠭᠡ ᠬᠡᠰᠡᠭ ᠤᠨ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠦᠨᠳᠦᠰᠦᠯᠡᠨ᠂ ᠬᠠᠮᠢᠶ᠎ᠠ ᠪᠥᠬᠦᠶ ᠨᠢᠭᠡᠴᠢ ᠶᠢ ᠵᠣᠬᠢᠶᠠᠨ ᠪᠠᠶᠢᠭᠤᠯᠤᠨ ᠵᠥᠪᠳᠡᠯᠴᠡᠵᠦ᠂ ᠭᠠᠷᠴᠤ ᠮᠡᠳᠡᠬᠦ ᠭᠠᠮᠰᠢᠭ ᠤᠨ ᠪᠠᠶᠢᠳᠠᠯ ᠳᠤ ᠤᠷᠢᠳᠴᠢᠯᠠᠨ ᠦᠨᠡᠯᠡᠨ ᠵᠢᠱᠢᠯᠲᠡ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠰᠦᠷᠳᠡᠭᠦᠯᠵᠦ᠂ ᠦᠨᠳᠦᠰᠦᠨ ᠠᠮᠢᠳᠤᠷᠠᠯ ᠢ ᠨᠥᠯᠥᠭᠡᠯᠡᠵᠦ ᠮᠡᠳᠡᠬᠦ᠂ ᠠᠷᠭᠠᠴᠠᠭᠠᠬᠤ ᠠᠷᠭ᠎ᠠ ᠬᠡᠮᠵᠢᠶ᠎ᠡ ᠶᠢ ᠤᠷᠢᠳᠴᠢᠯᠠᠨ ᠠᠪᠬᠤ ᠴᠢᠬᠤᠯᠠᠲᠠᠶ ᠦᠶ᠎ᠡ ᠳᠤ᠂ ᠲᠠᠰ ᠳᠠᠷᠠᠭᠠᠯᠠᠯ ᠤᠨ ᠶᠣᠰᠣᠭᠠᠷ ᠭᠠᠮᠰᠢᠭ ᠤᠨ ᠰᠡᠷᠡᠮᠵᠢᠯᠡᠭᠦᠯᠦᠯ ᠢ ᠡᠬᠢᠯᠡᠭᠦᠯᠦᠨ᠎ᠡ᠃        3.2 ᠡᠬᠢᠯᠡᠭᠦᠯᠬᠦ ᠶᠠᠪᠤᠴᠠ        ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠨᠡᠶᠢᠲᠡᠯᠡᠭᠰᠡᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ᠂ ᠭᠠᠮᠰᠢᠭ ᠢ ᠤᠷᠢᠳᠴᠢᠯᠠᠨ ᠦᠨᠡᠯᠡᠵᠦ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠳᠡᠳ᠋ ᠲᠣᠭᠤᠷᠢᠭ ᠤᠨ ᠳᠠᠷᠤᠭ᠎ᠠ ᠳᠤ ᠮᠡᠳᠡᠭᠦᠯᠦᠨ ᠵᠥᠪᠰᠢᠶᠡᠷᠡᠭᠦᠯᠦᠭᠡᠳ᠂ ᠭᠠᠮᠰᠢᠭ ᠠᠴᠠ ᠠᠪᠤᠷᠠᠬᠤ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠦᠨ᠎ᠡ᠃           3.3 ᠰᠡᠷᠡᠮᠵᠢᠯᠡᠬᠦᠯᠦᠭᠰᠡᠨ ᠤ ᠳᠠᠷᠠᠭᠠᠬᠢ ᠭᠠᠢ ᠭᠠᠮᠰᠢᠭ ᠠᠴᠠ ᠠᠪᠤᠷᠠᠬᠤ ᠪᠡᠯᠡᠳᠬᠡᠯ ᠠᠷᠭ᠎ᠠ ᠬᠡᠮᠵᠢᠶ᠎ᠡ        ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠰᠠᠯᠠᠭ᠎ᠠ ᠮᠥᠴᠢᠷ ᠤᠳ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ ᠪᠣᠯᠤᠨ ᠭᠠᠮᠰᠢᠭ ᠠᠴᠠ ᠠᠪᠤᠷᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠭᠡᠰᠢᠭᠦᠨ ᠨᠢᠭᠡᠴᠢ ᠳᠤ ᠪᠠᠶᠢᠭᠠᠯᠢ ᠶᠢᠨ ᠭᠠᠮᠰᠢᠭ ᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠮᠡᠳᠡᠭᠳᠡᠵᠦ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠡᠷᠡᠭᠴᠡᠭᠡ ᠪᠠᠨ ᠦᠨᠳᠦᠰᠦᠯᠡᠨ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠩᠭᠠᠨ᠎ᠠ᠃ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠪᠠᠶᠢᠭᠠᠯᠢ ᠶᠢᠨ ᠭᠠᠮᠰᠢᠭ ᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠦᠨᠳᠦᠰᠦᠯᠡᠨ᠂ ᠨᠥᠯᠥᠭᠡᠯᠡᠭᠳᠡᠵᠦ ᠮᠡᠳᠡᠬᠦ ᠭᠠᠵᠠᠷ ᠣᠷᠣᠨ ᠤ ᠪᠠᠶᠢᠭᠠᠯᠢ ᠶᠢᠨ ᠨᠥᠬᠦᠴᠡᠯ᠂ ᠬᠥᠮᠦᠨ ᠠᠮᠠ ᠪᠣᠯᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠭᠠᠷᠴᠤ ᠮᠡᠳᠡᠬᠦ ᠭᠠᠮᠰᠢᠭ ᠤᠨ ᠪᠠᠶᠢᠳᠠᠯ ᠳᠤ ᠤᠷᠢᠳᠴᠢᠯᠠᠨ ᠦᠨᠡᠯᠡᠨ ᠵᠢᠱᠢᠯᠲᠡ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠦᠷᠳᠡᠭᠦᠯᠵᠦ᠂ ᠦᠨᠳᠦᠰᠦᠨ ᠠᠮᠢᠳᠤᠷᠠᠯ ᠢ ᠨᠦᠯᠦᠭᠡᠯᠡᠵᠦ ᠮᠡᠳᠡᠬᠦ᠂ ᠠᠷᠭᠠᠴᠠᠭᠠᠬᠤ ᠠᠷᠭ᠎ᠠ ᠬᠡᠮᠵᠢᠶ᠎ᠡ ᠶᠢ ᠤᠷᠢᠳᠴᠢᠯᠠᠨ ᠠᠪᠬᠤ ᠴᠢᠬᠤᠯᠠᠲᠠᠢ ᠦᠶ᠎ᠡ ᠳᠤ᠂ ᠪᠠᠶᠢᠳᠠᠯ ᠢ ᠦᠵᠡᠵᠦ ᠪᠠᠶᠢᠭᠠᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠳᠣᠤᠷᠠᠬᠢ ᠮᠡᠲᠦ 1 ᠪᠤᠶᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠤᠨ᠎ᠠ᠄        ︵1︶ ᠨᠥᠯᠥᠭᠡᠯᠡᠭᠳᠡᠬᠦ ᠪᠣᠯᠤᠯᠴᠠᠭ᠎ᠠ ᠲᠠᠢ ᠬᠥᠷᠰᠢ ᠵᠡᠷᠭᠡᠯᠡᠳᠡᠭᠡ ᠬᠤᠰᠢᠭᠤ᠂ ᠰᠢᠶᠠᠨ᠂ ᠲᠣᠭᠤᠷᠢᠭ ᠤᠨ ᠵᠠᠰᠠᠭ ᠤᠨ ᠣᠷᠳᠣᠨ ᠳᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠪᠲᠡᠷᠡᠭᠦᠯᠵᠦ᠂ ᠭᠠᠮᠰᠢᠭ ᠠᠴᠠ ᠠᠪᠤᠷᠠᠬᠤ ᠳᠤ ᠠᠩᠬᠠᠷᠬᠤ ᠵᠦᠢᠯᠡᠰ ᠵᠢᠴᠢ ᠰᠢᠭᠤᠶᠢᠲᠤ ᠲᠣᠭᠤᠷᠢᠭ ᠤᠨ ᠨᠢᠭᠡᠨᠲᠡ ᠭᠠᠷᠭᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠤᠨ ᠪᠠᠶᠢᠳᠠᠯ ᠢ ᠵᠠᠷᠯᠠᠨ ᠮᠡᠳᠡᠭᠳᠡᠨ᠎ᠡ᠃        ︵2︶ ᠪᠤᠭᠤᠲᠤ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠳᠤ ᠰᠢᠭᠤᠶᠢᠲᠤ ᠲᠣᠭᠤᠷᠢᠭ ᠤᠨ ᠨᠢᠭᠡᠨᠲᠡ ᠭᠠᠷᠭᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠤᠨ ᠪᠠᠶᠢᠳᠠᠯ ᠢ ᠬᠠᠷᠢᠭᠤ ᠮᠡᠳᠡᠭᠦᠯᠦᠨ᠎ᠡ᠃        ︵3︶ ᠰᠢᠭᠤᠶᠢᠲᠤ ᠲᠣᠭᠤᠷᠢᠭ ᠲᠤ ᠨᠥᠯᠥᠭᠡ ᠪᠣᠯᠬᠤ ᠪᠣᠯᠤᠯᠴᠠᠭ᠎ᠠ ᠲᠠᠢ ᠬᠤᠰᠢᠭᠤ ᠰᠢᠶᠠᠩ ᠲᠣᠭᠤᠷᠢᠭ᠂ ᠰᠢᠶᠠᠩ ᠪᠠᠯᠭᠠᠰᠤ᠂ ᠵᠡᠭᠡᠯᠢ ᠭᠤᠳᠤᠮᠵᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠦᠵᠡᠮᠵᠢ ᠶᠢᠨ ᠣᠷᠣᠨ ᠳᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠪᠲᠡᠷᠡᠭᠦᠯᠵᠦ᠂ ᠠᠵᠢᠯ ᠤᠨ ᠱᠠᠭᠠᠷᠳᠠᠯᠭ᠎ᠠ ᠳᠤᠷᠠᠳᠤᠨ᠎ᠠ᠃        ︵4︶ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠭᠠᠮᠰᠢᠭ ᠤᠨ ᠲᠦᠭᠰᠢᠭᠦᠷᠢ ᠶᠢᠨ ᠬᠤᠪᠢᠷᠠᠯᠲᠠ ᠪᠠ ᠬᠥᠭᠵᠢᠯᠲᠡ ᠶᠢᠨ ᠬᠠᠨᠳᠤᠰᠢ ᠶᠢ ᠨᠢᠭᠲᠠ ᠮᠥᠷᠳᠡᠵᠦ᠂ ᠭᠠᠮᠰᠢᠭ ᠠᠴᠠ ᠪᠣᠯᠵᠤ ᠮᠡᠳᠡᠬᠦ ᠬᠤᠬᠢᠷᠠᠯ ᠢ ᠬᠥᠳᠡᠯᠦᠩᠭᠦᠶ ᠪᠠᠷ ᠦᠨᠡᠯᠡᠨ ᠵᠢᠱᠢᠵᠦ᠂ ᠬᠠᠮᠢᠶ᠎ᠠ ᠪᠦᠬᠦᠢ ᠠᠷᠭ᠎ᠠ ᠬᠡᠮᠵᠢᠶ᠎ᠡ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠨ᠎ᠡ᠃        ︵5︶ ᠭᠠᠮᠰᠢᠭ ᠠᠴᠠ ᠠᠪᠤᠷᠠᠬᠤ ᠡᠳ᠋ ᠪᠣᠳᠠᠰ ᠨᠥᠭᠡᠴᠡᠯᠡᠬᠦ ᠬᠥᠮᠥᠷᠭᠡ ᠳᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠪᠡᠯᠡᠳᠬᠡᠯ ᠢ ᠰᠠᠶᠢᠲᠤᠷ ᠬᠢᠬᠦ᠂ ᠪᠠᠴᠢᠮ ᠪᠠᠶᠢᠳᠠᠯ ᠤᠨ ᠳᠣᠣᠷ᠎ᠠ ᠤᠷᠢᠳᠴᠢᠯᠠᠨ ᠰᠢᠯᠵᠢᠭᠦᠯᠦᠨ ᠥᠭᠬᠦ ᠶᠢ ᠮᠡᠳᠡᠭᠳᠡᠨ᠎ᠡ︔ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠯᠦᠭᠡ ᠪᠠᠴᠢᠮ ᠪᠠᠶᠢᠳᠠᠯ ᠢ ᠠᠷᠭᠠᠴᠠᠭᠠᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ ᠪᠡᠯᠡᠳᠬᠡᠯ ᠢ ᠰᠠᠶᠢᠲᠤᠷ ᠬᠢᠨ᠎ᠡ᠃        ︵6︶ ᠤᠷᠢᠳᠴᠢᠯᠠᠨ ᠰᠡᠷᠡᠮᠵᠢᠯᠡᠭᠦᠯᠵᠦ ᠬᠡᠷᠡᠭᠵᠢᠭᠦᠯᠬᠦ ᠠᠵᠢᠯ ᠤᠨ ᠳᠤᠭᠤᠶᠢᠯᠠᠩ ᠲᠣᠮᠢᠯᠠᠵᠤ᠂ ᠭᠠᠮᠰᠢᠭ ᠤᠨ ᠠᠶᠤᠯ ᠲᠦᠭᠰᠢᠭᠦᠷᠢ ᠶᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠪᠠᠶᠢᠴᠠᠭᠠᠨ ᠵᠢᠯᠣᠭᠤᠳᠤᠨ᠎ᠠ᠃        ︵7︶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠭᠡᠰᠢᠭᠦᠨ ᠨᠢᠭᠡᠴᠢ ᠳᠤ ᠭᠠᠮᠰᠢᠭ ᠠᠴᠠ ᠠᠪᠤᠷᠠᠬᠤ ᠪᠡᠯᠡᠳᠬᠡᠯ ᠠᠵᠢᠯ ᠤᠨ ᠪᠠᠶᠢᠳᠠᠯ ᠢᠶᠠᠨ ᠮᠡᠳᠡᠭᠳᠡᠵᠦ᠂ ᠴᠢᠬᠤᠯᠠ ᠪᠠᠶᠢᠳᠠᠯ ᠢ ᠴᠠᠭ ᠲᠤᠬᠠᠶ ᠳᠤᠨᠢ ᠪᠤᠭᠤᠲᠤ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ᠎ᠡ᠃        ︵8︶ ᠨᠡᠶᠢᠭᠡᠮ ᠨᠡᠶᠢᠲᠡ ᠳᠤ ᠤᠷᠢᠳᠴᠢᠯᠠᠨ ᠰᠡᠷᠡᠮᠵᠢᠯᠡᠭᠦᠯᠬᠦ ᠶᠢ ᠬᠡᠷᠡᠭᠵᠢᠭᠦᠯᠬᠦ ᠶᠢ ᠡᠬᠢᠯᠡᠭᠦᠯᠦᠭᠰᠡᠨ ᠪᠠᠶᠢᠳᠠᠯ ᠢ ᠨᠡᠶᠢᠳᠡᠯᠡᠨ᠎ᠡ᠃        3.4 ᠰᠡᠷᠡᠮᠵᠢᠯᠡᠬᠦᠯᠦᠯ ᠢ ᠬᠡᠷᠡᠭᠵᠢᠭᠦᠯᠬᠦ ᠶᠢ ᠵᠣᠭᠰᠤᠭᠠᠬᠤᠭᠠᠢ ᠭᠠᠮᠰᠢᠭ ᠤᠨ ᠠᠶᠤᠯ ᠲᠦᠭᠰᠢᠭᠦᠷᠢ ᠶᠢ ᠠᠷᠢᠯᠭᠠᠭᠰᠠᠨ ᠪᠤᠶᠤ ᠭᠠᠢ ᠭᠠᠮᠰᠢᠭ ᠤᠨ ᠳᠠᠷᠠᠭ᠎ᠠ᠂ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠰᠡᠷᠡᠮᠵᠢᠯᠡᠭᠦᠯᠬᠦ ᠶᠢ ᠬᠡᠷᠡᠭᠵᠢᠭᠦᠯᠬᠦ ᠶᠢ ᠵᠣᠭᠰᠤᠭᠠᠬᠤ ᠶᠢ ᠲᠣᠭᠲᠠᠭᠠᠨ᠎ᠠ᠃        4 ᠮᠡᠳᠡᠭᠡ ᠵᠠᠩᠬᠢ ᠶᠢᠨ ᠬᠠᠮᠢᠶᠠᠷᠤᠯᠲᠠ        4.1 ᠰᠡᠷᠡᠮᠵᠢᠯᠡᠭᠦᠯᠬᠦ ᠮᠡᠳᠡᠭᠡ ᠵᠠᠩᠭᠢ ᠶᠢᠨ ᠬᠠᠮᠢᠶᠠᠷᠤᠯᠲᠠ        ᠴᠠᠭ ᠠᠭᠤᠷ ᠤᠨ ᠰᠠᠯᠠᠭ᠎ᠠ ᠮᠥᠴᠢᠷ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ᠂ ᠦᠶᠡᠷ ᠤᠨ ᠪᠠᠶᠢᠳᠠᠯ ᠭᠠᠩ ᠬᠠᠭᠰᠠᠷᠠᠭᠠᠨ ᠤ ᠪᠠᠶᠢᠳᠠᠯ ᠢ ᠰᠡᠷᠡᠮᠵᠢᠯᠡᠭᠦᠯᠬᠦ ᠮᠡᠳᠡᠭᠡ ᠵᠠᠩᠭᠢ᠂ ᠭᠠᠵᠠᠷ ᠬᠥᠳᠡᠯᠦᠯᠲᠡ ᠶᠢᠨ ᠰᠠᠯᠠᠭ᠎ᠠ ᠮᠥᠴᠢᠷ ᠤᠨ ᠭᠠᠵᠠᠷ ᠬᠥᠳᠡᠯᠦᠯᠲᠡ ᠶᠢᠨ ᠬᠠᠨᠳᠤᠰᠢ ᠶᠢ ᠲᠥᠰᠦᠭᠡᠯᠡᠬᠦ ᠮᠡᠳᠡᠭᠡ ᠵᠠᠩᠭᠢ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠭᠠᠵᠠᠷ ᠰᠢᠨᠵᠢᠯᠡᠭᠡᠨ ᠤ ᠭᠠᠮᠰᠢᠭ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠡᠮᠵᠢᠯᠡᠭᠦᠯᠬᠦ ᠮᠡᠳᠡᠭᠡ ᠵᠠᠩᠭᠢ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠦᠶᠡᠷ ᠤᠰᠤᠲᠤᠯ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ᠂ ᠪᠤᠢ ᠪᠦᠬᠦᠢ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠲᠤ ᠴᠠᠭ ᠲᠤᠬᠠᠶ ᠳᠤᠨᠢ ᠬᠠᠷᠢᠭᠤ ᠮᠡᠳᠡᠭᠦᠯᠦᠨ᠎ᠡ᠃        ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠩᠭᠠᠭᠰᠠᠨ ᠭᠠᠮᠰᠢᠭ ᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠦᠨᠳᠦᠰᠦᠯᠡᠨ᠂ ᠲᠤᠰ ᠭᠠᠵᠠᠷ ᠣᠷᠣᠨ ᠤ ᠪᠠᠶᠢᠭᠠᠯᠢ ᠶᠢᠨ ᠨᠥᠬᠦᠴᠡᠯ᠂ ᠬᠥᠮᠦᠨ ᠠᠮᠠ ᠪᠣᠯᠤᠨ ᠨᠡᠶᠢᠭᠡᠮ ᠠᠵᠤ ᠠᠬᠤᠢ ᠶᠢᠨ ᠪᠠᠶᠢᠳᠠᠯ ᠲᠠᠢ ᠪᠠᠨ ᠤᠶᠠᠯᠳᠤᠭᠤᠯᠤᠨ ᠂ ᠭᠠᠮᠰᠢᠭ ᠠᠴᠠ ᠠᠪᠤᠷᠠᠬᠤ ᠰᠡᠷᠡᠮᠵᠢᠯᠡᠭᠦᠯᠦᠯ ᠢ ᠴᠠᠭ ᠲᠤᠬᠠᠢ ᠳᠤᠨᠢ ᠡᠬᠢᠯᠡᠭᠦᠯᠵᠦ᠂ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠳᠤ ᠳᠡᠭᠡᠭᠰᠢ ᠮᠡᠳᠡᠭᠦᠯᠦᠨ᠎ᠡ᠃        4.2 ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ        4.2.1 ᠪᠠᠶᠢᠭᠠᠯᠢ ᠶᠢᠨ ᠭᠠᠮᠰᠢᠭ ᠤᠨ ᠲᠦᠷᠭᠡᠨ ᠮᠡᠳᠡᠭᠦᠯᠦᠯᠲᠡ        4.2.1.1 ᠠᠩᠬᠠᠨ ᠤ ᠮᠡᠳᠡᠭᠦᠯᠦᠯᠲᠡ        ︵1︶ ᠭᠡᠨᠡᠳᠲᠡ ᠶᠢᠨ ᠴᠢᠨᠠᠷᠲᠠᠶ ᠪᠠᠶᠢᠭᠠᠯᠢ ᠶᠢᠨ ᠭᠠᠮᠰᠢᠭ ᠤᠨ ᠲᠤᠬᠠᠶ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠦᠵᠡᠮᠵᠢ ᠶᠢᠨ ᠣᠷᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠠᠷᠦ᠋ᠢᠬᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠵᠦ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠭᠠᠮᠰᠢᠭ ᠭᠠᠷᠤᠭᠰᠠᠨ ᠤ ᠳᠠᠷᠠᠭᠠᠬᠢ 2 ᠴᠠᠭ ᠤᠨ ᠳᠣᠲᠣᠷ᠎ᠠ᠂ ᠭᠠᠮᠰᠢᠭ ᠤᠨ ᠦᠨᠳᠦᠰᠦᠨ ᠪᠠᠶᠢᠳᠠᠯ ᠢ ᠲᠤᠰᠬᠠᠬᠤ ᠭᠤᠤᠯ ᠭᠦᠢᠴᠡᠳᠬᠡᠯ ᠲᠤᠭ᠎ᠠ ᠪᠠᠨ ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠪᠣᠯᠤᠨ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠂ ᠪᠠᠶᠢᠭᠠᠯᠢ ᠶᠢᠨ ᠬᠦᠨᠳᠦ ᠶᠡᠭᠡ ᠣᠨᠴᠠ ᠶᠡᠭᠡ ᠬᠡᠷᠡᠭ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠷᠡ ᠳᠠᠷᠤᠶ ᠳᠤᠨᠢ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠤᠲᠠᠰᠤ ᠪᠤᠶᠤ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠢᠰᠲ᠋ᠧᠮ ᠢᠶᠠᠷ ᠳᠠᠮᠵᠢᠭᠤᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠳᠤ ᠴᠠᠭ ᠲᠤᠬᠠᠶ ᠳᠤᠨᠢ ᠮᠡᠳᠡᠭᠦᠯᠦᠨ᠎ᠡ᠃ ᠭᠡᠨᠡᠳᠲᠡ ᠶᠢᠨ ᠴᠢᠨᠠᠷᠲᠠᠶ ᠭᠠᠮᠰᠢᠭ ᠭᠠᠷᠤᠭᠰᠠᠨ ᠤ ᠳᠠᠷᠠᠭ᠎ᠠ᠂ ᠦᠬᠦᠭᠰᠡᠨ ᠪᠠ ᠠᠯᠠᠭ᠎ᠠ ᠪᠣᠯᠤᠭᠰᠠᠨ ᠬᠥᠮᠦᠰ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠮᠠᠭᠠᠳᠯᠠᠨ ᠲᠣᠭᠲᠠᠭᠠᠬᠤ ᠳᠤ ᠬᠦᠴᠢᠷᠲᠡᠶ ᠪᠠᠶᠢᠳᠠᠯ ᠲᠣᠬᠢᠶᠠᠯᠳᠤᠪᠠᠯ᠂ ᠭᠠᠮᠰᠢᠭᠳᠠᠭᠰᠠᠨ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠠᠮᠰᠢᠭ ᠠᠴᠠ ᠪᠣᠯᠵᠤ ᠥᠭᠦᠭᠰᠡᠨ ᠪᠠ ᠠᠯᠠᠭ᠎ᠠ ᠪᠣᠯᠤᠭᠰᠠᠨ ᠬᠥᠮᠦᠰ ᠤᠨ ᠮᠡᠳᠡᠭᠡ ᠵᠠᠩᠭᠢ ᠶᠢ ︽ᠤᠷᠢᠳᠠᠪᠠᠷ ᠮᠡᠳᠡᠭᠦᠯᠵᠦ ᠳᠠᠷᠠᠭ᠎ᠠ ᠨᠢ ᠬᠠᠷᠭᠤᠭᠤᠯᠬᠤ︾ ᠵᠠᠷᠴᠢᠮ ᠤᠨ ᠶᠣᠰᠣᠭᠠᠷ᠂ ᠬᠠᠮᠤᠭ ᠤᠨ ᠲᠡᠷᠢᠭᠦᠨ ᠳᠤ ᠮᠡᠳᠡᠭᠡ ᠵᠠᠩᠭᠢ ᠪᠠᠨ ᠳᠡᠭᠡᠭᠰᠢ ᠮᠡᠳᠡᠭᠦᠯᠵᠦ᠂ ᠳᠠᠷᠠᠭ᠎ᠠ ᠨᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ ᠬᠠᠷᠭᠤᠭᠤᠯᠤᠨ ᠮᠡᠳᠡᠭᠦᠯᠦᠨ᠎ᠡ᠃ ᠮᠡᠳᠡᠭᠦᠯᠦᠯᠲᠡ ᠶᠢᠨ ᠠᠭᠤᠯᠭ᠎ᠠ ᠳᠤ ᠭᠠᠮᠰᠢᠭ ᠤᠨ ᠲᠥᠷᠥᠯ ᠵᠦᠢᠯ᠂ ᠡᠭᠦᠰᠬᠦ ᠴᠠᠭ ᠬᠤᠭᠤᠴᠠᠭ᠎ᠠ᠂ ᠭᠠᠮᠰᠢᠭᠳᠠᠭᠰᠠᠨ ᠬᠥᠮᠦᠨ ᠠᠮᠠ᠂ ᠭᠠᠮᠰᠢᠭ ᠠᠴᠠ ᠪᠣᠯᠵᠤ ᠦᠬᠦᠭᠰᠡᠨ ᠬᠥᠮᠦᠨ ᠠᠮᠠ᠂ ᠬᠥᠮᠦᠨ ᠠᠮᠠ ᠶᠢ ᠪᠠᠴᠢᠮ ᠰᠢᠯᠵᠢᠭᠦᠯᠦᠨ ᠲᠥᠪᠬᠢᠨᠡᠭᠦᠯᠬᠦ᠂ ᠪᠠᠴᠢᠮ ᠠᠮᠢᠳᠤᠷᠠᠯ ᠤᠨ ᠠᠪᠤᠷᠠᠨ ᠲᠤᠰᠠᠯᠠᠬᠤ ᠬᠥᠮᠦᠨ ᠠᠮᠠ ᠪᠠᠭᠲᠠᠨ᠎ᠠ᠃        ︵2︶ 5 ᠬᠦᠮᠦᠨ ᠠᠴᠠ ᠲᠠᠭᠡᠭᠰᠢ ᠦᠬᠦᠭᠰᠡᠨ ︵ᠠᠯᠠᠭ᠎ᠠ ᠪᠣᠯᠤᠭᠰᠠᠨ ᠢ ᠪᠠᠭᠲᠠᠭᠠᠨ᠎ᠠ︶ ᠡᠰᠡᠬᠦᠯ᠎ᠡ ᠨᠡᠶᠢᠭᠡᠮ ᠨᠡᠶᠢᠲᠡ ᠪᠠᠷ ᠢᠶᠠᠨ ᠳᠡᠭᠡᠳᠦ ᠬᠡᠮᠵᠢᠶ᠎ᠡ ᠪᠠᠷ ᠠᠩᠬᠠᠷᠴᠤ᠂ ᠣᠯᠠᠨ ᠲᠦᠮᠡᠨ ᠤ ᠲᠤᠰᠬᠠᠯ ᠶᠡᠬᠡᠲᠡᠶ᠂ ᠬᠡᠷ ᠪᠠᠶᠢᠰᠢᠩ ᠶᠡᠭᠡ ᠬᠡᠮᠵᠢᠶ᠎ᠡ ᠪᠠᠷ ᠨᠤᠷᠠᠭᠰᠠᠨ᠂ ᠲᠠᠷᠢᠶᠠᠨ ᠭᠠᠵᠠᠷ ᠨᠤᠲᠤᠭ ᠪᠡᠯᠴᠢᠭᠡᠷ ᠶᠡᠭᠡ ᠬᠡᠪᠴᠢᠶ᠎ᠡ ᠪᠠᠷ ᠭᠠᠮᠰᠢᠭᠳᠠᠭᠰᠠᠨ ᠵᠡᠷᠭᠡ ᠬᠦᠨᠳᠦ ᠨᠣᠴᠢᠲᠠᠶ ᠬᠤᠬᠢᠷᠠᠯ ᠳᠤ ᠤᠴᠠᠷᠠᠭᠰᠠᠨ ᠭᠡᠨᠡᠳᠲᠡ ᠶᠢᠨ ᠴᠢᠨᠠᠷᠲᠠᠶ ᠪᠠᠶᠢᠭᠠᠯᠢ ᠶᠢᠨ ᠭᠠᠮᠰᠢᠭ ᠲᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠭᠠᠮᠰᠢᠭ ᠭᠠᠷᠤᠭᠰᠠᠨ ᠤ ᠳᠠᠷᠠᠭ᠎ᠠ ᠲᠡᠷᠡ ᠳᠠᠷᠤᠶ ᠳᠤᠨᠢ ᠲᠣᠭᠤᠷᠢᠭ ᠤᠨ ᠵᠠᠰᠠᠭ ᠤᠨ ᠣᠷᠳᠣᠨ ᠪᠠ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃ ᠮᠡᠳᠡᠭᠦᠯᠬᠦ ᠠᠷᠭ᠎ᠠ ᠮᠠᠶ᠋ᠢᠭ ᠨᠢ ᠳ᠋ᠢᠶᠠᠩᠬᠤᠸᠠ᠂ ᠹᠠᠺᠰ᠂ ᠸᠢᠴᠠᠲ᠂ ᠣᠬᠤᠷ ᠮᠡᠳᠡᠭᠡ ᠪᠤᠶᠤ ᠭᠠᠮᠰᠢᠭ ᠢ ᠮᠡᠳᠡᠭᠦᠯᠬᠦ ᠰᠢᠰᠲ᠋ᠧᠮ ᠵᠡᠷᠭᠡ ᠪᠠᠷ ᠳᠠᠮᠵᠢᠭᠤᠯᠤᠨ ᠮᠡᠳᠡᠭᠦᠯᠵᠦ ᠪᠣᠯᠤᠨ᠎ᠠ᠃        ︵3︶ ᠣᠨᠴᠠᠭᠠᠶ ᠬᠦᠨᠳᠦ ᠶᠡᠭᠡ᠂ ᠬᠦᠨᠳᠦ ᠶᠡᠭᠡ ᠪᠠᠶᠢᠭᠠᠯᠢ ᠶᠢᠨ ᠭᠠᠶ ᠭᠠᠮᠰᠢᠭ ᠤᠨ ᠪᠠᠶᠢᠳᠠᠯ ᠲᠣᠭᠲᠠᠭᠤᠨ ᠪᠣᠯᠬᠤ ᠠᠴᠠ ᠡᠮᠦᠨ᠎ᠡ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠡᠷᠬᠡᠪᠰᠢ ᠭᠠᠮᠰᠢᠭ ᠤᠨ ᠪᠠᠶᠢᠳᠠᠯ ᠢ 24 ᠴᠠᠭ ᠲᠡᠭ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠡᠳᠦᠷ ᠪᠦᠷᠢ ᠶᠢᠨ ᠦᠳᠡ ᠶᠢᠨ ᠡᠮᠦᠨᠡᠬᠢ 9 ᠴᠠᠭ ᠠᠴᠠ ᠡᠮᠦᠨ᠎ᠡ᠂ ᠡᠮᠦᠨ᠎ᠡ ᠨᠢᠭᠡ ᠡᠳᠦᠷ ᠤᠨ 24 ᠴᠠᠭ ᠳᠣᠲᠤᠷᠠᠬᠢ ᠭᠠᠮᠰᠢᠭ ᠤᠨ ᠪᠠᠶᠢᠳᠠᠯ ᠢ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃ ᠭᠠᠮᠰᠢᠭ ᠤᠨ ᠪᠠᠶᠢᠳᠠᠯ ᠴᠢᠬᠤᠯᠠ ᠶᠡᠭᠡ ᠬᠤᠪᠢᠷᠠᠯᠲᠠ ᠭᠠᠷᠪᠠᠯ᠂ ᠬᠡᠷᠡᠭᠴᠡᠭᠡ ᠪᠠᠨ ᠦᠨᠳᠦᠰᠦᠯᠡᠨ ᠴᠠᠭ ᠲᠤᠬᠠᠶ ᠳᠤᠨᠢ ᠮᠡᠳᠡᠭᠦᠯᠦᠨ᠎ᠡ᠃        ︵4︶ ᠳᠡᠭᠡᠳᠦ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠱᠠᠭᠠᠷᠳᠠᠭᠰᠠᠨ ᠮᠡᠳᠡᠭᠡ ᠵᠠᠩᠭᠢ ᠶᠢᠨ ᠵᠠᠷᠯᠢᠭ ᠢ ᠭᠥᠯᠢᠶᠡᠨ ᠠᠪᠤᠪᠠᠯ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠠᠶᠢᠳᠠᠯ ᠢ ᠴᠠᠭ ᠲᠤᠬᠠᠶ ᠳᠤᠨᠢ ᠬᠠᠷᠢᠭᠤ ᠳᠤᠰᠬᠠᠨ᠎ᠠ᠃ ᠪᠣᠳᠠᠲᠠᠶ ᠪᠠᠶᠢᠳᠠᠯ ᠨᠢ ᠲᠦᠷ ᠲᠣᠳᠣᠷᠬᠠᠶ ᠦᠭᠡᠶ ᠪᠣᠯ᠂ ᠤᠷᠢᠳᠠᠪᠠᠷ ᠬᠡᠷᠡᠭ ᠶᠠᠪᠤᠳᠠᠯ ᠤᠨ ᠲᠦᠢᠮᠣ ᠪᠠᠶᠢᠳᠠᠯ ᠢ ᠮᠡᠳᠡᠭᠦᠯᠵᠦ᠂ ᠳᠠᠷᠠᠭ᠎ᠠ ᠨᠢ ᠨᠠᠷᠢᠨ ᠪᠠᠶᠢᠳᠠᠯ ᠢ ᠵᠣᠬᠢᠶᠠᠨ ᠪᠠᠶᠢᠭᠤᠯᠤᠨ ᠪᠠᠶᠢᠴᠠᠭᠠᠵᠤ ᠬᠠᠷᠢᠭᠤ ᠳᠤᠰᠬᠠᠨ᠎ᠠ᠃ ᠵᠠᠷᠴᠢᠮ ᠳᠡᠭᠡᠷ᠎ᠡ ᠪᠠᠨ ᠤᠲᠠᠰᠤ ᠪᠠᠷ ᠬᠠᠷᠢᠭᠤ ᠳᠤᠰᠬᠠᠬᠤ ᠨᠢ ᠵᠠᠷᠯᠢᠭ ᠢ ᠣᠯᠤᠭᠰᠠᠨ ᠤ ᠳᠠᠷᠠᠭᠠᠬᠢ 30 ᠮᠢᠨᠦ᠋ᠲ ᠤᠨ ᠳᠣᠲᠣᠷ᠎ᠠ ᠪᠡᠶᠡᠯᠡᠭᠦᠯᠵᠦ᠂ ᠪᠢᠴᠢᠭ ᠢᠶᠠᠷ ᠬᠠᠷᠢᠭᠤ ᠲᠤᠰᠬᠠᠬᠤ ︵ᠹᠠᠺᠰ᠂ ᠸᠢᠴᠠᠲ᠂ ᠣᠬᠤᠷ ᠮᠡᠳᠡᠭᠡ ᠵᠡᠷᠭᠡ ᠠᠷᠭ᠎ᠠ ᠮᠠᠶ᠋ᠢᠭ ᠢ ᠪᠠᠭᠲᠠᠭᠠᠨ᠎ᠠ︶ ᠨᠢ ᠵᠠᠷᠯᠢᠭ ᠢ ᠣᠯᠤᠭᠰᠠᠨ ᠤ ᠳᠠᠷᠠᠭᠠᠬᠢ ᠨᠢᠭᠡ ᠴᠠᠭ ᠤᠨ ᠳᠣᠲᠣᠷ᠎ᠠ ᠪᠡᠶᠡᠯᠡᠭᠦᠯᠦᠨ᠎ᠡ᠃        4.2.1.2 ᠦᠷᠭᠦᠯᠵᠢᠯᠡᠨ ᠮᠡᠳᠡᠭᠦᠯᠦᠯᠲᠡ        ᠪᠠᠶᠢᠭᠠᠯᠢ ᠶᠢᠨ ᠭᠠᠶ ᠭᠠᠮᠰᠢᠭ ᠤᠨ ᠪᠠᠶᠢᠳᠠᠯ ᠲᠣᠭᠲᠠᠭᠤᠨ ᠪᠣᠯᠬᠤ ᠠᠴᠠ ᠡᠮᠦᠨ᠎ᠡ᠂ ᠡᠯ᠎ᠡ ᠰᠢᠶᠠᠩ ᠪᠠᠯᠭᠠᠰᠤ ᠂ ᠵᠡᠭᠡᠯᠢ ᠭᠤᠳᠤᠮᠵᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠥᠮ 24 ᠴᠠᠭ ᠲᠡᠭ ᠮᠡᠳᠡᠭᠦᠯᠬᠦ ᠲᠦᠷᠢᠮ ᠢ ᠬᠡᠷᠡᠭᠵᠢᠭᠦᠯᠦᠨ᠎ᠡ᠃ 24 ᠴᠠᠭ ᠲᠡᠭ ᠮᠡᠳᠡᠭᠦᠯᠬᠦ ᠳᠦᠷᠢᠮ ᠭᠡᠳᠡᠭ ᠨᠢ ᠭᠠᠮᠰᠢᠭ ᠤᠨ ᠬᠥᠭᠵᠢᠯᠲᠡ ᠶᠢᠨ ᠶᠠᠪᠤᠴᠠ ᠳᠤ᠂ ᠲᠤᠭᠤᠷᠢᠭ ᠤᠨ ᠬᠠᠷᠢᠶ᠎ᠠ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ 24 ᠴᠠᠭ ᠪᠦᠷᠢ ᠨᠢᠭᠡ ᠤᠳᠠᠭ᠎ᠠ ᠭᠠᠮᠰᠢᠭ ᠤᠨ ᠪᠠᠶᠢᠳᠠᠯ ᠪᠣᠯᠤᠨ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠠᠵᠢᠯ ᠤᠨ ᠬᠥᠳᠡᠯᠦᠯ ᠪᠠᠶᠢᠳᠠᠯ ᠢ ᠳᠡᠭᠡᠭᠰᠢ ᠮᠡᠳᠡᠭᠦᠯᠵᠦ᠂ ᠲᠤᠭ᠎ᠠ ᠪᠠᠷᠢᠮᠲᠠ ᠳᠤ ᠬᠤᠪᠢᠷᠠᠯᠲᠠ ᠦᠭᠡᠶ ᠴᠤ ᠡᠷᠬᠡᠪᠰᠢ ᠳᠡᠭᠡᠭᠰᠢ ᠮᠡᠳᠡᠭᠦᠯᠵᠦ᠂ ᠭᠠᠮᠰᠢᠭ ᠤᠨ ᠶᠠᠪᠤᠴᠠ ᠳᠠᠭᠤᠰᠲᠠᠯ᠎ᠠ ᠮᠡᠳᠡᠭᠦᠯᠦᠨ᠎ᠡ᠂ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠨᠢᠭᠡᠳᠦᠯᠲᠡᠶ ᠮᠡᠳᠡᠭᠦᠯᠦᠨ ᠬᠦᠷᠭᠡᠵᠦ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠬᠤᠷᠢᠶᠠᠩᠭᠤᠶᠢᠯᠠᠵᠤ᠂ ᠵᠠᠳᠠᠯᠤᠭᠰᠠᠨ ᠤ ᠳᠠᠷᠠᠭ᠎ᠠ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃        4.2.1.3 ᠬᠢᠨᠠᠨ ᠮᠡᠳᠡᠭᠦᠯᠦᠯᠲᠡ        ᠪᠠᠶᠢᠭᠠᠯᠢ ᠶᠢᠨ ᠭᠠᠶ ᠭᠠᠮᠰᠢᠭ ᠤᠨ ᠪᠠᠶᠢᠳᠠᠯ ᠲᠣᠭᠲᠠᠭᠤᠨ ᠪᠣᠯᠬᠤ ᠠᠴᠠ ᠡᠮᠦᠨ᠎ᠡ᠂ ᠡᠯ᠎ᠡ ᠰᠢᠶᠠᠩ ᠪᠠᠯᠭᠠᠰᠤ ᠂ ᠵᠡᠭᠡᠯᠢ ᠭᠤᠳᠤᠮᠵᠢ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠦᠴᠦᠨ ᠢᠶᠠᠨ ᠵᠣᠬᠢᠶᠠᠨ ᠪᠠᠶᠢᠭᠤᠯᠵᠤ᠂ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠶᠢᠨ ᠬᠠᠮᠲᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠵᠢᠯᠲᠠᠨ ᠢᠶᠠᠨ ᠵᠣᠬᠢᠶᠠᠨ ᠪᠠᠶᠢᠭᠤᠯᠤᠨ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢ ᠬᠤᠷᠢᠶᠠᠩᠭᠤᠶᠢᠯᠠᠵᠤ᠂ ᠵᠠᠳᠠᠯᠵᠤ᠂ ᠬᠢᠨᠠᠨ ᠲᠣᠭᠲᠠᠭᠠᠬᠤ ᠶᠢᠨ ᠬᠠᠮᠲᠤ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃        ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ 5 ᠡᠳᠦᠷ ᠤᠨ ᠳᠣᠲᠣᠷ᠎ᠠ ᠬᠢᠨᠠᠨ ᠲᠣᠭᠲᠠᠭᠠᠭᠰᠠᠨ ᠭᠠᠮᠰᠢᠭ ᠤᠨ ᠪᠠᠶᠢᠳᠠᠯ ᠪᠣᠯᠤᠨ ᠠᠪᠤᠷᠠᠨ ᠲᠤᠰᠠᠯᠠᠬᠤ ᠠᠵᠢᠯ ᠤᠨ ᠲᠤᠭ᠎ᠠ ᠪᠠᠷᠢᠮᠲᠠ ᠪᠠᠨ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ 5 ᠡᠳᠦᠷ ᠤᠨ ᠳᠣᠲᠣᠷ᠎ᠠ ᠬᠢᠨᠠᠨ ᠲᠣᠭᠲᠠᠭᠠᠭᠰᠠᠨ ᠭᠠᠮᠰᠢᠭ ᠤᠨ ᠪᠠᠶᠢᠳᠠᠯ ᠪᠣᠯᠤᠨ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠠᠵᠢᠯ ᠤᠨ ᠲᠤᠭ᠎ᠠ ᠪᠠᠷᠢᠮᠲᠠ ᠪᠠᠨ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ᠎ᠡ᠃        4.2.2 ᠭᠠᠩ ᠬᠠᠭᠰᠠᠷᠠᠭᠠᠨ ᠤ ᠪᠠᠶᠢᠳᠠᠯ ᠤᠨ ᠮᠡᠳᠡᠭᠦᠯᠦᠯᠲᠡ        ᠭᠠᠩ ᠤᠨ ᠪᠠᠶᠢᠳᠠᠯ ᠤᠨ ᠡᠬᠢᠨ ᠤ ᠬᠤᠭᠤᠴᠠᠭᠠᠨ ᠳᠤ᠂ ᠮᠦᠷᠲᠡᠭᠡᠨ ᠣᠯᠠᠨ ᠲᠦᠮᠡᠨ ᠤ ᠠᠮᠢᠳᠤᠷᠠᠯ ᠵᠣᠬᠢᠬᠤ ᠬᠡᠮᠵᠢᠶ᠎ᠡ ᠪᠠᠷ ᠨᠥᠯᠥᠭᠡᠯᠡᠭᠳᠡᠭᠰᠡᠨ ᠦᠶ᠎ᠡ ᠳᠤ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠠᠷᠠᠳ ᠤᠨ ᠵᠠᠰᠠᠭ ᠤᠨ ᠣᠷᠳᠣᠨ ᠪᠠᠶᠢᠳᠠᠯ ᠢᠶᠠᠨ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠵᠦ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠴᠠᠭ ᠲᠤᠬᠠᠶ ᠳᠤᠨᠢ ᠵᠥᠪᠳᠡᠯᠴᠡᠵᠦ ᠪᠠᠶᠢᠭᠠᠳ ᠭᠠᠮᠰᠢᠭ ᠡᠭᠦᠰᠦᠭᠰᠡᠨ ᠪᠠᠶᠢᠳᠠᠯ ᠢ ᠲᠣᠭᠲᠠᠭᠠᠵᠤ᠂ ᠲᠤᠭᠤᠷᠢᠭ ᠤᠨ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠵᠢᠴᠢ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠩᠬ᠎ᠠ ᠮᠡᠳᠡᠭᠦᠯᠦᠨ᠎ᠡ᠃        ᠭᠠᠮᠰᠢᠭ ᠤᠨ ᠬᠥᠭᠵᠢᠯᠲᠡ ᠶᠢᠨ ᠶᠠᠪᠤᠴᠠ ᠳᠤ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠠᠳᠠᠭ ᠲᠠᠭᠠᠨ ᠨᠢᠭᠡ ᠤᠳᠠᠭ᠎ᠠ ᠦᠷᠭᠦᠯᠵᠢᠯᠡᠨ ᠮᠡᠳᠡᠭᠦᠯᠦᠨ᠎ᠡ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠠᠭᠠᠳᠤ ᠵᠠᠬ᠎ᠠ ᠳᠠᠭᠠᠨ 10 ᠡᠳᠦᠷ ᠪᠦᠷᠢ ᠨᠢᠭᠡ ᠤᠳᠠᠭ᠎ᠠ ᠦᠷᠭᠦᠯᠵᠢᠯᠡᠨ ᠮᠡᠳᠡᠭᠦᠯᠵᠦ᠂ ᠭᠠᠮᠰᠢᠭ ᠤᠨ ᠶᠠᠪᠤᠴᠠ ᠳᠠᠭᠤᠰᠤᠭᠰᠠᠨ ᠤ ᠳᠠᠷᠠᠭ᠎ᠠ ᠴᠠᠭ ᠲᠤᠬᠠᠶ ᠳᠤᠨᠢ ᠬᠢᠨᠠᠨ ᠮᠡᠳᠡᠭᠦᠯᠦᠨ᠎ᠡ᠃ ᠬᠢᠨᠠᠨ ᠮᠡᠳᠡᠭᠦᠯᠬᠦ ᠲᠤᠭ᠎ᠠ ᠪᠠᠷᠢᠮᠲᠠ ᠳᠤ ᠡᠯ᠎ᠡ ᠵᠦᠢᠯ ᠤᠨ ᠭᠦᠢᠴᠡᠳᠭᠡᠯ ᠲᠤᠭ᠎ᠠ ᠨᠢ ᠪᠦᠷ ᠪᠦᠬᠦ᠋ᠢᠯᠡ ᠭᠠᠮᠰᠢᠭ ᠤᠨ ᠶᠠᠪᠤᠴᠠ ᠳᠠᠬᠢ ᠲᠤᠰ ᠭᠦᠢᠴᠡᠳᠭᠡᠯ ᠲᠤᠭ᠎ᠠ ᠶᠢᠨ ᠬᠠᠮᠤᠭ ᠤᠨ ᠶᠡᠭᠡ ᠬᠡᠮᠵᠢᠭᠳᠡᠯ ᠢ ᠬᠡᠷᠡᠭᠯᠡᠨ᠎ᠡ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠭᠠᠮᠰᠢᠭ ᠲᠤ ᠬᠤᠯᠪᠣᠭᠳᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠮᠰᠢᠭ ᠤᠨ ᠪᠠᠶᠢᠳᠠᠯ ᠢ ᠳᠡᠭᠡᠭᠰᠢ ᠮᠡᠳᠡᠭᠦᠯᠬᠦ ᠬᠦᠰᠦᠨᠦᠭᠲᠦ ᠶᠢ ᠲᠠᠭᠯᠠᠨ᠎ᠠ᠃ ᠡᠭᠦᠨ ᠤ ᠬᠠᠮᠲᠤ᠂ ᠪᠠᠰᠠ ᠬᠠᠮᠢᠶ᠎ᠠ ᠪᠦᠬᠦᠢ ᠭᠠᠮᠰᠢᠭ ᠤᠨ ᠪᠠᠶᠢᠳᠠᠯ ᠪᠣᠯᠤᠨ ᠭᠠᠮᠰᠢᠭ ᠠᠴᠠ ᠠᠪᠤᠷᠠᠬᠤ ᠠᠵᠢᠯ ᠢ ᠲᠤᠰᠬᠠᠭᠰᠠᠨ ᠦᠰᠦᠭ ᠪᠢᠴᠢᠭ ᠤᠨ ᠲᠣᠳᠣᠷᠬᠠᠶᠢᠯᠠᠯᠲᠠ ᠶᠢ ᠳᠡᠭᠡᠭᠰᠢ ᠮᠡᠳᠡᠭᠦᠯᠦᠨ᠎ᠡ᠃ ᠭᠠᠮᠰᠢᠭ ᠤᠨ ᠪᠠᠶᠢᠳᠠᠯ ᠤᠨ ᠦᠰᠦᠭ ᠪᠢᠴᠢᠭ ᠤᠨ ᠲᠣᠳᠣᠷᠬᠠᠶᠢᠯᠠᠯᠲᠠ ᠳᠤ ᠭᠠᠮᠰᠢᠭ ᠤᠨ ᠠᠬᠤᠶ ᠪᠠᠶᠢᠳᠠᠯ᠂ ᠭᠠᠮᠰᠢᠭ ᠤᠨ ᠶᠠᠪᠤᠴᠠ᠂ ᠭᠠᠮᠰᠢᠭ ᠤᠨ ᠪᠠᠶᠢᠳᠠᠯ ᠤᠨ ᠣᠨᠴᠠᠯᠢᠭ᠂ ᠲᠤᠬᠠᠶ ᠶᠢᠨ ᠲᠠᠯᠠᠪᠠᠶ ᠶᠢᠨ ᠪᠠᠶᠢᠳᠠᠯ ᠢ ᠳᠦᠷᠰᠦᠯᠡᠬᠦ᠂ ᠬᠠᠨᠳᠤᠰᠢ ᠶᠢ ᠲᠥᠰᠦᠭᠡᠯᠡᠬᠦ ᠵᠡᠷᠭᠡ ᠠᠭᠤᠯᠭ᠎ᠠ ᠶᠢ ᠪᠠᠭᠲᠠᠭᠠᠨ᠎ᠠ︔ ᠭᠠᠮᠰᠢᠭ ᠠᠴᠠ ᠠᠪᠤᠷᠠᠬᠤ ᠠᠵᠢᠯ ᠤᠨ ᠦᠰᠦᠭ ᠪᠢᠴᠢᠭ ᠤᠨ ᠲᠣᠳᠣᠷᠬᠠᠶᠢᠯᠠᠯᠲᠠ ᠨᠢ ᠨᠢᠭᠡᠨᠲᠡ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠪᠠ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠵᠡᠷᠭᠡ ᠲᠠᠯ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠵᠢᠴᠢ ᠭᠠᠮᠰᠢᠭᠳᠠᠭᠰᠠᠨ ᠣᠷᠣᠨ ᠤ ᠬᠡᠷᠡᠭᠴᠡᠭᠡ ᠱᠠᠭᠠᠷᠳᠠᠯᠭ᠎ᠠ᠂ ᠲᠤᠯᠭᠠᠷᠠᠵᠤ ᠪᠠᠶᠢᠭ᠎ᠠ ᠬᠦᠴᠢᠷᠳᠡᠯ᠂ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠢᠷᠠᠭᠤᠯᠤᠯᠳᠠ ᠵᠡᠷᠭᠡ ᠠᠭᠤᠯᠭ᠎ᠠ ᠶᠢ ᠲᠤᠰᠬᠠᠬᠤ ᠬᠡᠷᠡᠭᠲᠡᠢ᠃        4.2.3 ᠪᠠᠶᠢᠭᠠᠯᠢ ᠶᠢᠨ ᠭᠠᠮᠰᠢᠭ ᠤᠨ ᠪᠠᠶᠢᠳᠠᠯ ᠤᠨ ᠣᠨ ᠤ ᠮᠡᠳᠡᠭᠦᠯᠦᠯᠲᠡ        4.2.3.1 ᠣᠨ ᠤ ᠮᠡᠳᠡᠭᠦᠯᠦᠯᠲᠡ ᠶᠢᠨ ᠠᠩᠬᠠᠨ ᠤ ᠮᠡᠳᠡᠭᠦᠯᠦᠯᠲᠡ        9 ᠳ᠋ᠦ᠋ᠭᠡᠷ ᠰᠠᠷ᠎ᠠ ᠶᠢᠨ ᠬᠤᠷᠢᠳ ᠠᠴᠠ ᠡᠬᠢᠯᠡᠨ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠠᠮᠢᠶ᠎ᠠ ᠪᠥᠬᠦᠶ ᠭᠠᠮᠰᠢᠭ ᠲᠤ ᠬᠤᠯᠪᠣᠭᠳᠠᠭᠰᠠᠨ ᠰᠢᠶᠠᠩ ᠪᠠᠯᠭᠠᠰᠤ᠂ ᠵᠡᠭᠡᠯᠢ ᠭᠤᠳᠤᠮᠵᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠣᠰ ᠵᠢᠯ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠮᠰᠢᠭ ᠤᠨ ᠪᠠᠶᠢᠳᠠᠯ ᠪᠠ ᠭᠠᠮᠰᠢᠭ ᠠᠴᠠ ᠠᠪᠤᠷᠬᠠᠤ ᠠᠵᠢᠯ ᠤᠨ ᠲᠤᠭ᠎ᠠ ᠪᠠᠷᠢᠮᠲᠠ ᠶᠢ ᠠᠩᠬ᠎ᠠ ᠤᠳᠠᠭ᠎ᠠ ᠬᠠᠷᠭᠤᠭᠤᠯᠤᠨ ᠪᠠᠶᠢᠴᠠᠭᠠᠵᠤ᠂ ᠲᠤᠭᠤᠷᠢᠭ ᠤᠨ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠳᠤ ᠮᠡᠳᠡᠭᠦᠯᠦᠨ ᠬᠢᠨᠠᠨ ᠬᠠᠷᠭᠤᠭᠤᠯᠤᠭᠠᠳ 10 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃        4.2.3.2 ᠣᠨ ᠤ ᠮᠡᠳᠡᠭᠦᠯᠦᠯᠲᠡ ᠶᠢᠨ ᠬᠢᠨᠠᠨ ᠮᠡᠳᠡᠭᠦᠯᠦᠯᠲᠡ        ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠠᠮᠰᠢᠭ ᠲᠤ ᠬᠤᠯᠪᠣᠭᠳᠠᠭᠰᠠᠨ ᠬᠠᠮᠢᠶ᠎ᠠ ᠪᠥᠬᠦᠶ ᠰᠢᠶᠠᠩ ᠪᠠᠯᠭᠠᠰᠤ᠂ ᠵᠡᠭᠡᠯᠢ ᠭᠤᠳᠤᠮᠵᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠣᠰ ᠵᠢᠯ ᠤᠨ 12 ᠳ᠋ᠤᠭᠠᠷ ᠰᠠᠷ᠎ᠠ ᠶᠢᠨ ᠬᠤᠷᠢᠳ ᠠᠴᠠ ᠡᠬᠢᠯᠡᠨ ᠲᠣᠰ ᠵᠢᠯ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠮᠰᠢᠭ ᠤᠨ ᠪᠠᠶᠢᠳᠠᠯ ᠪᠠ ᠭᠠᠮᠰᠢᠭ ᠠᠴᠠ ᠠᠪᠤᠷᠬᠠᠤ ᠠᠵᠢᠯ ᠤᠨ ᠲᠤᠭ᠎ᠠ ᠪᠠᠷᠢᠮᠲᠠ ᠶᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ᠂ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠳᠤ ᠮᠡᠳᠡᠭᠦᠯᠦᠨ ᠬᠢᠨᠠᠨ ᠬᠠᠷᠭᠤᠭᠤᠯᠵᠤ᠂ ᠬᠢᠨᠠᠨ ᠲᠣᠭᠲᠠᠭᠠᠯᠭᠠᠭᠰᠠᠨ ᠤ ᠳᠠᠷᠠᠭ᠎ᠠ ᠲᠣᠰ ᠵᠢᠯ ᠤᠨ 1 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃        4.2.4 ᠭᠠᠮᠰᠢᠭᠳᠠᠭᠰᠠᠨ ᠬᠥᠮᠥᠰ ᠤᠨ ᠡᠪᠦᠯ ᠬᠠᠪᠤᠷ ᠤᠨ ᠠᠮᠢᠳᠤᠷᠠᠯ ᠤᠨ ᠠᠪᠤᠷᠠᠨ ᠲᠤᠰᠠᠯᠠᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ        4.2.4.1 ᠭᠠᠮᠰᠢᠭᠳᠠᠭᠰᠠᠨ ᠬᠥᠮᠥᠰ ᠤᠨ ᠡᠪᠦᠯ ᠬᠠᠪᠤᠷ ᠤᠨ ᠠᠮᠢᠳᠤᠷᠠᠯ ᠤᠨ ᠬᠡᠷᠡᠭᠴᠡᠭᠡ ᠶᠢ ᠠᠪᠤᠷᠠᠨ ᠲᠤᠰᠠᠯᠠᠭᠰᠠᠨ ᠪᠠᠶᠢᠳᠠᠯ        ᠵᠢᠯ ᠪᠦᠷᠢ ᠶᠢᠨ 9 ᠳ᠋ᠦ᠋ᠭᠡᠷ ᠰᠠᠷ᠎ᠠ ᠶᠢᠨ ᠬᠤᠷᠢᠳ ᠠᠴᠠ ᠡᠬᠢᠯᠡᠨ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠰᠢᠶᠠᠩ ᠪᠠᠯᠭᠠᠰᠤ᠂ ᠵᠡᠭᠡᠯᠢ ᠭᠤᠳᠤᠮᠵᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠬᠠᠶ ᠶᠢᠨ ᠵᠢᠯ ᠤᠨ ᠡᠪᠦᠯ ᠤᠨ ᠤᠯᠠᠷᠢᠯ ᠪᠠ ᠳᠠᠷᠠᠭ᠎ᠠ ᠵᠢᠯ ᠤᠨ ᠬᠠᠪᠤᠷ ᠤᠨ ᠤᠯᠠᠷᠢᠯ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠮᠰᠢᠭᠳᠠᠭᠰᠠᠨ ᠭᠡᠷ ᠪᠦᠯᠢ ᠶᠢᠨ ᠠᠮᠤ ᠬᠦᠨᠡᠰᠦ᠂ ᠬᠤᠪᠴᠠᠰᠤ ᠬᠤᠨᠠᠷ ᠳᠤᠯᠠᠭᠠᠯᠠᠭ᠎ᠠ ᠵᠡᠷᠭᠡ ᠲᠠᠯ᠎ᠠ ᠶᠢᠨ ᠬᠦᠴᠢᠷᠳᠡᠯ ᠪᠠ ᠠᠪᠤᠷᠠᠨ ᠲᠤᠰᠠᠯᠠᠬᠤ ᠴᠢᠬᠤᠯᠠᠲᠠᠢ ᠪᠠᠶᠢᠳᠠᠯ ᠢ ᠭᠠᠷᠳᠠᠨ ᠪᠠᠶᠢᠴᠠᠭᠠᠵᠤ᠂ ᠬᠢᠨᠠᠨ ᠬᠠᠷᠭᠤᠭᠤᠯᠵᠤ᠂ ᠬᠤᠷᠢᠶᠠᠩᠭᠤᠶᠢᠯᠠᠵᠤ᠂ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠳᠤ ᠮᠡᠳᠡᠭᠦᠯᠵᠦ᠂ ᠬᠢᠨᠠᠨ ᠲᠣᠭᠲᠠᠭᠠᠭᠰᠠᠨ ᠤ ᠳᠠᠷᠠᠭ᠎ᠠ 10 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃        4.2.4.2 ᠭᠠᠮᠰᠢᠭᠳᠠᠭᠰᠠᠨ ᠬᠥᠮᠦᠰ ᠤᠨ ᠡᠪᠦᠯ ᠬᠠᠪᠤᠷ ᠤᠨ ᠠᠮᠢᠳᠤᠷᠠᠯ ᠢ ᠨᠢᠭᠡᠨᠲᠡ ᠠᠪᠤᠷᠠᠨ ᠲᠤᠰᠠᠯᠠᠭᠰᠠᠨ ᠪᠠᠢᠳᠠᠯ        ᠵᠢᠯ ᠪᠦᠷᠢ ᠶᠢᠨ 5 ᠳ᠋ᠤᠭᠠᠷ ᠰᠠᠷ᠎ᠠ ᠶᠢᠨ ᠬᠤᠷᠢᠳ ᠠᠴᠠ ᠡᠬᠢᠯᠡᠨ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠰᠢᠶᠠᠩ ᠪᠠᠯᠭᠠᠰᠤ᠂ ᠵᠡᠭᠡᠯᠢ ᠭᠤᠳᠤᠮᠵᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠮᠰᠢᠭᠳᠠᠭᠰᠠᠨ ᠭᠡᠷ ᠪᠦᠯᠢ ᠶᠢᠨ ᠡᠪᠦᠯ ᠬᠠᠪᠤᠷ ᠤᠨ ᠬᠤᠭᠤᠴᠠᠭᠠᠨ ᠳᠠᠬᠢ ᠠᠮᠤ ᠬᠦᠨᠡᠰᠦ᠂ ᠬᠤᠪᠴᠠᠰᠤ ᠬᠤᠨᠠᠷ ᠳᠤᠯᠠᠭᠠᠯᠠᠭ᠎ᠠ ᠵᠡᠷᠭᠡ ᠲᠠᠯ᠎ᠠ ᠪᠠᠷ ᠨᠢᠭᠡᠨᠲᠡ ᠠᠪᠤᠷᠠᠨ ᠲᠤᠰᠠᠯᠠᠭᠰᠠᠨ ᠪᠠᠶᠢᠳᠠᠯ ᠢ ᠭᠠᠷᠳᠠᠨ ᠪᠠᠶᠢᠴᠠᠭᠠᠵᠤ᠂ ᠬᠢᠨᠠᠨ ᠬᠠᠷᠭᠤᠭᠤᠯᠵᠤ᠂ ᠬᠤᠷᠢᠶᠠᠩᠭᠤᠶᠢᠯᠠᠵᠤ᠂ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠳᠤ ᠮᠡᠳᠡᠭᠦᠯᠵᠦ᠂ ᠬᠢᠨᠠᠨ ᠲᠣᠭᠲᠠᠭᠠᠭᠰᠠᠨ ᠤ ᠳᠠᠷᠠᠭ᠎ᠠ 6 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ         4.2.5 ᠲᠣᠭᠤᠷᠢᠭ ᠤᠨ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠭᠠᠮᠰᠢᠭ ᠤᠨ ᠪᠠᠶᠢᠳᠠᠯ ᠢ ᠵᠥᠪᠳᠡᠯᠴᠡᠬᠦ ᠳᠦᠷᠢᠮ ᠢ ᠪᠠᠶᠢᠭᠤᠯᠵᠤ᠂ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠭᠠᠮᠰᠢᠭ ᠤᠨ ᠪᠠᠶᠢᠳᠠᠯ ᠤᠨ ᠬᠤᠷᠠᠯ ᠬᠤᠷᠠᠯᠳᠤᠭᠤᠯᠵᠤ᠂ ᠭᠠᠮᠰᠢᠭ ᠤᠨ ᠪᠠᠶᠢᠳᠠᠯ ᠤᠨ ᠲᠤᠭ᠎ᠠ ᠪᠠᠷᠢᠮᠲᠠ ᠶᠢ ᠪᠦᠬᠦ ᠲᠠᠯ᠎ᠠ ᠪᠠᠷ ᠪᠤᠰᠤᠳᠴᠢ ᠪᠠᠷ ᠦᠨᠡᠯᠡᠨ ᠵᠢᠱᠢᠵᠦ᠂ ᠬᠢᠨᠠᠨ ᠲᠣᠭᠲᠠᠭᠠᠨ᠎ᠠ᠃        4.3 ᠮᠡᠳᠡᠭᠡ ᠵᠠᠩᠭᠢ ᠨᠡᠶᠢᠲᠡᠯᠡᠬᠦ        ᠮᠡᠳᠡᠭᠡ ᠵᠠᠩᠭᠢ ᠨᠡᠶᠢᠲᠡᠯᠡᠬᠦ ᠳᠤ ᠦᠨᠡᠨ ᠠᠴᠠ ᠵᠥᠪ ᠢ ᠡᠷᠢᠬᠦ᠂ ᠴᠠᠭ ᠲᠤᠬᠠᠢ ᠳᠤ ᠨᠢ ᠣᠨᠣᠪᠴᠢᠲᠠᠢ᠂ ᠢᠯᠡ ᠲᠣᠳᠣ ᠪᠠᠶᠢᠯᠭᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ ᠮᠡᠳᠡᠭᠡ ᠵᠠᠩᠭᠢ ᠨᠡᠶᠢᠲᠡᠯᠡᠬᠦ ᠬᠡᠯᠪᠡᠷᠢ ᠳᠤ ᠡᠷᠬᠡ ᠣᠯᠭᠤᠨ ᠨᠡᠶᠢᠲᠡᠯᠡᠬᠦ᠂ ᠵᠣᠬᠢᠶᠠᠨ ᠪᠠᠶᠢᠭᠤᠯᠤᠨ ᠮᠡᠳᠡᠭᠡᠯᠡᠬᠦ᠂ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ᠂ ᠰᠣᠨᠢᠨ ᠮᠡᠳᠡᠭᠡ ᠪᠠᠷ ᠨᠡᠶᠢᠲᠡᠯᠡᠬᠦ ᠬᠤᠷᠠᠯ ᠬᠢᠬᠦ ᠵᠡᠷᠭᠡ ᠪᠠᠭᠲᠠᠨ᠎ᠠ᠃ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠰᠠᠨᠠᠭᠠᠴᠢᠯᠠᠭ᠎ᠠ ᠠᠴᠠ ᠪᠠᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋᠂ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ᠂ ᠭᠤᠣᠯᠳᠠᠯᠭ᠎ᠠ ᠪᠣᠯᠬᠤ ᠰᠣᠨᠢᠨ ᠮᠡᠳᠡᠭᠡᠨ ᠤ ᠰᠦᠯᠵᠢᠶ᠎ᠡ ᠪᠤᠶᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠪᠢᠴᠢᠯ ᠪᠦᠷᠭᠡ᠂ ᠸᠢᠴᠠᠲ᠂ ᠬᠡᠷᠡᠭᠯᠡᠭᠴᠢ ᠶᠢᠨ ᠦᠵᠦᠭᠦᠷ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠡᠳᠡᠭᠡ ᠵᠠᠩᠭᠢ ᠨᠡᠶᠢᠲᠡᠯᠡᠬᠦ ᠬᠡᠷᠡᠭᠲᠡᠶ᠃ ᠡᠯ᠎ᠡ ᠬᠠᠮᠢᠶ᠎ᠠ ᠪᠦᠬᠦᠢ ᠨᠢᠭᠡᠴᠢ ᠨᠦᠭᠦᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ᠂ ᠭᠠᠮᠰᠢᠭ ᠤᠨ ᠪᠠᠶᠢᠳᠠᠯ ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃        ᠭᠠᠮᠰᠢᠭ ᠤᠨ ᠪᠠᠶᠢᠳᠠᠯ ᠲᠣᠭᠲᠠᠭᠤᠨ ᠪᠣᠯᠬᠤ ᠠᠴᠠ ᠡᠮᠦᠨ᠎ᠡ᠂ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠪᠤᠶᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠠᠮᠰᠢᠭ ᠠᠴᠠ ᠪᠣᠯᠤᠭᠰᠠᠨ ᠬᠥᠮᠦᠨ ᠬᠠᠷ᠎ᠠ ᠦᠬᠦᠵᠦ ᠰᠢᠷᠬᠠᠲᠤᠭᠰᠠᠨ᠂ ᠡᠳ᠋ ᠬᠥᠷᠥᠩᠭᠡ ᠬᠤᠬᠢᠷᠠᠭᠰᠠᠨ ᠵᠢᠴᠢ ᠠᠪᠤᠷᠠᠨ ᠲᠤᠰᠠᠯᠠᠬᠤ ᠠᠵᠢᠯ ᠤᠨ ᠬᠥᠳᠡᠯᠦᠯ ᠪᠠᠶᠢᠳᠠᠯ᠂ ᠦᠷ᠎ᠡ ᠪᠦᠲᠦᠮᠵᠢ᠂ ᠳᠠᠷᠠᠭᠠᠴᠢ ᠶᠢᠨ ᠠᠯᠬᠤᠮ ᠤᠨ ᠲᠣᠬᠢᠷᠠᠭᠤᠯᠤᠯᠲᠠ ᠵᠡᠷᠭᠡ ᠪᠠᠶᠢᠳᠠᠯ ᠢ ᠨᠡᠶᠢᠭᠡᠮ ᠳᠤ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ︔ ᠭᠠᠮᠰᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠳᠠᠷᠠᠭ᠎ᠠ᠂ ᠴᠠᠭ ᠲᠤᠬᠠᠶ ᠳᠤᠨᠢ ᠦᠨᠡᠯᠡᠨ ᠵᠢᠱᠢᠵᠦ᠂ ᠬᠢᠨᠠᠨ ᠲᠣᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠮᠰᠢᠭ ᠤᠨ ᠬᠤᠬᠢᠷᠠᠯ ᠤᠨ ᠪᠠᠶᠢᠳᠠᠯ ᠢ ᠨᠡᠶᠢᠲᠡᠯᠡᠬᠦ ᠬᠡᠷᠡᠭᠲᠡᠶ᠃        ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠬᠤ ᠪᠠ ᠨᠡᠶᠢᠲᠡᠯᠡᠬᠦ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠠᠰ ᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠨᠢ ᠬᠢᠬᠦ ᠬᠡᠷᠡᠭᠲᠡᠶ᠃         5 ᠪᠠᠴᠢᠮ ᠪᠠᠶᠢᠳᠠᠯ ᠢ ᠠᠷᠭᠠᠴᠠᠭᠠᠬᠤ ᠶᠢ ᠬᠡᠷᠡᠭᠵᠢᠭᠦᠯᠬᠦ        5.1 ᠭᠠᠮᠰᠢᠭ ᠤᠨ ᠳᠡᠰ        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2001﹈ 16 ᠳ᠋ᠤᠭᠠᠷ ᠲᠣᠭᠠᠲᠤ︶ ᠶᠢᠨ ᠪᠠᠶᠢᠭᠠᠯᠢ ᠶᠢᠨ ᠭᠠᠮᠰᠢᠭ ᠤᠨ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ ᠭᠠᠮᠰᠢᠭ ᠢ ᠣᠨᠴᠣᠭᠤᠶ ᠶᠡᠭᠡ ᠭᠠᠮᠰᠢᠭ᠂ ᠶᠡᠭᠡ ᠭᠠᠮᠰᠢᠭ᠂ ᠳᠤᠮᠳᠠ ᠭᠠᠮᠰᠢᠭ᠂ ᠪᠠᠭ᠎ᠠ ᠭᠠᠮᠰᠢᠭ ᠵᠡᠷᠭᠡ ᠳᠥᠷᠪᠡᠨ ᠳᠡᠰ ᠬᠤᠪᠢᠶᠠᠪᠠ᠃        1. ᠨᠢᠭᠡ ᠤᠳᠠᠭ᠎ᠠ ᠶᠢᠨ ᠴᠢᠨᠠᠷᠲᠠᠶ ᠭᠠᠮᠰᠢᠭ ᠤᠨ ᠶᠠᠪᠤᠴᠠ ᠳᠤ ᠳᠣᠤᠷᠠᠬᠢ ᠦᠷ᠎ᠡ ᠤᠷᠰᠢᠭ ᠤᠨ ᠨᠢᠭᠡ ᠶᠢ ᠨᠢ ᠣᠨᠴᠠᠷᠠᠭᠤᠯᠪᠠᠯ ᠣᠨᠴᠠᠭᠠᠶ ᠶᠡᠭᠡ ᠭᠠᠮᠰᠢᠭ ᠪᠣᠯᠤᠨ᠎ᠠ᠄        ︵1︶ ︽ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠳᠤ ᠲᠠᠷᠢᠮᠠᠯ ᠤᠨ ᠬᠤᠷᠢᠶᠠᠯᠲᠠ ᠠᠯᠳᠠᠭᠰᠠᠨ ᠲᠠᠯᠠᠪᠠᠶ ︵ᠠᠷᠪᠠᠨ ᠤ ᠬᠤᠷᠢᠶᠠᠯᠲᠠ ᠨᠠᠢᠮᠠᠨ ᠬᠤᠪᠢ ᠠᠴᠠ ᠳᠡᠭᠡᠭᠰᠢᠬᠢ ᠶᠢ ᠵᠢᠭᠠᠵᠤ ᠪᠠᠶᠢᠨ᠎ᠠ᠂ ᠳᠣᠷᠣᠭᠰᠢ ᠠᠳᠠᠯᠢ︶ ᠲᠠᠷᠢᠭᠰᠠᠨ ᠲᠠᠯᠠᠪᠠᠢ ᠶᠢᠨ 40% ᠣᠷᠴᠢᠮ ᠢ ᠡᠵᠡᠯᠡᠨ᠎ᠡ︔        ︵2︶ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠳᠤ ᠨᠤᠷᠠᠭᠰᠠᠨ ᠭᠡᠷ ᠪᠠᠶᠢᠰᠢᠩ ᠤᠨ ᠲᠠᠰᠤᠯᠭ᠎ᠠ ᠶᠢᠨ ᠲᠤᠭ᠎ᠠ ᠨᠢ ᠭᠡᠷ ᠪᠠᠶᠢᠰᠢᠩ ᠤᠨ ᠶᠡᠷᠦᠩᠬᠡᠶ ᠲᠠᠰᠤᠯᠭ᠎ᠠ ᠶᠢᠨ ᠲᠣᠭᠠᠨ ᠤ 5% ᠠᠴᠠ ᠳᠡᠭᠡᠭᠰᠢ ᠶᠢ ᠡᠵᠡᠯᠡᠨ᠎ᠡ︔        ︵3︶ ᠠᠶᠢᠮᠠᠭ ᠤᠨ ᠲᠡᠰ ᠤᠨ ᠵᠠᠰᠠᠭ ᠵᠠᠬᠢᠷᠭᠠᠨ ᠤ ᠣᠷᠣᠨ ᠳᠤ ᠭᠠᠮᠰᠢᠭ ᠠᠴᠠ ᠪᠣᠯᠵᠣ ᠦᠬᠦᠭᠰᠡᠨ ᠬᠦᠮᠦᠨ ᠤ ᠲᠤᠭ᠎ᠠ 50 ᠬᠥᠮᠦᠨ ᠠᠴᠠ ᠳᠡᠭᠡᠭᠰᠢ ᠡᠵᠡᠯᠡᠨ᠎ᠡ︔        ︵4︶ ᠭᠠᠮᠰᠢᠭ ᠠᠴᠠ ᠪᠣᠯᠤᠭᠰᠠᠨ ᠰᠢᠭᠤᠳ ᠠᠵᠤ ᠠᠬᠤᠶ ᠶᠢᠨ ᠬᠤᠬᠢᠷᠠᠯ ᠨᠢ ᠲᠤᠰ ᠵᠠᠰᠠᠭ ᠵᠠᠬᠢᠷᠭᠠᠨ ᠤ ᠣᠷᠣᠨ ᠤ ᠲᠦᠷᠦᠭᠦᠤ ᠵᠢᠯ ᠤᠨ ᠡᠳ᠋ ᠤᠨ ᠵᠠᠰᠠᠭ ᠤᠨ ᠣᠷᠣᠯᠭ᠎ᠠ ᠠᠴᠠ ᠳᠠᠪᠠᠭ᠋ᠤ︔        ︵5︶ ᠮᠠᠯᠵᠢᠬᠤ ᠬᠤᠰᠢᠭᠤ ᠰᠢᠶᠠᠨ ᠤ ᠵᠠᠰᠠᠭ ᠵᠠᠬᠢᠷᠭᠠᠨ ᠤ ᠣᠷᠣᠨ ᠪᠦᠰᠡ ᠶᠢᠨ ᠭᠠᠮᠰᠢᠭᠳᠠᠭᠰᠠᠨ ᠲᠠᠯᠠᠪᠠᠶ ᠨᠢ ᠶᠡᠷᠦᠩᠬᠡᠶ ᠲᠠᠯᠠᠪᠠᠶ ᠶᠢᠨ 70% ᠠᠴᠠ ᠳᠡᠭᠡᠭᠰᠢᠬᠢ ᠶᠢ ᠡᠵᠡᠯᠡᠬᠦ ᠪᠤᠶᠤ ᠭᠠᠮᠰᠢᠭ ᠠᠴᠠ ᠪᠣᠯᠵᠤ ᠦᠬᠦᠭᠰᠡᠨ ᠮᠠᠯ 5% ᠠᠴᠠ ᠳᠡᠭᠡᠭᠰᠢᠬᠢ ᠶᠢ ᠡᠵᠡᠯᠡᠨ᠎ᠡ᠃        2. ᠨᠢᠭᠡ ᠤᠳᠠᠭ᠎ᠠ ᠶᠢᠨ ᠴᠢᠨᠠᠷᠲᠠᠶ ᠭᠠᠮᠰᠢᠭ ᠤᠨ ᠶᠠᠪᠤᠴᠠ ᠳᠤ ᠳᠣᠤᠷᠠᠬᠢ ᠦᠷ᠎ᠡ ᠤᠷᠰᠢᠭ ᠤᠨ ᠨᠢᠭᠡ ᠶᠢ ᠨᠢ ᠣᠨᠴᠠᠷᠠᠭᠤᠯᠪᠠᠯ ᠶᠡᠭᠡ ᠭᠠᠮᠰᠢᠭ ᠪᠣᠯᠤᠨ᠎ᠠ᠄        ︵1︶ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠳᠤ ᠲᠠᠷᠢᠮᠠᠯ ᠤᠨ ᠬᠤᠷᠢᠶᠠᠯᠲᠠ ᠠᠯᠳᠠᠭᠰᠠᠨ ᠲᠠᠯᠠᠪᠠᠶ ᠲᠠᠷᠢᠭᠰᠠᠨ ᠲᠠᠯᠠᠪᠠᠶ ᠶᠢᠨ 30% ᠠᠴᠠ ᠳᠡᠭᠡᠭᠰᠢᠬᠢ ᠶᠢ ᠡᠵᠡᠯᠡᠨ᠎ᠡ︔        ︵2︶ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠳᠤ ᠨᠤᠷᠠᠭᠰᠠᠨ ᠭᠡᠷ ᠪᠠᠶᠢᠰᠢᠩ ᠨᠢ ᠭᠡᠷ ᠪᠠᠶᠢᠰᠢᠩ ᠤᠨ ᠶᠡᠷᠦᠩᠬᠡᠶ ᠲᠠᠰᠤᠯᠭ᠎ᠠ ᠶᠢᠨ ᠲᠣᠭᠠᠨ ᠤ 3% ᠠᠴᠠ ᠳᠡᠭᠡᠭᠰᠢ ᠶᠢ ᠡᠵᠡᠯᠡᠨ᠎ᠡ︔        ︵3︶ ᠠᠶᠢᠮᠠᠭ ᠤᠨ ᠲᠡᠰ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠮᠰᠢᠭ ᠠᠴᠠ ᠪᠣᠯᠵᠤ ᠦᠬᠦᠭᠰᠡᠨ ᠬᠥᠮᠦᠨ ᠤ ᠲᠤᠭ᠎ᠠ 30 ᠬᠥᠮᠦᠨ ᠠᠴᠠ ᠳᠡᠭᠡᠭᠰᠢ ᠪᠠᠶᠢᠨ᠎ᠠ︔        ︵4︶ ᠭᠠᠮᠰᠢᠭ ᠠᠴᠠ ᠪᠣᠯᠤᠭᠰᠠᠨ ᠰᠢᠭᠤᠳ ᠠᠵᠤ ᠠᠬᠤᠶ ᠶᠢᠨ ᠬᠤᠬᠢᠷᠠᠯ ᠨᠢ ᠲᠤᠰ ᠵᠠᠰᠠᠭ ᠵᠠᠬᠢᠷᠭᠠᠨ ᠤ ᠣᠷᠣᠨ ᠤ ᠲᠦᠷᠦᠭᠦᠤ ᠵᠢᠯ ᠤᠨ ᠡᠳ᠋ ᠤᠨ ᠵᠠᠰᠠᠭ ᠤᠨ ᠣᠷᠣᠯᠭ᠎ᠠ ᠶᠢᠨ 80% ᠠᠴᠠ ᠳᠡᠭᠡᠭᠰᠢᠬᠢ ᠶᠢ ᠡᠵᠡᠯᠡᠨ᠎ᠡ︔        ︵5︶ ᠮᠠᠯᠵᠢᠬᠤ ᠬᠤᠰᠢᠭᠤ ᠰᠢᠶᠠᠨ ᠤ ᠭᠠᠮᠰᠢᠭᠳᠠᠭᠰᠠᠨ ᠲᠠᠯᠠᠪᠠᠢ ᠨᠢ ᠪᠡᠯᠴᠢᠭᠡᠷ ᠤᠨ ᠶᠡᠷᠦᠩᠬᠡᠢ ᠲᠠᠯᠠᠪᠠᠢ ᠶᠢᠨ 50% ᠠᠴᠠ ᠳᠡᠭᠡᠭᠰᠢᠬᠢ ᠶᠢ ᠡᠵᠡᠯᠡᠬᠦ ᠪᠤᠶᠤ ᠦᠬᠦᠭᠰᠡᠨ ᠮᠠᠯ ᠨᠢ 3% ᠠᠴᠠ ᠳᠡᠭᠡᠭᠰᠢᠬᠢ ᠶᠢ ᠡᠵᠡᠯᠡᠨ᠎ᠡ᠃        3. ᠨᠢᠭᠡ ᠤᠳᠠᠭ᠎ᠠ ᠶᠢᠨ ᠴᠢᠨᠠᠷᠲᠠᠶ ᠭᠠᠮᠰᠢᠭ ᠤᠨ ᠶᠠᠪᠤᠴᠠ ᠳᠤ ᠳᠣᠤᠷᠠᠬᠢ ᠦᠷ᠎ᠡ ᠤᠷᠰᠢᠭ ᠤᠨ ᠨᠢᠭᠡ ᠶᠢ ᠨᠢ ᠣᠨᠴᠠᠷᠠᠭᠤᠯᠪᠠᠯ ᠳᠤᠮᠳᠠ ᠶᠢᠨ ᠭᠠᠮᠰᠢᠭ ᠪᠣᠯᠤᠨ᠎ᠠ᠄        ︵1︶ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠪᠦᠰᠡ ᠶᠢᠨ ᠲᠠᠷᠢᠮᠠᠯ ᠤᠨ ᠬᠤᠷᠢᠶᠠᠯᠲᠠ ᠠᠯᠳᠠᠭᠰᠠᠨ ᠲᠠᠯᠠᠪᠠᠢ ᠨᠢ ᠶᠡᠷᠦᠩᠬᠡᠢ ᠲᠠᠷᠢᠬᠤ ᠲᠠᠯᠠᠪᠠᠢ ᠶᠢᠨ 20% ᠠᠴᠠ ᠳᠡᠭᠡᠭᠰᠢᠬᠢ ᠶᠢ ᠡᠵᠡᠯᠡᠨ᠎ᠡ︔        ︵2︶ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠳᠤ ᠨᠤᠷᠠᠭᠰᠠᠨ ᠭᠡᠷ ᠪᠠᠶᠢᠰᠢᠩ ᠤᠨ ᠲᠠᠰᠤᠯᠭ᠎ᠠ ᠶᠢᠨ ᠲᠤᠭ᠎ᠠ ᠨᠢ ᠭᠡᠷ ᠪᠠᠶᠢᠰᠢᠩ ᠤᠨ ᠶᠡᠷᠦᠩᠬᠡᠶ ᠲᠠᠰᠤᠯᠭ᠎ᠠ ᠶᠢᠨ ᠲᠣᠭᠠᠨ ᠤ 2% ᠠᠴᠠ ᠳᠡᠭᠡᠭᠰᠢ ᠶᠢ ᠡᠵᠡᠯᠡᠨ᠎ᠡ︔        ︵3︶ ᠠᠶᠢᠮᠠᠭ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠦᠬᠦᠭᠰᠡᠨ ᠬᠥᠮᠦᠨ ᠤ ᠲᠤᠭ᠎ᠠ ᠨᠢ 20 ᠬᠥᠮᠦᠨ ᠠᠴᠠ ᠳᠡᠭᠡᠭᠰᠢ ᠪᠠᠶᠢᠨ᠎ᠠ︔        ︵4︶ ᠠᠵᠤ ᠠᠬᠤᠶ ᠶᠢᠨ ᠰᠢᠭᠤᠳ ᠬᠤᠬᠢᠷᠠᠯ ᠨᠢ ᠲᠤᠰ ᠵᠠᠰᠠᠭ ᠵᠠᠬᠢᠷᠭᠠᠨ ᠤ ᠣᠷᠣᠨ ᠤ ᠲᠦᠷᠦᠭᠦᠦ ᠵᠢᠯ ᠤᠨ ᠡᠳ᠋ ᠤᠨ ᠵᠠᠰᠠᠭ ᠤᠨ ᠣᠷᠣᠯᠭ᠎ᠠ ᠶᠢᠨ 50% ᠠᠴᠠ ᠳᠡᠭᠡᠭᠰᠢᠬᠢ ᠶᠢ ᠡᠵᠡᠯᠡᠨ᠎ᠡ︔        ︵5︶ ᠮᠠᠯᠵᠢᠬᠤ ᠬᠤᠰᠢᠭᠤ ᠰᠢᠶᠠᠨ ᠤ ᠭᠠᠮᠰᠢᠭᠳᠠᠭᠰᠠᠨ ᠲᠠᠯᠠᠪᠠᠶ ᠨᠢ ᠬᠠᠳᠤᠯᠠᠩ ᠪᠡᠯᠴᠢᠭᠡᠷ ᠤᠨ ᠶᠡᠷᠦᠩᠬᠡᠶ ᠲᠠᠯᠠᠪᠠᠶ ᠶᠢᠨ 40% ᠠᠴᠠ ᠳᠡᠭᠡᠭᠰᠢᠬᠢ ᠶᠢ ᠡᠵᠡᠯᠡᠵᠦ᠂ ᠭᠠᠮᠰᠢᠭᠳᠠᠭᠰᠠᠨ ᠣᠷᠣᠨ ᠤ ᠮᠠᠯ ᠤᠨ ᠦᠬᠦᠯ ᠤᠨ ᠨᠣᠷᠮ᠎ᠠ ᠨᠢ 15% ᠠᠴᠠ ᠳᠡᠭᠡᠭᠰᠢᠬᠢ ᠶᠢ ᠡᠵᠡᠯᠡᠨ᠎ᠡ᠃        4. ᠳᠤᠮᠳᠠ ᠵᠡᠷᠭᠡ ᠶᠢᠨ ᠭᠠᠮᠰᠢᠭ ᠤᠨ ᠬᠤᠪᠢᠶᠠᠷᠢᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠦᠭᠡᠢ ᠨᠢ ᠴᠦᠮ ᠪᠠᠭ᠎ᠠ ᠭᠠᠮᠰᠢᠭ ᠪᠤᠯᠤᠨ᠎ᠠ᠃          5.2 ᠬᠡᠷᠡᠭᠵᠢᠭᠦᠯᠬᠦ ᠳᠡᠰ        ᠰᠢᠭᠤᠶᠢᠲᠤ ᠲᠣᠭᠤᠷᠢᠭ ᠤᠨ ᠤᠨᠴᠠᠭᠠᠢ ᠪᠠᠶᠢᠳᠠᠯ ᠢ ᠦᠨᠳᠦᠰᠦᠯᠡᠨ᠂ ︽ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠶᠢ ᠬᠡᠷᠡᠭᠵᠢᠭᠦᠯᠬᠦ ᠦᠨᠳᠦᠰᠦᠨ ᠱᠠᠭᠠᠷᠳᠠᠯᠭ᠎ᠠ︾ ︵GB/T29425 ︶ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠤᠭᠤᠷᠢᠭ ᠤᠨ ᠵᠠᠰᠠᠭ ᠤᠨ ᠣᠷᠳᠣᠨ ᠬᠠᠷᠢᠶ᠎ᠠ ᠣᠷᠣᠨ ᠤ ᠪᠠᠨ ᠳᠣᠲᠣᠷᠠᠬᠢ ᠪᠣᠶ ᠪᠥᠬᠦᠶ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠬᠡᠷᠡᠭᠵᠢᠭᠦᠯᠬᠦ ᠶᠢ ᠬᠠᠷᠢᠭᠤᠴᠠᠨ᠎ᠠ᠂ ᠪᠠᠶᠢᠭᠠᠯᠢ ᠶᠢᠨ ᠭᠠᠮᠰᠢᠭ ᠭᠠᠷᠤᠭᠰᠠᠨ ᠤ ᠳᠠᠷᠠᠭ᠎ᠠ᠂ ᠲᠤᠭᠤᠷᠢᠭ ᠤᠨ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠦᠪᠯᠡᠯ ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠵᠦ ᠪᠠᠴᠢᠮ ᠪᠠᠶᠢᠳᠠᠯ ᠢ ᠠᠷᠭᠠᠴᠠᠭᠠᠬᠤ ᠶᠢ ᠬᠡᠷᠡᠭᠵᠢᠭᠦᠯᠬᠦ ᠶᠢ ᠡᠬᠢᠯᠡᠭᠦᠯᠦᠨ᠎ᠡ᠃        ᠪᠠᠶᠢᠭᠠᠯᠢ ᠶᠢᠨ ᠭᠠᠮᠰᠢᠭ ᠤᠨ ᠬᠤᠤᠷ ᠬᠥᠨᠥᠭᠡᠯ ᠤᠨ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ᠂ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠶᠢ ᠬᠡᠷᠡᠭᠵᠢᠭᠦᠯᠬᠦ ᠲᠠᠰ ᠢ ᠳᠥᠷᠪᠡᠨ ᠲᠠᠰ ᠬᠤᠪᠢᠶᠠᠪᠠ᠂ ᠲᠣᠰ ᠲᠣᠰ Ⅰ ᠳ᠋ᠦ᠋ᠭᠡᠷ᠂ Ⅱ ᠳ᠋ᠤᠭᠠᠷ᠂ Ⅲ ᠳ᠋ᠤᠭᠠᠷ᠂ Ⅳ ᠳ᠋ᠦ᠋ᠭᠡᠷ ᠲᠠᠰ᠂ Ⅰ ᠳ᠋ᠦ᠋ᠭᠡᠷ ᠲᠠᠰ ᠨᠢ ᠬᠠᠮᠤᠭ ᠤᠨ ᠥᠨᠳᠥᠷ᠂ Ⅳ ᠳ᠋ᠦ᠋ᠭᠡᠷ ᠲᠠᠰ ᠨᠢ ᠬᠠᠮᠤᠭ ᠤᠨ ᠳᠣᠤᠷ᠎ᠠ᠃        5.3 ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠶᠢ ᠬᠡᠷᠡᠭᠵᠢᠭᠦᠯᠬᠦ        5.3.1 ᠨᠢᠭᠡᠳᠦᠭᠡᠷ ᠳᠡᠰ ᠤᠨ ᠠᠵᠢᠯᠯᠠᠭ᠎ᠠ        ︵ᠨᠢᠭᠡ︶ ᠡᠬᠢᠯᠡᠭᠦᠯᠬᠦ ᠨᠦᠬᠦᠴᠡᠯ        ᠶᠠᠮᠠᠷ ᠨᠢᠭᠡ ᠪᠤᠶᠤ ᠬᠥᠷᠰᠢ ᠵᠡᠷᠭᠡᠯᠡᠳᠡᠭᠡ ᠬᠡᠳᠦᠨ ᠬᠤᠰᠢᠭᠤ ᠰᠢᠶᠠᠨ ᠲᠣᠭᠤᠷᠢᠭ ᠲᠤ ᠨᠢᠭᠡ ᠤᠳᠠᠭᠠᠨ ᠤ ᠭᠠᠮᠰᠢᠭ ᠤᠨ ᠶᠠᠪᠤᠴᠠ ᠳᠤ ᠢᠯᠡᠷᠡᠬᠦ ᠪᠤᠶᠤ ᠳᠣᠣᠷᠠᠬᠢ ᠪᠠᠶᠢᠳᠠᠯ ᠤᠨ ᠨᠢᠭᠡ ᠨᠢ ᠭᠠᠷᠴᠤ ᠮᠡᠳᠡᠬᠦ ᠶᠢ ᠵᠥᠪᠳᠡᠯᠴᠡᠨ ᠰᠤᠳᠤᠯᠤᠨ ᠮᠠᠭᠠᠳᠯᠠᠭᠰᠠᠨ ᠪᠠᠶᠢᠪᠠᠯ᠂ ᠨᠢᠭᠡᠳᠦᠭᠡᠷ ᠳᠡᠰ ᠤᠨ ᠠᠵᠢᠯᠯᠠᠭ᠎ᠠ ᠶᠢ ᠡᠬᠢᠯᠡᠭᠦᠯᠵᠦ ᠪᠣᠯᠤᠨ᠎ᠠ᠄        ︵1︶ ᠦᠭᠦᠭᠰᠡᠨ ᠪᠤᠶᠤ ᠠᠯᠠᠭ᠎ᠠ ᠪᠣᠯᠤᠭᠰᠠᠨ ᠬᠦᠮᠦᠨ 10 ᠬᠦᠮᠦᠨ ᠠᠴᠠ ᠳᠡᠭᠡᠭᠰᠢ ᠪᠠᠶᠢᠬᠤ ︵︽ᠳᠡᠭᠡᠭᠰᠢ︾ ᠭᠡᠳᠡᠭ ᠲᠤ ᠤᠤᠯ ᠲᠤᠭ᠎ᠠ ᠶᠢ ᠪᠠᠭᠲᠠᠭᠠᠨ᠎ᠠ᠂ ︽ᠳᠣᠷᠣᠭᠰᠢ︾ ᠭᠡᠳᠡᠭ ᠲᠤ ᠣᠣᠯ ᠲᠤᠭ᠎ᠠ ᠶᠢ ᠪᠠᠭᠲᠠᠭᠠᠬᠤ ᠦᠭᠡᠢ᠂ ᠳᠣᠷᠣᠭᠰᠢ ᠠᠳᠠᠯᠢ︶︔        ︵2︶ ᠪᠠᠴᠢᠮ ᠰᠢᠯᠵᠢᠭᠦᠯᠦᠨ ᠲᠥᠪᠬᠢᠨᠡᠭᠦᠯᠬᠦ ᠪᠤᠶᠤ ᠪᠠᠴᠢᠮ ᠠᠮᠢᠳᠤᠷᠠᠯ ᠤᠨ ᠠᠪᠤᠷᠠᠨ ᠲᠤᠰᠠᠯᠠᠬᠤ ᠴᠢᠬᠤᠯᠠ ᠲᠠᠢ ᠬᠦᠮᠦᠨ 2000 ᠬᠥᠮᠦᠨ ᠠᠴᠠ ᠳᠡᠭᠡᠭᠰᠢ ᠪᠠᠶᠢᠬᠤ︔        ︵3︶ ᠨᠤᠷᠠᠭᠰᠠᠨ ᠪᠠ ᠬᠦᠨᠳᠦ ᠨᠣᠴᠢᠲᠠᠶ ᠡᠪᠳᠡᠭᠳᠡᠭᠰᠡᠨ ᠭᠡᠷ ᠪᠠᠶᠢᠰᠢᠩ 200 ᠲᠠᠰᠤᠯᠭ᠎ᠠ ᠪᠤᠶᠤ 60 ᠡᠷᠦᠬᠡ ᠠᠴᠠ ᠳᠡᠭᠡᠭᠰᠢ ᠪᠠᠶᠢᠬᠤ︔        ︵4︶ ᠭᠠᠩ ᠬᠠᠭᠰᠠᠷᠠᠭᠠᠨ ᠤ ᠭᠠᠮᠰᠢᠭ ᠠᠮᠤ ᠪᠤᠳᠠᠭ᠎ᠠ ᠳᠤᠲᠠᠭᠲᠠᠬᠤ ᠪᠤᠶᠤ ᠤᠰᠤ ᠳᠤᠲᠠᠭᠳᠠᠬᠤ ᠵᠡᠷᠭᠡ ᠠᠮᠢᠳᠤᠷᠠᠯ ᠤᠨ ᠬᠦᠴᠢᠷᠳᠡᠯ ᠳᠤ ᠤᠴᠠᠷᠠᠭᠤᠯᠤᠭᠰᠠᠨ᠂ ᠵᠠᠰᠠᠭ ᠤᠨ ᠣᠷᠳᠣᠨ ᠠᠴᠠ ᠠᠪᠤᠷᠠᠨ ᠲᠤᠰᠠᠯᠠᠬᠤ ᠬᠥᠮᠦᠨ ᠤ ᠲᠤᠭ᠎ᠠ ᠨᠢ ᠲᠠᠷᠢᠶᠠᠯᠠᠩ ᠮᠠᠯ ᠠᠵᠤ ᠠᠬᠤᠶ ᠶᠢᠨ ᠬᠥᠮᠦᠨ ᠠᠮᠠ ᠶᠢᠨ ᠲᠣᠭᠠᠨ ᠤ 20% ᠠᠴᠠ ᠳᠡᠭᠡᠭᠰᠢ ᠶᠢ ᠡᠵᠡᠯᠡᠨ᠎ᠡ︔        ︵5︶ ᠪᠤᠭᠤᠲᠤ ᠬᠤᠲᠠ ᠪᠥᠬᠦ ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠵᠦ᠂ ᠭᠠᠮᠰᠢᠭᠳᠠᠭᠰᠠᠨ ᠣᠷᠣᠨ ᠳᠤ ᠰᠢᠭᠤᠶᠢᠲᠤ ᠲᠣᠭᠤᠷᠢᠭ ᠪᠠᠭᠲᠠᠨ᠎ᠠ︔        ︵6︶ ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ ᠨᠢᠭᠡᠳᠦᠭᠡᠷ ᠳᠡᠰ ᠤᠨ ᠠᠵᠢᠯᠯᠠᠭ᠎ᠠ ᠶᠢ ᠬᠡᠷᠡᠭᠵᠢᠭᠦᠯᠬᠦ ᠪᠤᠰᠤᠳ ᠵᠦᠢᠯᠡᠰ ᠢ ᠡᠬᠢᠯᠡᠭᠦᠯᠬᠦ ᠴᠢᠬᠤᠯᠠᠲᠠᠢ ᠭᠡᠵᠦ ᠦᠵᠡᠨ᠎ᠡ᠃        ︵ᠬᠤᠶᠠᠷ︶ ᠡᠬᠢᠯᠡᠭᠦᠯᠬᠦ ᠶᠠᠪᠤᠴᠠ        ᠭᠠᠮᠰᠢᠭ ᠭᠠᠷᠤᠭᠰᠠᠨ ᠤ ᠳᠠᠷᠠᠭ᠎ᠠ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠵᠠᠳᠠᠯᠤᠨ ᠦᠨᠡᠯᠡᠬᠦ ᠪᠠᠷ ᠳᠠᠮᠵᠢᠨ᠂ ᠭᠠᠮᠰᠢᠭ ᠤᠨ ᠪᠠᠶᠢᠳᠠᠯ ᠨᠢ ᠡᠬᠢᠯᠡᠭᠦᠯᠬᠦ ᠨᠦᠭᠦᠴᠡᠯ ᠳᠤ ᠬᠦᠷᠦᠭᠰᠡᠨ ᠢ ᠮᠠᠭᠠᠳᠯᠠᠨ ᠲᠣᠭᠲᠠᠭᠠᠵᠤ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠳᠤ ᠨᠢᠭᠡᠳᠦᠭᠡᠷ ᠳᠡᠰ ᠤᠨ ᠠᠵᠢᠯᠯᠠᠭ᠎ᠠ ᠶᠢ ᠡᠬᠢᠯᠡᠭᠦᠯᠬᠦ ᠰᠠᠨᠠᠭᠤᠯᠭ᠎ᠠ ᠳᠤᠷᠠᠳᠴᠤ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠡᠷᠬᠢᠯᠡᠭᠴᠢ ᠨᠢᠭᠡᠳᠦᠭᠡᠷ ᠳᠡᠰ ᠤᠨ ᠠᠵᠢᠯᠯᠠᠭ᠎ᠠ ᠶᠢ ᠡᠬᠢᠯᠡᠭᠦᠯᠬᠦ ᠶᠢ ᠲᠣᠭᠲᠠᠭᠠᠨ᠎ᠠ᠃        ︵ᠭᠤᠷᠪᠠ︶ ᠬᠡᠷᠡᠭᠵᠢᠭᠦᠯᠬᠦ ᠠᠷᠭ᠎ᠠ ᠬᠡᠮᠵᠢᠶ᠎ᠠ        ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠰᠢᠭᠤᠶᠢᠲᠤ ᠲᠣᠭᠤᠷᠢᠭ ᠤᠨ ᠳᠠᠪᠬᠤᠷᠭ᠎ᠠ ᠶᠢᠨ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭᠳᠠᠭᠰᠠᠨ ᠭᠠᠵᠠᠷ ᠣᠷᠣᠨ ᠤ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠤᠨ ᠳᠡᠮᠵᠢᠨ᠎ᠡ᠃ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠵᠢᠴᠢ ᠲᠡᠭᠦᠨ ᠤ ᠭᠡᠰᠢᠭᠦᠨ ᠨᠢᠭᠡᠴᠢ᠂ ᠭᠠᠮᠰᠢᠭ ᠲᠤ ᠬᠤᠯᠪᠣᠭᠳᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠪᠠᠶᠢᠳᠠᠯ ᠢ ᠦᠵᠡᠵᠦ ᠪᠠᠶᠢᠭᠠᠳ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠠᠪᠤᠨ᠎ᠠ᠄        ︵1︶ ᠭᠠᠮᠰᠢᠭ ᠤᠨ ᠪᠠᠶᠢᠳᠠᠯ ᠪᠠ ᠭᠠᠮᠰᠢᠭ ᠠᠴᠠ ᠠᠪᠤᠷᠠᠬᠤ ᠪᠠᠶᠢᠳᠠᠯ ᠢ ᠵᠥᠪᠳᠡᠯᠴᠡᠨ ᠰᠤᠳᠤᠯᠤᠨ ᠮᠠᠭᠠᠳᠯᠠᠵᠤ᠂ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠭᠠᠮᠰᠢᠭᠳᠠᠭᠰᠠᠨ ᠭᠠᠵᠠᠷ ᠣᠷᠣᠨ ᠤ ᠭᠠᠮᠰᠢᠭ ᠠᠴᠠ ᠠᠪᠤᠷᠠᠬᠤ ᠴᠢᠬᠤᠯᠠ ᠶᠡᠭᠡ ᠤᠴᠢᠷ ᠶᠠᠪᠤᠳᠠᠯ ᠢ ᠵᠢᠯᠣᠭᠤᠳᠤᠨ ᠳᠡᠮᠵᠢᠬᠦ ᠲᠣᠭᠲᠠᠭᠠᠯ ᠭᠠᠷᠭᠠᠵᠤ᠂ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠮᠡᠳᠡᠭᠦᠯᠦᠨ᠎ᠡ᠃        ︵2︶ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ ᠲᠣᠮᠢᠯᠠᠵᠤ᠂ ᠭᠠᠮᠰᠢᠭᠳᠠᠭᠰᠠᠨ ᠣᠷᠣᠨ ᠳᠤ ᠬᠦᠷᠴᠦ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠴᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ᠂ ᠭᠠᠮᠰᠢᠭᠳᠠᠭᠰᠠᠨ ᠣᠯᠠᠨ ᠲᠦᠮᠡᠨ ᠢ ᠲᠣᠬᠤᠨᠢᠭᠤᠯᠤᠨ᠎ᠠ᠃ ᠭᠠᠮᠰᠢᠭ ᠤᠨ ᠪᠠᠶᠢᠳᠠᠯ ᠪᠣᠯᠤᠨ ᠭᠠᠮᠰᠢᠭ ᠠᠴᠠ ᠠᠪᠤᠷᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠤᠷᠢᠳᠠᠪᠠᠷ ᠠᠵᠢᠯᠯᠠᠬᠤ ᠳᠤᠭᠤᠶᠢᠯᠠᠩ ᠲᠣᠮᠢᠯᠠᠵᠤ᠂ ᠭᠠᠮᠰᠢᠭᠳᠠᠭᠰᠠᠨ ᠣᠷᠣᠨ ᠳᠤ ᠬᠦᠷᠴᠦ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠤᠨ ᠦᠷᠨᠢᠭᠦᠯᠦᠨ᠎ᠡ᠃        ︵3︶ ᠭᠠᠮᠰᠢᠭ ᠤᠨ ᠪᠠᠶᠢᠳᠠᠯ ᠢ ᠬᠤᠷᠢᠶᠠᠩᠭᠤᠶᠢᠯᠠᠨ᠎ᠠ᠃ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠭᠠᠮᠰᠢᠭ ᠤᠨ ᠪᠠᠶᠢᠳᠠᠯ ᠪᠣᠯᠤᠨ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠮᠰᠢᠭ ᠤᠨ ᠪᠠᠶᠢᠳᠠᠯ ᠢ ᠨᠢᠭᠡᠳᠦᠯᠲᠡᠶ ᠨᠡᠶᠢᠲᠡᠯᠡᠵᠦ᠂ ᠭᠠᠮᠰᠢᠭᠳᠠᠭᠰᠠᠨ ᠣᠷᠣᠨ ᠤ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠨᠡᠶᠢᠲᠡᠯᠡᠨ᠎ᠡ᠃ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠭᠠᠮᠰᠢᠭ ᠤᠨ ᠪᠠᠶᠢᠳᠠᠯ᠂ ᠭᠠᠮᠰᠢᠭᠳᠠᠭᠰᠠᠨ ᠭᠠᠵᠠᠷ ᠣᠷᠣᠨ ᠤ ᠬᠡᠷᠡᠭᠴᠡᠭᠡ ᠱᠠᠭᠠᠷᠳᠠᠯᠭ᠎ᠠ᠂ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠵᠡᠷᠭᠡ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠠᠵᠢᠯ ᠢ ᠰᠠᠶᠢᠲᠤᠷ ᠬᠢᠵᠦ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠲᠤ ᠬᠤᠯᠪᠣᠭᠳᠠᠯ ᠪᠦᠬᠦᠢ ᠪᠠᠶᠢᠳᠠᠯ ᠢ ᠡᠳᠦᠷ ᠪᠦᠷᠢ ᠮᠡᠳᠡᠭᠦᠯᠦᠨ᠎ᠡ᠃ ᠴᠢᠬᠤᠯᠠ ᠲᠠᠢ ᠦᠶ᠎ᠡ ᠳᠤ᠂ ᠲᠤᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠭᠠᠮᠰᠢᠭ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠵᠢᠴᠢ ᠭᠠᠮᠰᠢᠭᠳᠠᠭᠰᠠᠨ ᠭᠠᠵᠠᠷ ᠣᠷᠣᠨ ᠤ ᠬᠡᠷᠡᠭᠴᠡᠭᠡ ᠱᠠᠭᠠᠷᠳᠠᠯᠭ᠎ᠠ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃        ︵4︶ ᠭᠠᠮᠰᠢᠭ ᠠᠴᠠ ᠠᠪᠤᠷᠠᠬᠤ ᠵᠣᠭᠤᠰ ᠪᠣᠳᠠᠰ ᠢ ᠳᠣᠷᠤᠭᠰᠢ ᠪᠠᠭᠤᠯᠭᠠᠨ᠎ᠠ᠃ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ ᠬᠠᠷᠭᠤᠭᠤᠯᠤᠨ ᠪᠠᠭᠤᠯᠭᠠᠨ ᠥᠭᠬᠦ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠵᠦ᠂ ᠠᠩᠬ᠎ᠠ ᠠᠯᠬᠤᠮ ᠤᠨ ᠮᠠᠭᠠᠳᠯᠠᠭᠰᠠᠨ ᠭᠠᠮᠰᠢᠭ ᠤᠨ ᠪᠠᠶᠢᠳᠠᠯ ᠢ ᠦᠨᠳᠦᠰᠦᠯᠡᠨ ᠬᠡᠰᠡᠭ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠢ ᠳᠤ ᠨᠢ ᠤᠷᠢᠳᠴᠢᠯᠠᠨ ᠪᠠᠭᠤᠯᠭᠠᠨ ᠥᠭᠬᠦ ᠶᠢᠨ ᠬᠠᠮᠲᠤ᠂ ᠲᠥᠪ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠪᠠᠷ ᠴᠢᠷᠮᠠᠶᠢᠨ ᠤᠯᠤᠨ᠎ᠠ᠃ ᠭᠠᠮᠰᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠳᠠᠷᠠᠭ᠎ᠠ᠂ ᠭᠠᠮᠰᠢᠭᠳᠠᠭᠰᠠᠨ ᠭᠠᠵᠠᠷ ᠣᠷᠣᠨ ᠤ ᠭᠤᠶᠤᠴᠢᠯᠠᠯ ᠪᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠭᠰᠠᠨ ᠪᠠᠶᠢᠳᠠᠯ ᠢ ᠢᠯᠭᠠᠷᠠᠭᠤᠯᠤᠨ ᠪᠤᠳᠤᠵᠤ᠂ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠬᠦ ᠶᠢ ᠳᠡᠮᠵᠢᠨ᠎ᠡ᠃ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠴᠢᠷᠮᠠᠶᠢᠨ ᠣᠯᠣᠨ᠎ᠠ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠠᠮᠢᠳᠤᠷᠠᠯ ᠤᠨ ᠲᠥᠷᠥᠯ ᠤᠨ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠰᠢᠯᠵᠢᠭᠦᠯᠦᠨ ᠥᠭᠴᠦ᠂ ᠦᠨᠳᠦᠰᠦᠨ ᠱᠠᠲᠤᠨ ᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠭᠠᠮᠰᠢᠭ ᠠᠴᠠ ᠠᠪᠤᠷᠠᠬᠤ ᠵᠣᠭᠤᠰ ᠪᠠ ᠡᠳ᠋ ᠪᠣᠳᠠᠰ ᠢ ᠲᠠᠷᠬᠠᠭᠠᠬᠤ ᠶᠢ ᠵᠢᠯᠣᠭᠤᠳᠤᠨ ᠬᠢᠨᠠᠯᠲᠠ ᠲᠠᠯᠪᠢᠵᠤ᠂ ᠴᠢᠬᠤᠯᠠ ᠲᠠᠢ ᠦᠶ᠎ᠡ ᠳᠤ ᠲᠥᠪ ᠤᠨ ᠭᠠᠮᠰᠢᠭ ᠠᠴᠠ ᠠᠪᠤᠷᠠᠬᠤ ᠡᠳ᠋ ᠪᠣᠳᠠᠰ ᠤᠨ ᠳᠡᠮᠵᠢᠯᠭᠡ ᠶᠢ ᠭᠤᠶᠤᠴᠢᠯᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠭᠠᠮᠰᠢᠭ ᠠᠴᠠ ᠠᠪᠤᠷᠠᠬᠤ ᠡᠳ᠋ ᠪᠣᠳᠠᠰ᠂ ᠬᠥᠮᠦᠰ ᠤᠨ ᠲᠡᠭᠡᠭᠡᠪᠦᠷᠢ ᠬᠢᠭᠡᠳ ᠴᠢᠬᠤᠯᠠ ᠵᠠᠮ ᠢ ᠲᠦᠷᠭᠡᠨ ᠰᠡᠷᠭᠦᠭᠡᠬᠦ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠴᠤ ᠥᠷᠨᠢᠭᠦᠯᠦᠨ᠂ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠮᠰᠢᠭ ᠠᠴᠠ ᠠᠪᠤᠷᠠᠬᠤ ᠡᠯ᠎ᠡ ᠲᠥᠷᠥᠯ ᠤᠨ ᠡᠳ᠋ ᠪᠣᠳᠠᠰ ᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠪᠠ ᠠᠵᠢᠯᠲᠠᠨ ᠢ ᠴᠠᠭ ᠲᠤᠬᠠᠢ ᠳᠤᠨᠢ ᠰᠢᠯᠵᠢᠭᠦᠯᠦᠨ ᠵᠥᠭᠡᠭᠡᠪᠦᠷᠢᠯᠡᠬᠦ ᠶᠢ ᠪᠠᠲᠤᠯᠠᠨ᠎ᠠ᠃        ︵5︶ ᠭᠠᠮᠰᠢᠭ ᠠᠴᠠ ᠠᠪᠤᠷᠠᠬᠤ ᠬᠦᠴᠦᠨ ᠢ ᠣᠷᠣᠭᠤᠯᠤᠨ᠎ᠠ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠠᠪᠤᠷᠠᠨ ᠲᠤᠰᠠᠯᠠᠬᠤ ᠡᠩᠨᠡᠭᠡ ᠶᠢ ᠦᠳᠲᠡᠷ ᠲᠦᠷᠭᠡᠨ ᠲᠣᠮᠢᠯᠠᠨ ᠭᠠᠮᠰᠢᠭ ᠠᠴᠠ ᠠᠪᠤᠷᠠᠬᠤ ᠳᠤ ᠣᠷᠣᠯᠴᠠᠭᠤᠯᠵᠤ᠂ ᠭᠠᠮᠰᠢᠭᠳᠠᠭᠰᠠᠨ ᠭᠠᠵᠠᠷ ᠣᠷᠣᠨ ᠤ ᠭᠠᠮᠰᠢᠭᠳᠠᠭᠰᠠᠨ ᠣᠯᠠᠨ ᠲᠦᠮᠡᠨ ᠢ ᠰᠢᠯᠵᠢᠭᠦᠯᠬᠦ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠲᠡᠭᠡᠭᠡᠪᠦᠷᠢᠯᠡᠨ ᠲᠠᠷᠬᠠᠭᠠᠬᠤ ᠵᠡᠷᠭᠡ ᠶᠢ ᠢᠳᠡᠪᠬᠢᠲᠡᠶ ᠪᠠᠷ ᠬᠠᠪᠰᠤᠷᠴᠤ᠂ ᠬᠢᠨᠠᠨ ᠬᠠᠮᠢᠶᠠᠷᠬᠤ ᠠᠵᠤ ᠠᠬᠤᠶᠢᠯᠠᠯ ᠢ ᠰᠢᠮᠳᠠᠭᠤᠯᠤᠨ ᠠᠶᠤᠯ ᠠᠴᠠ ᠠᠪᠤᠷᠠᠨ ᠲᠤᠰᠠᠯᠠᠬᠤ᠂ ᠰᠠᠭᠤᠷᠢ ᠪᠡᠯᠡᠳᠬᠡᠮᠵᠢ ᠶᠢ ᠵᠠᠪᠳᠤᠨ ᠵᠠᠰᠠᠵᠤ ᠰᠡᠷᠭᠦᠭᠡᠬᠦ ᠵᠡᠷᠭᠡ ᠠᠵᠢᠯ ᠳᠤ ᠢᠳᠡᠪᠬᠢᠲᠡᠶ ᠣᠷᠣᠯᠴᠠᠭᠤᠯᠵᠤ᠂ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠨ᠎ᠡ᠃ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠲᠣᠭᠤᠷᠢᠭ ᠤᠨ ᠬᠤᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠭᠠᠮᠰᠢᠭ ᠠᠴᠠ ᠠᠪᠤᠷᠠᠬᠤ ᠠᠵᠢᠯ ᠳᠤ ᠣᠷᠣᠯᠴᠠᠭᠤᠯᠤᠨ᠎ᠠ᠃ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠣᠯᠤᠨ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠶᠤᠴᠢᠯᠠᠯ ᠢ ᠦᠨᠳᠦᠰᠦᠯᠡᠨ᠂ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠷᠦᠬᠡ ᠶᠢᠨ ᠴᠡᠷᠢᠭ ᠤᠨ ᠭᠠᠮᠰᠢᠭ ᠠᠴᠠ ᠠᠪᠤᠷᠠᠬᠤ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠢ ᠬᠠᠮᠵᠢᠨ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠨ᠎ᠡ᠃        ︵6︶ ᠭᠠᠮᠰᠢᠭᠳᠠᠭᠰᠠᠨ ᠣᠯᠠᠨ ᠲᠦᠮᠡᠨ ᠢ ᠲᠦᠪᠬᠢᠨᠡᠭᠦᠯᠦᠨ᠎ᠡ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ ᠭᠠᠮᠰᠢᠭᠳᠠᠭᠰᠠᠨ ᠭᠠᠵᠠᠷ ᠣᠷᠣᠨ ᠢ ᠵᠢᠯᠣᠭᠤᠳᠤᠨ ᠭᠠᠮᠰᠢᠭᠳᠠᠭᠰᠠᠨ ᠣᠯᠠᠨ ᠲᠦᠮᠡᠨ ᠢ ᠨᠢᠭᠡᠳᠦᠯᠲᠡᠶ ᠲᠥᠯᠥᠪᠯᠡᠨ ᠲᠥᠪᠬᠢᠨᠡᠭᠦᠯᠵᠦ᠂ ᠲᠥᠪᠯᠡᠷᠡᠭᠦᠯᠦᠨ ᠲᠥᠪᠬᠢᠨᠡᠭᠦᠯᠬᠦ ᠴᠡᠭ ᠤᠨ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠨ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭᠤᠷᠢᠭ ᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ ᠡᠵᠡᠮᠳᠡᠬᠦ ᠲᠥᠪ ᠴᠠᠭ ᠲᠤᠬᠠᠶ ᠳᠤᠨᠢ ᠡᠮᠴᠢᠯᠡᠭᠡ ᠡᠷᠡᠭᠦᠯ ᠬᠠᠮᠠᠭᠠᠯᠠᠯ ᠤᠨ ᠡᠩᠨᠡᠭᠡ ᠶᠢ ᠵᠣᠬᠢᠶᠠᠨ ᠪᠠᠶᠢᠭᠤᠯᠤᠨ ᠭᠠᠮᠰᠢᠭᠳᠠᠭᠰᠠᠨ ᠭᠠᠵᠠᠷ ᠣᠷᠣᠨ ᠳᠤ ᠬᠦᠷᠴᠦ ᠡᠮᠴᠢᠯᠡᠭᠡᠨ ᠤ ᠠᠪᠤᠷᠠᠨ ᠵᠠᠰᠠᠬᠤ᠂ ᠭᠠᠮᠰᠢᠭ ᠤᠨ ᠳᠠᠷᠠᠭᠠᠬᠢ ᠬᠢᠵᠢᠭ ᠢ ᠰᠡᠷᠭᠡᠶᠢᠯᠡᠬᠦ ᠪᠠ ᠰᠡᠳᠬᠢᠴᠡ ᠶᠢᠨ ᠲᠤᠰᠠᠯᠠᠮᠵᠢ ᠦᠵᠡᠭᠦᠯᠬᠦ ᠵᠡᠷᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠬᠠᠮᠵᠢᠨ ᠥᠷᠨᠢᠭᠦᠯᠦᠨ᠎ᠡ᠃ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠲᠣᠭᠤᠷᠢᠭ ᠤᠨ ᠠᠷᠠᠳ ᠤᠨ ᠶᠠᠪᠤᠳᠠᠯ ᠪᠣᠯᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠭᠠᠮᠰᠢᠭ ᠠᠴᠠ ᠪᠣᠯᠵᠤ ᠠᠳᠡᠭᠳᠡᠭᠰᠡᠨ ᠬᠥᠮᠦᠰ ᠤᠨ ᠴᠢᠨᠳᠠᠷ ᠢ ᠰᠢᠢᠳᠪᠦᠷᠢᠯᠡᠬᠦ ᠠᠵᠢᠯ ᠢ ᠵᠢᠯᠣᠭᠤᠳᠤᠨ ᠰᠠᠶᠢᠲᠤᠷ ᠬᠢᠨ᠎ᠡ᠃ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠰᠢᠷᠬᠠᠲᠤᠭᠰᠠᠨ ᠡᠪᠡᠳᠴᠢᠲᠡᠨ ᠢ ᠠᠪᠤᠷᠠᠨ ᠵᠠᠰᠠᠬᠤ ᠪᠠ ᠲᠣᠬᠤᠨᠢᠭᠤᠯᠬᠤ᠂ ᠡᠮᠡᠭᠲᠡᠶᠢᠴᠦᠳ ᠬᠡᠦᠬᠡᠳ ᠢ ᠲᠥᠪᠬᠢᠨᠡᠭᠦᠯᠬᠦ ᠦᠢᠯᠡᠴᠢᠯᠡᠭᠡ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ᠃        ︵7︶ ᠭᠠᠮᠰᠢᠭᠳᠠᠭᠰᠠᠨ ᠣᠷᠣᠨ ᠤ ᠡᠮᠬᠢ ᠵᠢᠷᠤᠮ ᠢ ᠰᠡᠷᠭᠦᠭᠡᠨ᠎ᠡ᠃ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠭᠠᠮᠰᠢᠭᠳᠠᠭᠰᠠᠨ ᠣᠷᠣᠨ ᠤ ᠨᠡᠶᠢᠭᠡᠮ ᠤᠨ ᠠᠮᠤᠷ ᠲᠥᠪᠰᠢᠨ ᠪᠠ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠴᠢᠩᠭᠠᠳᠬᠠᠬᠤ ᠶᠢ ᠵᠢᠯᠣᠭᠤᠳᠤᠨ᠎ᠠ᠃ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠲᠣᠭᠤᠷᠢᠭ ᠤᠨ ᠲᠠᠯᠠᠪᠠᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠨ᠎ᠡ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠲᠣᠭᠤᠷᠢᠭ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠦᠨ᠎ᠡ ᠬᠠᠩᠰᠢ ᠶᠡᠭᠡ ᠬᠡᠮᠵᠢᠶ᠎ᠡ ᠪᠠᠷ ᠬᠡᠯᠪᠡᠯᠵᠡᠬᠦ ᠶᠢ ᠰᠡᠷᠭᠡᠶᠢᠯᠡᠨ᠎ᠡ᠃ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶ᠎ᠠ ᠭᠠᠮᠰᠢᠭ ᠠᠴᠠ ᠠᠪᠤᠷᠠᠬᠤ ᠡᠳ᠋ ᠪᠣᠳᠠᠰ ᠲᠣᠨᠤᠭ ᠲᠥᠬᠦᠭᠡᠷᠦᠮᠵᠢ᠂ ᠰᠡᠷᠭᠡᠶᠢᠯᠡᠨ ᠬᠠᠮᠠᠭᠠᠯᠠᠬᠤ ᠪᠠ ᠠᠷᠢᠭᠤᠳᠬᠠᠬᠤ ᠬᠡᠷᠡᠭᠰᠡᠯ᠂ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠶᠢᠨ ᠦᠢᠯᠡᠳᠪᠦᠷᠢᠯᠡᠵᠦ ᠬᠠᠩᠭᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠭᠠᠮᠰᠢᠭᠳᠠᠭᠰᠠᠨ ᠭᠠᠵᠠᠷ ᠣᠷᠣᠨ ᠤ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠲᠦᠷᠭᠡᠬᠡᠨ ᠰᠡᠷᠭᠦᠭᠡᠬᠦ ᠶᠢ ᠵᠢᠯᠤᠭᠤᠳᠤᠨ᠎ᠠ᠃        ︵8︶ ᠰᠠᠭᠤᠷᠢ ᠲᠥᠬᠦᠭᠡᠷᠦᠮᠵᠢ ᠶᠢ ᠵᠠᠪᠳᠤᠨ ᠵᠠᠰᠠᠨ᠎ᠠ᠃ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠭᠠᠮᠰᠢᠭ ᠤᠨ ᠳᠠᠷᠠᠭᠠᠬᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠦᠨᠡᠯᠡᠬᠦ ᠵᠡᠷᠭᠡ ᠠᠵᠢᠯ ᠢ ᠵᠢᠯᠣᠭᠤᠳᠤᠨ᠎ᠠ᠃ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠭᠠᠮᠰᠢᠭᠳᠠᠭᠰᠠᠨ ᠭᠠᠵᠠᠷ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠡᠯᠡᠳᠬᠡᠮᠵᠢ ᠶᠢ ᠰᠡᠯᠪᠢᠨ ᠵᠠᠰᠠᠬᠤ᠂ ᠦᠶᠡᠷ ᠢ ᠲᠣᠭᠲᠠᠭᠠᠨ ᠬᠠᠳᠠᠭᠠᠯᠠᠬᠤ ᠣᠷᠣᠨ ᠢ ᠬᠡᠷᠡᠭᠯᠡᠬᠦ ᠵᠢᠴᠢ ᠨᠥᠬᠦᠪᠥᠷᠢᠯᠡᠬᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠲᠣᠰᠬᠤᠨ ᠪᠠᠯᠭᠠᠰᠤ ᠶᠢᠨ ᠪᠠᠴᠢᠮ ᠪᠠᠶᠢᠳᠠᠯ ᠢ ᠠᠷᠭᠠᠴᠠᠭᠠᠨ ᠤᠰᠤ ᠬᠠᠩᠭᠠᠬᠤ ᠠᠵᠢᠯ ᠢ ᠵᠢᠯᠣᠭᠤᠳᠤᠨ᠎ᠠ᠃ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠢᠨᠠᠨ ᠬᠠᠮᠢᠶᠠᠷᠬᠤ ᠬᠡᠪᠴᠢᠶᠡᠨ ᠳᠣᠲᠣᠷᠠᠬᠢ ᠤᠰᠤ ᠴᠠᠬᠢᠯᠭᠠᠨ ᠤ ᠢᠨᠵᠧᠨᠧᠷᠢᠩ ᠢ ᠰᠡᠯᠪᠢᠨ ᠵᠠᠰᠠᠬᠤ ᠵᠢᠴᠢ ᠴᠠᠬᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠠᠵᠢᠯ ᠢ ᠵᠢᠯᠣᠭᠤᠳᠤᠨ᠎ᠠ᠃ ᠵᠠᠮ ᠤᠨ ᠶᠠᠪᠤᠳᠠᠯ ᠤᠨ ᠰᠠᠯᠠᠭ᠎ᠠ ᠮᠥᠴᠢᠷ ᠵᠡᠷᠭᠡ ᠨᠢᠭᠡᠴᠢ ᠡᠪᠳᠡᠭᠳᠡᠭᠰᠡᠨ ᠵᠠᠮ ᠬᠠᠷᠢᠯᠴᠠᠭᠠᠨ ᠤ ᠪᠡᠯᠡᠳᠬᠡᠮᠵᠢ ᠶᠢ ᠪᠠᠴᠢᠮ ᠵᠠᠪᠳᠤᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠨ᠎ᠡ᠃        ︵9︶ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠲᠣᠭᠤᠷᠢᠭ ᠤᠨ ᠲᠣᠮᠣ ᠳ᠋ᠠᠢᠲ᠋ᠠ ᠶᠢᠨ ᠲᠥᠪ ᠭᠠᠮᠰᠢᠭᠳᠠᠭᠰᠠᠨ ᠭᠠᠵᠠᠷ ᠣᠷᠣᠨ ᠤ ᠪᠠᠴᠢᠮ ᠪᠠᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠢᠭᠤᠯᠤᠨ ᠰᠠᠢᠲᠤᠷ ᠬᠢᠨ᠎ᠡ᠃ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠮᠰᠢᠭᠳᠠᠭᠰᠠᠨ ᠭᠠᠵᠠᠷ ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠬᠠᠩᠭᠠᠵᠤ᠂ ᠭᠠᠮᠰᠢᠭᠳᠠᠭᠰᠠᠨ ᠭᠠᠵᠠᠷ ᠣᠷᠣᠨ ᠤ ᠲᠤᠬᠠᠶ ᠶᠢᠨ ᠭᠠᠵᠠᠷ ᠤᠨ ᠵᠢᠷᠤᠭ ᠳᠦᠷᠰᠦ ᠶᠢ ᠤᠯᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠬᠡᠮᠵᠢᠨ ᠵᠢᠷᠤᠭᠯᠠᠬᠤ ᠶᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠡᠮᠵᠢᠨ ᠵᠢᠷᠤᠭᠯᠠᠬᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠠ᠃ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠭᠠᠮᠰᠢᠭ ᠠᠴᠠ ᠪᠣᠯᠤᠭᠰᠠᠨ ᠠᠮᠢ ᠠᠬᠤᠶ ᠣᠷᠴᠢᠨ ᠲᠣᠭᠤᠷᠢᠨ ᠤ ᠡᠪᠳᠡᠭᠳᠡᠯ᠂ ᠪᠣᠬᠢᠷᠲᠤᠯ᠂ ᠬᠤᠪᠢᠷᠠᠯᠲᠠ ᠵᠡᠷᠭᠡ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠵᠦ᠂ ᠭᠠᠮᠰᠢᠭᠳᠠᠭᠰᠠᠨ ᠭᠠᠵᠠᠷ ᠣᠷᠣᠨ ᠤ ᠠᠮᠢ ᠠᠬᠤᠶ ᠣᠷᠴᠢᠨ ᠲᠣᠭᠤᠷᠢᠨ ᠤ ᠪᠠᠶᠢᠳᠠᠯ ᠢ ᠪᠠᠶᠢᠴᠠᠭᠠᠨ ᠦᠨᠡᠯᠡᠬᠦ ᠠᠵᠢᠯ ᠢ ᠥᠷᠨᠢᠭᠦᠯᠦᠨ᠎ᠡ᠃        ︵10︶ ᠭᠠᠮᠰᠢᠭ ᠠᠴᠠ ᠠᠪᠤᠷᠠᠬᠤ ᠪᠠ ᠪᠡᠯᠡᠭᠯᠡᠨ ᠬᠦᠷᠭᠡᠬᠦ ᠠᠵᠢᠯ ᠢ ᠡᠬᠢᠯᠡᠭᠦᠯᠦᠨ᠎ᠡ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠲᠣᠭᠤᠷᠢᠭ ᠤᠨ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠯᠤᠭ᠎ᠠ ᠬᠠᠮᠲᠤᠷᠠᠨ ᠪᠦᠬᠦ ᠲᠣᠭᠤᠷᠢᠭ ᠤᠨ ᠴᠢᠨᠠᠷᠲᠠᠶ ᠭᠠᠮᠰᠢᠭ ᠠᠴᠠ ᠠᠪᠤᠷᠠᠵᠤ ᠪᠡᠯᠡᠭᠯᠡᠨ ᠬᠦᠷᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠮᠰᠢᠭ ᠠᠴᠠ ᠠᠪᠤᠷᠠᠬᠤ ᠵᠣᠷᠢᠯᠲᠠ ᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠴᠤ ᠪᠠᠶᠢᠭᠠᠳ ᠪᠡᠯᠡᠭᠯᠡᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ᠂ ᠬᠤᠪᠢᠶᠠᠷᠢᠯᠠᠯᠲᠠ ᠪᠠ ᠬᠡᠷᠡᠭᠯᠡᠯᠲᠡ ᠶᠢ ᠴᠢᠩᠭᠠᠳᠬᠠᠨ᠎ᠠ᠃ ᠲᠤᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠮᠢᠶ᠎ᠠ ᠪᠦᠬᠦᠢ ᠭᠠᠮᠰᠢᠭ ᠠᠴᠠ ᠠᠪᠤᠷᠠᠬᠤ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠭᠠᠮᠰᠢᠭ ᠠᠴᠠ ᠠᠪᠤᠷᠠᠬᠤ ᠬᠠᠨᠳᠢᠪ ᠴᠤᠭᠯᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠪᠡ᠃        ︵11︶ ᠰᠣᠨᠢᠨ ᠮᠡᠳᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠲᠤᠭᠤᠷᠢᠭ ᠤᠨ ᠤᠬᠠᠭᠤᠯᠬᠤ ᠬᠡᠯᠲᠡᠰ ᠨᠢ ᠰᠣᠨᠢᠨ ᠮᠡᠳᠡᠭᠡᠨ ᠤ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠠᠵᠢᠯ ᠢ ᠨᠢᠭᠡᠳᠦᠯᠲᠡᠶ ᠲᠥᠯᠥᠪᠯᠡᠨ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠪᠠ ᠭᠠᠵᠠᠷ ᠣᠷᠣᠨ ᠢ ᠵᠢᠯᠣᠭᠤᠳᠤᠨ ᠰᠣᠨᠢᠨ ᠮᠡᠳᠡᠭᠡ ᠨᠡᠶᠢᠲᠡᠯᠡᠬᠦ ᠪᠠ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠡᠯ᠎ᠡ ᠱᠠᠲᠤᠨ ᠤ ᠵᠠᠭᠤᠴᠢᠯᠠᠭᠤᠷ ᠢ ᠵᠣᠬᠢᠴᠠᠭᠤᠯᠤᠨ ᠵᠢᠯᠣᠭᠤᠳᠴᠤ ᠪᠠᠶᠢᠭᠠᠳ ᠰᠣᠨᠢᠨ ᠮᠡᠳᠡᠭᠡᠨ ᠤ ᠤᠬᠠᠭᠤᠯᠭ᠎ᠠ ᠶᠢ ᠰᠠᠶᠢᠲᠤᠷ ᠬᠢᠵᠦ᠂ ᠰᠣᠨᠢᠨ ᠮᠡᠳᠡᠭᠡᠨ ᠤ ᠮᠡᠳᠡᠭᠡᠯᠡᠯ ᠪᠠ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠨ᠎ᠠ᠃        ︵12︶ ᠬᠤᠬᠢᠷᠠᠯ ᠢ ᠦᠨᠡᠯᠡᠨ ᠵᠢᠱᠢᠬᠦ ᠠᠵᠢᠯ ᠢ ᠦᠷᠨᠢᠭᠦᠯᠦᠨ᠎ᠡ᠃ ᠭᠠᠮᠰᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠳᠠᠷᠠᠭ᠎ᠠ᠂ ᠲᠤᠭᠤᠷᠢᠭ ᠤᠨ ᠨᠠᠮ ᠤᠨ ᠬᠤᠷᠢᠶ᠎ᠠ ᠪᠠ ᠲᠤᠭᠤᠷᠢᠭ ᠤᠨ ᠵᠠᠰᠠᠭ ᠤᠨ ᠣᠷᠳᠣᠨ ᠤ ᠭᠠᠮᠰᠢᠭ ᠢ ᠦᠨᠡᠯᠡᠨ ᠵᠢᠱᠢᠬᠦ ᠪᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠠᠵᠢᠯ ᠤᠨ ᠲᠤᠬᠠᠶ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠤᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ᠂ ᠭᠠᠮᠰᠢᠭᠳᠠᠭᠰᠠᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠮᠰᠢᠭ ᠤᠨ ᠬᠤᠬᠢᠷᠠᠯ ᠤᠨ ᠶᠡᠷᠦᠩᠬᠡᠶᠢᠯᠡᠭᠰᠡᠨ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠵᠢᠯᠣᠭᠤᠳᠴᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠮᠰᠢᠭ ᠤᠨ ᠬᠤᠬᠢᠷᠠᠯ ᠤᠨ ᠪᠠᠶᠢᠳᠠᠯ ᠢ ᠨᠢᠭᠡᠳᠦᠯᠲᠡᠶ ᠨᠡᠶᠢᠲᠡᠯᠡᠨ᠎ᠡ᠃        ︵13︶ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠪᠤᠰᠤᠳ ᠪᠦᠷᠢᠯᠳᠦᠬᠦᠨ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃        ︵14︶ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠠᠮᠰᠢᠭ ᠠᠴᠠ ᠠᠪᠤᠷᠠᠬᠤ ᠵᠡᠷᠭᠡ ᠠᠵᠢᠯ ᠥᠷᠨᠢᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠬᠤᠷᠢᠶᠠᠩᠭᠤᠶᠢᠯᠠᠬᠤ ᠶᠢᠨ ᠬᠠᠮᠲᠤ ᠳᠡᠰ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠦᠨ᠎ᠡ᠃        5.3.2 ᠬᠤᠶᠠᠳᠤᠭᠠᠷ ᠳᠡᠰ ᠤᠨ ᠠᠵᠢᠯᠯᠠᠭ᠎ᠠ        ︵ᠨᠢᠭᠡ︶ ᠡᠬᠢᠯᠡᠭᠦᠯᠬᠦ ᠨᠦᠬᠦᠴᠡᠯ        ᠶᠠᠮᠠᠷ ᠨᠢᠭᠡᠨ ᠪᠤᠶᠤ ᠬᠥᠷᠰᠢ ᠵᠡᠷᠭᠡᠯᠡᠳᠡᠭᠡ ᠬᠡᠳᠦᠨ ᠬᠤᠰᠢᠭᠤ ᠰᠢᠶᠠᠨ ᠲᠣᠭᠤᠷᠢᠭ ᠲᠤ ᠨᠢᠭᠡ ᠤᠳᠠᠭᠠᠨ ᠤ ᠭᠠᠮᠰᠢᠭ ᠤᠨ ᠶᠠᠪᠤᠴᠠ ᠳᠤ ᠭᠠᠷᠤᠭᠰᠠᠨ ᠪᠤᠶᠤ ᠳᠣᠤᠷᠠᠬᠢ ᠪᠠᠶᠢᠳᠠᠯ ᠤᠨ ᠨᠢᠭᠡ ᠨᠢ ᠭᠠᠷᠴᠤ ᠮᠡᠳᠡᠬᠦ ᠶᠢ ᠰᠣᠳᠤᠯᠤᠨ ᠮᠠᠭᠠᠳᠯᠠᠭᠰᠠᠨ ᠪᠠᠶᠢᠪᠠᠯ᠂ ᠬᠤᠶᠠᠳᠤᠭᠠᠷ ᠳᠡᠰ ᠤᠨ ᠠᠵᠢᠯᠯᠠᠭ᠎ᠠ ᠶᠢ ᠡᠬᠢᠯᠡᠭᠦᠯᠵᠦ ᠪᠣᠯᠤᠨ᠎ᠠ᠄        ︵1︶ ᠦᠬᠦᠭᠰᠡᠨ ᠪᠠ ᠠᠯᠠᠭ᠎ᠠ ᠪᠣᠯᠣᠭᠰᠠᠨ ᠬᠥᠮᠥᠨ 5 ᠠᠴᠠ ᠳᠡᠭᠡᠭᠰᠢ᠂ 10 ᠬᠥᠮᠥᠨ ᠠᠴᠠ ᠳᠣᠷᠣᠭᠰᠢ ᠪᠠᠶᠢᠬᠤ︔        ︵2︶ ᠪᠠᠴᠢᠮ ᠰᠢᠯᠵᠢᠭᠦᠯᠦᠨ ᠲᠥᠪᠬᠢᠨᠡᠭᠦᠯᠬᠦ ᠪᠠ ᠪᠠᠴᠢᠮ ᠠᠮᠢᠳᠤᠷᠠᠯ ᠤᠨ ᠠᠪᠤᠷᠠᠨ ᠲᠤᠰᠠᠯᠠᠯᠲᠠ ᠬᠡᠷᠡᠭᠰᠡᠬᠦ 1200 ᠬᠥᠮᠦᠨ ᠠᠴᠠ ᠳᠡᠭᠡᠭᠰᠢ᠂ 2000 ᠬᠥᠮᠦᠨ ᠠᠴᠠ ᠳᠣᠷᠣᠭᠰᠢ ᠪᠠᠶᠢᠬᠤ︔        ︵3︶ ᠨᠤᠷᠠᠵᠤ ᠶᠡᠭᠦᠷᠡᠭᠰᠡᠨ ᠪᠠ ᠬᠦᠨᠳᠦ ᠨᠣᠴᠢᠲᠠᠢ ᠡᠪᠳᠡᠭᠳᠡᠭᠰᠡᠨ ᠣᠷᠣᠨ ᠰᠠᠭᠤᠴᠠ 80 ᠲᠠᠰᠤᠯᠭ᠎ᠠ ᠪᠤᠶᠤ 24 ᠡᠷᠦᠬᠡ ᠠᠴᠠ ᠳᠡᠭᠡᠭᠰᠢ᠂ 200 ᠲᠠᠰᠤᠯᠭ᠎ᠠ ᠪᠤᠶᠤ 60 ᠡᠷᠦᠬᠡ ᠠᠴᠠ ᠳᠣᠷᠣᠭᠰᠢ ᠪᠠᠶᠢᠬᠤ︔        ︵4︶ ᠭᠠᠩ ᠬᠠᠭᠰᠠᠷᠠᠭᠠᠨ ᠤ ᠭᠠᠮᠰᠢᠭ ᠠᠴᠠ ᠠᠮᠤ ᠪᠤᠳᠠᠭ᠎ᠠ ᠳᠤᠲᠠᠭᠳᠠᠬᠤ ᠪᠤᠶᠤ ᠤᠰᠤ ᠳᠤᠲᠠᠭᠳᠠᠬᠤ ᠵᠡᠷᠭᠡ ᠠᠮᠢᠳᠤᠷᠠᠯ ᠤᠨ ᠬᠦᠴᠢᠷᠳᠡᠯ ᠳᠤ ᠤᠴᠠᠷᠠᠭᠤᠯᠪᠠᠯ᠂ ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠬᠥᠮᠦᠨ ᠤ ᠲᠤᠭ᠎ᠠ ᠨᠢ ᠲᠠᠷᠢᠶᠠᠯᠠᠩ ᠮᠠᠯ ᠠᠵᠤ ᠠᠬᠤᠶ ᠶᠢᠨ ᠬᠥᠮᠦᠨ ᠠᠮᠠ ᠶᠢᠨ 15% ᠠᠴᠠ ᠳᠡᠭᠡᠭᠰᠢ᠂ 20% ᠠᠴᠠ ᠳᠣᠷᠣᠭᠰᠢ ᠶᠢ ᠡᠵᠡᠯᠡᠨ᠎ᠡ︔        ︵5︶ ᠪᠤᠭᠤᠲᠤ ᠬᠤᠲᠠ ᠪᠥᠬᠦ ᠬᠤᠲᠠ ᠶᠢᠨ ᠭᠤᠷᠪᠠᠳᠤᠭᠠᠷ ᠳᠡᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠵᠦ᠂ ᠭᠠᠮᠰᠢᠭᠳᠠᠭᠰᠠᠨ ᠣᠷᠣᠨ ᠳᠤ ᠰᠢᠭᠤᠶᠢᠲᠤ ᠲᠣᠭᠤᠷᠢᠭ ᠪᠠᠭᠲᠠᠨ᠎ᠠ︔        ︵6︶ ᠬᠤᠶᠠᠳᠤᠭᠠᠷ ᠳᠡᠰ ᠤᠨ ᠠᠵᠢᠯᠯᠠᠭ᠎ᠠ ᠶᠢ ᠡᠬᠢᠯᠡᠭᠦᠯᠬᠦ ᠴᠢᠬᠤᠯᠠᠲᠠᠢ ᠪᠤᠰᠤᠳ ᠪᠠᠶᠢᠳᠠᠯ᠃        ︵ᠬᠤᠶᠠᠷ︶ ᠡᠬᠢᠯᠡᠭᠦᠯᠬᠦ ᠶᠠᠪᠤᠴᠠ        ᠭᠠᠮᠰᠢᠭ ᠭᠠᠷᠤᠭᠰᠠᠨ ᠤ ᠳᠠᠷᠠᠭ᠎ᠠ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠵᠠᠳᠠᠯᠤᠨ ᠦᠨᠡᠯᠡᠬᠦ ᠪᠠᠷ ᠳᠠᠮᠵᠢᠨ᠂ ᠭᠠᠮᠰᠢᠭ ᠤᠨ ᠪᠠᠶᠢᠳᠠᠯ ᠢ ᠮᠠᠭᠠᠳᠯᠠᠨ ᠲᠣᠭᠲᠠᠭᠠᠵᠤ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠳᠤ ᠬᠤᠶᠠᠳᠤᠭᠠᠷ ᠳᠡᠰ ᠤᠨ ᠠᠵᠢᠯᠯᠠᠭ᠎ᠠ ᠡᠬᠢᠯᠡᠭᠦᠯᠬᠦ ᠰᠠᠨᠠᠭᠤᠯᠭ᠎ᠠ ᠳᠤᠷᠠᠳᠴᠤ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠡᠷᠬᠢᠯᠡᠭᠴᠢ ᠳᠤ ᠮᠡᠳᠡᠭᠦᠯᠵᠦ ᠲᠣᠭᠲᠠᠭᠠᠯᠭᠠᠨ᠎ᠠ᠃        ︵ᠭᠤᠷᠪᠠ︶ ᠬᠡᠷᠡᠭᠵᠢᠭᠦᠯᠬᠦ ᠠᠷᠭ᠎ᠠ ᠬᠡᠮᠵᠢᠶ᠎ᠠ        ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠳᠡᠳ᠋ ᠡᠷᠬᠢᠯᠡᠭᠴᠢ ᠲᠤᠰ ᠱᠠᠲᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭᠳᠠᠭᠰᠠᠨ ᠭᠠᠵᠠᠷ ᠣᠷᠣᠨ ᠤ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠤᠨ ᠳᠡᠮᠵᠢᠨ᠎ᠡ᠃ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠵᠢᠴᠢ ᠲᠡᠭᠦᠨ ᠤ ᠪᠦᠷᠢᠯᠳᠦᠬᠦᠨ ᠨᠢᠭᠡᠴᠢ᠂ ᠭᠠᠮᠰᠢᠭ ᠲᠤ ᠬᠤᠯᠪᠣᠭᠳᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠠᠶᠢᠳᠠᠯ ᠢ ᠦᠵᠡᠵᠦ ᠪᠠᠶᠢᠭᠠᠳ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠠᠪᠤᠨ᠎ᠠ᠄        ︵1︶ ᠭᠠᠮᠰᠢᠭ ᠤᠨ ᠪᠠᠶᠢᠳᠠᠯ ᠪᠣᠯᠤᠨ ᠭᠠᠮᠰᠢᠭ ᠠᠴᠠ ᠠᠪᠤᠷᠠᠬᠤ ᠪᠠᠶᠢᠳᠠᠯ ᠢ ᠵᠥᠪᠳᠡᠯᠴᠡᠨ ᠰᠤᠳᠤᠯᠤᠨ ᠮᠠᠭᠠᠳᠯᠠᠵᠤ᠂ ᠭᠠᠮᠰᠢᠭ ᠠᠴᠠ ᠠᠪᠤᠷᠠᠬᠤ ᠠᠵᠢᠯ ᠢ ᠳᠡᠮᠵᠢᠬᠦ ᠲᠦᠷᠦ ᠶᠢᠨ ᠪᠤᠳᠤᠯᠭ᠎ᠠ ᠪᠣᠯᠤᠨ ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠵᠤ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠪᠤᠭᠤᠲᠤ ᠬᠤᠳᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃        ︵2︶ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ ᠲᠣᠮᠢᠯᠠᠵᠤ᠂ ᠭᠠᠮᠰᠢᠭᠳᠠᠭᠰᠠᠨ ᠣᠷᠣᠨ ᠳᠤ ᠬᠦᠷᠴᠦ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠴᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ᠂ ᠭᠠᠮᠰᠢᠭᠳᠠᠭᠰᠠᠨ ᠣᠯᠠᠨ ᠲᠦᠮᠡᠨ ᠢ ᠲᠣᠬᠤᠨᠢᠭᠤᠯᠤᠨ᠎ᠠ᠃        ︵3︶ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠭᠠᠮᠰᠢᠭ ᠤᠨ ᠪᠠᠶᠢᠳᠠᠯ ᠪᠣᠯᠤᠨ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠮᠰᠢᠭ ᠤᠨ ᠪᠠᠶᠢᠳᠠᠯ ᠢ ᠨᠢᠭᠡᠳᠦᠯᠲᠡᠶ ᠨᠡᠶᠢᠲᠡᠯᠡᠵᠦ᠂ ᠭᠠᠮᠰᠢᠭᠳᠠᠭᠰᠠᠨ ᠣᠷᠣᠨ ᠤ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠨᠡᠶᠢᠲᠡᠯᠡᠨ᠎ᠡ᠃ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠭᠠᠮᠰᠢᠭ ᠤᠨ ᠪᠠᠶᠢᠳᠠᠯ᠂ ᠭᠠᠮᠰᠢᠭᠳᠠᠭᠰᠠᠨ ᠭᠠᠵᠠᠷ ᠣᠷᠣᠨ ᠤ ᠬᠡᠷᠡᠭᠴᠡᠭᠡ ᠱᠠᠭᠠᠷᠳᠠᠯᠭ᠎ᠠ᠂ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠵᠡᠷᠭᠡ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠠᠵᠢᠯ ᠢ ᠰᠠᠶᠢᠲᠤᠷ ᠬᠢᠵᠦ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠲᠤ ᠬᠤᠯᠪᠣᠭᠳᠠᠯ ᠪᠦᠬᠦᠢ ᠪᠠᠶᠢᠳᠠᠯ ᠢ ᠡᠳᠦᠷ ᠪᠦᠷᠢ ᠮᠡᠳᠡᠭᠦᠯᠦᠨ᠎ᠡ᠃ ᠴᠢᠬᠤᠯᠠ ᠲᠠᠢ ᠦᠶ᠎ᠡ ᠳᠤ᠂ ᠲᠤᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠭᠠᠮᠰᠢᠭ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠵᠢᠴᠢ ᠭᠠᠮᠰᠢᠭᠳᠠᠭᠰᠠᠨ ᠭᠠᠵᠠᠷ ᠣᠷᠣᠨ ᠤ ᠬᠡᠷᠡᠭᠴᠡᠭᠡ ᠱᠠᠭᠠᠷᠳᠠᠯᠭ᠎ᠠ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃        ︵4︶ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ ᠬᠠᠷᠭᠤᠭᠤᠯᠤᠨ ᠰᠠᠯᠭᠠᠨ ᠥᠭᠬᠦ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠵᠦ᠂ ᠠᠩᠬ᠎ᠠ ᠠᠯᠬᠤᠮ ᠮᠠᠭᠠᠳᠯᠠᠭᠰᠠᠨ ᠭᠠᠮᠰᠢᠭ ᠤᠨ ᠪᠠᠶᠢᠳᠠᠯ ᠢ ᠦᠨᠳᠦᠰᠦᠯᠡᠨ ᠬᠡᠰᠡᠭ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠢ ᠳᠤ ᠨᠢ ᠤᠷᠢᠳᠴᠢᠯᠠᠨ ᠰᠠᠯᠭᠠᠨ ᠥᠭᠬᠦ ᠶᠢᠨ ᠬᠠᠮᠲᠤ᠂ ᠲᠥᠪ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠪᠠᠷ ᠴᠢᠷᠮᠠᠶᠢᠨ ᠣᠯᠣᠨ᠎ᠠ᠃ ᠭᠠᠮᠰᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠳᠠᠷᠠᠭ᠎ᠠ᠂ ᠭᠠᠮᠰᠢᠭᠳᠠᠭᠰᠠᠨ ᠭᠠᠵᠠᠷ ᠣᠷᠣᠨ ᠤ ᠭᠤᠶᠤᠴᠢᠯᠠᠯ ᠪᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠭᠰᠠᠨ ᠪᠠᠶᠢᠳᠠᠯ ᠢ ᠢᠯᠭᠠᠷᠠᠭᠤᠯᠤᠨ ᠪᠤᠳᠤᠵᠤ᠂ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠬᠦ ᠶᠢ ᠳᠡᠮᠵᠢᠨ᠎ᠡ᠃        ︵5︶ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠴᠢᠷᠮᠠᠶᠢᠨ ᠣᠯᠣᠨ᠎ᠠ᠃        ︵6︶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠲᠣᠭᠤᠷᠢᠭ ᠤᠨ ᠬᠥᠭᠵᠢᠭᠦᠯᠦᠯᠲᠡ‌‍ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠠᠮᠢᠳᠤᠷᠠᠯ ᠤᠨ ᠲᠥᠷᠥᠯ ᠤᠨ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠰᠢᠯᠵᠢᠭᠦᠯᠦᠨ ᠥᠭᠴᠦ᠂ ᠦᠨᠳᠦᠰᠦᠨ ᠱᠠᠲᠤᠨ ᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠭᠠᠮᠰᠢᠭ ᠠᠴᠠ ᠠᠪᠤᠷᠠᠬᠤ ᠵᠣᠭᠤᠰ ᠪᠠ ᠡᠳ᠋ ᠪᠣᠳᠠᠰ ᠢ ᠲᠠᠷᠬᠠᠭᠠᠬᠤ ᠶᠢ ᠵᠢᠯᠣᠭᠤᠳᠤᠨ ᠬᠢᠨᠠᠯᠲᠠ ᠲᠠᠯᠪᠢᠵᠤ᠂ ᠴᠢᠬᠤᠯᠠ ᠲᠠᠢ ᠦᠶ᠎ᠡ ᠳᠤ ᠲᠥᠪ ᠤᠨ ᠭᠠᠮᠰᠢᠭ ᠠᠴᠠ ᠠᠪᠤᠷᠠᠬᠤ ᠡᠳ᠋ ᠪᠣᠳᠠᠰ ᠤᠨ ᠳᠡᠮᠵᠢᠯᠭᠡ ᠶᠢ ᠭᠤᠶᠤᠴᠢᠯᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠭᠠᠮᠰᠢᠭ ᠠᠴᠠ ᠠᠪᠤᠷᠠᠬᠤ ᠡᠳ᠋ ᠪᠣᠳᠠᠰ᠂ ᠬᠥᠮᠦᠰ ᠤᠨ ᠲᠡᠭᠡᠭᠡᠪᠦᠷᠢ ᠬᠢᠭᠡᠳ ᠴᠢᠬᠤᠯᠠ ᠵᠠᠮ ᠢ ᠲᠦᠷᠭᠡᠨ ᠰᠡᠷᠭᠦᠭᠡᠬᠦ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠴᠤ ᠥᠷᠨᠢᠭᠦᠯᠦᠨ᠂ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠮᠰᠢᠭ ᠠᠴᠠ ᠠᠪᠤᠷᠠᠬᠤ ᠡᠯ᠎ᠡ ᠲᠥᠷᠥᠯ ᠤᠨ ᠡᠳ᠋ ᠪᠣᠳᠠᠰ ᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠪᠠ ᠠᠵᠢᠯᠲᠠᠨ ᠢ ᠴᠠᠭ ᠲᠤᠬᠠᠢ ᠳᠤᠨᠢ ᠰᠢᠯᠵᠢᠭᠦᠯᠦᠨ ᠵᠥᠭᠡᠭᠡᠪᠦᠷᠢᠯᠡᠬᠦ ᠶᠢ ᠪᠠᠲᠤᠯᠠᠨ᠎ᠠ᠃        ︵7︶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠠᠪᠤᠷᠠᠨ ᠲᠤᠰᠠᠯᠠᠬᠤ ᠡᠩᠨᠡᠭᠡ ᠶᠢ ᠦᠳᠲᠡᠷ ᠲᠦᠷᠭᠡᠨ ᠲᠣᠮᠢᠯᠠᠨ ᠲᠣᠮᠢᠯᠠᠨ ᠭᠠᠮᠰᠢᠭ ᠠᠴᠠ ᠠᠪᠤᠷᠠᠬᠤ ᠳᠤ ᠣᠷᠣᠯᠴᠠᠭᠤᠯᠵᠤ᠂ ᠭᠠᠮᠰᠢᠭᠳᠠᠭᠰᠠᠨ ᠭᠠᠵᠠᠷ ᠣᠷᠣᠨ ᠢ ᠢᠳᠡᠪᠬᠢᠲᠡᠶ ᠪᠠᠷ ᠬᠠᠪᠰᠤᠷᠤᠨ ᠭᠠᠮᠰᠢᠭᠳᠠᠭᠰᠠᠨ ᠣᠯᠠᠨ ᠲᠦᠮᠡᠨ ᠢ ᠰᠢᠯᠵᠢᠭᠦᠯᠵᠦ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠲᠡᠭᠡᠭᠡᠪᠦᠷᠢᠯᠡᠨ ᠲᠠᠷᠬᠠᠭᠠᠬᠤ ᠵᠡᠷᠭᠡ ᠶᠢ ᠢᠳᠡᠪᠬᠢᠲᠡᠶ ᠪᠠᠷ ᠬᠠᠪᠰᠤᠷᠤᠨ ᠵᠢᠯᠤᠭᠤᠳᠤᠨ᠎ᠠ᠃ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠨᠦᠭᠦᠳ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠣᠯᠤᠨ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠶᠤᠴᠢᠯᠠᠯ ᠢ ᠦᠨᠳᠦᠰᠦᠯᠡᠨ᠂ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠷᠦᠬᠡ ᠶᠢᠨ ᠴᠡᠷᠢᠭ ᠤᠨ ᠭᠠᠮᠰᠢᠭ ᠠᠴᠠ ᠠᠪᠤᠷᠠᠬᠤ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠢ ᠬᠠᠮᠵᠢᠨ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠨ᠎ᠡ᠃        ︵8︶ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠨᠢ ᠬᠡᠷᠡᠭᠴᠡᠭᠡ ᠪᠠᠨ ᠦᠨᠳᠦᠰᠦᠯᠡᠨ᠂ ᠡᠮᠴᠢᠯᠡᠭᠡ ᠡᠷᠡᠭᠦᠯ ᠬᠠᠮᠠᠭᠠᠯᠠᠯ ᠤᠨ ᠡᠩᠨᠡᠭᠡ ᠶᠢ ᠴᠠᠭ ᠲᠤᠬᠠᠶ ᠳᠤᠨᠢ ᠲᠣᠮᠢᠯᠠᠨ ᠭᠠᠮᠰᠢᠭᠳᠠᠭᠰᠠᠨ ᠭᠠᠵᠠᠷ ᠣᠷᠣᠨ ᠳᠤ ᠣᠴᠢᠭᠤᠯᠵᠤ ᠡᠮᠴᠢᠯᠡᠭᠡ ᠶᠢᠨ ᠠᠪᠤᠷᠠᠨ ᠵᠠᠰᠠᠬᠤ ᠂ ᠭᠠᠮᠰᠢᠭ ᠤᠨ ᠳᠠᠷᠠᠭᠠᠬᠢ ᠬᠢᠵᠢᠭ ᠢ ᠰᠡᠷᠭᠡᠶᠢᠯᠡᠬᠦ ᠪᠠ ᠰᠡᠳᠬᠢᠴᠡ ᠶᠢᠨ ᠲᠤᠰᠠᠯᠠᠮᠵᠢ ᠦᠵᠡᠭᠦᠯᠬᠦ ᠵᠡᠷᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠬᠠᠮᠵᠢᠨ ᠥᠷᠨᠢᠭᠦᠯᠦᠨ᠎ᠡ᠃ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠮᠰᠢᠭᠳᠠᠭᠰᠠᠨ ᠭᠠᠵᠠᠷ ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠬᠠᠩᠭᠠᠵᠤ᠂ ᠭᠠᠮᠰᠢᠭᠳᠠᠭᠰᠠᠨ ᠭᠠᠵᠠᠷ ᠣᠷᠣᠨ ᠤ ᠲᠤᠬᠠᠶ ᠶᠢᠨ ᠭᠠᠵᠠᠷ ᠤᠨ ᠵᠢᠷᠤᠭ ᠳᠦᠷᠰᠦ ᠶᠢ ᠤᠯᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠬᠡᠮᠵᠢᠨ ᠵᠢᠷᠤᠭᠯᠠᠬᠤ ᠶᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠡᠮᠵᠢᠨ ᠵᠢᠷᠤᠭᠯᠠᠬᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠠ᠃        ︵9︶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠲᠣᠭᠤᠷᠢᠭ ᠤᠨ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠭᠠᠮᠰᠢᠭᠳᠠᠭᠰᠠᠨ ᠬᠤᠰᠢᠭᠤ ᠰᠢᠶᠠᠨ ᠲᠣᠭᠤᠷᠢᠭ ᠤᠨ ᠭᠠᠮᠰᠢᠭ ᠠᠴᠠ ᠠᠪᠤᠷᠠᠬᠤ ᠠᠵᠢᠯᠯᠠᠭ᠎ᠠ ᠥᠷᠨᠢᠭᠦᠯᠬᠦ ᠶᠢ ᠵᠢᠯᠤᠭᠤᠳᠤᠨ᠎ᠠ᠃ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠲᠣᠭᠤᠷᠢᠭ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠭᠠᠮᠰᠢᠭ ᠠᠴᠠ ᠠᠪᠤᠷᠠᠬᠤ ᠠᠵᠢᠯ ᠳᠤ ᠣᠷᠣᠯᠴᠠᠭᠤᠯᠤᠨ᠎ᠠ᠃ ᠲᠤᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠮᠢᠶ᠎ᠠ ᠪᠦᠬᠦᠢ ᠭᠠᠮᠰᠢᠭ ᠠᠴᠠ ᠠᠪᠤᠷᠠᠬᠤ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠭᠠᠮᠰᠢᠭ ᠠᠴᠠ ᠠᠪᠤᠷᠠᠬᠤ ᠬᠠᠨᠳᠢᠪ ᠴᠤᠭᠯᠠᠭᠤᠯᠬᠤ ᠵᠡᠷᠭᠡ ᠠᠵᠢᠯᠯᠠᠭ᠎ᠠ ᠶᠢ ᠦᠷᠨᠢᠭᠦᠯᠦᠨ᠎ᠡ         ︵10︶ ᠲᠤᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠨᠢ ᠰᠣᠨᠢᠨ ᠮᠡᠳᠡᠭᠡᠨ ᠤ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠠᠵᠢᠯ ᠢ ᠨᠢᠭᠡᠳᠦᠯᠲᠡᠶ ᠲᠥᠯᠥᠪᠯᠡᠨ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠪᠠ ᠭᠠᠵᠠᠷ ᠣᠷᠣᠨ ᠤ ᠪᠠᠶᠢᠳᠠᠯ ᠢ ᠦᠵᠡᠵᠦ ᠪᠠᠶᠢᠭᠠᠳ ᠰᠣᠨᠢᠨ ᠮᠡᠳᠡᠭᠡ ᠨᠡᠶᠢᠲᠡᠯᠡᠬᠦ ᠬᠤᠷᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠡᠯ᠎ᠡ ᠱᠠᠲᠤᠨ ᠤ ᠵᠠᠭᠤᠴᠢᠯᠠᠭᠤᠷ ᠢ ᠵᠣᠬᠢᠴᠠᠭᠤᠯᠤᠨ ᠵᠢᠯᠣᠭᠤᠳᠴᠤ ᠪᠠᠶᠢᠭᠠᠳ ᠰᠣᠨᠢᠨ ᠮᠡᠳᠡᠭᠡᠨ ᠤ ᠤᠬᠠᠭᠤᠯᠭ᠎ᠠ ᠶᠢ ᠰᠠᠶᠢᠲᠤᠷ ᠬᠢᠵᠦ᠂ ᠰᠣᠨᠢᠨ ᠮᠡᠳᠡᠭᠡᠨ ᠤ ᠮᠡᠳᠡᠭᠡᠯᠡᠯ ᠪᠠ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ᠎ᠠ᠃        ︵11︶ ᠭᠠᠮᠰᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠳᠠᠷᠠᠭ᠎ᠠ᠂ ᠭᠠᠮᠰᠢᠭᠳᠠᠭᠰᠠᠨ ᠬᠤᠰᠢᠭᠤ ᠰᠢᠶᠠᠨ ᠲᠣᠭᠤᠷᠢᠭ ᠭᠠᠮᠰᠢᠭ ᠤᠨ ᠬᠤᠬᠢᠷᠠᠯ ᠢ ᠶᠡᠷᠦᠩᠬᠡᠶᠢᠯᠡᠨ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠴᠠᠭ ᠲᠤᠬᠠᠶ ᠳᠤᠨᠢ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ  ᠳᠤ ᠮᠡᠳᠡᠭᠦᠯᠦᠨ ᠬᠦᠷᠭᠡᠨ᠎ᠡ᠃ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠵᠣᠬᠢᠶᠠᠨ ᠪᠠᠶᠢᠭᠤᠯᠵᠤ ᠬᠢᠨᠠᠨ ᠲᠣᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠮᠰᠢᠭ ᠤᠨ ᠬᠤᠬᠢᠷᠠᠯ ᠤᠨ ᠪᠠᠶᠢᠳᠠᠯ ᠢ ᠨᠢᠭᠡᠳᠦᠯᠲᠡᠶ ᠨᠡᠶᠢᠲᠡᠯᠡᠨ᠎ᠡ᠃        ︵12︶ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠪᠤᠰᠤᠳ ᠪᠦᠷᠢᠯᠳᠦᠬᠦᠨ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃        ︵13︶ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠠᠮᠰᠢᠭ ᠠᠴᠠ ᠠᠪᠤᠷᠠᠬᠤ ᠵᠡᠷᠭᠡ ᠠᠵᠢᠯ ᠥᠷᠨᠢᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠬᠤᠷᠢᠶᠠᠩᠭᠤᠶᠢᠯᠠᠬᠤ ᠶᠢᠨ ᠬᠠᠮᠲᠤ ᠳᠡᠰ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠦᠨ᠎ᠡ᠃        5.3.3 ᠭᠤᠷᠪᠠᠳᠤᠭᠠᠷ ᠳᠡᠰ ᠤᠨ ᠠᠵᠢᠯᠯᠠᠭ᠎ᠠ        ︵ᠨᠢᠭᠡ︶ ᠡᠬᠢᠯᠡᠭᠦᠯᠬᠦ ᠨᠦᠬᠦᠴᠡᠯ        ᠶᠠᠮᠠᠷ ᠨᠢᠭᠡᠨ ᠪᠤᠶᠤ ᠬᠥᠷᠰᠢ ᠵᠡᠷᠭᠡᠯᠡᠳᠡᠭᠡ ᠬᠡᠳᠦᠨ ᠬᠤᠰᠢᠭᠤ ᠰᠢᠶᠠᠨ ᠲᠣᠭᠤᠷᠢᠭ ᠲᠤ ᠨᠢᠭᠡ ᠤᠳᠠᠭᠠᠨ ᠤ ᠭᠠᠮᠰᠢᠭ ᠤᠨ ᠶᠠᠪᠤᠴᠠ ᠳᠤ ᠭᠠᠷᠤᠭᠰᠠᠨ ᠪᠤᠶᠤ ᠳᠣᠤᠷᠠᠬᠢ ᠪᠠᠶᠢᠳᠠᠯ ᠤᠨ ᠨᠢᠭᠡ ᠨᠢ ᠭᠠᠷᠴᠤ ᠮᠡᠳᠡᠬᠦ ᠶᠢ ᠰᠣᠳᠤᠯᠤᠨ ᠮᠠᠭᠠᠳᠯᠠᠭᠰᠠᠨ ᠪᠠᠶᠢᠪᠠᠯ᠂ ᠭᠤᠷᠪᠠᠳᠤᠭᠠᠷ ᠳᠡᠰ ᠤᠨ ᠠᠵᠢᠯᠯᠠᠭ᠎ᠠ ᠶᠢ ᠡᠬᠢᠯᠡᠭᠦᠯᠵᠦ ᠪᠣᠯᠤᠨ᠎ᠠ᠄        ︵1︶ ᠦᠬᠦᠭᠰᠡᠨ ᠪᠠ ᠠᠯᠠᠭ᠎ᠠ ᠪᠣᠯᠣᠭᠰᠠᠨ 3 ᠬᠥᠮᠥᠨ ᠠᠴᠠ ᠳᠡᠭᠡᠭᠰᠢ᠂ 5 ᠬᠥᠮᠥᠨ ᠠᠴᠠ ᠳᠣᠷᠣᠭᠰᠢ ᠪᠠᠶᠢᠬᠤ︔        ︵2︶ ᠪᠠᠴᠢᠮ ᠰᠢᠯᠵᠢᠭᠦᠯᠦᠨ ᠲᠥᠪᠬᠢᠨᠡᠭᠦᠯᠬᠦ ᠪᠠ ᠪᠠᠴᠢᠮ ᠠᠮᠢᠳᠤᠷᠠᠯ ᠤᠨ ᠠᠪᠤᠷᠠᠨ ᠲᠤᠰᠠᠯᠠᠯᠲᠠ ᠬᠡᠷᠡᠭᠰᠡᠬᠦ 200 ᠠᠴᠠ ᠳᠡᠭᠡᠭᠰᠢ᠂ 1200 ᠬᠥᠮᠦᠨ ᠠᠴᠠ ᠳᠣᠷᠣᠭᠰᠢ ᠪᠠᠶᠢᠬᠤ︔        ︵3︶ ᠨᠤᠷᠠᠵᠤ ᠶᠡᠭᠦᠷᠡᠭᠰᠡᠨ ᠪᠠ ᠬᠦᠨᠳᠦ ᠨᠣᠴᠢᠲᠠᠢ ᠡᠪᠳᠡᠭᠳᠡᠭᠰᠡᠨ ᠣᠷᠣᠨ ᠰᠠᠭᠤᠴᠠ 40 ᠲᠠᠰᠤᠯᠭ᠎ᠠ ᠪᠤᠶᠤ 12 ᠡᠷᠦᠬᠡ ᠠᠴᠠ ᠳᠡᠭᠡᠭᠰᠢ᠂ 80 ᠲᠠᠰᠤᠯᠭ᠎ᠠ ᠪᠤᠶᠤ 60 ᠡᠷᠦᠬᠡ ᠠᠴᠠ ᠳᠣᠷᠣᠭᠰᠢ ᠪᠠᠶᠢᠬᠤ︔        ︵4︶ ᠭᠠᠩ ᠬᠠᠭᠰᠠᠷᠠᠭᠠᠨ ᠤ ᠭᠠᠮᠰᠢᠭ ᠠᠴᠠ ᠠᠮᠤ ᠪᠤᠳᠠᠭ᠎ᠠ ᠳᠤᠲᠠᠭᠳᠠᠬᠤ ᠪᠤᠶᠤ ᠤᠰᠤ ᠳᠤᠲᠠᠭᠳᠠᠬᠤ ᠵᠡᠷᠭᠡ ᠠᠮᠢᠳᠤᠷᠠᠯ ᠤᠨ ᠬᠦᠴᠢᠷᠳᠡᠯ ᠳᠤ ᠤᠴᠠᠷᠠᠭᠤᠯᠵᠤ᠂ ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠬᠥᠮᠦᠨ ᠤ ᠲᠤᠭ᠎ᠠ ᠨᠢ ᠲᠠᠷᠢᠶᠠᠯᠠᠩ ᠮᠠᠯ ᠠᠵᠤ ᠠᠬᠤᠶ ᠶᠢᠨ ᠬᠥᠮᠦᠨ ᠠᠮᠠ ᠶᠢᠨ 10% ᠠᠴᠠ ᠳᠡᠭᠡᠭᠰᠢ᠂ 15% ᠠᠴᠠ ᠳᠣᠭᠤᠭᠰᠢ ᠪᠠᠶᠢᠬᠤ︔        ︵5︶ ᠪᠤᠭᠤᠲᠤ ᠬᠤᠲᠠ ᠪᠥᠬᠦ ᠬᠤᠲᠠ ᠶᠢᠨ ᠭᠤᠷᠪᠠᠳᠤᠭᠠᠷ ᠳᠡᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠵᠦ᠂ ᠭᠠᠮᠰᠢᠭᠳᠠᠭᠰᠠᠨ ᠣᠷᠣᠨ ᠳᠤ ᠰᠢᠭᠤᠶᠢᠲᠤ ᠲᠣᠭᠤᠷᠢᠭ ᠪᠠᠭᠲᠠᠨ᠎ᠠ︔        ︵6︶ ᠭᠤᠷᠪᠠᠨ ᠳᠡᠰ ᠤᠨ ᠠᠵᠢᠯᠯᠠᠭ᠎ᠠ ᠶᠢ ᠬᠡᠷᠡᠭᠵᠢᠭᠦᠯᠬᠦ ᠴᠢᠬᠤᠯᠠᠲᠠᠢ ᠪᠤᠰᠤᠳ ᠪᠠᠶᠢᠳᠠᠯ᠃        ︵ᠬᠤᠶᠠᠷ︶ ᠡᠬᠢᠯᠡᠭᠦᠯᠬᠦ ᠶᠠᠪᠤᠴᠠ        ᠭᠠᠮᠰᠢᠭ ᠭᠠᠷᠤᠭᠰᠠᠨ ᠤ ᠳᠠᠷᠠᠭ᠎ᠠ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠵᠠᠳᠠᠯᠤᠨ ᠦᠨᠡᠯᠡᠬᠦ ᠪᠠᠷ ᠳᠠᠮᠵᠢᠨ᠂ ᠭᠠᠮᠰᠢᠭ ᠤᠨ ᠪᠠᠶᠢᠳᠠᠯ ᠢ ᠮᠠᠭᠠᠳᠯᠠᠨ ᠲᠣᠭᠲᠠᠭᠠᠵᠤ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠳᠤ ᠭᠤᠷᠪᠠᠳᠤᠭᠠᠷ ᠳᠡᠰ ᠤᠨ ᠠᠵᠢᠯᠯᠠᠭ᠎ᠠ ᠶᠢ ᠡᠬᠢᠯᠡᠭᠦᠯᠬᠦ ᠰᠠᠨᠠᠭᠤᠯᠭ᠎ᠠ ᠳᠤᠷᠠᠳᠴᠤ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠭᠤᠷᠪᠠᠳᠤᠭᠠᠷ ᠳᠡᠰ ᠤᠨ ᠠᠵᠢᠯᠯᠠᠭ᠎ᠠ ᠶᠢ ᠡᠬᠢᠯᠡᠭᠦᠯᠬᠦ ᠶᠢ ᠲᠣᠭᠲᠠᠭᠠᠬᠤ ᠶᠢᠨ ᠬᠠᠮᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠡᠷᠬᠢᠯᠡᠭᠴᠢ ᠳᠤ ᠮᠡᠳᠡᠭᠦᠯᠦᠨ᠎ᠡ᠃        ︵ᠭᠤᠷᠪᠠ︶ ᠬᠡᠷᠡᠭᠵᠢᠭᠦᠯᠬᠦ ᠠᠷᠭ᠎ᠠ ᠬᠡᠮᠵᠢᠶ᠎ᠠ        ᠲᠤᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠳᠡᠳ᠋ ᠡᠷᠬᠢᠯᠡᠭᠴᠢ ︵ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ︶ ᠪᠤᠶᠤ ᠲᠡᠭᠦᠨ ᠤ ᠨᠠᠶᠢᠳᠠᠭᠰᠠᠨ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ ᠤᠨ ᠳᠡᠳ᠋ ᠡᠷᠬᠢᠯᠡᠭᠴᠢ ︵ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠥᠬᠦᠳ ︶ ᠪᠣᠳᠠᠲᠠᠶ ᠲᠠᠯ᠎ᠠ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭᠳᠠᠭᠰᠠᠨ ᠭᠠᠵᠠᠷ ᠣᠷᠣᠨ ᠤ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠢᠯᠣᠭᠤᠳᠤᠨ ᠳᠡᠮᠵᠢᠨ᠎ᠡ᠃ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠵᠢᠴᠢ ᠲᠡᠭᠦᠨ ᠤ ᠭᠡᠰᠢᠭᠦᠨ ᠨᠢᠭᠡᠴᠢ᠂ ᠭᠠᠮᠰᠢᠭ ᠲᠤ ᠬᠤᠯᠪᠣᠭᠳᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠪᠠᠶᠢᠳᠠᠯ ᠢ ᠦᠵᠡᠵᠦ ᠪᠠᠶᠢᠭᠠᠳ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠠᠪᠤᠨ᠎ᠠ᠄        ︵1︶ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠭᠠᠮᠰᠢᠭᠳᠠᠭᠰᠠᠨ ᠭᠠᠵᠠᠷ ᠣᠷᠣᠨ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠵᠦᠪᠳᠡᠬᠦ ᠬᠤᠷᠠᠯ ᠬᠤᠷᠠᠯᠳᠤᠭᠤᠯᠵᠤ᠂ ᠭᠠᠮᠰᠢᠭ ᠤᠨ ᠪᠠᠶᠢᠳᠠᠯ ᠤᠨ ᠪᠠᠶᠢᠳᠠᠯ ᠢ ᠵᠠᠳᠠᠯᠵᠤ᠂ ᠭᠠᠮᠰᠢᠭ ᠠᠴᠠ ᠠᠪᠤᠷᠠᠬᠤ ᠠᠵᠢᠯ ᠢ ᠳᠡᠮᠵᠢᠬᠦ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠭᠡᠰᠢᠭᠦᠨ ᠨᠢᠭᠡᠴᠢ ᠳᠤ ᠮᠡᠳᠡᠭᠳᠡᠨ᠎ᠡ᠃        ︵2︶ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ ᠲᠣᠮᠢᠯᠠᠵᠤ᠂ ᠭᠠᠮᠰᠢᠭᠳᠠᠭᠰᠠᠨ ᠣᠷᠣᠨ ᠳᠤ ᠬᠦᠷᠴᠦ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠢᠯᠣᠭᠤᠳᠤᠨ ᠥᠷᠨᠢᠭᠦᠯᠵᠦ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ᠂ ᠭᠠᠮᠰᠢᠭᠳᠠᠭᠰᠠᠨ ᠣᠯᠠᠨ ᠲᠦᠮᠡᠨ ᠢ ᠲᠣᠬᠤᠨᠢᠭᠤᠯᠤᠨ᠎ᠠ᠃        ︵3︶ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠮᠰᠢᠭ ᠤᠨ ᠪᠠᠶᠢᠳᠠᠯ ᠪᠣᠯᠤᠨ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠤᠨ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠨ᠎ᠡ᠃        ︵4︶ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ ᠬᠠᠷᠭᠤᠭᠤᠯᠤᠨ ᠰᠠᠯᠭᠠᠨ ᠥᠭᠬᠦ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠵᠦ᠂ ᠠᠩᠬ᠎ᠠ ᠠᠯᠬᠤᠮ ᠮᠠᠭᠠᠳᠯᠠᠭᠰᠠᠨ ᠭᠠᠮᠰᠢᠭ ᠤᠨ ᠪᠠᠶᠢᠳᠠᠯ ᠢ ᠦᠨᠳᠦᠰᠦᠯᠡᠨ ᠬᠡᠰᠡᠭ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠢ ᠳᠤ ᠨᠢ ᠤᠷᠢᠳᠴᠢᠯᠠᠨ ᠰᠠᠯᠭᠠᠨ ᠥᠭᠬᠦ ᠶᠢᠨ ᠬᠠᠮᠲᠤ᠂ ᠲᠥᠪ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠪᠠᠷ ᠴᠢᠷᠮᠠᠶᠢᠨ ᠣᠯᠣᠨ᠎ᠠ᠃ ᠭᠠᠮᠰᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠳᠠᠷᠠᠭ᠎ᠠ᠂ ᠭᠠᠮᠰᠢᠭᠳᠠᠭᠰᠠᠨ ᠭᠠᠵᠠᠷ ᠣᠷᠣᠨ ᠤ ᠭᠤᠶᠤᠴᠢᠯᠠᠯ ᠪᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠭᠰᠠᠨ ᠪᠠᠶᠢᠳᠠᠯ ᠢ ᠢᠯᠭᠠᠷᠠᠭᠤᠯᠤᠨ ᠪᠤᠳᠤᠵᠤ᠂ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠶᠢ ᠳᠡᠮᠵᠢᠨ᠎ᠡ᠃        ︵5︶ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠴᠢᠷᠮᠠᠶᠢᠨ ᠣᠯᠣᠨ᠎ᠠ᠃        ︵6︶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠠᠮᠢᠳᠤᠷᠠᠯ ᠤᠨ ᠲᠥᠷᠥᠯ ᠤᠨ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠰᠢᠯᠵᠢᠭᠦᠯᠦᠨ ᠥᠭᠴᠦ᠂ ᠦᠨᠳᠦᠰᠦᠨ ᠱᠠᠲᠤᠨ ᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠭᠠᠮᠰᠢᠭ ᠠᠴᠠ ᠠᠪᠤᠷᠠᠬᠤ ᠵᠣᠭᠤᠰ ᠪᠠ ᠡᠳ᠋ ᠪᠣᠳᠠᠰ ᠲᠠᠷᠬᠠᠭᠠᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠭᠠᠮᠰᠢᠭ ᠠᠴᠠ ᠠᠪᠤᠷᠠᠬᠤ ᠡᠳ᠋ ᠪᠣᠳᠠᠰ᠂ ᠬᠥᠮᠦᠰ ᠤᠨ ᠲᠡᠭᠡᠭᠡᠪᠦᠷᠢ ᠬᠢᠭᠡᠳ ᠴᠢᠬᠤᠯᠠ ᠵᠠᠮ ᠢ ᠲᠦᠷᠭᠡᠨ ᠰᠡᠷᠭᠦᠭᠡᠬᠦ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠴᠤ ᠥᠷᠨᠢᠭᠦᠯᠦᠨ᠂ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠮᠰᠢᠭ ᠠᠴᠠ ᠠᠪᠤᠷᠠᠬᠤ ᠡᠯ᠎ᠡ ᠲᠥᠷᠥᠯ ᠤᠨ ᠡᠳ᠋ ᠪᠣᠳᠠᠰ ᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠪᠠ ᠠᠵᠢᠯᠲᠠᠨ ᠢ ᠴᠠᠭ ᠲᠤᠬᠠᠢ ᠳᠤᠨᠢ ᠰᠢᠯᠵᠢᠭᠦᠯᠦᠨ ᠵᠥᠭᠡᠭᠡᠪᠦᠷᠢᠯᠡᠬᠦ ᠶᠢ ᠪᠠᠲᠤᠯᠠᠨ᠎ᠠ᠃        ︵7︶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠠᠪᠤᠷᠠᠨ ᠲᠤᠰᠠᠯᠠᠬᠤ ᠡᠩᠨᠡᠭᠡ ᠶᠢ ᠦᠳᠲᠡᠷ ᠲᠦᠷᠭᠡᠨ ᠲᠣᠮᠢᠯᠠᠨ ᠭᠠᠮᠰᠢᠭ ᠠᠴᠠ ᠠᠪᠤᠷᠠᠬᠤ ᠳᠤ ᠣᠷᠣᠯᠴᠠᠭᠤᠯᠵᠤ᠂ ᠭᠠᠮᠰᠢᠭᠳᠠᠭᠰᠠᠨ ᠭᠠᠵᠠᠷ ᠣᠷᠣᠨ ᠢ ᠢᠳᠡᠪᠬᠢᠲᠡᠶ ᠪᠠᠷ ᠬᠠᠪᠰᠤᠷᠤᠨ ᠭᠠᠮᠰᠢᠭᠳᠠᠭᠰᠠᠨ ᠣᠯᠠᠨ ᠲᠦᠮᠡᠨ ᠢ ᠰᠢᠯᠵᠢᠭᠦᠯᠵᠦ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠲᠡᠭᠡᠭᠡᠪᠦᠷᠢᠯᠡᠨ ᠲᠠᠷᠬᠠᠭᠠᠬᠤ ᠵᠡᠷᠭᠡ ᠶᠢ ᠢᠳᠡᠪᠬᠢᠲᠡᠶ ᠪᠠᠷ ᠬᠠᠪᠰᠤᠷᠤᠨ ᠵᠢᠯᠤᠭᠤᠳᠤᠨ᠎ᠠ᠃ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠨᠦᠭᠦᠳ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠣᠯᠤᠨ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠶᠤᠴᠢᠯᠠᠯ ᠢ ᠦᠨᠳᠦᠰᠦᠯᠡᠨ᠂ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠷᠦᠬᠡ ᠶᠢᠨ ᠴᠡᠷᠢᠭ ᠤᠨ ᠭᠠᠮᠰᠢᠭ ᠠᠴᠠ ᠠᠪᠤᠷᠠᠬᠤ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠢ ᠬᠠᠮᠵᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃        ︵8︶ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠵᠦ ᠭᠠᠮᠰᠢᠭᠳᠠᠭᠰᠠᠨ ᠭᠠᠵᠠᠷ ᠣᠷᠣᠨ ᠢ ᠵᠢᠯᠣᠭᠤᠳᠤᠨ ᠡᠮᠴᠢᠯᠡᠭᠡᠨ ᠤ ᠠᠪᠤᠷᠠᠨ ᠵᠠᠰᠠᠬᠤ ᠂ ᠭᠠᠮᠰᠢᠭ ᠤᠨ ᠳᠠᠷᠠᠭᠠᠬᠢ ᠬᠢᠵᠢᠭ ᠢ ᠰᠡᠷᠭᠡᠶᠢᠯᠡᠬᠦ ᠪᠠ ᠰᠡᠳᠬᠢᠴᠡ ᠶᠢᠨ ᠲᠤᠰᠠᠯᠠᠮᠵᠢ ᠦᠵᠡᠭᠦᠯᠬᠦ ᠵᠡᠷᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠰᠠᠶᠢᠲᠤᠷ ᠬᠢᠨ᠎ᠠ᠃        ︵9︶ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠲᠣᠭᠤᠷᠢᠭ ᠤᠨ ᠬᠤᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠭᠠᠮᠰᠢᠭ ᠠᠴᠠ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃ ᠲᠣᠭᠤᠷᠢᠭ ᠤᠨ ᠤᠯᠠᠭᠠᠨ ᠵᠠᠭᠠᠯᠮᠠᠢᠳᠠᠨ ᠤ ᠨᠡᠢᠭᠡᠮᠯᠢᠭ ᠭᠠᠮᠰᠢᠭᠳᠠᠭᠰᠠᠨ ᠭᠠᠵᠠᠷ ᠣᠷᠣᠨ ᠢ ᠵᠢᠯᠣᠭᠤᠳᠴᠤ ᠬᠠᠮᠢᠶ᠎ᠠ ᠪᠦᠬᠦᠢ ᠭᠠᠮᠰᠢᠭ ᠠᠴᠠ ᠠᠪᠤᠷᠠᠬᠤ ᠠᠵᠢᠯ ᠢ ᠬᠠᠤᠯᠢ ᠶᠣᠰᠣᠭᠠᠷ ᠦᠷᠨᠢᠭᠦᠯᠦᠨ᠎ᠡ᠃ ᠬᠡᠷᠡᠭᠴᠡᠭᠡ ᠪᠠᠨ ᠦᠨᠳᠦᠰᠦᠯᠡᠨ ᠭᠠᠮᠰᠢᠭ ᠠᠴᠠ ᠠᠪᠤᠷᠠᠬᠤ ᠪᠡᠯᠡᠭᠯᠡᠨ ᠬᠦᠷᠭᠡᠬᠦ ᠠᠵᠢᠯᠯᠠᠭ᠎ᠠ ᠶᠢ ᠵᠢᠷᠤᠮᠵᠢᠭᠤᠨ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃        ︵10︶ ᠭᠠᠮᠰᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠳᠠᠷᠠᠭ᠎ᠠ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠭᠠᠮᠰᠢᠭᠳᠠᠭᠰᠠᠨ ᠭᠠᠵᠠᠷ ᠣᠷᠣᠨ ᠤ ᠭᠠᠮᠰᠢᠭ ᠤᠨ ᠬᠤᠬᠢᠷᠠᠯ ᠤᠨ ᠪᠠᠶᠢᠳᠠᠯ ᠢ ᠦᠨᠡᠯᠡᠨ ᠵᠢᠱᠢᠬᠦ᠂ ᠬᠢᠨᠠᠨ ᠲᠣᠭᠲᠠᠭᠠᠬᠤ ᠶᠢ ᠵᠢᠯᠤᠭᠤᠳᠤᠨ᠎ᠠ᠃        ︵11︶ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠪᠤᠰᠤᠳ ᠭᠡᠰᠢᠭᠦᠨ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃        5.3.4 ᠳᠥᠷᠪᠡᠳᠦᠭᠡᠷ ᠳᠡᠰ ᠠᠵᠢᠯᠯᠠᠭ᠎ᠠ        ︵ᠨᠢᠭᠡ︶ ᠡᠬᠢᠯᠡᠭᠦᠯᠬᠦ ᠨᠦᠬᠦᠴᠡᠯ        ᠶᠠᠮᠠᠷ ᠨᠢᠭᠡᠨ ᠪᠤᠶᠤ ᠬᠥᠷᠰᠢ ᠵᠡᠷᠭᠡᠯᠡᠳᠡᠭᠡ ᠬᠡᠳᠦᠨ ᠬᠤᠰᠢᠭᠤ ᠰᠢᠶᠠᠨ ᠲᠣᠭᠤᠷᠢᠭ ᠲᠤ ᠨᠢᠭᠡ ᠤᠳᠠᠭᠠᠨ ᠤ ᠭᠠᠮᠰᠢᠭ ᠤᠨ ᠶᠠᠪᠤᠴᠠ ᠳᠤ ᠭᠠᠷᠤᠭᠰᠠᠨ ᠪᠤᠶᠤ ᠳᠣᠤᠷᠠᠬᠢ ᠪᠠᠶᠢᠳᠠᠯ ᠤᠨ ᠨᠢᠭᠡ ᠨᠢ ᠭᠠᠷᠴᠤ ᠮᠡᠳᠡᠬᠦ ᠶᠢ ᠰᠣᠳᠤᠯᠤᠨ ᠮᠠᠭᠠᠳᠯᠠᠭᠰᠠᠨ ᠪᠠᠶᠢᠪᠠᠯ᠂ ᠳᠦᠷᠪᠡᠳᠦᠭᠡᠷ ᠳᠡᠰ ᠤᠨ ᠠᠵᠢᠯᠯᠠᠭ᠎ᠠ ᠶᠢ ᠡᠬᠢᠯᠡᠭᠦᠯᠵᠦ ᠪᠣᠯᠤᠨ᠎ᠠ᠄        ︵1︶ ᠭᠠᠮᠰᠢᠭ ᠠᠴᠠ ᠪᠣᠯᠵᠣ ᠦᠬᠦᠭᠰᠡᠨ ᠪᠠ ᠠᠯᠠᠭ᠎ᠠ ᠪᠣᠯᠤᠭᠰᠠᠨ 3 ᠬᠥᠮᠦᠨ ᠠᠴᠠ ᠳᠣᠷᠣᠭᠰᠢ ᠪᠠᠶᠢᠬᠤ︔        ︵2︶ ᠪᠠᠴᠢᠮ ᠰᠢᠯᠵᠢᠭᠦᠯᠦᠨ ᠲᠥᠪᠬᠢᠨᠡᠭᠦᠯᠬᠦ ᠪᠠ ᠪᠠᠴᠢᠮ ᠠᠮᠢᠳᠤᠷᠠᠯ ᠤᠨ ᠠᠪᠤᠷᠠᠨ ᠲᠤᠰᠠᠯᠠᠬᠤ ᠴᠢᠬᠤᠯᠠ ᠲᠠᠢ 200 ᠬᠥᠮᠦᠨ ᠠᠴᠠ ᠳᠣᠷᠣᠭᠰᠢ ᠪᠠᠶᠢᠬᠤ︔        ︵3︶ ᠨᠤᠷᠠᠵᠤ ᠶᠡᠭᠦᠷᠡᠭᠰᠡᠨ ᠪᠠ ᠬᠦᠨᠳᠦ ᠨᠣᠴᠢᠲᠠᠶ ᠡᠪᠳᠡᠭᠳᠡᠭᠰᠡᠨ ᠭᠡᠷ ᠪᠠᠶᠢᠰᠢᠩ 40 ᠲᠠᠰᠤᠯᠭ᠎ᠠ ᠪᠤᠶᠤ 12 ᠡᠷᠦᠬᠡ ᠠᠴᠠ ᠳᠣᠷᠣᠭᠰᠢ ᠪᠠᠶᠢᠬᠤ︔        ︵4︶ ᠭᠠᠩ ᠬᠠᠭᠰᠠᠷᠠᠭᠠᠨ ᠤ ᠭᠠᠮᠰᠢᠭ ᠠᠴᠠ ᠠᠮᠤ ᠪᠤᠳᠠᠭ᠎ᠠ ᠳᠤᠲᠠᠭᠳᠠᠬᠤ ᠪᠤᠶᠤ ᠤᠰᠤ ᠳᠤᠲᠠᠭᠳᠠᠬᠤ ᠵᠡᠷᠭᠡ ᠠᠮᠢᠳᠤᠷᠠᠯ ᠤᠨ ᠬᠦᠴᠢᠷᠳᠡᠯ ᠳᠤ ᠣᠴᠠᠷᠠᠭᠤᠯᠵᠤ᠂ ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠬᠥᠮᠦᠨ ᠤ ᠲᠤᠭ᠎ᠠ ᠨᠢ ᠲᠠᠷᠢᠶᠠᠯᠠᠩ ᠮᠠᠯ ᠠᠵᠤ ᠠᠬᠤᠶ ᠶᠢᠨ ᠬᠥᠮᠦᠨ ᠠᠮᠠ ᠶᠢᠨ 10% ᠠᠴᠠ ᠳᠣᠷᠣᠭᠰᠢ ᠶᠢ ᠡᠵᠡᠯᠡᠬᠦ︔        ︵5︶ ᠳᠦᠷᠪᠡᠳᠦᠭᠡᠷ ᠳᠡᠰ ᠢ ᠡᠬᠢᠯᠡᠭᠦᠯᠬᠦ ᠴᠢᠬᠤᠯᠠᠲᠠᠢ ᠪᠤᠰᠤᠳ ᠪᠠᠶᠢᠳᠠᠯ᠃        ︵ᠬᠤᠶᠠᠷ︶ ᠡᠬᠢᠯᠡᠭᠦᠯᠬᠦ ᠶᠠᠪᠤᠴᠠ        ᠭᠠᠮᠰᠢᠭ ᠭᠠᠷᠤᠭᠰᠠᠨ ᠤ ᠳᠠᠷᠠᠭ᠎ᠠ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ ᠵᠠᠳᠠᠯᠤᠨ ᠦᠨᠡᠯᠡᠬᠦ ᠪᠠᠷ ᠳᠠᠮᠵᠢᠨ᠂ ᠭᠠᠮᠰᠢᠭ ᠤᠨ ᠪᠠᠶᠢᠳᠠᠯ ᠡᠬᠢᠯᠡᠯᠲᠡ ᠶᠢᠨ ᠨᠥᠬᠦᠴᠡᠯ ᠳᠤ ᠬᠦᠷᠦᠭᠰᠡᠨ ᠢ ᠮᠠᠭᠠᠳᠯᠠᠨ ᠲᠣᠭᠲᠠᠭᠠᠵᠤ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠳᠡᠳ᠋ ᠡᠷᠬᠢᠯᠡᠭᠴᠢ ᠳᠦᠷᠪᠡᠳᠦᠭᠡᠷ ᠳᠡᠰ ᠤᠨ ᠠᠵᠢᠯᠯᠠᠭ᠎ᠠ ᠶᠢ ᠡᠬᠢᠯᠡᠭᠦᠯᠬᠦ ᠶᠢ ᠲᠣᠭᠲᠠᠭᠠᠬᠤ ᠶᠢᠨ ᠬᠠᠮᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠳᠤ ᠮᠡᠳᠡᠭᠦᠯᠦᠨ᠎ᠡ᠃        ︵ᠭᠤᠷᠪᠠ︶ ᠬᠡᠷᠡᠭᠵᠢᠭᠦᠯᠬᠦ ᠠᠷᠭ᠎ᠠ ᠬᠡᠮᠵᠢᠶ᠎ᠠ        ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠲᠣᠭᠤᠷᠢᠭ ᠤᠨ ᠲᠡᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭᠳᠠᠭᠰᠠᠨ ᠭᠠᠵᠠᠷ ᠣᠷᠣᠨ ᠤ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠢᠯᠣᠭᠤᠳᠤᠨ ᠳᠡᠮᠵᠢᠨ᠎ᠡ᠃ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠵᠢᠴᠢ ᠲᠡᠭᠦᠨ ᠤ ᠭᠡᠰᠢᠭᠦᠨ ᠨᠢᠭᠡᠴᠢ᠂ ᠭᠠᠮᠰᠢᠭ ᠲᠤ ᠬᠤᠯᠪᠣᠭᠳᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠪᠠᠶᠢᠳᠠᠯ ᠢ ᠦᠵᠡᠵᠦ ᠪᠠᠶᠢᠭᠠᠳ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠠᠪᠤᠨ᠎ᠠ᠄        ︵1︶ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢ ᠵᠣᠬᠢᠶᠠᠨ ᠪᠠᠶᠢᠭᠤᠯᠤᠨ ᠭᠠᠮᠰᠢᠭ ᠤᠨ ᠪᠠᠶᠢᠳᠠᠯ ᠢ ᠵᠠᠳᠠᠯᠵᠤ᠂ ᠭᠠᠮᠰᠢᠭ ᠠᠴᠠ ᠠᠪᠤᠷᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠶ ᠳᠤᠨᠢ ᠲᠤᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠡᠷᠬᠢᠯᠡᠭᠴᠢ᠂ ᠪᠠᠶᠢᠩᠭᠤ ᠶᠢᠨ ᠳᠡᠳ᠋ ᠡᠷᠬᠢᠯᠡᠭᠴᠢ᠂ ᠳᠡᠳ᠋ ᠡᠷᠬᠢᠯᠡᠭᠴᠢ ᠳᠤ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠭᠡᠰᠢᠭᠦᠨ ᠨᠢᠭᠡᠴᠢ ᠳᠤ ᠮᠡᠳᠡᠭᠳᠡᠨ᠎ᠡ᠃        ︵2︶ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠠᠵᠢᠯᠯᠠᠬᠤ ᠳᠤᠭᠤᠶᠢᠯᠠᠩ ᠲᠣᠮᠢᠯᠠᠵᠤ᠂ ᠭᠠᠮᠰᠢᠭᠳᠠᠭᠰᠠᠨ ᠣᠷᠣᠨ ᠳᠤ ᠬᠦᠷᠴᠦ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠬᠠᠪᠰᠤᠷᠤᠨ ᠵᠢᠯᠣᠭᠤᠳᠴᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ᠂ ᠭᠠᠮᠰᠢᠭᠳᠠᠭᠰᠠᠨ ᠤᠯᠠᠨ ᠲᠦᠮᠡᠨ ᠢ ᠲᠣᠬᠤᠨᠢᠭᠤᠯᠤᠨ᠎ᠠ᠃ ᠴᠢᠬᠤᠯᠠ ᠲᠠᠢ ᠦᠶ᠎ᠡ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠠᠴᠠ ᠬᠠᠮᠲᠤᠷᠠᠨ ᠠᠵᠢᠯᠯᠠᠬᠤ ᠳᠤᠭᠤᠶᠢᠯᠠᠩ ᠪᠠᠶᠢᠭᠤᠯᠵᠤ ᠪᠣᠯᠤᠨ᠎ᠠ᠃        ︵3︶ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠮᠰᠢᠭ ᠤᠨ ᠪᠠᠶᠢᠳᠠᠯ ᠪᠣᠯᠤᠨ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠤᠨ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠨ᠎ᠡ᠃        ︵4︶ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ ᠬᠠᠷᠭᠤᠭᠤᠯᠤᠨ ᠰᠠᠯᠭᠠᠨ ᠥᠭᠬᠦ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠵᠦ᠂ ᠠᠩᠬ᠎ᠠ ᠠᠯᠬᠤᠮ ᠮᠠᠭᠠᠳᠯᠠᠭᠰᠠᠨ ᠭᠠᠮᠰᠢᠭ ᠤᠨ ᠪᠠᠶᠢᠳᠠᠯ ᠢ ᠦᠨᠳᠦᠰᠦᠯᠡᠨ ᠬᠡᠰᠡᠭ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠢ ᠳᠤ ᠨᠢ ᠤᠷᠢᠳᠴᠢᠯᠠᠨ ᠰᠠᠯᠭᠠᠨ ᠥᠭᠬᠦ ᠶᠢᠨ ᠬᠠᠮᠲᠤ᠂ ᠲᠥᠪ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠣᠯᠣᠨ᠎ᠠ᠃ ᠭᠠᠮᠰᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠳᠠᠷᠠᠭ᠎ᠠ᠂ ᠭᠠᠮᠰᠢᠭᠳᠠᠭᠰᠠᠨ ᠭᠠᠵᠠᠷ ᠣᠷᠣᠨ ᠤ ᠭᠤᠶᠤᠴᠢᠯᠠᠯ ᠪᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠭᠰᠠᠨ ᠪᠠᠶᠢᠳᠠᠯ ᠢ ᠢᠯᠭᠠᠷᠠᠭᠤᠯᠤᠨ ᠪᠤᠳᠤᠵᠤ᠂ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠶᠢ ᠳᠡᠮᠵᠢᠨ᠎ᠡ᠃        ︵5︶ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠴᠢᠷᠮᠠᠶᠢᠨ ᠣᠯᠣᠨ᠎ᠠ᠃        ︵6︶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠠᠮᠢᠳᠤᠷᠠᠯ ᠤᠨ ᠲᠥᠷᠥᠯ ᠤᠨ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠰᠢᠯᠵᠢᠭᠦᠯᠦᠨ ᠥᠭᠴᠦ᠂ ᠦᠨᠳᠦᠰᠦᠨ ᠱᠠᠲᠤᠨ ᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠭᠠᠮᠰᠢᠭ ᠠᠴᠠ ᠠᠪᠤᠷᠠᠬᠤ ᠵᠣᠭᠤᠰ ᠪᠠ ᠡᠳ᠋ ᠪᠣᠳᠠᠰ ᠲᠠᠷᠬᠠᠭᠠᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠭᠠᠮᠰᠢᠭ ᠠᠴᠠ ᠠᠪᠤᠷᠠᠬᠤ ᠡᠳ᠋ ᠪᠣᠳᠠᠰ᠂ ᠬᠥᠮᠦᠰ ᠤᠨ ᠲᠡᠭᠡᠭᠡᠪᠦᠷᠢ ᠬᠢᠭᠡᠳ ᠴᠢᠬᠤᠯᠠ ᠵᠠᠮ ᠢ ᠲᠦᠷᠭᠡᠨ ᠰᠡᠷᠭᠦᠭᠡᠬᠦ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠴᠤ ᠥᠷᠨᠢᠭᠦᠯᠦᠨ᠂ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠮᠰᠢᠭ ᠠᠴᠠ ᠠᠪᠤᠷᠠᠬᠤ ᠡᠯ᠎ᠡ ᠲᠥᠷᠥᠯ ᠤᠨ ᠡᠳ᠋ ᠪᠣᠳᠠᠰ ᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠪᠠ ᠠᠵᠢᠯᠲᠠᠨ ᠢ ᠴᠠᠭ ᠲᠤᠬᠠᠢ ᠳᠤᠨᠢ ᠰᠢᠯᠵᠢᠭᠦᠯᠦᠨ ᠵᠥᠭᠡᠭᠡᠪᠦᠷᠢᠯᠡᠬᠦ ᠶᠢ ᠪᠠᠲᠤᠯᠠᠨ᠎ᠠ᠃        ︵7︶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠠᠪᠤᠷᠠᠨ ᠲᠤᠰᠠᠯᠠᠬᠤ ᠡᠩᠨᠡᠭᠡ ᠶᠢ ᠦᠳᠲᠡᠷ ᠲᠦᠷᠭᠡᠨ ᠲᠣᠮᠢᠯᠠᠨ ᠭᠠᠮᠰᠢᠭ ᠠᠴᠠ ᠠᠪᠤᠷᠠᠬᠤ ᠳᠤ ᠣᠷᠣᠯᠴᠠᠭᠤᠯᠵᠤ᠂ ᠭᠠᠮᠰᠢᠭᠳᠠᠭᠰᠠᠨ ᠭᠠᠵᠠᠷ ᠣᠷᠣᠨ ᠢ ᠢᠳᠡᠪᠬᠢᠲᠡᠶ ᠪᠠᠷ ᠬᠠᠪᠰᠤᠷᠤᠨ ᠭᠠᠮᠰᠢᠭᠳᠠᠭᠰᠠᠨ ᠣᠯᠠᠨ ᠲᠦᠮᠡᠨ ᠢ ᠰᠢᠯᠵᠢᠭᠦᠯᠵᠦ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠲᠡᠭᠡᠭᠡᠪᠦᠷᠢᠯᠡᠨ ᠲᠠᠷᠬᠠᠭᠠᠬᠤ ᠵᠡᠷᠭᠡ ᠶᠢ ᠢᠳᠡᠪᠬᠢᠲᠡᠶ ᠪᠠᠷ ᠬᠠᠪᠰᠤᠷᠤᠨ ᠵᠢᠯᠤᠭᠤᠳᠤᠨ᠎ᠠ᠃ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠨᠦᠭᠦᠳ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠣᠯᠤᠨ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠶᠤᠴᠢᠯᠠᠯ ᠢ ᠦᠨᠳᠦᠰᠦᠯᠡᠨ᠂ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠷᠦᠬᠡ ᠶᠢᠨ ᠴᠡᠷᠢᠭ ᠤᠨ ᠭᠠᠮᠰᠢᠭ ᠠᠴᠠ ᠠᠪᠤᠷᠠᠬᠤ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠢ ᠬᠠᠮᠵᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃        ︵8︶ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠵᠦ ᠭᠠᠮᠰᠢᠭᠳᠠᠭᠰᠠᠨ ᠬᠤᠰᠢᠭᠤ ᠰᠢᠶᠠᠨ ᠲᠣᠭᠤᠷᠢᠭ ᠢ ᠵᠢᠯᠣᠭᠤᠳᠤᠨ ᠡᠮᠴᠢᠯᠡᠭᠡᠨ ᠤ ᠠᠪᠤᠷᠠᠨ ᠵᠠᠰᠠᠬᠤ᠂ ᠭᠠᠮᠰᠢᠭ ᠤᠨ ᠳᠠᠷᠠᠭᠠᠬᠢ ᠬᠢᠵᠢᠭ ᠢ ᠰᠡᠷᠭᠡᠶᠢᠯᠡᠬᠦ ᠪᠠ ᠰᠡᠳᠬᠢᠴᠡ ᠶᠢᠨ ᠲᠤᠰᠠᠯᠠᠮᠵᠢ ᠦᠵᠡᠭᠦᠯᠬᠦ ᠵᠡᠷᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠰᠠᠶᠢᠲᠤᠷ ᠬᠢᠨ᠎ᠠ᠃        ︵9︶ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠲᠣᠭᠤᠷᠢᠭ ᠤᠨ ᠬᠤᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠭᠠᠮᠰᠢᠭ ᠠᠴᠠ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃        ︵10︶ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠪᠤᠰᠤᠳ ᠭᠡᠰᠢᠭᠦᠨ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃         5.4 ᠡᠬᠢᠯᠡᠭᠦᠯᠬᠦ ᠨᠥᠬᠦᠴᠡᠯ ᠤᠨ ᠲᠣᠬᠢᠷᠠᠭᠤᠯᠤᠯᠲᠠ        ᠭᠠᠮᠰᠢᠭ ᠰᠡᠷᠭᠡᠭ ᠭᠠᠵᠠᠷ ᠣᠷᠣᠨ᠂ ᠰᠡᠷᠭᠡᠭ ᠴᠠᠭ ᠬᠤᠭᠤᠴᠠᠭ᠎ᠠ ᠪᠠ ᠠᠪᠤᠷᠠᠨ ᠲᠤᠰᠠᠯᠠᠬᠤ ᠴᠢᠳᠠᠪᠤᠷᠢ ᠪᠠᠭᠤᠷᠠᠶ ᠭᠠᠵᠠᠷ ᠣᠷᠣᠨ ᠳᠤ ᠭᠠᠷᠤᠭᠰᠠᠨ ᠵᠡᠷᠭᠡ ᠣᠨᠴᠠᠭᠠᠶ ᠪᠠᠶᠢᠳᠠᠯ ᠪᠤᠶᠤ ᠭᠠᠮᠰᠢᠭ ᠨᠢ ᠭᠠᠮᠰᠢᠭᠳᠠᠭᠰᠠᠨ ᠭᠠᠵᠠᠷ ᠣᠷᠣᠨ ᠤ ᠠᠵᠤ ᠠᠬᠤᠶ ᠨᠡᠶᠢᠭᠡᠮ ᠳᠤ ᠬᠦᠨᠳᠦ ᠶᠡᠭᠡ ᠨᠥᠯᠥᠭᠡ ᠪᠣᠯᠬᠤ ᠦᠶ᠎ᠡ ᠳᠤ᠂ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠭᠠᠬᠤ ᠶᠢ ᠡᠬᠢᠯᠡᠭᠦᠯᠬᠦ ᠨᠥᠬᠦᠴᠡᠯ ᠢ ᠪᠠᠶᠢᠳᠠᠯ ᠢ ᠨᠢ ᠦᠵᠡᠵᠦ ᠲᠣᠬᠢᠷᠠᠭᠤᠯᠵᠤ ᠪᠣᠯᠤᠨ᠎ᠠ᠃        5.5 ᠬᠡᠷᠡᠭᠵᠢᠭᠦᠯᠵᠦ ᠬᠠᠮᠳᠣᠷᠠᠨ ᠬᠦᠳᠡᠯᠥᠯᠴᠡᠬᠦ        ᠨᠢᠭᠡᠨᠲᠡ ᠡᠬᠢᠯᠡᠭᠦᠯᠦᠭᠰᠡᠨ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠳᠤ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠭᠠᠮᠰᠢᠭ ᠤᠨ ᠪᠠᠶᠢᠳᠠᠯ ᠤᠨ ᠵᠥᠪᠳᠡᠯᠴᠡᠭᠡ ᠪᠠᠨ ᠴᠢᠩᠭᠠᠳᠬᠠᠵᠤ᠂ ᠴᠢᠬᠤᠯᠠᠲᠠᠶ ᠦᠶ᠎ᠡ ᠳᠤ᠂ ᠲᠣᠰ ᠪᠡᠯᠡᠳᠬᠡᠯ ᠲᠥᠰᠦᠯ ᠤᠨ ᠲᠣᠭᠲᠠᠭᠠᠯ ᠶᠣᠰᠣᠭᠠᠷ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠶᠢ ᠬᠡᠷᠡᠭᠵᠢᠭᠦᠯᠬᠦ ᠶᠢ ᠡᠬᠢᠯᠡᠭᠦᠯᠦᠨ᠎ᠡ᠃        ᠭᠤᠷᠪᠠᠳᠤᠭᠠᠷ ᠳᠡᠰ ᠠᠴᠠ ᠳᠡᠭᠡᠭᠰᠢᠬᠢ ᠲᠣᠭᠤᠷᠢᠭ ᠤᠨ ᠲᠠᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠪᠡᠯ᠂ ᠴᠠᠭ ᠲᠤᠬᠠᠶ ᠳᠤᠨᠢ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ  ᠶᠢ ᠡᠬᠢᠯᠡᠭᠦᠯᠦᠭᠰᠡᠨ ᠤ ᠳᠠᠷᠠᠭ᠎ᠠ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠭᠠᠵᠠᠷ ᠣᠷᠣᠨ ᠳᠤ ᠮᠡᠳᠡᠭᠳᠡᠬᠦ ᠶᠢᠨ ᠬᠠᠮᠲᠤ ᠵᠥᠪᠳᠡᠯᠴᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠭᠠᠮᠰᠢᠭ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠬᠡᠷᠡᠭᠲᠡᠶ᠃        5.6 ᠬᠡᠷᠡᠭᠵᠢᠭᠦᠯᠬᠦ ᠶᠢ ᠵᠣᠭᠰᠤᠭᠠᠬᠤ        ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠰᠤᠳᠤᠯᠤᠨ ᠮᠠᠭᠠᠳᠯᠠᠬᠤ ᠪᠠᠷ ᠳᠡᠮᠵᠢᠨ᠂ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠰᠠᠨᠠᠭᠤᠯᠭ᠎ᠠ ᠳᠤᠷᠠᠳᠴᠤ᠂ ᠠᠵᠢᠯᠯᠠᠭ᠎ᠠ ᠶᠢ ᠡᠬᠢᠯᠡᠭᠦᠯᠬᠦ ᠵᠣᠬᠢᠴᠠᠩᠭᠤᠶ ᠡᠷᠬᠡ ᠮᠡᠳᠡᠯ ᠤᠨ ᠶᠣᠰᠣᠭᠠᠷ ᠬᠡᠷᠡᠭᠵᠢᠭᠦᠯᠬᠦ ᠶᠢ ᠵᠣᠭᠰᠣᠭᠠᠨ᠎ᠠ᠃         6 ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠪᠠ ᠰᠡᠷᠭᠦᠭᠡᠨ ᠳᠠᠬᠢᠨ ᠪᠠᠶᠢᠭᠤᠯᠬᠤ        6.1 ᠰᠢᠯᠵᠢᠯᠲᠡ ᠶᠢᠨ ᠬᠤᠭᠤᠴᠠᠭᠠᠨ ᠤ ᠠᠮᠢᠳᠤᠷᠠᠯ ᠤᠨ ᠠᠪᠤᠷᠠᠨ ᠲᠤᠰᠠᠯᠠᠯᠲᠠ        6.1.1 ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠭᠠᠮᠰᠢᠭᠳᠠᠭᠰᠠᠨ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠴᠠᠭ ᠲᠤᠬᠠᠶ ᠳᠤᠨᠢ ᠭᠠᠮᠰᠢᠭ ᠲᠤ ᠳᠠᠭᠠᠷᠢᠭᠳᠠᠭᠰᠠᠨ ᠭᠡᠷ ᠪᠠᠶᠢᠰᠢᠩ ᠨᠤᠷᠠᠭᠰᠠᠨ ᠪᠤᠶᠤ ᠬᠦᠨᠳᠦ ᠨᠣᠴᠢᠲᠠᠶ ᠡᠪᠳᠡᠭᠳᠡᠭᠰᠡᠨ ᠠᠴᠠ ᠪᠣᠯᠵᠤ ᠰᠡᠷᠭᠦᠭᠡᠨ ᠳᠠᠬᠢᠨ ᠪᠠᠶᠢᠭᠤᠯᠬᠤ ᠴᠢᠬᠤᠯᠠᠲᠠᠶ ᠭᠡᠷ ᠪᠠᠶᠢᠰᠢᠩ ᠦᠭᠡᠶ ᠬᠥᠮᠦᠰ᠂ ᠡᠭᠦᠰᠦᠮᠡᠯ ᠭᠠᠮᠰᠢᠭ ᠤᠨ ᠰᠦᠷᠳᠡᠭᠦᠯᠦᠯ ᠠᠴᠠ ᠪᠣᠯᠵᠤ ᠭᠠᠳᠠᠨ᠎ᠠ ᠭᠡᠷ ᠲᠤ ᠪᠠᠨ ᠪᠤᠴᠠᠬᠤ ᠶᠢᠨ ᠠᠷᠭ᠎ᠠ ᠦᠭᠡᠶ ᠬᠥᠮᠦᠰ ᠂ ᠭᠠᠮᠰᠢᠭ ᠠᠴᠠ ᠪᠣᠯᠵᠤ ᠠᠮᠢᠳᠤᠷᠠᠯ ᠤᠨ ᠢᠷᠡᠯᠲᠡ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠬᠥᠮᠦᠰ ᠢ ᠰᠢᠯᠵᠢᠯᠲᠡ ᠶᠢᠨ ᠬᠤᠭᠤᠴᠠᠭᠠᠨ ᠤ ᠠᠮᠢᠳᠤᠷᠠᠯ ᠤᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃        6.1.2 ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠭᠠᠮᠰᠢᠭᠳᠠᠭᠰᠠᠨ ᠣᠯᠠᠨ ᠲᠦᠮᠡᠨ ᠤ ᠰᠢᠯᠵᠢᠯᠲᠡ ᠶᠢᠨ ᠬᠤᠭᠤᠴᠠᠭᠠᠨ ᠤ ᠠᠮᠢᠳᠤᠷᠠᠯ ᠤᠨ ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠪᠦᠷᠢᠳᠬᠡᠨ ᠣᠶᠢᠯᠠᠭᠠᠵᠤ᠂ ᠠᠪᠤᠷᠠᠨ ᠲᠤᠰᠠᠯᠠᠬᠤ ᠴᠢᠬᠤᠯᠠᠲᠠᠶ ᠬᠥᠮᠦᠰ ᠤᠨ ᠬᠡᠪᠴᠢᠶ᠎ᠡ ᠶᠢ ᠲᠣᠳᠣᠷᠬᠠᠶᠢᠯᠠᠨ᠂ ᠴᠠᠭ ᠲᠤᠬᠠᠶ ᠳᠤᠨᠢ ᠡᠬᠡ ᠲᠠᠩᠰᠠ ᠪᠠᠶᠢᠭᠤᠯᠬᠤ ᠶᠢᠨ ᠬᠠᠮᠲᠤ ᠠᠮᠢᠳᠤᠷᠠᠯ ᠤᠨ ᠠᠪᠤᠷᠠᠨ ᠲᠤᠰᠠᠯᠠᠬᠤ ᠡᠳ᠋ ᠪᠣᠳᠠᠰ ᠵᠡᠷᠭᠡ ᠬᠡᠷᠡᠭᠴᠡᠭᠡ ᠱᠠᠭᠠᠷᠳᠠᠯᠭ᠎ᠠ ᠶᠢ ᠪᠦᠷᠢᠳᠬᠡᠨ᠎ᠡ᠃        6.1.3 ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠯᠠ ᠮᠥᠩᠭᠦ ᠭᠤᠶᠤᠴᠢᠯᠠᠬᠤ ᠵᠢᠴᠢ ᠠᠪᠤᠷᠠᠨ ᠲᠤᠰᠠᠯᠠᠬᠤ ᠴᠢᠬᠤᠯᠠᠲᠠᠶ ᠬᠥᠮᠦᠰ ᠤᠨ ᠬᠡᠪᠴᠢᠶ᠎ᠡ ᠶᠢ ᠦᠨᠳᠦᠰᠦᠯᠡᠨ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠰᠢᠯᠵᠢᠯᠲᠡ ᠶᠢᠨ ᠬᠤᠭᠤᠴᠠᠭᠠᠨ ᠤ ᠠᠮᠢᠳᠤᠷᠠᠯ ᠤᠨ ᠠᠪᠤᠷᠠᠨ ᠲᠤᠰᠠᠯᠠᠬᠤ ᠪᠠᠯᠠ ᠮᠥᠩᠭᠦ ᠶᠢ ᠪᠠᠭᠤᠯᠭᠠᠨ᠎ᠠ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠰᠢᠯᠵᠢᠯᠲᠡ ᠶᠢᠨ ᠬᠤᠭᠤᠴᠠᠭᠠᠨ ᠤ ᠠᠮᠢᠳᠤᠷᠠᠯ ᠤᠨ ᠠᠪᠤᠷᠠᠨ ᠲᠤᠰᠠᠯᠠᠬᠤ ᠬᠥᠮᠦᠰ ᠢ ᠬᠢᠨᠠᠨ ᠲᠣᠭᠲᠠᠭᠠᠬᠤ ᠂ ᠪᠡᠯᠡ ᠮᠥᠩᠭᠦ ᠲᠠᠷᠬᠠᠭᠠᠬᠤ ᠵᠡᠷᠭᠡ ᠠᠵᠢᠯ ᠢ ᠵᠢᠯᠣᠭᠤᠳᠤᠨ ᠰᠠᠶᠢᠲᠤᠷ ᠬᠢᠵᠦ᠂ ᠭᠠᠮᠰᠢᠭᠳᠠᠭᠰᠠᠨ ᠣᠯᠠᠨ ᠲᠦᠮᠡᠨ ᠤ ᠰᠢᠯᠵᠢᠯᠲᠡ ᠶᠢᠨ ᠬᠤᠭᠤᠴᠠᠭᠠᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠢᠮᠳᠠᠭᠤᠯᠤᠨ ᠰᠠᠶᠢᠲᠤᠷ ᠬᠢᠨ᠎ᠡ᠃        6.1.4 ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠭᠠᠮᠰᠢᠭᠳᠠᠭᠰᠠᠨ ᠭᠠᠵᠠᠷ ᠣᠷᠣᠨ ᠤ ᠰᠢᠯᠵᠢᠯᠲᠡ ᠶᠢᠨ ᠬᠤᠭᠤᠴᠠᠭᠠᠨ ᠤ ᠠᠮᠢᠳᠤᠷᠠᠯ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠬᠢᠨᠠᠨ ᠪᠠᠶᠢᠴᠠᠭᠠᠵᠤ᠂ ᠠᠪᠤᠷᠠᠨ ᠲᠤᠰᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠦᠵᠡᠵᠦ ᠪᠠᠶᠢᠭᠠᠳ ᠵᠠᠷᠯᠠᠨ ᠮᠡᠳᠡᠭᠳᠡᠨ᠎ᠡ᠃        6.1.5 ᠨᠡᠶᠢᠭᠡᠮ ᠤᠨ ᠡᠯ᠎ᠡ ᠡᠲᠡᠭᠡᠳ ᠤᠨ ᠲᠤᠰᠠᠯᠠᠮᠵᠢ ᠦᠵᠡᠭᠦᠯᠬᠦ ᠶᠢ ᠵᠣᠷᠢᠭᠵᠢᠭᠤᠯᠤᠨ ᠳᠠᠶᠢᠴᠢᠯᠠᠨ᠎ᠠ᠃ ᠡᠯ᠎ᠡ ᠱᠠᠲᠤᠨ ᠤ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠢᠴᠢ ᠨᠢᠭᠦᠯᠡᠰᠦᠩᠭᠦᠶ ᠶᠢᠨ ᠦᠢᠯᠡᠰ ᠤᠨ ᠪᠦᠯᠬᠦᠮ ᠤᠳ ᠪᠡᠯᠡᠭᠯᠡᠨ ᠬᠦᠷᠭᠡᠬᠦ᠂ ᠰᠡᠳᠬᠢᠴᠡ ᠶᠢᠨ ᠲᠤᠰᠠᠯᠠᠮᠵᠢ ᠦᠵᠡᠭᠦᠯᠬᠦ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠠᠵᠢᠯᠯᠠᠭ᠎ᠠ ᠶᠢ ᠢᠳᠡᠪᠬᠢᠲᠡᠶ ᠦᠷᠨᠢᠭᠦᠯᠦᠨ᠎ᠡ᠃        6.2 ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠰᠡᠷᠭᠦᠭᠡᠨ ᠳᠠᠬᠢᠨ ᠪᠠᠶᠢᠭᠤᠯᠬᠤ        6.2.1 ᠭᠠᠮᠰᠢᠭ ᠠᠴᠠ ᠪᠣᠯᠵᠤ ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠰᠡᠷᠭᠦᠭᠡᠨ ᠳᠠᠬᠢᠨ ᠪᠠᠶᠢᠭᠤᠯᠬᠤ ᠠᠵᠢᠯ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠯᠠ ᠮᠥᠩᠭᠦ ᠶᠢᠨ ᠳᠡᠮᠵᠢᠯᠭᠡ ᠬᠠᠩᠭᠠᠵᠤ᠂ ᠭᠠᠮᠰᠢᠭ ᠠᠴᠠ ᠪᠣᠯᠵᠣ ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠰᠡᠷᠭᠦᠭᠡᠨ ᠳᠠᠬᠢᠨ ᠪᠠᠶᠢᠭᠤᠯᠬᠤ ᠨᠥᠬᠦᠪᠥᠷᠢ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠪᠠᠷᠢᠮᠵᠢᠶ᠎ᠠ ᠶᠢᠨ ᠵᠢᠷᠤᠮᠵᠢᠯ ᠢ ᠲᠣᠭᠲᠠᠭᠠᠨ ᠲᠡᠭᠦᠯᠳᠡᠷᠵᠢᠭᠦᠯᠵᠦ᠂ ᠨᠥᠬᠦᠪᠥᠷᠢ ᠶᠢᠨ ᠪᠠᠯᠠ ᠮᠥᠩᠭᠦ ᠶᠢ ᠵᠢᠷᠤᠮᠵᠢᠯ ᠲᠠᠢ ᠡᠮᠬᠢ ᠵᠢᠷᠤᠮ ᠲᠠᠢ ᠪᠠᠷ ᠭᠠᠮᠰᠢᠭᠳᠠᠭᠰᠠᠨ ᠣᠯᠠᠨ ᠲᠦᠮᠡᠨ ᠤ ᠭᠠᠷ ᠲᠤ ᠣᠯᠭᠤᠬᠤ ᠶᠢ ᠦᠨᠡᠨ ᠬᠦ ᠪᠠᠲᠤᠯᠠᠨ᠎ᠠ᠃        6.2.2 ᠰᠡᠷᠬᠦᠬᠡᠡ ᠳᠠᠬᠢᠵᠤ ᠪᠦᠳᠦᠭᠡᠨ ᠪᠠᠶᠢᠭᠤᠯᠬᠤ ᠪᠡᠯᠡ ᠮᠦᠡᠭᠬᠦ ᠵᠡᠷᠭᠡ ᠶᠢ ᠵᠠᠰᠠᠭ ᠤᠨ ᠣᠷᠳᠣᠨ ᠤ ᠠᠪᠤᠷᠡᠨ ᠲᠣᠰᠠᠯᠬᠠᠥ᠂ ᠨᠡᠶᠢᠭᠡᠮ ᠠᠴᠠ ᠬᠠᠪᠰᠣᠷᠬᠤ᠂ ᠦᠪᠡᠷ ᠢᠶᠠᠨ ᠴᠣᠠᠠᠯᠠᠭᠤᠯᠬᠤ᠂ ᠳᠥᠷᠥ ᠶᠢᠨ ᠪᠤᠳᠣᠯᠭ᠎ᠠ ᠶᠢᠨ ᠬᠠᠷᠡᠭᠠᠯᠵᠠᠯ ᠦᠵᠡᠬᠦᠯᠬᠦ ᠵᠡᠷᠭᠡ ᠣᠯᠡᠨ ᠵᠦᠢᠯ ᠤᠨ ᠠᠷᠭ᠎ᠠ ᠵᠠᠮ ᠢᠶᠠᠷ ᠰᠢᠢᠳᠪᠦᠷᠢᠯᠡᠬᠦ ᠶᠢᠨ ᠬᠠᠮᠳᠣ᠂ ᠬᠦᠷᠰᠢ ᠵᠡᠷᠭᠡᠯᠡᠳᠡᠭᠡ ᠶᠢᠨ ᠬᠠᠪᠰᠣᠷᠣᠨ ᠠᠵᠢᠯᠯᠠᠬᠤ ᠬᠠᠪᠰᠣᠷᠬᠤ ᠮᠠᠲ᠋ᠧᠷᠢᠶᠡᠯ᠂ ᠠᠵᠢᠯ ᠣᠯᠭᠤᠬᠤ ᠪᠠᠷ ᠳᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠥᠨ ᠰᠡᠷᠬᠦᠭᠡᠵᠦ ᠳᠡᠬᠢᠨ ᠪᠠᠶᠢᠭᠤᠯᠬᠤ ᠶᠢ ᠵᠣᠷᠢᠠᠠᠵᠢᠭᠤᠯᠥᠨ᠎ᠠ᠃ ᠬᠤᠳᠠᠯᠳᠤᠭᠠᠨ ᠤ ᠳᠠᠭᠠᠳᠬᠠᠯ ᠤᠨ ᠠᠵᠤ ᠠᠬᠤᠶ ᠶᠢᠨ ᠨᠥᠬᠦᠪᠥᠷᠢᠯᠡᠬᠦ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠦᠨᠳᠦ ᠭᠠᠮᠰᠢᠭ ᠤᠨ ᠳᠠᠭᠠᠳᠬᠠᠯ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠳᠠᠭᠠᠳᠬᠠᠯ᠂ ᠭᠠᠮᠰᠢᠭ ᠠᠷᠠᠳ ᠤᠨ ᠠᠮᠢᠳᠤᠷᠠᠯ ᠤᠨ ᠳᠠᠭᠠᠳᠬᠠᠯ ᠵᠡᠷᠭᠡ ᠬᠠᠮᠢᠶ᠎ᠠ ᠪᠦᠬᠦᠢ ᠳᠠᠭᠠᠳᠬᠠᠯ ᠢ ᠬᠥᠭᠵᠢᠭᠦᠯᠵᠦ᠂ ᠲᠣᠭᠤᠷᠢᠭᠵᠢᠭᠤᠯᠤᠭᠰᠠᠨ ᠪᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠪᠡᠯᠡ ᠮᠥᠩᠭᠦ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠣᠷᠣᠨ ᠰᠠᠭᠤᠴᠠ ᠶᠢᠨ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃        6.2.3 ᠰᠡᠷᠭᠦᠭᠡᠨ ᠳᠠᠬᠢᠨ ᠪᠠᠶᠢᠭᠤᠯᠬᠤ ᠲᠥᠯᠥᠪᠵᠢᠭᠦᠯᠭᠡ ᠪᠠ ᠬᠡᠷ ᠪᠠᠶᠢᠰᠢᠩ ᠢ ᠵᠢᠷᠤᠵᠤ ᠲᠥᠯᠥᠪᠯᠡᠬᠦ ᠳᠡᠭᠡᠨ ᠣᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠴᠢᠩᠭᠠᠳᠬᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠲᠥᠰᠦᠯ ᠲᠣᠭᠲᠠᠭᠠᠵᠤ᠂ ᠲᠥᠷᠥᠯ ᠵᠦᠢᠯ ᠤᠨ ᠭᠠᠵᠠᠷ ᠰᠣᠩᠭᠤᠬᠤ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠵᠦᠶ ᠵᠣᠬᠢᠰᠲᠠᠶ ᠪᠠᠶᠢᠷᠢᠰᠢᠭᠤᠯᠵᠤ ᠂ ᠭᠠᠵᠠᠷ ᠬᠥᠳᠡᠯᠦᠯᠲᠡ ᠶᠢᠨ ᠬᠠᠭᠠᠷᠠᠯ ᠤᠨ ᠪᠦᠰᠡ᠂ ᠦᠶᠡᠷ ᠤᠰᠤᠲᠤᠯ ᠤᠨ ᠭᠠᠮᠰᠢᠭ ᠤᠨ ᠥᠨᠳᠥᠷ ᠲᠦᠭᠰᠢᠭᠦᠷᠢᠲᠦ ᠣᠷᠣᠨ᠂ ᠭᠠᠵᠠᠷ ᠤᠨ ᠭᠠᠶ ᠭᠠᠮᠰᠢᠭ ᠤᠨ ᠳᠠᠯᠳᠠ ᠬᠡᠮ ᠤᠨ ᠴᠡᠭ ᠵᠡᠷᠭᠡ ᠠᠴᠠ ᠵᠠᠶᠢᠯᠠᠰᠬᠢᠵᠦ᠂ ᠭᠠᠵᠠᠷ ᠤᠨ ᠭᠠᠶ ᠭᠠᠮᠰᠢᠭ ᠤᠨ ᠲᠦᠢᠯ ᠤᠨ ᠥᠨᠳᠥᠷ ᠪᠠ ᠥᠨᠳᠥᠷ ᠲᠦᠭᠰᠢᠭᠦᠷᠢᠲᠦ ᠣᠷᠣᠨ ᠠᠴᠠ ᠵᠠᠶᠢᠯᠠᠬᠤ ᠬᠡᠷᠡᠭᠲᠡᠶ᠃ ᠭᠠᠵᠠᠷ ᠤᠨ ᠭᠠᠶ ᠭᠠᠮᠰᠢᠭ ᠲᠦᠢᠯ ᠤᠨ ᠥᠨᠳᠥᠷ ᠪᠠ ᠥᠨᠳᠥᠷ ᠲᠦᠭᠰᠢᠭᠦᠷᠢᠲᠦ ᠣᠷᠣᠨ ᠠᠴᠠ ᠵᠠᠶᠢᠯᠠᠬᠤ ᠶᠢᠨ ᠠᠷᠭ᠎ᠠ ᠦᠭᠡᠶ ᠪᠣᠯ ᠡᠷᠬᠡᠪᠰᠢ ᠪᠠᠷᠢᠯᠭ᠎ᠠ ᠶᠢᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠭᠠᠮᠰᠢᠭ ᠲᠠᠢ ᠲᠡᠮᠡᠴᠡᠵᠦ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃        6.2.4 ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠳᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠬᠢᠨᠠᠨ ᠲᠣᠭᠲᠠᠭᠠᠭᠰᠠᠨ ᠪᠠᠶᠢᠳᠠᠯ ᠢ ᠦᠨᠳᠦᠰᠦᠯᠡᠨ᠂ ᠪᠠᠶᠢᠳᠠᠯ ᠢ ᠨᠢ ᠦᠵᠡᠵᠦ ᠪᠠᠶᠢᠭᠠᠳ ᠵᠣᠬᠢᠶᠠᠨ ᠪᠠᠶᠢᠭᠤᠯᠵᠤ ᠦᠨᠡᠯᠡᠨ ᠵᠢᠱᠢᠵᠦ᠂ ᠪᠤᠰᠤᠳ ᠭᠠᠮᠰᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠦᠨᠡᠯᠡᠨ ᠵᠢᠱᠢᠭᠰᠡᠨ ᠲᠤᠭ᠎ᠠ ᠪᠠᠷᠢᠮᠲᠠ ᠪᠠᠷ ᠯᠠᠪᠯᠠᠯᠲᠠ ᠪᠣᠯᠭᠠᠵᠤ᠂ ᠭᠠᠮᠰᠢᠭ ᠠᠴᠠ ᠪᠣᠯᠵᠤ ᠨᠤᠷᠠᠵᠤ ᠡᠪᠳᠡᠷᠡᠭᠰᠡᠨ ᠣᠷᠣᠨ ᠰᠠᠭᠤᠴᠠ ᠶᠢᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠶᠢ ᠲᠣᠳᠣᠷᠬᠠᠶᠢᠯᠠᠨ᠎ᠠ᠃        6.2.5 ᠪᠣᠯ ᠣᠷᠣᠨ ᠤ ᠡᠳ᠋ ᠤᠨ ᠵᠠᠰᠠᠭ ᠤᠨ ᠶᠠᠮᠤᠨ ᠤ ᠲᠣᠪᠴᠢᠶ᠎ᠠ᠂ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠯᠠ ᠮᠥᠩᠭᠦ ᠶᠢᠨ ᠭᠤᠶᠤᠴᠢᠯᠠᠯ ᠵᠢᠴᠢ ᠰᠡᠷᠭᠦᠭᠡᠵᠦ ᠳᠠᠬᠢᠨ ᠪᠠᠶᠢᠭᠤᠯᠬᠤ ᠴᠢᠬᠤᠯᠠᠲᠠᠶ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠶᠢ ᠦᠨᠳᠦᠰᠦᠯᠡᠨ᠂ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠭᠠᠮᠰᠢᠭ ᠠᠴᠠ ᠪᠣᠯᠵᠣ ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠰᠡᠷᠭᠦᠭᠡᠨ ᠳᠠᠬᠢᠨ ᠪᠠᠶᠢᠭᠤᠯᠬᠤ ᠨᠥᠬᠦᠪᠥᠷᠢ ᠶᠢᠨ ᠪᠠᠯᠠ ᠮᠥᠩᠭᠦ ᠳᠤ ᠬᠦᠷᠦᠭᠦᠯᠦᠨ᠎ᠡ᠃        6.2.6 ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠰᠡᠷᠭᠦᠭᠡᠨ ᠳᠠᠬᠢᠨ ᠪᠠᠶᠢᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ ᠭᠠᠮᠰᠢᠭᠳᠠᠭᠰᠠᠨ ᠭᠠᠵᠠᠷ ᠲᠤ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠲᠣᠰ ᠭᠠᠵᠠᠷ ᠣᠷᠣᠨ ᠤ ᠪᠠᠨ ᠭᠠᠮᠰᠢᠭ ᠠᠴᠠ ᠪᠣᠯᠵᠣ ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠰᠡᠷᠭᠦᠭᠡᠨ ᠳᠠᠬᠢᠨ ᠪᠠᠶᠢᠭᠤᠯᠬᠤ ᠨᠥᠬᠦᠪᠥᠷᠢ ᠶᠢᠨ ᠪᠠᠯᠠ ᠮᠥᠩᠭᠦ ᠶᠢ ᠬᠠᠮᠢᠶᠠᠷᠴᠤ ᠬᠡᠷᠡᠭᠯᠡᠬᠦ ᠠᠵᠢᠯ ᠳᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠶᠢᠨ ᠬᠠᠮᠲᠤ ᠦᠨᠡᠯᠡᠭᠰᠡᠨ ᠦᠷ᠎ᠡ ᠳ᠋ᠦᠩ ᠢᠶᠠᠨ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠭᠠᠮᠰᠢᠭᠳᠠᠭᠰᠠᠨ ᠣᠷᠣᠨ ᠤ ᠳᠡᠭᠡᠭᠰᠢ ᠮᠡᠳᠡᠭᠦᠯᠦᠭᠰᠡᠨ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠪᠠᠶᠢᠳᠠᠯ ᠢ ᠣᠯᠤᠭᠰᠠᠨ ᠤ ᠳᠠᠷᠠᠭ᠎ᠠ᠂ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠲᠣᠭᠤᠷᠢᠭ ᠤᠨ ᠭᠠᠮᠰᠢᠭ ᠠᠴᠠ ᠪᠣᠯᠵᠣ ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠰᠡᠷᠭᠦᠭᠡᠨ ᠳᠠᠬᠢᠨ ᠪᠠᠶᠢᠭᠤᠯᠬᠤ ᠨᠥᠬᠦᠪᠥᠷᠢ ᠶᠢᠨ ᠪᠠᠯᠠ ᠮᠥᠩᠭᠦ ᠶᠢ ᠬᠠᠮᠢᠶᠠᠷᠴᠤ ᠬᠡᠷᠡᠭᠯᠡᠬᠦ ᠠᠵᠢᠯ ᠳᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠨ᠎ᠠ᠃        6.2.7 ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠨᠣᠷᠠᠵᠤ ᠰᠦᠢᠳᠦᠭᠰᠡᠨ ᠣᠷᠣᠨ ᠰᠠᠭᠤᠴᠠ ᠶᠢ ᠰᠡᠷᠭᠦᠭᠡᠨ ᠳᠠᠬᠢᠨ ᠪᠠᠶᠢᠭᠤᠯᠬᠤ ᠮᠡᠷᠭᠡᠵᠢᠯ ᠤᠨ ᠦᠢᠯᠡᠴᠢᠯᠡᠭᠡ ᠪᠠ ᠵᠢᠯᠣᠭᠤᠳᠣᠯᠭ᠎ᠠ ᠶᠢ ᠬᠠᠷᠢᠭᠤᠴᠠᠵᠤ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠭᠠᠮᠰᠢᠭ ᠤᠨ ᠳᠠᠷᠠᠭᠠᠬᠢ ᠳᠠᠬᠢᠨ ᠪᠦᠲᠦᠭᠡᠨ ᠪᠠᠶᠢᠭᠤᠯᠬᠤ ᠲᠥᠷᠥᠯ ᠵᠦᠢᠯ ᠤᠨ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠵᠦ ᠬᠢᠨᠠᠨ ᠪᠠᠶᠢᠴᠠᠭᠠᠬᠤ ᠶᠢ ᠰᠠᠶᠢᠲᠤᠷ ᠬᠢᠬᠦ ᠶᠢ ᠬᠠᠷᠢᠭᠤᠴᠠᠵᠤ᠂ ᠦᠨᠡᠯᠡᠨ ᠵᠢᠱᠢᠭᠰᠡᠨ ᠳ᠋ᠦᠩᠨᠡᠯᠲᠡ ᠶᠢᠨ ᠵᠢᠯᠣᠭᠤᠳᠣᠯᠭ᠎ᠠ ᠶᠢ ᠦᠨᠳᠦᠰᠦᠯᠡᠨ ᠴᠢᠬᠤᠯᠠ ᠪᠥᠬᠦᠶ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ︔ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠲᠥᠯᠥᠪᠯᠡᠭᠡ ᠶᠢᠨ ᠲᠣᠬᠢᠷᠠᠭᠤᠯᠤᠯᠲᠠ ᠪᠠ ᠭᠠᠵᠠᠷ ᠰᠢᠷᠣᠶ ᠶᠢ ᠴᠡᠭᠴᠡᠯᠡᠨ ᠵᠠᠰᠠᠬᠤ ᠶᠢ ᠰᠠᠶᠢᠲᠤᠷ ᠬᠢᠬᠦ ᠶᠢᠨ ᠬᠠᠮᠲᠤ᠂ ᠬᠡᠷ ᠪᠠᠶᠢᠰᠢᠩ ᠪᠠᠷᠢᠬᠤ ᠭᠠᠵᠠᠷ ᠰᠣᠩᠭᠤᠬᠤ ᠠᠵᠢᠯ ᠢ ᠰᠠᠶᠢᠲᠤᠷ ᠬᠢᠵᠦ᠂ ᠭᠠᠵᠠᠷ ᠬᠡᠷᠡᠭᠯᠡᠬᠦ᠂ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠶᠢ ᠲᠦᠷᠭᠡᠳᠬᠡᠨ᠂ ᠬᠢᠨᠠᠨ ᠵᠥᠪᠰᠢᠶᠡᠷᠡᠬᠦ ᠭᠠᠷᠳᠠᠮ ᠢ ᠳᠥᠭᠦᠮᠴᠢᠯᠡᠨ᠎ᠡ᠃ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠨ᠂ ᠣᠷᠣᠨ ᠰᠠᠭᠤᠴᠠ ᠶᠢ ᠰᠡᠷᠭᠦᠭᠡᠵᠦ ᠳᠠᠬᠢᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠳᠡᠮᠵᠢᠨ᠎ᠡ᠃        6.3 ᠡᠪᠦᠯ ᠬᠠᠪᠤᠷ ᠤᠨ ᠠᠪᠤᠷᠠᠨ ᠲᠤᠰᠠᠯᠠᠯᠳᠠ        6.3.1 ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠠᠮᠰᠢᠭᠳᠠᠭᠰᠠᠨ ᠣᠯᠠᠨ ᠲᠦᠮᠡᠨ ᠤ ᠭᠠᠮᠰᠢᠭ ᠡᠭᠦᠰᠦᠭᠰᠡᠨ ᠤ ᠳᠠᠷᠠᠭᠠᠬᠢ ᠲᠤᠬᠠᠶ ᠶᠢᠨ ᠵᠢᠯ ᠤᠨ ᠡᠪᠦᠯ ᠤᠨ ᠤᠯᠠᠷᠢᠯ᠂ ᠳᠠᠷᠠᠭ᠎ᠠ ᠵᠢᠯ ᠤᠨ ᠬᠠᠪᠤᠷ ᠤᠨ ᠤᠯᠠᠷᠢᠯ ᠳᠤ ᠲᠤᠯᠭᠠᠷᠠᠭᠰᠠᠨ ᠦᠨᠳᠦᠰᠦᠨ ᠠᠮᠢᠳᠤᠷᠠᠯ ᠤᠨ ᠬᠦᠴᠢᠷᠳᠡᠯ ᠢ ᠬᠠᠷᠢᠭᠤᠴᠠᠨ ᠰᠢᠢᠳᠪᠦᠷᠢᠯᠡᠨ᠎ᠡ᠃ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠲᠣᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠦᠨᠳᠦᠰᠦᠯᠡᠨ ᠨᠢᠭᠡᠳᠦᠯᠲᠡᠶ ᠲᠥᠯᠥᠪᠯᠡᠨ ᠵᠢᠯᠣᠭᠤᠳᠬᠤ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃        6.3.2 ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠢᠯ ᠪᠦᠷᠢ ᠶᠢᠨ 9 ᠳ᠋ᠦ᠋ᠭᠡᠷ ᠰᠠᠷ᠎ᠠ ᠠᠴᠠ ᠡᠬᠢᠯᠡᠨ ᠲᠣᠰ ᠵᠠᠰᠠᠭ ᠵᠠᠬᠢᠷᠭᠠᠨ ᠤ ᠣᠷᠣᠨ ᠤ ᠭᠠᠮᠰᠢᠭᠳᠠᠭᠰᠠᠨ ᠣᠯᠠᠨ ᠲᠦᠮᠡᠨ ᠤ ᠲᠤᠬᠠᠶ ᠶᠢᠨ ᠵᠢᠯ ᠤᠨ ᠡᠪᠦᠯ ᠤᠨ ᠤᠯᠠᠷᠢᠯ᠂ ᠳᠠᠷᠠᠭ᠎ᠠ ᠵᠢᠯ ᠤᠨ ᠬᠠᠪᠤᠷ ᠤᠨ ᠤᠯᠠᠷᠢᠯ ᠤᠨ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠯᠲᠠ᠂ ᠲᠤᠭ᠎ᠠ ᠪᠦᠷᠢᠳᠬᠡᠯ᠂ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠪᠤᠷᠠᠨ ᠲᠤᠰᠠᠯᠠᠬᠤ ᠴᠢᠬᠤᠯᠠᠲᠠᠶ ᠬᠥᠮᠦᠰ ᠢ ᠬᠢᠨᠠᠨ ᠬᠠᠷᠭᠤᠭᠤᠯᠵᠤ᠂ ᠠᠵᠢᠯ ᠤᠨ ᠡᠬᠡ ᠲᠠᠩᠰᠠ ᠨᠠᠶᠢᠷᠠᠭᠤᠯᠤᠨ ᠵᠣᠬᠢᠶᠠᠵᠤ᠂ ᠠᠪᠤᠷᠠᠨ ᠲᠤᠰᠠᠯᠠᠬᠤ ᠠᠵᠢᠯ ᠤᠨ ᠲᠥᠰᠦᠯ ᠢ ᠲᠣᠰ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠡᠭᠡᠷ᠎ᠡ ᠨᠢᠭᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠥᠯᠢᠭᠡᠷ ᠠᠪᠴᠤ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ ᠳᠣᠤᠷᠠᠳᠤ ᠱᠠᠲᠤᠨ ᠤ ᠰᠠᠯᠠᠭ᠎ᠠ ᠮᠥᠴᠢᠷ ᠤᠨ ᠳᠡᠭᠡᠭᠰᠢ ᠮᠡᠳᠡᠭᠦᠯᠦᠭᠰᠡᠨ ᠠᠪᠤᠷᠠᠨ ᠲᠤᠰᠠᠯᠠᠬᠤ ᠴᠢᠬᠤᠯᠠᠲᠠᠶ ᠬᠥᠮᠦᠰ ᠤᠨ ᠪᠠᠶᠢᠳᠠᠯ ᠢ ᠬᠢᠨᠠᠨ ᠪᠠᠶᠢᠴᠠᠭᠠᠵᠤ᠂ ᠬᠤᠷᠢᠶᠠᠩᠭᠤᠶᠢᠯᠠᠵᠤ᠂ ᠦᠨᠡᠯᠡᠨ ᠵᠢᠱᠢᠨ᠎ᠡ᠃        6.3.3 ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠯᠠ ᠮᠥᠩᠭᠦ ᠶᠢᠨ ᠭᠤᠶᠤᠴᠢᠯᠠᠯ ᠵᠢᠴᠢ ᠪᠥᠬᠦ ᠲᠣᠭᠤᠷᠢᠭ ᠤᠨ ᠠᠪᠤᠷᠠᠨ ᠲᠤᠰᠠᠯᠠᠬᠤ ᠴᠢᠬᠤᠯᠠᠲᠠᠶ ᠬᠥᠮᠦᠰ ᠤᠨ ᠬᠡᠪᠴᠢᠶ᠎ᠡ ᠶᠢ ᠦᠨᠳᠦᠰᠦᠯᠡᠨ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠲᠥᠪ ᠤᠨ ᠡᠪᠦᠯ ᠬᠠᠪᠤᠷ ᠤᠨ ᠠᠪᠤᠷᠠᠨ ᠲᠤᠰᠠᠯᠠᠬᠤ ᠪᠠᠯᠠ ᠮᠥᠩᠭᠦ ᠶᠢ ᠭᠤᠶᠤᠴᠢᠯᠠᠨ᠎ᠠ᠃        6.3.4 ᠲᠥᠪ ᠤᠨ ᠡᠪᠦᠯ ᠬᠠᠪᠤᠷ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠪᠠᠭᠤᠯᠭᠠᠭᠰᠠᠨ ᠤ ᠳᠠᠷᠠᠭ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠨᠥᠬᠦᠪᠥᠷᠢ ᠶᠢᠨ ᠲᠤᠭ᠎ᠠ ᠶᠢ ᠬᠢᠨᠠᠨ ᠲᠣᠭᠲᠠᠭᠠᠵᠤ᠂ ᠪᠡᠯᠡ ᠮᠥᠩᠭᠦ ᠶᠢᠨ ᠲᠥᠰᠦᠪ ᠢ ᠴᠠᠭ ᠲᠤᠬᠠᠶ ᠳᠤᠨᠢ ᠪᠠᠭᠤᠯᠭᠠᠵᠤ᠂ ᠭᠠᠮᠰᠢᠭᠳᠠᠭᠰᠠᠨ ᠣᠯᠠᠨ ᠲᠦᠮᠡᠨ ᠤ ᠡᠪᠦᠯ ᠬᠠᠪᠤᠷ ᠤᠨ ᠦᠨᠳᠦᠰᠦᠨ ᠠᠮᠢᠳᠤᠷᠠᠯ ᠤᠨ ᠬᠦᠴᠢᠷᠳᠡᠯ ᠢ ᠲᠤᠰᠬᠠᠶ ᠵᠦᠢᠯ ᠢᠶᠠᠷ ᠬᠠᠪᠰᠤᠷᠤᠨ ᠰᠢᠢᠳᠪᠦᠷᠢᠯᠡᠬᠦ ᠳᠤ ᠬᠡᠷᠡᠭᠯᠡᠨ᠎ᠡ᠃        6.3.5 ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ ᠬᠤᠪᠴᠠᠰᠤ ᠬᠤᠨᠠᠷ ᠬᠥᠨᠵᠢᠯᠡ ᠳᠡᠪᠢᠰᠬᠡᠷ ᠵᠡᠷᠭᠡ ᠡᠳ᠋ ᠪᠣᠳᠠᠰ ᠢ ᠲᠣᠬᠢᠷᠠᠭᠤᠯᠤᠨ ᠲᠠᠷᠬᠠᠭᠠᠵᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠪᠠᠶᠢᠳᠠᠯ ᠢ ᠦᠵᠡᠵᠦ ᠲᠣᠭᠤᠷᠢᠭ ᠤᠨ ᠲᠣᠰ ᠱᠠᠲᠤᠨ ᠤ ᠭᠠᠮᠰᠢᠭ ᠠᠴᠠ ᠠᠪᠤᠷᠬᠠᠤ ᠡᠳ᠋ ᠪᠣᠳᠠᠰ ᠢ ᠰᠢᠯᠵᠢᠭᠦᠯᠦᠨ ᠥᠭᠬᠦ ᠳᠤ ᠳᠡᠮᠵᠢᠯᠭᠡ ᠦᠵᠡᠭᠦᠯᠦᠨ᠎ᠡ᠃        7 ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ        7.1 ᠪᠡᠯᠡ ᠮᠦᠡᠭᠬᠦ ᠶᠢᠨ ᠪᠠᠳᠣᠯᠠᠭ᠎ᠠ        7.1.1 ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠭᠠᠮᠰᠢᠭ ᠠᠴᠠ ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠭᠰᠠᠨ ᠪᠡᠯᠡ ᠮᠥᠩᠭᠦ᠂ ᠡᠳ᠋ ᠪᠣᠳᠠᠰ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠪᠠ ᠪᠣᠳᠠᠲᠠᠶ ᠬᠡᠷᠡᠭᠴᠡᠭᠡ ᠶᠢ ᠦᠨᠳᠦᠰᠦᠯᠡᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠡᠯᠡ ᠮᠥᠩᠭᠦ ᠪᠠ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃        7.1.2 ᠲᠣᠭᠤᠷᠢᠭ ᠤᠨ ᠡᠳ᠋ ᠤᠨ ᠵᠠᠰᠠᠭ ᠠᠴᠠ ᠵᠢᠯ ᠪᠦᠷᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠭᠠᠮᠰᠢᠭ ᠤᠨ ᠪᠠᠶᠢᠳᠠᠯ ᠢ ᠲᠥᠰᠦᠭᠡᠯᠡᠬᠦ ᠪᠠ ᠡᠭᠦᠨ ᠠᠴᠠ ᠡᠮᠦᠨᠡᠬᠢ ᠣᠨ ᠤ ᠪᠣᠳᠠᠲᠠᠶ ᠵᠠᠷᠤᠯᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠣᠷᠣᠨ ᠪᠦᠰᠡ ᠶᠢᠨ ᠳᠣᠲᠣᠷᠠᠬᠢ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠲᠥᠰᠦᠪ ᠢ ᠵᠦᠶ ᠵᠣᠬᠢᠰᠲᠠᠶ ᠲᠣᠬᠢᠷᠠᠭᠤᠯᠵᠤ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠠᠮᠵᠢᠵᠤ᠂ ᠪᠠᠶᠢᠭᠠᠯᠢ ᠶᠢᠨ ᠬᠦᠨᠳᠦ ᠶᠡᠭᠡ ᠣᠨᠴᠠ ᠶᠡᠭᠡ ᠭᠠᠮᠰᠢᠭ ᠠᠴᠠ ᠠᠪᠤᠷᠠᠬᠤ ᠪᠠ ᠭᠠᠮᠰᠢᠭᠳᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃        7.1.3 ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ ᠬᠠᠷᠭᠤᠭᠤᠯᠤᠨ ᠰᠠᠯᠭᠠᠨ ᠥᠭᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠪᠣᠯᠤᠨ ᠭᠠᠮᠰᠢᠭ ᠠᠴᠠ ᠠᠪᠤᠷᠠᠬᠤ ᠠᠵᠢᠯ ᠤᠨ ᠠᠬᠢᠴᠠ ᠶᠢ ᠦᠨᠳᠦᠰᠦᠯᠡᠨ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠶ ᠳᠤᠨᠢ ᠲᠦᠷᠭᠡᠨ ᠪᠥᠭᠡᠳ ᠭᠦᠢᠴᠡᠳ ᠪᠠᠲᠤᠯᠠᠬᠤ ᠵᠠᠷᠴᠢᠮ ᠶᠣᠰᠣᠭᠠᠷ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠤᠷᠢᠳᠴᠢᠯᠠᠨ ᠰᠠᠯᠭᠠᠨ ᠥᠭᠴᠦ᠂ ᠭᠠᠮᠰᠢᠭᠳᠠᠭᠰᠠᠨ ᠭᠠᠵᠠᠷ ᠣᠷᠣᠨ ᠤ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠪᠡᠯᠡ ᠮᠥᠩᠭᠦ ᠶᠢᠨ ᠪᠠᠴᠢᠮ ᠬᠡᠷᠡᠭᠴᠡᠭᠡ ᠶᠢ ᠬᠠᠩᠭᠠᠨ᠎ᠠ᠃ ᠭᠠᠮᠰᠢᠭ ᠤᠨ ᠪᠠᠶᠢᠳᠠᠯ ᠲᠣᠭᠲᠠᠭᠤᠨ ᠪᠣᠯᠭᠠᠭᠰᠠᠨ ᠤ ᠳᠠᠷᠠᠭ᠎ᠠ᠂ ᠴᠠᠭ ᠲᠤᠬᠠᠶ ᠳᠤᠨᠢ ᠤᠷᠢᠳᠴᠢᠯᠠᠨ ᠰᠠᠯᠭᠠᠨ ᠥᠭᠬᠦ ᠪᠡᠯᠡ ᠮᠥᠩᠭᠦ ᠶᠢ ᠢᠯᠭᠠᠷᠠᠭᠤᠯᠤᠨ ᠪᠣᠳᠣᠨ᠎ᠠ᠃ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠭᠠᠮᠰᠢᠭ ᠤᠨ ᠳᠠᠷᠠᠭᠠᠬᠢ ᠪᠠᠴᠢᠮ ᠪᠠᠶᠢᠳᠠᠯ ᠢ ᠠᠷᠭᠠᠴᠠᠨ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠴᠠᠭ ᠲᠤᠬᠠᠢ ᠳᠤ ᠨᠢ ᠪᠠᠭᠤᠯᠭᠠᠨ᠎ᠠ᠃        7.1.4 ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠪᠠᠶᠢᠭᠠᠯᠢ ᠶᠢᠨ ᠭᠠᠮᠰᠢᠭ ᠠᠮᠢᠳᠤᠷᠠᠯ ᠤᠨ ᠠᠪᠤᠷᠠᠨ ᠲᠤᠰᠠᠯᠠᠬᠤ ᠥᠪᠡᠷ ᠤᠨ ᠥᠷᠲᠡᠭ ᠵᠡᠷᠭᠡ ᠬᠦᠴᠦᠨ ᠵᠦᠢᠯ ᠢ ᠦᠨᠳᠦᠰᠦᠯᠡᠨ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠨᠥᠬᠦᠪᠥᠷᠢ ᠶᠢᠨ ᠪᠠᠷᠢᠮᠵᠢᠶ᠎ᠠ ᠶᠢ ᠴᠠᠭ ᠲᠤᠨᠢ ᠲᠣᠬᠢᠷᠠᠭᠤᠯᠵᠤ᠂ ᠭᠠᠮᠰᠢᠭᠳᠠᠭᠰᠠᠨ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠨ᠎ᠡ᠃        7.1.5 ᠲᠠᠭᠠᠳᠬᠠᠯ ᠵᠡᠷᠬᠡ ᠣᠷᠣᠨ ᠲᠠᠯᠠᠪᠠᠢ ᠶᠢᠨ ᠲᠣᠭᠲᠠᠴᠠ ᠶᠢᠨ ᠭᠠᠮᠰᠢᠭ ᠤᠨ ᠳᠥᠭᠰᠢᠬᠦᠷᠢ ᠶᠢ ᠰᠡᠷᠭᠡᠢᠯᠡᠬᠦ᠂ ᠬᠤᠬᠢᠷᠡᠯ ᠢ ᠨᠦᠬᠦᠪᠦᠷᠢᠯᠡᠬᠦ᠂ ᠰᠡᠷᠬᠦᠭᠡᠨ ᠳᠡᠬᠢᠨ ᠪᠠᠶᠢᠭᠤᠯᠬᠤ ᠵᠡᠷᠭᠡ ᠳᠡᠯ᠎ᠠ ᠪᠠᠷ ᠬᠢ ᠢᠳᠡᠪᠬᠢ ᠦᠢᠯᠡᠳᠣᠯ ᠢ ᠪᠠᠳᠡᠷᠡᠭᠤᠯᠵᠦ᠂ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠣᠷᠣᠨ ᠰᠠᠭᠤᠴᠠ ᠶᠢᠨ ᠬᠦᠨᠳᠦ ᠭᠠᠮᠰᠢᠭ ᠤᠨ ᠲᠠᠭᠠᠳᠬᠠᠯ᠂ ᠬᠦᠳᠡᠭᠡ ᠲᠣᠰᠬᠤᠨ ᠤ ᠣᠷᠣᠨ ᠰᠠᠭᠤᠴᠠ ᠶᠢᠨ ᠲᠠᠭᠠᠳᠬᠠᠯ᠂ ᠭᠠᠢ ᠭᠠᠮᠰᠢᠭ ᠤᠨ ᠠᠷᠡᠳ ᠤᠨ ᠠᠮᠢᠳᠣᠷᠡᠯ ᠤᠨ ᠲᠠᠭᠠᠳᠬᠠᠯ ᠵᠡᠷᠭᠡ ᠬᠠᠮᠢᠶ᠎ᠠ ᠪᠦᠬᠦᠢ ᠲᠠᠭᠠᠳᠬᠠᠯ ᠢ ᠬᠦᠭᠵᠢᠬᠦᠯᠥᠨ᠎ᠠ᠃ ᠰᠢᠭᠤᠶᠢᠲᠤ ᠲᠣᠭᠤᠷᠢᠭ ᠤᠨ ᠣᠨᠴᠠᠯᠢᠭ ᠲᠤ ᠨᠡᠶᠢᠴᠡᠭᠰᠡᠨ ᠣᠯᠠᠨ ᠭᠠᠮᠰᠢᠭ ᠤᠨ ᠣᠷᠣᠨ ᠪᠦᠰᠡ ᠶᠢᠨ ᠴᠢᠨᠠᠷᠲᠠᠶ ᠯᠤᠲᠤ ᠶᠡᠭᠡ ᠭᠠᠮᠰᠢᠭ ᠤᠨ ᠳᠠᠭᠠᠳᠬᠠᠯ ᠤᠨ ᠳᠦᠷᠢᠮ ᠢ ᠬᠡᠷᠡᠭᠵᠢᠭᠦᠯᠬᠦ ᠶᠢ ᠠᠬᠢᠭᠤᠯᠵᠤ᠂ ᠪᠠᠶᠢᠭᠠᠯᠢ ᠶᠢᠨ ᠭᠠᠮᠰᠢᠭ ᠤᠨ ᠲᠥᠯᠥᠪᠦᠷᠢ ᠥᠭᠬᠦ ᠰᠠᠭᠠᠳ ᠦᠭᠡᠶ ᠨᠡᠪᠲᠡᠷᠡᠬᠦ ᠵᠠᠮ ᠢ ᠪᠠᠶᠢᠭᠤᠯᠤᠨ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠥᠯᠥᠪᠦᠷᠢ ᠥᠭᠬᠦ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠦᠨ᠎ᠡ᠃        7.2 ᠡᠳ᠋ ᠪᠠᠷᠠᠭ᠎ᠠ ᠶᠢᠨ ᠪᠠᠲᠤᠯᠠᠭ᠎ᠠ        ︵1︶ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠰᠢᠭᠤᠶᠢᠲᠤ ᠲᠣᠭᠤᠷᠢᠭ ᠤᠨ ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠬᠥᠮᠥᠷᠭᠡ ᠶᠢ ᠵᠦᠢ ᠵᠣᠬᠢᠰᠲᠠᠶ ᠲᠥᠯᠥᠪᠵᠢᠭᠦᠯᠦᠨ ᠪᠠᠶᠢᠭᠤᠯᠵᠤ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠬᠥᠮᠥᠷᠭᠡ ᠶᠢᠨ ᠬᠥᠮᠥᠷᠭᠡᠯᠡᠨ ᠬᠠᠳᠠᠭᠠᠯᠠᠬᠤ ᠨᠥᠬᠦᠴᠡᠯ᠂ ᠪᠡᠯᠡᠳᠬᠡᠮᠵᠢ ᠪᠠ ᠴᠢᠳᠠᠮᠵᠢ ᠶᠢ ᠲᠡᠭᠦᠯᠳᠡᠷᠵᠢᠭᠦᠯᠵᠦ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠲᠣᠤᠷ ᠰᠦᠯᠵᠢᠶ᠎ᠡ ᠶᠢ ᠪᠦᠷᠢᠯᠳᠦᠭᠦᠯᠦᠨ᠎ᠡ᠃        ︵2︶ ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠲᠥᠯᠥᠪᠵᠢᠭᠦᠯᠭᠡ ᠶᠢ ᠲᠣᠭᠲᠠᠭᠠᠵᠤ᠂ ᠨᠥᠭᠡᠴᠡᠯᠡᠬᠦ ᠲᠥᠷᠥᠯ ᠵᠦᠢᠯ ᠪᠣᠯᠤᠨ ᠬᠡᠪᠴᠢᠶ᠎ᠡ ᠶᠢ ᠵᠦᠢ ᠵᠣᠬᠢᠰᠲᠠᠶ ᠲᠣᠭᠲᠠᠭᠠᠨ᠎ᠠ︔ ᠭᠠᠮᠰᠢᠭ ᠠᠴᠠ ᠠᠪᠤᠷᠠᠬᠤ ᠡᠳ᠋ ᠪᠠᠷᠠᠭ᠎ᠠ ᠬᠤᠳᠠᠯᠳᠤᠨ ᠠᠪᠬᠤ ᠪᠠ ᠨᠥᠭᠡᠴᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠢᠯ ᠪᠦᠷᠢ ᠬᠦᠨᠳᠦ ᠶᠡᠭᠡ ᠪᠠᠶᠢᠭᠠᠯᠢ ᠶᠢᠨ ᠭᠠᠮᠰᠢᠭ ᠢ ᠠᠷᠭᠠᠴᠠᠭᠠᠬᠤ ᠱᠠᠭᠠᠷᠳᠠᠯᠭ᠎ᠠ ᠶᠢ ᠦᠨᠳᠦᠰᠦᠯᠡᠨ ᠴᠢᠬᠤᠯᠠ ᠪᠦᠬᠦᠢ ᠡᠳ᠋ ᠪᠠᠷᠠᠭ᠎ᠠ ᠶᠢ ᠨᠦᠭᠡᠴᠡᠯᠡᠨ᠎ᠡ᠃ ᠪᠣᠳᠠᠲᠤ ᠶᠠᠭᠤᠮ᠎ᠠ ᠨᠥᠭᠡᠴᠡᠯᠡᠬᠦ ᠪᠠ ᠴᠢᠳᠠᠪᠤᠷᠢ ᠶᠢᠨ ᠨᠥᠭᠡᠴᠡ ᠶᠢ ᠬᠠᠷᠢᠯᠴᠠᠨ ᠤᠶᠠᠯᠳᠤᠭᠤᠯᠬᠤ ᠵᠠᠷᠴᠢᠮ ᠤᠨ ᠶᠣᠰᠣᠭᠠᠷ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠦᠢᠯᠡᠳᠪᠦᠷᠢᠯᠡᠬᠦ ᠦᠢᠯᠡᠳᠪᠦᠷᠢ ᠶᠢᠨ ᠨᠡᠷᠡᠰ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠬᠤᠳᠠᠯᠳᠤᠨ ᠠᠪᠬᠤ ᠪᠠ ᠪᠠᠷᠠᠭ᠎ᠠ ᠬᠠᠩᠭᠠᠬᠤ ᠲᠣᠭᠲᠠᠴᠠ ᠶᠢ ᠪᠦᠷᠢᠨᠰᠢᠭᠦᠯᠦᠨ᠎ᠡ᠃        ︵3︶ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢᠨ ᠶᠠᠰᠤ ᠴᠢᠨᠠᠷ ᠤᠨ ᠮᠡᠷᠭᠡᠵᠢᠯ ᠤᠨ ᠪᠠᠷᠢᠮᠵᠢᠶ᠎ᠠ᠂ ᠨᠥᠭᠡᠴᠡᠯᠡᠬᠦ ᠬᠥᠮᠥᠷᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠨ ᠲᠡᠭᠦᠯᠳᠡᠷᠵᠢᠭᠦᠯᠵᠦ ᠂ ᠰᠢᠭᠤᠶᠢᠲᠤ ᠲᠣᠭᠤᠷᠢᠭ ᠤᠨ ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠭᠠᠮᠰᠢᠭ ᠠᠴᠠ ᠠᠪᠤᠷᠠᠬᠤ ᠡᠳ᠋ ᠪᠣᠳᠠᠰ ᠤᠨ ᠪᠠᠴᠢᠮ ᠪᠠᠶᠢᠳᠠᠯ ᠢ ᠠᠷᠭᠠᠴᠠᠭᠠᠬᠤ ᠪᠠ ᠨᠥᠬᠦᠪᠥᠷᠢ ᠥᠭᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠰᠢᠯᠵᠢᠭᠦᠯᠦᠨ ᠥᠭᠬᠦ ᠪᠠ ᠲᠡᠭᠡᠭᠡᠪᠦᠷᠢᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃        7.3 ᠴᠢᠮᠡᠭᠡ ᠬᠤᠯᠪᠣᠭ᠎ᠠ ᠪᠠ ᠮᠡᠳᠡᠭᠡ ᠵᠠᠩᠭᠢ ᠶᠢᠨ ᠪᠠᠲᠤᠯᠠᠭ᠎ᠠ        ︵1︶ ᠨᠢᠭᠡᠳᠦᠮᠡᠯ ᠬᠤᠯᠪᠣᠭ᠎ᠠ᠂ ᠰᠢᠯᠵᠢᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ ᠵᠡᠷᠭᠡ ᠴᠢᠮᠡᠭᠡ ᠬᠤᠯᠪᠣᠭᠠᠨ ᠤ ᠨᠢᠭᠡᠴᠢ ᠨᠦᠭᠦᠳ ᠭᠠᠮᠰᠢᠭ ᠤᠨ ᠪᠠᠶᠢᠳᠠᠯ ᠢ ᠳᠠᠮᠵᠢᠭᠤᠯᠬᠤ ᠰᠠᠭᠠᠳ ᠦᠭᠡᠶ ᠨᠡᠪᠲᠡᠷᠡᠬᠦ ᠶᠢ ᠬᠠᠤᠯᠢ ᠶᠣᠰᠣᠭᠠᠷ ᠪᠠᠲᠤᠯᠠᠨ᠎ᠠ᠃ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠲᠣᠤᠷ ᠰᠦᠯᠵᠢᠶ᠎ᠡ ᠨᠢ ᠨᠡᠶᠢᠲᠡ ᠶᠢᠨ ᠬᠡᠷᠡᠭᠯᠡᠭᠡᠨ ᠤ ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠪᠠᠷ ᠰᠠᠭᠤᠷᠢ ᠪᠣᠯᠭᠠᠵᠤ᠂ ᠭᠠᠮᠰᠢᠭ ᠤᠨ ᠪᠠᠶᠢᠳᠠᠯ ᠤᠨ ᠲᠤᠰᠬᠠᠶ ᠮᠡᠳᠡᠭᠡ ᠬᠤᠯᠪᠣᠭᠠᠨ ᠤ ᠲᠣᠤᠷ ᠰᠦᠯᠵᠢᠶ᠎ᠡ ᠶᠢ ᠵᠦᠶ ᠵᠣᠬᠢᠰᠲᠠᠶ ᠵᠣᠬᠢᠶᠠᠨ ᠪᠠᠶᠢᠭᠤᠯᠵᠤ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃        ︵2︶ ᠰᠢᠭᠤᠶᠢᠲᠤ ᠲᠣᠭᠤᠷᠢᠭ ᠤᠨ ᠭᠠᠮᠰᠢᠭ ᠤᠨ ᠪᠠᠶᠢᠳᠠᠯ ᠤᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠡᠮᠵᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃        ︵3︶ ᠣᠳᠣ ᠶᠢᠨ ᠪᠠᠶᠢᠭ᠎ᠠ ᠡᠬᠢ ᠪᠠᠶᠠᠯᠢᠭ᠂ ᠲᠥᠬᠦᠭᠡᠷᠦᠮᠵᠢ ᠶᠢ ᠭᠦᠢᠴᠡᠳ ᠠᠰᠢᠭᠯᠠᠵᠤ᠂ ᠭᠠᠮᠰᠢᠭ ᠤᠨ ᠪᠠᠶᠢᠳᠠᠯ ᠪᠣᠯᠤᠨ ᠲᠤᠭ᠎ᠠ ᠪᠠᠷᠢᠮᠲᠠ ᠶᠢᠨ ᠦᠢᠯᠡᠳᠬᠦᠨ ᠤ ᠬᠠᠮᠲᠤ ᠳᠠᠭᠠᠨ ᠡᠳ᠋ᠯᠡᠬᠦ ᠲᠠᠪᠴᠠᠩ ᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠭᠠᠮᠰᠢᠭ ᠤᠨ ᠪᠠᠶᠢᠳᠠᠯ ᠢ ᠬᠠᠮᠲᠤ ᠳᠠᠭᠠᠨ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃        ︵4︶ ᠴᠠᠬᠢᠯᠭᠠᠨ ᠬᠠᠩᠭᠠᠬᠤ ᠲᠣᠪᠴᠢᠶ᠎ᠠ ᠨᠢ ᠪᠠᠶᠢᠭᠠᠯᠢ ᠶᠢᠨ ᠭᠠᠮᠰᠢᠭ ᠲᠤ ᠨᠦᠯᠦᠭᠡᠯᠡᠭᠳᠡᠭᠰᠡᠨ ᠣᠷᠣᠨ ᠤ ᠳᠣᠲᠣᠷᠠᠬᠢ ᠴᠠᠬᠢᠯᠭᠠᠨ ᠬᠦᠴᠦᠨ ᠤ ᠬᠠᠩᠭᠠᠯᠭ᠎ᠠ ᠶᠢᠨ ᠠᠶᠤᠯ ᠦᠭᠡᠶ ᠶᠢ ᠪᠠᠲᠤᠯᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠲᠦᠷ ᠴᠠᠭ ᠤᠨ ᠴᠠᠬᠢᠯᠭᠠᠨ ᠡᠭᠦᠰᠭᠡᠭᠴᠢ ᠵᠡᠷᠭᠡ ᠶᠢ ᠲᠣᠬᠢᠷᠠᠭᠤᠯᠤᠨ᠎ᠠ᠃        7.4 ᠲᠣᠨᠤᠭ ᠳᠥᠬᠦᠭᠡᠷᠦᠮᠵᠢ ᠪᠠ ᠪᠡᠯᠡᠳᠭᠡᠮᠵᠢ ᠶᠢᠨ ᠪᠠᠳᠣᠯᠠᠭ᠎ᠠ        ᠲᠣᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠮᠰᠢᠭ ᠠᠴᠠ ᠠᠪᠤᠷᠠᠬᠤ ᠬᠠᠮᠢᠶᠠᠷᠤᠯᠲᠠ ᠶᠢᠨ ᠠᠵᠢᠯ ᠤᠨ ᠴᠢᠬᠤᠯᠠ ᠪᠦᠬᠦᠢ ᠲᠥᠬᠦᠭᠡᠷᠦᠮᠵᠢ ᠪᠠ ᠲᠣᠨᠤᠭ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠶ᠃ ᠲᠣᠭᠤᠷᠢᠭ ᠤᠨ ᠵᠠᠰᠠᠭ ᠤᠨ ᠣᠷᠳᠣᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠳᠤ ᠴᠢᠬᠤᠯᠠ ᠪᠦᠬᠦᠢ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠵᠡᠷᠭᠡ ᠲᠥᠬᠦᠭᠡᠷᠦᠮᠵᠢ ᠶᠢ ᠬᠠᠩᠭᠠᠬᠤ ᠬᠡᠷᠡᠭᠲᠡᠶ᠃        ᠲᠣᠭᠤᠷᠢᠭ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠬᠥᠮᠦᠨ ᠠᠮᠠ ᠶᠢᠨ ᠲᠤᠭ᠎ᠠ ᠬᠡᠮᠵᠢᠶ᠎ᠡ ᠪᠠ ᠲᠠᠷᠬᠠᠯᠲᠠ ᠵᠡᠷᠭᠡ ᠪᠠᠶᠢᠳᠠᠯ ᠢ ᠦᠨᠳᠦᠰᠦᠯᠡᠨ᠂ ᠴᠡᠴᠡᠷᠯᠢᠭ᠂ ᠠᠭᠤᠳᠠᠮ ᠲᠠᠯᠠᠪᠠᠶ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠶᠢ ᠠᠰᠢᠭᠯᠠᠨ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠭᠠᠵᠠᠷ ᠲᠠᠯᠠᠪᠤᠷ ᠢ ᠨᠢᠭᠡᠳᠦᠯᠲᠡᠶ ᠲᠦᠯᠦᠪᠯᠡᠬᠦ ᠶᠢᠨ ᠬᠠᠮᠲᠤ ᠢᠯᠡ ᠲᠡᠮᠳᠡᠭ ᠪᠠᠶᠢᠷᠢᠯᠠᠭᠤᠯᠬᠤ ᠬᠡᠷᠡᠭᠲᠡᠶ᠃        ᠭᠠᠮᠰᠢᠭ ᠭᠠᠷᠤᠭᠰᠠᠨ ᠤ ᠳᠠᠷᠠᠭ᠎ᠠ᠂ ᠲᠣᠭᠤᠷᠢᠭ ᠤᠨ ᠵᠠᠰᠠᠭ ᠤᠨ ᠣᠷᠳᠣᠨ ᠪᠠᠶᠢᠳᠠᠯ ᠢ ᠦᠵᠡᠵᠦ ᠪᠠᠶᠢᠭᠠᠳ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠭᠠᠵᠠᠷ ᠢ ᠨᠡᠭᠡᠭᠡᠬᠦ ᠠᠵᠢᠯ ᠢ ᠴᠠᠭ ᠲᠤᠬᠠᠶ ᠳᠤᠨᠢ ᠡᠬᠢᠯᠡᠭᠦᠯᠵᠦ᠂ ᠭᠠᠮᠰᠢᠭᠳᠠᠭᠰᠠᠨ ᠣᠯᠠᠨ ᠲᠦᠮᠡᠨ ᠢ ᠲᠥᠪᠬᠢᠨᠡᠭᠦᠯᠬᠦ ᠴᠡᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠭᠤᠯᠠᠨ ᠦᠶᠡᠷ᠂ ᠭᠠᠵᠠᠷ ᠤᠨ ᠭᠠᠶ ᠭᠠᠮᠰᠢᠭ ᠤᠨ ᠳᠠᠯᠳᠠ ᠭᠡᠮ ᠤᠨ ᠴᠡᠭ ᠵᠢᠴᠢ ᠪᠤᠰᠤᠳ ᠠᠶᠤᠯᠲᠠᠶ ᠣᠷᠣᠨ ᠠᠴᠠ ᠵᠠᠶᠢᠯᠠᠰᠬᠢᠵᠦ᠂ ᠡᠭᠦᠰᠦᠮᠡᠯ ᠭᠠᠶ ᠭᠠᠮᠰᠢᠭ ᠠᠴᠠ ᠵᠠᠶᠢᠯᠠᠰᠬᠢᠬᠦ ᠬᠡᠷᠡᠭᠲᠡᠶ᠃ ᠡᠭᠦᠨ ᠤ ᠬᠠᠮᠲᠤ᠂ ᠲᠥᠪᠬᠢᠨᠡᠭᠦᠯᠬᠦ‍ ᠴᠢᠭ ᠤᠨ ᠭᠠᠯ ᠤᠨᠲᠠᠷᠠᠭᠠᠬᠤ ᠠᠮᠤᠷ ᠲᠦᠪᠰᠢᠨ᠂ ᠡᠷᠡᠭᠦᠯ ᠬᠠᠮᠠᠭᠠᠯᠠᠯ ᠡᠮ ᠡᠮᠨᠡᠯᠭᠡ᠂ ᠬᠢᠵᠢᠭ ᠢ ᠰᠡᠷᠭᠡᠶᠢᠯᠡᠨ ᠠᠷᠢᠭᠤᠳᠬᠠᠬᠤ᠂ ᠢᠳᠡᠭᠡᠨ ᠤ ᠠᠮᠤᠷ ᠲᠦᠪᠰᠢᠨ᠂ ᠠᠮᠤᠷ ᠢ ᠬᠠᠮᠠᠭᠠᠯᠠᠬᠤ ᠵᠡᠷᠭᠡ ᠪᠠᠲᠤᠯᠠᠭ᠎ᠠ ᠶᠢ ᠴᠢᠩᠭᠠᠳᠬᠠᠵᠤ᠂ ᠲᠥᠪᠬᠢᠨᠡᠭᠦᠯᠬᠦ‍ ᠴᠢᠭ ᠤᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃        7.5 ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ        ︵1︶ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠤᠭᠤᠷᠢᠭ ᠤᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠵᠤ᠂ ᠬᠡᠷᠡᠭᠴᠡᠭᠡ ᠪᠠᠨ ᠦᠨᠳᠦᠰᠦᠯᠡᠨ ᠭᠠᠮᠰᠢᠭᠳᠠᠭᠰᠠᠨ ᠣᠷᠣᠨ ᠳᠤ ᠴᠠᠭ ᠲᠤᠬᠠᠶ ᠳᠤᠨᠢ ᠬᠦᠷᠴᠦ ᠡᠮᠴᠢᠯᠡᠭᠡᠨ ᠤ ᠠᠪᠤᠷᠠᠨ ᠵᠠᠰᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠥᠷᠨᠢᠭᠦᠯᠦᠨ᠎ᠡ᠃        ︵2︶ ᠲᠤᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠳᠠᠲᠤ ᠪᠠᠶᠢᠳᠠᠯ ᠪᠣᠯᠤᠨ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠶᠤᠴᠢᠯᠠᠯ ᠢ ᠦᠨᠳᠦᠰᠦᠯᠡᠨ᠂ ᠭᠠᠮᠰᠢᠭᠳᠠᠭᠰᠠᠨ ᠣᠷᠣᠨ ᠳᠤ ᠡᠮ ᠤᠨ ᠵᠦᠢᠯ᠂ ᠪᠠᠭᠠᠵᠢ ᠬᠡᠷᠡᠭᠰᠡᠯ ᠵᠡᠷᠭᠡ ᠡᠮᠴᠢᠯᠡᠭᠡ ᠡᠷᠡᠭᠦᠯ ᠬᠠᠮᠠᠭᠠᠯᠠᠯ ᠤᠨ ᠡᠳ᠋ ᠪᠣᠳᠠᠰ ᠪᠣᠯᠤᠨ ᠲᠥᠬᠦᠭᠡᠷᠦᠮᠵᠢ ᠶᠢ ᠴᠠᠭ ᠲᠤᠬᠠᠶ ᠳᠤᠨᠢ ᠬᠠᠩᠭᠠᠨ᠎ᠠ᠃ ᠴᠢᠬᠤᠯᠠ ᠲᠠᠢ ᠦᠶ᠎ᠡ ᠳᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠨᠡᠶᠢᠭᠡᠮ ᠤᠨ ᠬᠦᠴᠦᠨ ᠢ ᠳᠠᠶᠢᠴᠢᠯᠠᠨ ᠲᠤᠬᠠᠶ ᠶᠢᠨ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠠᠵᠢᠯ ᠳᠤ ᠣᠷᠣᠯᠴᠠᠭᠤᠯᠤᠨ᠎ᠠ᠃        7.6 ᠵᠠᠮ ᠬᠠᠷᠢᠯᠴᠠᠭ᠎ᠠ ᠲᠡᠭᠡᠭᠡᠪᠦᠷᠢ ᠪᠠ ᠠᠮᠤᠷ ᠲᠦᠪᠰᠢᠨ ᠤ ᠬᠠᠮᠠᠭᠠᠯᠠᠯᠲᠠ        ︵1︶ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠬᠢᠭᠡᠳ ᠤᠰᠤᠨ ᠤ ᠶᠠᠪᠤᠳᠠᠯ ᠤᠨ ᠲᠣᠪᠴᠢᠶ᠎ᠠ ᠵᠢᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠭᠠᠮᠰᠢᠭ ᠠᠴᠠ ᠠᠪᠤᠷᠠᠬᠤ ᠬᠥᠮᠦᠰ ᠪᠠ ᠭᠠᠮᠰᠢᠭ ᠤᠨ ᠬᠥᠨᠥᠭᠡᠯ ᠳᠤ ᠤᠴᠠᠷᠠᠭᠰᠠᠨ ᠬᠥᠮᠦᠰ᠂ ᠭᠠᠮᠰᠢᠭ ᠠᠴᠠ ᠠᠪᠤᠷᠠᠬᠤ ᠡᠳ᠋ ᠪᠣᠳᠠᠰ᠂ ᠠᠪᠤᠷᠠᠨ ᠲᠤᠰᠠᠯᠠᠬᠤ ᠲᠥᠬᠦᠭᠡᠷᠦᠮᠵᠢ ᠶᠢ ᠤᠷᠢᠳᠠᠪᠠᠷ ᠲᠡᠭᠡᠭᠡᠪᠦᠷᠢᠯᠡᠬᠦ ᠶᠢ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠬᠤᠭᠤᠴᠠᠭᠠᠨ ᠳᠤ᠂ ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠠᠶᠤᠯ ᠭᠠᠮᠰᠢᠭ ᠠᠴᠠ ᠠᠪᠤᠷᠠᠬᠤ ᠡᠭᠦᠷᠭᠡ ᠭᠦᠢᠴᠡᠳᠬᠡᠵᠦ ᠪᠠᠶᠢᠭ᠎ᠠ ᠲᠡᠷᠭᠡ ᠬᠥᠰᠬᠡ ᠶᠢ ᠡᠩ ᠲᠡᠷᠢᠭᠦᠨ ᠳᠤ ᠨᠡᠪᠲᠡᠷᠡᠭᠦᠯᠵᠦ᠂ ᠲᠡᠷᠭᠡ ᠬᠥᠰᠬᠡ ᠶᠢᠨ ᠨᠡᠪᠲᠡᠷᠡᠬᠦ ᠰᠦᠢᠳᠬᠡᠯ ᠲᠤᠰᠢᠶᠠᠬᠤ ᠠᠴᠠ ᠬᠡᠯᠲᠦᠷᠢᠭᠦᠯᠦᠨ᠎ᠡ᠃ ᠵᠠᠮ ᠬᠠᠷᠢᠯᠴᠠᠭᠠᠨ ᠤ ᠪᠡᠯᠡᠳᠬᠡᠮᠵᠢ ᠡᠪᠳᠡᠭᠳᠡᠭᠰᠡᠨ ᠦᠶ᠎ᠡ ᠳᠤ ᠳᠠᠷᠤᠶ ᠲᠦᠷᠭᠡᠨ ᠬᠦᠴᠦᠨ ᠢᠶᠠᠨ ᠵᠣᠬᠢᠶᠠᠨ ᠪᠠᠶᠢᠭᠤᠯᠤᠨ ᠰᠡᠯᠪᠢᠨ ᠵᠠᠰᠠᠬᠤ ᠬᠡᠷᠡᠭᠲᠡᠶ᠃        ︵2︶ ᠭᠠᠮᠰᠢᠭ ᠠᠴᠠ ᠠᠪᠤᠷᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠭᠠᠮᠰᠢᠭᠳᠠᠭᠰᠠᠨ ᠭᠠᠵᠠᠷ ᠣᠷᠣᠨ ᠲᠤᠬᠠᠶ ᠶᠢᠨ ᠲᠠᠯᠠᠪᠠᠶ ᠵᠢᠴᠢ ᠬᠠᠮᠢᠶ᠎ᠠ ᠪᠦᠬᠦᠢ ᠨᠡᠪᠲᠡᠷᠡᠬᠦ ᠵᠠᠮ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠵᠦ᠂ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ︽ᠰᠠᠭᠠᠳ ᠦᠭᠡᠶ ᠨᠡᠪᠲᠡᠷᠡᠬᠦ ᠵᠠᠮ︾ ᠭᠠᠷᠭᠠᠵᠤ᠂ ᠭᠠᠮᠰᠢᠭ ᠠᠴᠠ ᠠᠪᠤᠷᠠᠬᠤ ᠠᠵᠢᠯ ᠤᠨ ᠤᠷᠤᠭᠰᠢᠲᠠᠶ ᠥᠷᠨᠢᠬᠦ ᠶᠢ ᠪᠠᠲᠤᠯᠠᠨ᠎ᠠ᠃ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠪᠠᠴᠢᠮ ᠪᠠᠶᠢᠳᠠᠯ ᠤᠨ ᠳᠣᠣᠷ᠎ᠠ᠂ ᠴᠢᠬᠤᠯᠠ ᠪᠦᠬᠦᠢ ᠵᠠᠮ ᠬᠠᠷᠢᠯᠴᠠᠭᠠᠨ ᠤ ᠪᠠᠭᠠᠵᠢ᠂ ᠲᠥᠬᠦᠭᠡᠷᠦᠮᠵᠢ᠂ ᠲᠠᠯᠠᠪᠤᠷ ᠢ ᠲᠠᠲᠠᠪᠤᠷᠢᠯᠠᠨ ᠬᠡᠷᠡᠭᠯᠡᠵᠦ᠂ ᠠᠶᠤᠯ ᠭᠠᠮᠰᠢᠭ ᠠᠴᠠ ᠠᠪᠤᠷᠠᠬᠤ ᠠᠵᠢᠯ ᠤᠨ ᠴᠠᠭ ᠲᠤᠬᠠᠶ ᠳᠤᠨᠢ ᠡᠮᠬᠢ ᠵᠢᠷᠤᠮ ᠲᠠᠢ ᠥᠷᠨᠢᠬᠦ ᠶᠢ ᠪᠠᠲᠤᠯᠠᠨ᠎ᠠ᠃        ︵3︶ ᠰᠢᠭᠤᠶᠢᠲᠤ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠴᠢᠮ ᠪᠠᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠨᠡᠶᠢᠭᠡᠮ ᠤᠨ ᠠᠮᠤᠷ ᠲᠦᠪᠰᠢᠨ ᠡᠮᠬᠢ ᠳᠢᠭᠯᠢᠮ ᠢ ᠬᠠᠮᠠᠭᠠᠯᠠᠬᠤ ᠠᠵᠢᠯ ᠳᠤ ᠣᠷᠣᠯᠴᠠᠨ᠎ᠠ᠃ ᠪᠠᠶᠢᠳᠠᠯ ᠢ ᠦᠵᠡᠵᠦ ᠪᠠᠶᠢᠭᠠᠳ ᠭᠠᠮᠰᠢᠭᠳᠠᠭᠰᠠᠨ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠤᠷ᠎ᠠ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠠᠵᠢᠯᠯᠠᠭ᠎ᠠ ᠶᠢᠨ ᠲᠥᠰᠦᠯ ᠢ ᠲᠣᠭᠲᠠᠭᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠭᠦᠨ᠎ᠡ᠃ ᠴᠢᠬᠤᠯᠠ ᠲᠠᠢ ᠦᠶ᠎ᠡ ᠳᠤ᠂ ᠬᠠᠤᠯᠢ ᠶᠣᠰᠣᠭᠠᠷ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠭᠠᠮᠰᠢᠭᠳᠠᠭᠰᠠᠨ ᠣᠷᠣᠨ ᠤ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠨ᠎ᠠ᠃        7.7 ᠬᠥᠮᠦᠨ ᠤ ᠬᠦᠴᠦᠨ ᠤ ᠡᠬᠢ ᠪᠠᠶᠠᠯᠢᠭ ᠤᠨ ᠪᠡᠯᠡᠳᠬᠡᠯ        ︵1︶ ᠪᠠᠶᠢᠭᠠᠯᠢ ᠶᠢᠨ ᠭᠠᠮᠰᠢᠭ ᠤᠨ ᠡᠯ᠎ᠡ ᠲᠥᠷᠥᠯ ᠤᠨ ᠲᠤᠰᠬᠠᠶ ᠠᠵᠢᠯ ᠤᠨ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ᠂ ᠠᠷᠠᠳ ᠤᠨ ᠶᠠᠪᠤᠳᠠᠯ ᠤᠨ ᠭᠠᠮᠰᠢᠭ ᠤᠨ ᠬᠠᠮᠢᠶᠠᠷᠤᠯᠲᠠ ᠶᠢᠨ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠮᠢᠶ᠎ᠠ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠡᠩᠨᠡᠭᠡ ᠶᠢ ᠪᠤᠶᠢᠵᠢᠭᠤᠯᠤᠨ ᠬᠥᠭᠵᠢᠭᠦᠯᠬᠦ ᠪᠠ ᠬᠥᠲᠥᠯᠥᠨ ᠵᠢᠯᠣᠭᠤᠳᠴᠤ ᠪᠠᠶᠢᠭᠠᠳ ᠭᠠᠮᠰᠢᠭ ᠠᠴᠠ ᠠᠪᠤᠷᠠᠬᠤ ᠠᠵᠢᠯ ᠤᠨ ᠳᠤᠮᠳᠠ ᠢᠳᠡᠪᠬᠢ ᠦᠢᠯᠡᠳᠦᠯ ᠢᠶᠠᠨ ᠪᠠᠳᠠᠷᠠᠭᠤᠯᠬᠤ ᠶᠢ ᠨᠢ ᠵᠣᠷᠢᠭᠵᠢᠭᠤᠯᠤᠨ᠎ᠠ         ︵2︶ ᠲᠣᠭᠤᠷᠢᠭ ᠤᠨ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠢᠴᠢ ᠭᠠᠵᠠᠷ ᠬᠥᠳᠡᠯᠦᠯᠲᠡ᠂ ᠴᠠᠭ ᠠᠭᠤᠷ᠂ ᠬᠡᠮᠵᠢᠨ ᠵᠢᠷᠤᠬᠤ ᠭᠠᠵᠠᠷ ᠤᠨ ᠢᠲᠡᠭᠡᠮᠵᠢ ᠵᠡᠷᠭᠡ ᠲᠠᠯ᠎ᠠ ᠶᠢᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠭᠠᠮᠰᠢᠭ ᠤᠨ ᠪᠠᠶᠢᠳᠠᠯ ᠢ ᠵᠥᠪᠳᠡᠯᠴᠡᠬᠦ᠂ ᠭᠠᠮᠰᠢᠭᠳᠠᠭᠰᠠᠨ ᠣᠷᠣᠨ ᠳᠤ ᠬᠦᠷᠴᠦ ᠲᠤᠬᠠᠶ ᠶᠢᠨ ᠭᠠᠵᠠᠷ ᠲᠤᠨᠢ ᠦᠨᠡᠯᠡᠨ ᠵᠢᠱᠢᠬᠦ ᠵᠢᠴᠢ ᠭᠠᠮᠰᠢᠭ ᠤᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠠᠵᠢᠯ ᠢ ᠭᠤᠤᠯᠳᠠᠯᠭ᠎ᠠ ᠲᠠᠢ ᠥᠷᠨᠢᠭᠦᠯᠦᠨ᠎ᠡ᠃        ︵3︶ ᠬᠠᠮᠤᠷᠤᠭᠰᠠᠨ ᠲᠤᠭᠤᠷᠢᠭ᠂ ᠰᠢᠶᠠᠩ ᠪᠠᠯᠭᠠᠰᠤ ︵ᠵᠡᠭᠡᠯᠢ ᠭᠤᠲᠤᠮᠵᠢ︶᠂ ᠲᠤᠰᠬᠤᠨ ︵ᠨᠡᠶᠢᠭᠡᠮ ᠲᠤᠭᠤᠷᠢᠭ᠂ ᠰᠠᠭᠤᠭᠠᠯᠢ ᠠᠷᠠᠳ ᠤᠨ ᠵᠦᠪᠯᠡᠯ︶ ᠤ ᠭᠠᠮᠰᠢᠭ ᠤᠨ ᠮᠡᠳᠡᠭᠡ ᠵᠠᠩᠭᠢ ᠶᠢᠨ ᠠᠵᠢᠯᠲᠠᠨ ᠤ ᠡᠩᠨᠡᠭᠡ ᠶᠢ ᠪᠠᠶᠢᠭᠤᠯᠤᠨ᠎ᠠ᠃ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠲᠤᠰᠬᠠᠶ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠭᠠᠮᠰᠢᠭ ᠤᠨ ᠮᠡᠳᠡᠭᠡ ᠵᠠᠩᠭᠢᠴᠢᠨ ᠲᠣᠬᠢᠷᠠᠭᠤᠯᠤᠨ᠎ᠠ᠃         7.8 ᠨᠡᠶᠢᠭᠡᠮ ᠤᠨ ᠳᠠᠶᠢᠴᠢᠯᠠᠯᠲᠠ        ︵1︶ ᠭᠠᠮᠰᠢᠭ ᠠᠴᠠ ᠠᠪᠤᠷᠠᠬᠤ ᠪᠡᠯᠡᠭᠯᠡᠨ ᠬᠦᠷᠭᠡᠬᠦ ᠶᠢ ᠬᠠᠮᠢᠶᠠᠷᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠭᠠᠮᠰᠢᠭ ᠠᠴᠠ ᠠᠪᠤᠷᠠᠬᠤ ᠪᠡᠯᠡᠭᠯᠡᠨ ᠬᠦᠷᠭᠡᠬᠦ ᠶᠢ ᠳᠠᠶᠢᠴᠢᠯᠠᠬᠤ᠂ ᠠᠵᠢᠯᠯᠠᠭᠤᠯᠬᠤ ᠪᠠ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠮᠰᠢᠭ ᠠᠴᠠ ᠠᠪᠤᠷᠠᠬᠤ ᠪᠡᠯᠡᠭᠯᠡᠨ ᠬᠦᠷᠭᠡᠬᠦ ᠶᠢ ᠵᠣᠬᠢᠶᠠᠨ ᠪᠠᠶᠢᠭᠤᠯᠤᠨ ᠳᠠᠶᠢᠴᠢᠯᠠᠬᠤ᠂ ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠬᠤ᠂ ᠪᠦᠷᠢᠳᠬᠡᠬᠦ᠂ ᠬᠤᠪᠢᠶᠠᠷᠢᠯᠠᠬᠤ᠂ ᠬᠡᠷᠡᠭᠯᠡᠬᠦ᠂ ᠢᠯᠡ ᠨᠡᠶᠢᠲᠡᠯᠡᠵᠦ ᠬᠠᠷᠢᠭᠤ ᠲᠤᠰᠬᠠᠬᠤ ᠵᠡᠷᠭᠡ ᠠᠵᠢᠯ ᠢ ᠵᠢᠷᠤᠮᠵᠢᠭᠤᠯᠤᠨ᠎ᠠ᠃        ︵2︶ ᠪᠠᠶᠢᠭᠠᠯᠢ ᠶᠢᠨ ᠭᠠᠮᠰᠢᠭ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠮᠰᠢᠭ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠤᠬᠢᠷᠠᠯ ᠢ ᠨᠥᠬᠦᠪᠥᠷᠢᠯᠡᠬᠦ᠂ ᠰᠡᠷᠭᠦᠭᠡᠵᠦ ᠳᠠᠬᠢᠨ ᠪᠠᠶᠢᠭᠤᠯᠬᠤ ᠵᠡᠷᠭᠡ ᠲᠠᠯ᠎ᠠ ᠪᠠᠷ ᠬᠢ ᠳᠠᠭᠠᠳᠬᠠᠯ ᠵᠡᠷᠭᠡ ᠣᠷᠣᠨ ᠲᠠᠯᠠᠪᠠᠢ ᠶᠢᠨ ᠲᠣᠭᠲᠠᠴᠠ ᠶᠢᠨ ᠢᠳᠡᠪᠬᠢ ᠦᠢᠯᠡᠳᠦᠯ ᠢ ᠪᠠᠳᠠᠷᠠᠭᠤᠯᠤᠨ᠎ᠠ᠃ ᠬᠦᠨᠳᠦ ᠭᠠᠮᠰᠢᠭ ᠤᠨ ᠳᠠᠭᠠᠳᠬᠠᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠠᠪᠤᠷᠠᠨ ᠲᠤᠰᠠᠯᠠᠬᠤ ᠳᠠᠭᠠᠳᠬᠠᠯ ᠤᠨ ᠠᠵᠢᠯ ᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠳᠠᠭᠠᠳᠬᠠᠯ ᠤᠨ ᠠᠵᠤ ᠠᠬᠤᠶᠢᠯᠠᠯ ᠨᠢ ᠪᠠᠶᠢᠭᠠᠯᠢ ᠶᠢᠨ ᠭᠠᠮᠰᠢᠭ ᠢ ᠲᠥᠯᠥᠬᠦ ᠰᠠᠭᠠᠳ ᠦᠭᠡᠶ ᠨᠡᠪᠲᠡᠷᠡᠬᠦ ᠵᠠᠮ ᠢ ᠪᠠᠶᠢᠭᠤᠯᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠲᠥᠯᠥᠪᠦᠷᠢ ᠥᠭᠬᠦ ᠬᠦᠴᠦᠨ ᠲᠠᠢ ᠬᠤᠭᠤᠴᠠᠭ᠎ᠠ ᠪᠠᠨ ᠳᠡᠭᠡᠭᠰᠢᠯᠡᠭᠦᠯᠦᠨ᠎ᠡ᠃        ︵3︶ ᠭᠠᠮᠰᠢᠭᠳᠠᠭᠰᠠᠨ ᠣᠷᠣᠨ ᠤ ᠪᠤᠰᠤ ᠭᠠᠮᠰᠢᠭᠳᠠᠭᠰᠠᠨ ᠣᠷᠣᠨ ᠢ ᠲᠤᠰᠠᠯᠠᠬᠤ ᠠᠵᠢᠯ ᠲᠥᠷᠥᠯ ᠢᠶᠠᠷ ᠢᠶᠠᠨ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃        ︵4︶ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠪᠦᠲᠦᠮᠵᠢᠲᠡᠶ ᠪᠠᠷ ᠬᠥᠲᠥᠯᠥᠨ ᠵᠢᠯᠣᠭᠤᠳᠴᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠭᠠᠮᠰᠢᠭ ᠠᠴᠠ ᠠᠪᠤᠷᠠᠨ ᠲᠤᠰᠠᠯᠠᠬᠤ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃        7.9 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠯᠡᠳᠬᠡᠯ        ︵1︶ ᠠᠷᠠᠳ ᠤᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ᠂ ᠡᠷᠡᠭᠦᠯ ᠬᠠᠮᠠᠭᠠᠯᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠭᠠᠵᠠᠷ ᠬᠥᠳᠡᠯᠦᠯᠲᠡ᠂ ᠴᠠᠭ ᠠᠭᠤᠷ᠂ ᠬᠡᠮᠵᠢᠨ ᠵᠢᠷᠤᠬᠤ ᠭᠠᠵᠠᠷ ᠤᠨ ᠢᠲᠡᠭᠡᠮᠵᠢ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠲᠠᠯ᠎ᠠ ᠶᠢᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠭᠠᠮᠰᠢᠭ ᠤᠨ ᠲᠦᠭᠰᠢᠭᠦᠷᠢ ᠶᠢᠨ ᠪᠠᠶᠢᠴᠠᠭᠠᠯᠲᠠ ᠶᠢ ᠥᠷᠨᠢᠭᠦᠯᠵᠦ᠂ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢᠨ ᠲᠣᠭᠤᠷᠢᠭ ᠤᠨ ᠬᠤᠪᠢᠶᠠᠷᠢᠯᠠᠯ ᠤᠨ ᠵᠢᠷᠤᠭ ᠢ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠮᠡᠷᠭᠡᠵᠢᠯ ᠪᠣᠯᠤᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠨ᠎ᠠ᠃        ︵2︶ ᠰᠢᠭᠤᠶᠢᠲᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭ᠎ᠠ ᠶᠢ ᠪᠠᠶᠢᠭᠤᠯᠤᠨ᠂ ᠭᠠᠮᠰᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠪᠠ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠮᠡᠳᠡᠭᠡ ᠵᠠᠩᠭᠢ ᠶᠢᠨ ᠪᠦᠬᠦ ᠲᠠᠯ᠎ᠠ ᠶᠢᠨ ᠪᠣᠰᠤᠭ᠎ᠠ ᠴᠤᠭᠴᠠ ᠶᠢ ᠬᠠᠩᠭᠠᠨ᠎ᠠ᠃ ᠰᠢᠭᠤᠶᠢᠲᠤ ᠲᠣᠭᠤᠷᠢᠭ ᠤᠨ ᠭᠡᠨᠡᠳᠲᠡ ᠡᠭᠦᠰᠬᠦ ᠣᠯᠠᠨ ᠨᠡᠢᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠢᠲᠡᠯᠡᠬᠦ ᠰᠢᠰᠲ᠋ᠧᠮ ᠤᠨ ᠪᠠᠢᠭᠤᠯᠤᠯᠲᠠ ᠶᠢ ᠲᠦᠷᠭᠡᠳᠭᠡᠵᠦ᠂ ᠣᠯᠠᠨ ᠨᠡᠶᠢᠲᠡ ᠳᠤ ᠪᠠᠶᠢᠭᠠᠯᠢ ᠶᠢᠨ ᠪᠠ ᠭᠠᠮᠰᠢᠭ ᠤᠨ ᠰᠡᠷᠡᠮᠵᠢᠯᠡᠭᠦᠯᠦᠯ ᠢ ᠴᠠᠭ ᠲᠤᠬᠠᠢ ᠳᠤᠨᠢ ᠨᠡᠶᠢᠲᠡᠯᠡᠨ᠎ᠡ᠃        7.10 ᠤᠬᠠᠭᠤᠯᠭ᠎ᠠ ᠪᠠ ᠪᠣᠯᠪᠠᠰᠤᠷᠠᠯ ᠤᠨ ᠵᠣᠬᠢᠶᠠᠨ ᠪᠠᠶᠢᠭᠤᠯᠤᠯᠲᠠ        ︵1︶ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠡᠯ᠎ᠡ ᠵᠦᠢᠯ ᠤᠨ ᠵᠠᠭᠤᠴᠢᠯᠠᠭᠤᠷ ᠢ ᠠᠰᠢᠭᠯᠠᠨ ᠭᠠᠮᠰᠢᠭ ᠤᠨ ᠮᠡᠳᠡᠯᠭᠡ ᠶᠢ ᠤᠬᠠᠭᠤᠯᠵᠤ᠂ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠭᠠᠮᠰᠢᠭ ᠠᠴᠠ ᠵᠠᠶᠢᠯᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ᠂ ᠳᠠᠭᠠᠳᠬᠠᠯ ᠤᠨ ᠶᠡᠷᠦ ᠶᠢᠨ ᠮᠡᠳᠡᠯᠭᠡ ᠶᠢ ᠤᠬᠠᠭᠤᠯᠵᠤ᠂ ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾᠂ ︽ᠳᠡᠯᠡᠬᠡᠶ ᠶᠢᠨ ᠭᠠᠮᠰᠢᠭ ᠢ ᠪᠠᠭᠠᠰᠬᠠᠬᠤ ᠡᠳᠦᠷ︾᠂ ︽ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ︾᠂ ︽ᠪᠦᠬᠦ ᠤᠯᠤᠰ ᠤᠨ ᠭᠠᠯ ᠤᠨᠲᠠᠷᠠᠭᠠᠬᠤ ᠡᠳᠦᠷ︾ ᠪᠣᠯᠤᠨ ︽ᠠᠷᠠᠳ ᠤᠨ ᠭᠠᠯ ᠰᠡᠷᠭᠡᠶᠢᠯᠡᠬᠦ ᠡᠳᠦᠷ︾ ᠵᠡᠷᠭᠡ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠠᠷᠠᠳ ᠢᠷᠭᠡᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠨᠡᠮᠡᠭᠳᠡᠭᠦᠯᠦᠨ᠎ᠡ᠃ ᠨᠡᠶᠢᠭᠡᠮ ᠲᠣᠭᠤᠷᠢᠭ ᠤᠨ ᠭᠠᠮᠰᠢᠭ ᠢ ᠪᠠᠭᠠᠰᠬᠠᠬᠤ ᠠᠵᠢᠯᠯᠠᠭ᠎ᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠭᠠᠮᠰᠢᠭ ᠢ ᠪᠠᠭᠠᠰᠬᠠᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃        ︵2︶ ᠰᠢᠭᠤᠶᠢᠲᠤ ᠲᠣᠭᠤᠷᠢᠭ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠭᠠᠮᠰᠢᠭ ᠤᠨ ᠬᠠᠮᠢᠶᠠᠷᠤᠯᠲᠠ ᠶᠢᠨ ᠠᠵᠢᠯᠲᠠᠨ ᠪᠣᠯᠤᠨ ᠲᠤᠰᠬᠠᠶ ᠠᠵᠢᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ᠂ ᠵᠠᠰᠠᠭ ᠤᠨ ᠣᠷᠳᠣᠨ ᠤ ᠪᠤᠰᠤ ᠵᠣᠬᠢᠶᠠᠨ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃         8. ᠳᠠᠭᠠᠯᠳᠤᠭᠤᠯᠤᠯ ᠳᠦᠷᠢᠮ        8.1 ᠪᠠᠶᠢᠭᠠᠯᠢ ᠶᠢᠨ ᠭᠠᠮᠰᠢᠭ ᠠᠴᠠ ᠠᠪᠤᠷᠠᠬᠤ ᠵᠣᠭᠤᠰ ᠪᠠ ᠡᠳ᠋ ᠪᠣᠳᠠᠰ ᠤᠨ ᠬᠢᠨᠠᠯᠲᠠ ᠬᠠᠮᠢᠶᠠᠷᠤᠯᠲᠠ        ᠲᠣᠭᠤᠷᠢᠭ ᠤᠨ ᠰᠠᠬᠢᠯᠭ᠎ᠠ ᠪᠠᠲᠤ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠣᠷᠣᠯᠴᠠᠭᠰᠠᠨ ᠭᠠᠮᠰᠢᠭ ᠠᠴᠠ ᠠᠪᠤᠷᠠᠬᠤ ᠲᠤᠰᠬᠠᠶ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠬᠠᠮᠢᠶᠠᠷᠤᠨ ᠬᠡᠷᠡᠭᠯᠡᠵᠦ᠂ ᠢᠯᠠᠩᠭᠤᠶ᠎ᠠ ᠦᠨᠳᠦᠰᠦᠨ ᠱᠠᠲᠤᠨ ᠤ ᠲᠠᠷᠬᠠᠭᠠᠬᠤ ᠠᠵᠢᠯ ᠳᠤ ᠲᠤᠰᠬᠠᠶ ᠪᠠᠶᠢᠴᠠᠭᠠᠯᠲᠠ ᠬᠢᠵᠦ᠂ ᠮᠥᠷᠳᠡᠨ ᠦᠷ᠎ᠡ ᠪᠦᠲᠦᠮᠵᠢ ᠶᠢ ᠨᠢ ᠠᠰᠠᠭᠤᠨ᠎ᠠ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠲᠠᠢ ᠬᠠᠮᠵᠢᠯᠴᠠᠨ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠪᠣᠯᠤᠨ ᠪᠡᠯᠡᠭᠯᠡᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠬᠠᠮᠢᠶᠠᠷᠤᠨ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃        8.2 ᠱᠠᠩᠨᠠᠯ ᠪᠠ ᠬᠠᠷᠢᠭᠤᠴᠠᠯᠭ᠎ᠠ        ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ ᠪᠠ ᠬᠤᠪᠢ ᠬᠥᠮᠦᠨ ᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ︔  ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠳᠤᠮᠳᠠ ᠲᠤᠪᠤᠶᠢᠮ᠎ᠠ ᠢᠯᠡᠷᠡᠯ ᠲᠠᠢ ᠪᠠᠷ ᠪᠡᠶ᠎ᠡ ᠦᠷᠡᠭᠳᠡᠭᠰᠡᠨ ᠬᠥᠮᠦᠰ ᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠦᠷᠡᠭᠳᠡᠭᠰᠡᠨ ᠪᠠᠭᠠᠲᠤᠷᠴᠤᠳ ᠢ ᠨᠡᠬᠡᠮᠵᠢᠯᠡᠨ ᠪᠠᠲᠤᠯᠠᠨ᠎ᠠ︔ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠠᠳ ᠬᠤᠬᠢᠷᠠᠯ ᠤᠴᠠᠷᠠᠭᠤᠯᠤᠭᠰᠠᠨ ᠪᠠᠶᠢᠪᠠᠯ᠂ ᠭᠠᠮᠰᠢᠭ ᠤᠨ ᠪᠠᠶᠢᠳᠠᠯ ᠢ ᠬᠦᠨᠳᠦ ᠨᠣᠴᠢᠲᠠᠶ ᠬᠤᠳᠠᠯ ᠢᠶᠠᠷ ᠮᠡᠳᠡᠭᠦᠯᠵᠦ᠂ ᠳᠠᠷᠤᠭᠠᠳ ᠮᠡᠳᠡᠭᠦᠯᠦᠭᠰᠡᠨ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠲᠤᠬᠠᠶ ᠶᠢᠨ ᠬᠥᠮᠦᠨ ᠤ ᠬᠠᠷᠢᠭᠤᠴᠠᠯᠭ᠎ᠠ ᠶᠢ ᠨᠡᠬᠡᠮᠵᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        8.3 ᠪᠡᠯᠡᠳᠬᠡᠯ ᠲᠥᠰᠦᠯ ᠤᠨ ᠬᠠᠮᠢᠶᠠᠷᠤᠯᠲᠠ ᠪᠠ ᠰᠢᠨᠡᠴᠢᠯᠡᠯᠲᠡ        ᠲᠣᠰ ᠪᠡᠯᠡᠳᠬᠡᠯ ᠲᠥᠰᠦᠯ ᠢ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠤᠨ ᠠᠯᠪᠠᠨ ᠬᠡᠷ ᠠᠴᠠ ᠬᠠᠷᠢᠭᠤᠴᠠᠨ ᠬᠠᠮᠢᠶᠠᠷᠤᠨ᠎ᠠ᠃ ᠪᠡᠯᠡᠳᠬᠡᠯ ᠲᠥᠰᠦᠯ ᠢ ᠬᠡᠷᠡᠭᠵᠢᠭᠦᠯᠦᠭᠰᠡᠨ ᠤ ᠳᠠᠷᠠᠭ᠎ᠠ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠴᠠᠭ ᠲᠤᠨᠢ ᠲᠣᠬᠢᠷᠠᠭᠤᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠲᠤᠰᠬᠠᠶ ᠮᠡᠷᠭᠡᠵᠢᠯᠲᠡᠨ ᠢ ᠴᠤᠭᠯᠠᠭᠤᠯᠤᠨ ᠦᠨᠡᠯᠡᠨ ᠵᠢᠱᠢᠬᠦ ᠶᠢᠨ ᠬᠠᠮᠲᠤ ᠪᠠᠶᠢᠳᠠᠯ ᠤᠨ ᠬᠤᠪᠢᠷᠠᠯᠲᠠ ᠶᠢ ᠦᠵᠡᠵᠦ ᠵᠣᠬᠢᠴᠠᠩᠭᠤᠶ ᠵᠠᠰᠠᠪᠤᠷᠢ ᠣᠷᠣᠭᠤᠯᠤᠭᠰᠠᠨ ᠤ ᠳᠠᠷᠠᠭ᠎ᠠ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃        8.4 ᠲᠣᠭᠲᠠᠭᠠᠬᠤ ᠪᠠ ᠲᠠᠶᠢᠯᠪᠤᠷᠢᠯᠠᠬᠤ ᠰᠠᠯᠠᠭ᠎ᠠ ᠮᠥᠴᠢᠷ        ᠲᠣᠰ ᠪᠡᠯᠡᠳᠬᠡᠯ ᠲᠥᠰᠦᠯ ᠢ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠤᠨ ᠠᠯᠪᠠᠨ ᠬᠡᠷ ᠠᠴᠠ ᠵᠣᠬᠢᠶᠠᠨ ᠪᠠᠶᠢᠭᠤᠯᠤᠨ ᠲᠣᠭᠲᠠᠭᠠᠵᠤ᠂ ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠵᠦ᠂ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃        8.5 ᠪᠡᠯᠡᠳᠭᠡᠯ ᠳᠥᠰᠥᠯ ᠤᠨ ᠬᠦᠴᠥᠨ ᠲᠠᠢ ᠪᠤᠯᠬᠤ ᠴᠠᠭ        ᠲᠣᠰ ᠪᠡᠯᠡᠳᠬᠡᠯ ᠲᠥᠰᠦᠯ ᠨᠡᠶᠢᠲᠡᠯᠡᠭᠰᠡᠨ ᠡᠳᠦᠷ ᠠᠴᠠ ᠡᠬᠢᠯᠡᠨ ᠬᠦᠴᠦᠨ ᠲᠠᠢ ᠪᠣᠯᠤᠨ᠎ᠠ᠂ 2024 ᠣᠨ ᠤ 1 ᠳ᠋ᠦ᠋ᠭᠡᠷ ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠭᠰᠠᠨ ︽ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃  ᠳᠠᠭᠠᠯᠳᠤᠭᠤᠯᠤᠯ 1᠄ ᠰᠢᠭᠤᠶᠢᠲᠤ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠭᠡᠰᠢᠭᠦᠨ ᠤ ᠨᠡᠷᠡᠰ
 石府发〔2024〕21号关于印发《包头市石拐区自然灾害救助应急预案(2024版)》的通知(蒙).jpg
ᠳᠠᠭᠠᠯᠳᠤᠭᠤᠯᠤᠯ 2᠄ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠶᠢ ᠬᠡᠷᠡᠭᠵᠢᠭᠦᠯᠬᠦ ᠴᠤᠪᠤᠷᠠᠯ ᠤᠨ ᠵᠢᠷᠤᠭ
 2.jpg
 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号