﹇ᠵᠠᠰᠠᠭ ᠤᠨ ᠶᠠᠪᠤᠳᠠᠯ ᠤᠨ ᠮᠡᠳᠡᠭᠡ ᠵᠠᠩᠭᠢ﹈ ᠲᠥᠷᠥᠯ ᠵᠦᠢᠯ ᠤᠨ ᠬᠥᠮᠥᠷᠭᠡ ᠶᠢ ᠥᠨᠳᠥᠷ ᠪᠦᠲᠦᠮᠵᠢᠲᠡᠶ ᠪᠠᠷ ᠬᠠᠮᠢᠶᠠᠷᠴᠤ  ᠲᠥᠷᠥᠯ ᠵᠦᠢᠯ ᠤᠨ ᠠᠬᠢᠴᠠ ᠶᠢ ᠣᠨᠣᠪᠴᠢᠲᠠᠶ ᠬᠢᠨᠠᠨ ᠬᠡᠮᠵᠢᠨ᠎ᠡ
ᠨᠡᠶᠢᠲᠡᠯᠡᠭᠰᠡᠨ ᠴᠠᠭ᠄
2024/12/30
        ᠪᠡᠯᠡ ᠣᠷᠣᠭᠤᠯᠤᠯᠲᠠ ᠪᠣᠯ ᠠᠵᠤ ᠠᠬᠤᠶ ᠶᠢᠨ ᠬᠥᠭᠵᠢᠯᠲᠡ ᠶᠢᠨ ᠡᠮᠦᠨ᠎ᠡ ᠦᠵᠦᠭᠦᠷ ᠤᠨ ᠬᠥᠳᠡᠯᠭᠡᠬᠦ ᠬᠦᠴᠦᠨ ᠮᠥᠨ᠂ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ︽ᠭᠤᠷᠪᠠᠨ ᠮᠣᠷᠢᠨ ᠲᠡᠷᠭᠡ︾ ᠶᠢᠨ ᠴᠢᠬᠤᠯᠠ ᠵᠠᠩᠭᠢᠯᠠᠭ᠎ᠠ ᠮᠥᠨ᠂ ᠳᠠᠷᠤᠶ ᠰᠢᠭᠤᠳ᠂ ᠳᠠᠮ ᠢᠶᠠᠷ ᠳᠠᠶᠢᠴᠢᠯᠠᠬᠤ ᠪᠠ ᠠᠯᠤᠰ ᠬᠡᠳᠦ ᠶᠢᠨ ᠳᠠᠶᠢᠴᠢᠯᠠᠬᠤ ᠦᠢᠯᠡᠳᠦᠯ ᠲᠠᠢ ᠪᠠᠶᠢᠵᠤ᠂ ᠠᠵᠤ ᠠᠬᠤᠶ ᠶᠢᠨ ᠲᠦᠷᠭᠡᠨ ᠨᠡᠮᠡᠭᠳᠡᠯ ᠳᠤ ᠮᠠᠰᠢ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠣᠳᠣᠬᠠᠨ ᠳᠤ᠂ ᠭᠠᠵᠠᠷ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠶᠢ ᠤᠯᠠᠮ ᠨᠢᠭᠡ ᠠᠯᠬᠤᠮ ᠪᠠᠲᠤᠳᠬᠠᠨ ᠲᠡᠭᠦᠯᠳᠡᠷᠵᠢᠭᠦᠯᠵᠦ᠂ ᠲᠥᠷᠥᠯ ᠵᠦᠢᠯ ᠢ ᠬᠡᠷᠡᠭᠵᠢᠭᠦᠯᠦᠭᠰᠡᠨ ᠠᠬᠢᠴᠠ ᠶᠢᠨ ᠪᠠᠶᠢᠳᠠᠯ ᠢ ᠬᠥᠳᠡᠯᠦᠩᠭᠦᠢ ᠪᠠᠷ ᠬᠢᠨᠠᠨ ᠬᠡᠮᠵᠢᠬᠦ ᠨᠢ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠬᠠᠢ ᠶᠢᠨ ᠵᠢᠯ ᠳᠤ ᠪᠦᠷᠢᠯᠳᠦᠭᠰᠡᠨ ᠬᠥᠷᠥᠩᠭᠡ᠂ ᠪᠦᠷᠢᠯᠳᠦᠯ ᠤᠨ ᠬᠡᠷᠡᠭᠯᠡᠭᠡ ᠵᠢᠴᠢ ᠢᠷᠡᠭᠡᠳᠦᠢ ᠶᠢᠨ ᠦᠢᠯᠡᠳᠪᠦᠷᠢᠯᠡᠯ ᠪᠠ ᠦᠢᠯᠡᠴᠢᠯᠡᠭᠡᠨ ᠤ ᠴᠢᠳᠠᠪᠤᠷᠢ ᠶᠢ ᠭᠦᠢᠴᠡᠳ ᠢᠯᠡᠷᠡᠭᠦᠯᠵᠦ᠂ ᠠᠵᠤ ᠠᠬᠤᠢ ᠶᠢᠨ ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠬᠠᠩᠭᠠᠵᠤ ᠪᠤᠢ᠃        ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠥᠷᠥᠯ ᠵᠦᠢᠯ ᠪᠠ ᠪᠡᠯᠡ ᠣᠷᠣᠭᠤᠯᠤᠯᠲᠠ ᠶᠢ ᠴᠢᠩᠭ᠎ᠠ ᠠᠳᠬᠤᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠬᠡᠪᠴᠢᠶ᠎ᠡ ᠶᠢ ᠲᠣᠳᠣᠷᠬᠠᠶᠢᠯᠠᠵᠤ᠂ ᠲᠥᠷᠥᠯ ᠵᠦᠢᠯ ᠤᠨ ᠣᠷᠣᠵᠤ ᠭᠠᠷᠬᠤ ᠪᠠ ᠪᠤᠴᠠᠭᠠᠨ ᠭᠠᠷᠭᠠᠬᠤ ᠶᠢ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠠᠷᠠᠳ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠬᠤᠪᠢ ᠡᠵᠡᠮᠳᠡᠭᠰᠡᠨ ᠪᠠᠶᠢᠳᠠᠯ ᠢ ᠵᠠᠭᠠᠭᠯᠠᠨ ᠲᠣᠭᠲᠠᠭᠠᠵᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠶᠢ ᠲᠠᠭᠯᠠᠨ ᠮᠡᠳᠡᠭᠦᠯᠬᠦ ᠵᠠᠷᠴᠢᠮ ᠢ ᠲᠣᠭᠲᠠᠭᠠᠵᠤ᠂ ᠲᠥᠷᠥᠯ ᠵᠦᠢᠯ ᠤᠨ ᠠᠬᠢᠴᠠ ᠪᠠ ᠪᠡᠯᠡ ᠣᠷᠣᠭᠤᠯᠤᠯᠲᠠ ᠶᠢᠨ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠡᠷᠭᠡ ᠶᠢ ᠬᠤᠭᠤᠴᠠᠭ᠎ᠠ ᠶᠣᠰᠣᠭᠠᠷ ᠦᠨᠡᠨ ᠪᠣᠳᠠᠲᠠᠶ ᠪᠠᠷ ᠲᠤᠰᠬᠠᠵᠤ ᠪᠤᠢ᠃ ᠪᠡᠯᠡ ᠣᠷᠣᠭᠤᠯᠤᠯᠲᠠ ᠶᠢᠨ ᠲᠥᠷᠥᠯ ᠵᠦᠢᠯ ᠨᠡᠮᠡᠭᠳᠡᠬᠦ ᠶᠢ ᠳᠠᠭᠠᠯᠳᠤᠨ᠂ ᠵᠢᠯ ᠤᠨ ᠰᠡᠭᠦᠯᠴᠢ ᠳᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠥᠮᠥᠷᠭᠡ ᠠᠴᠠ ᠭᠠᠷᠭᠠᠬᠤ ᠠᠵᠢᠯ ᠴᠤ ᠪᠡᠯᠡ ᠣᠷᠣᠭᠤᠯᠤᠯᠲᠠ ᠶᠢᠨ ᠪᠦᠷᠢᠳᠬᠡᠯ ᠤᠨ ᠵᠠᠩᠭᠢᠯᠠᠭ᠎ᠠ ᠶᠢᠨ ᠭᠤᠭᠴᠤᠭ᠎ᠠ ᠪᠣᠯᠵᠤ᠂ ᠴᠢᠬᠤᠯᠠ ᠴᠢᠨᠠᠷ ᠨᠢ ᠡᠳᠦᠷ ᠢᠷᠡᠬᠦᠶ᠎ᠡ ᠢᠯᠡᠷᠬᠡᠶ ᠪᠣᠯᠵᠤ ᠪᠠᠶᠢᠨ᠎ᠠ᠃ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠡᠯ᠎ᠡ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠤᠰᠬᠠᠶ ᠮᠡᠷᠭᠡᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠬᠥᠮᠥᠷᠭᠡ ᠠᠴᠠ ᠭᠠᠷᠭᠠᠬᠤ ᠵᠣᠷᠢᠯᠭ᠎ᠠ᠂ ᠱᠠᠭᠠᠷᠳᠠᠯᠭ᠎ᠠ ᠪᠠ ᠴᠤᠪᠤᠷᠠᠯ ᠢ ᠲᠣᠳᠣᠷᠬᠠᠶᠢᠯᠠᠵᠤ᠂ ᠭᠤᠤᠯᠳᠠᠭᠤ ᠬᠥᠮᠥᠷᠭᠡ ᠳᠤ ᠪᠠᠶᠢᠭ᠎ᠠ 53 ᠲᠥᠷᠥᠯ ᠵᠦᠢᠯ ᠢ ᠨᠢᠭᠡᠳᠦᠯᠲᠡᠶ ᠡᠮᠬᠢᠯᠡᠵᠦ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠲᠤᠭ᠎ᠠ ᠪᠣᠯᠤᠨ ᠲᠥᠯᠥᠪᠯᠡᠭᠡ ᠶᠢᠨ ᠶᠡᠷᠦᠩᠬᠡᠶ ᠪᠠᠯᠠ ᠣᠷᠣᠭᠤᠯᠤᠯᠲᠠ ᠶᠢᠨ ᠲᠤᠭ᠎ᠠ ᠶᠢᠨ ᠬᠠᠷᠢᠴᠠᠭᠤᠯᠤᠯ᠂ ᠲᠤᠬᠠᠶ ᠶᠢᠨ ᠭᠠᠵᠠᠷ ᠲᠤᠨᠢ ᠬᠦᠷᠴᠦ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠭᠠᠵᠠᠷ ᠢ ᠰᠤᠷᠪᠤᠯᠵᠢᠯᠠᠬᠤ᠂ ᠲᠥᠷᠥᠯ ᠵᠦᠢᠯ ᠤᠨ ᠨᠢᠭᠡᠴᠢ ᠠᠴᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠬᠤ ᠪᠠᠷ ᠳᠠᠮᠵᠢᠨ᠂ ᠲᠤᠰᠬᠠᠶ ᠮᠡᠷᠭᠡᠵᠢᠯ ᠤᠨ ᠦᠨᠡᠯᠡᠨ ᠵᠢᠱᠢᠬᠦ ᠳᠤᠭᠤᠶᠢᠯᠠᠩ ᠪᠠᠶᠢᠭᠤᠯᠵᠤ᠂ ᠨᠢᠭᠡᠳ ᠨᠢᠭᠡ ᠪᠠᠷ ᠬᠤᠷᠢᠶᠠᠩᠭᠤᠶᠢᠯᠠᠵᠤ᠂ ᠨᠢᠭᠡ ᠨᠢᠭᠡ ᠪᠠᠷ ᠰᠤᠳᠤᠯᠤᠨ ᠮᠠᠭᠠᠳᠯᠠᠵᠤ᠂ ᠲᠥᠷᠥᠯ ᠵᠦᠢᠯ ᠤᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ᠂ ᠵᠦᠶ ᠶᠣᠰᠣᠴᠢ ᠴᠢᠨᠠᠷ ᠪᠠ ᠯᠣᠭᠢᠭ ᠴᠢᠨᠠᠷ ᠢ ᠴᠢᠩᠭ᠎ᠠ ᠬᠢᠨᠠᠨ ᠬᠠᠷᠭᠤᠭᠤᠯᠵᠤ᠂ ᠠᠳᠡᠭᠦᠦ ᠭᠠᠷᠭᠠᠬᠤ ᠪᠠ ᠭᠠᠷᠭᠠᠬᠤ ᠶᠢ ᠣᠷᠬᠢᠭᠳᠠᠭᠤᠯᠬᠤ ᠠᠴᠠ ᠬᠢᠴᠢᠶᠡᠵᠦ᠂ ᠲᠥᠷᠥᠯ ᠵᠦᠢᠯ ᠤᠨ ᠬᠥᠮᠥᠷᠭᠡ ᠠᠴᠠ ᠭᠠᠷᠭᠠᠬᠤ ᠠᠵᠢᠯ ᠤᠨ ᠥᠷᠨᠢᠯᠲᠡ ᠶᠢ ᠤᠷᠤᠭᠰᠢᠲᠠᠶ ᠠᠬᠢᠭᠤᠯᠤᠨ᠎ᠠ᠃        ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠥᠳᠡᠯᠦᠩᠭᠦᠶ ᠬᠢᠨᠠᠨ ᠰᠢᠨᠵᠢᠬᠦ ᠪᠠ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠨ᠂ ᠲᠤᠭ᠎ᠠ ᠪᠦᠷᠢᠳᠬᠡᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠤᠳᠤᠷᠢᠳᠤᠯᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠳᠤ ᠬᠦᠴᠦᠲᠡᠶ ᠳᠡᠮᠵᠢᠯᠭᠡ ᠬᠠᠩᠭᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号