﹇ᠠᠶᠠᠯᠭᠤᠲᠤ ᠵᠢᠭᠤᠯᠴᠢᠯᠠᠯ ᠥᠪᠥᠷ ᠮᠣᠩᠭᠤᠯ﹈ ᠶᠡᠭᠡ ᠱᠠᠩᠨᠠᠯ ᠬᠦᠷᠲᠡᠵᠡᠢ︕ ᠬᠠᠴᠢᠨ ᠦᠵᠡᠮᠵᠢ ᠶᠢ ᠰᠣᠨᠢᠷᠬᠠᠵᠤ᠂ ᠡᠪᠦᠯ ᠤᠨ ᠡᠳᠦᠷ ᠤᠨ ᠭᠤᠶᠤ ᠰᠠᠶᠢᠬᠠᠨ ᠢ ᠬᠠᠮᠲᠤ ᠡᠳ᠋ᠯᠡᠶ᠎ᠡ
ᠨᠡᠶᠢᠲᠡᠯᠡᠭᠰᠡᠨ ᠴᠠᠭ᠄
2024/12/30
        ᠬᠠᠷᠠᠩᠭ᠎ᠠ ᠬᠡᠩᠭᠡᠷᠭᠡ ᠶᠢᠨ ᠳᠠᠭᠤᠨ ᠶᠠᠭ ᠯᠠ ᠠᠶᠤᠩᠭ᠎ᠠ ᠨᠢᠵᠢᠭᠢᠨᠡᠬᠦ ᠮᠡᠲᠦ ᠴᠤᠤᠷᠢᠶᠠᠲᠤᠵᠤ᠂ ᠰᠦᠷ ᠵᠢᠪᠬᠤᠯᠠᠩᠲᠤ ᠬᠥᠭ ᠠᠶᠠᠰ ᠳᠦᠷᠡᠯᠵᠡᠵᠦ᠂ ᠡᠪᠦᠯ ᠤᠨ ᠡᠳᠦᠷ ᠤᠨ ᠬᠠᠬᠢᠷ ᠬᠦᠢᠲᠡᠨ ᠢ ᠠᠷᠢᠯᠭᠠᠵᠤ᠂ ᠠᠮᠢᠵᠢᠷᠠᠯ ᠤᠨ ᠬᠦᠴᠦᠨ ᠪᠠ ᠬᠠᠯᠠᠭᠤᠨ ᠰᠡᠳᠬᠢᠯᠭᠡ ᠶᠢ ᠠᠪᠴᠢᠷᠠᠨ᠎ᠠ᠃ ᠪᠠᠶᠠᠷ ᠪᠠᠶᠠᠰᠬᠤᠯᠠᠩᠲᠤ ᠪᠥᠵᠢᠭ ᠨᠢ ᠦᠰᠦᠷᠦᠯᠲᠡ ᠶᠢᠨ ᠳᠥᠯᠥ ᠮᠡᠲᠦ ᠪᠠᠶᠢᠵᠤ᠂ ᠡᠪᠦᠯ ᠤᠨ ᠤᠯᠠᠷᠢᠯ ᠤᠨ ᠭᠠᠯ ᠲᠦᠷᠡᠯᠵᠡᠬᠦ ᠰᠡᠳᠭᠢᠯ ᠢ ᠬᠦᠭᠵᠢᠭᠡᠨ᠎ᠡ᠃ ᠪᠥᠵᠢᠭᠴᠢᠳ ᠤᠨ ᠪᠡᠶ᠎ᠡ ᠪᠢᠯᠳᠠᠷ ᠨᠢ ᠬᠥᠩᠭᠡᠨ ᠱᠠᠯᠠᠮᠠᠭᠠᠢ ᠪᠠᠶᠢᠵᠤ᠂ ᠬᠥᠳᠡᠯᠦᠯ ᠪᠠᠷᠢᠯ ᠨᠢ ᠲᠡᠷᠢ ᠲᠡᠭᠰᠢ᠂ ᠴᠢᠷᠠᠢ  ᠳᠤ ᠨᠢ ᠢᠨᠢᠶᠡᠮᠰᠦᠭᠯᠡᠯ ᠢᠶᠠᠷ ᠪᠢᠯᠬᠠᠵᠤ᠂ ᠶᠠᠭ ᠡᠪᠦᠯ ᠤᠨ ᠡᠳᠦᠷ ᠤᠨ ᠬᠠᠮᠤᠭ ᠤᠨ ᠳᠤᠯᠠᠭᠠᠨ ᠨᠠᠷᠠᠨ ᠤ ᠭᠡᠷᠡᠯ ᠮᠡᠲᠦ᠃        11 ᠳ᠋ᠦ᠋ᠭᠡᠷ ᠰᠠᠷ᠎ᠠ ᠶᠢᠨ 30 ᠤ ᠡᠳᠦᠷ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ — ︿ᠬᠠᠲᠤᠨ ᠭᠤᠤᠯ ᠢᠶᠠᠷ ᠵᠤᠭᠠᠴᠠᠬᠤ﹀ ᠪᠤᠭᠤᠲᠤ ᠶᠢᠨ ᠬᠠᠲᠤᠨ ᠭᠤᠤᠯ ᠤᠨ ᠰᠦᠩ ᠬᠠᠯᠢᠶ᠎ᠠ ᠶᠢᠨ ᠭᠠᠷᠠᠭ ᠤᠨ ᠠᠵᠢᠯᠯᠠᠭ᠎ᠠ ᠦᠪᠡᠳᠡᠭᠰᠢ ᠶᠡᠭᠡ ᠪᠠᠷ ᠡᠬᠢᠯᠡᠵᠦ᠂ ᠬᠠᠲᠤᠨ ᠭᠤᠤᠯ ᠤᠨ ᠰᠦᠩ ᠬᠠᠯᠢᠶ᠎ᠠ ᠶᠢᠨ ᠬᠠᠯᠠᠮᠰᠢᠯ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠢᠷᠠᠭᠤ ᠰᠠᠢᠬᠠᠨ ᠬᠡᠪ ᠢᠶᠠᠷ ᠢᠶᠠᠨ᠂ ᠰᠠᠶᠢᠬᠠᠨ ᠲᠣᠭᠯᠠᠯᠲᠠ ᠵᠠᠯᠭᠠᠭ᠎ᠠ ᠪᠠᠷ᠃ ᠬᠠᠲᠤᠨ ᠭᠤᠣᠯ ᠤᠨ ᠬᠥᠪᠡᠭᠡᠨ ᠳᠤ ᠬᠥᠮᠦᠰ ᠤᠯᠠᠰᠢᠷᠠᠨ ᠬᠥᠷ ᠬᠥᠭᠵᠢᠶᠡᠨ ᠢᠶᠠᠷ ᠪᠢᠯᠬᠠᠨ᠎ᠠ᠃ 2025 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠠᠷᠠᠳ ᠤᠨ ᠤᠷᠠᠨ ᠰᠠᠶᠢᠬᠠᠨ ᠤ ᠪᠦᠯᠬᠦᠮ ᠤᠨ ᠰᠢᠯᠭᠠᠷᠠᠭᠤᠯᠬᠤ ᠤᠷᠤᠯᠳᠤᠭᠠᠨ ︵ᠬᠤᠶᠠᠳᠤᠭᠠᠷ ᠲᠠᠯᠠᠪᠤᠷ︶ ᠠᠳᠡ ᠶᠠᠪᠤᠭᠳᠠᠵᠤ᠂ ᠦᠵᠡᠭᠦᠯᠦᠯᠭᠡ ᠶᠢᠨ ᠲᠣᠭᠯᠠᠯᠲᠠ ᠶᠢᠨ ᠡᠩᠨᠡᠭᠡ ᠬᠠᠲᠤᠨ ᠭᠤᠣᠯ ᠳᠤ ᠴᠤᠭᠯᠠᠷᠠᠵᠤ᠂ ᠬᠠᠮᠲᠤ ᠪᠠᠷ ᠥᠷᠢᠰᠥᠯᠳᠦᠵᠦ᠂ ᠬᠠᠮᠲᠤ ᠪᠠᠷ ᠶᠠᠩᠭᠠᠷ ᠪᠥᠵᠢᠭᠯᠡᠪᠡ᠃12 ᠳ᠋ᠤᠭᠠᠷ ᠰᠠᠷ᠎ᠠ ᠶᠢᠨ 7 ᠤ ᠡᠳᠦᠷ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠠᠷᠠᠳ ᠤᠨ ᠤᠷᠠᠨ ᠰᠠᠶᠢᠬᠠᠨ ᠤ ᠪᠦᠯᠬᠦᠮ ᠤᠨ ᠰᠢᠯᠭᠠᠷᠠᠭᠤᠯᠬᠤ ᠤᠷᠤᠯᠳᠤᠭᠠᠨ ︵ᠬᠤᠶᠠᠳᠤᠭᠠᠷ ᠲᠠᠯᠠᠪᠤᠷ︶ ᠬᠠᠲᠤᠨ ᠭᠤᠤᠯ ᠤᠨ ᠵᠠᠩ ᠦᠢᠯᠡ ᠶᠢᠨ ᠬᠦᠷᠢᠶᠡᠯᠡᠩ ᠳᠤ ᠬᠤᠷᠭᠤᠴᠠᠭ᠎ᠠ ᠶᠣᠰᠤᠭᠠᠷ ᠢᠶᠠᠨ ᠥᠷᠨᠢᠪᠡ᠃ ᠪᠦᠬᠦ ᠬᠤᠳᠠ ᠶᠢᠨ ᠡᠯ᠎ᠡ ᠬᠤᠰᠢᠭᠤ ᠰᠢᠶᠠᠨ ᠲᠤᠭᠤᠷᠢᠭ ᠤᠨ ᠤᠷᠤᠯᠳᠤᠭᠠᠨ ᠳᠤ ᠤᠷᠤᠯᠴᠠᠭᠰᠠᠨ 9 ᠠᠩᠬᠢ ᠪᠤᠯᠤᠨ 1 ᠦᠵᠡᠬᠦᠯᠬᠡ ᠶᠢᠨ ᠠᠩᠬᠢ ᠨᠢ ᠬᠠᠳᠤᠨ ᠭᠤᠤᠯ ᠤᠨ ᠴᠤᠭᠯᠠᠭᠠᠨ ᠳᠤ ᠴᠤᠭᠯᠠᠷᠠᠵᠤ᠂ ᠬᠤᠷᠴᠠ ᠰᠢᠷᠦᠬᠦᠨ ᠦᠷᠢᠰᠦᠯᠳᠦᠬᠡᠨ ᠦᠷᠨᠢᠬᠦᠯᠪᠡ         ᠰᠢᠭᠤᠶᠢᠲᠣ ᠲᠣᠭᠤᠷᠢᠭ ᠤᠨ ᠰᠣᠶᠣᠯ ᠤᠨ ᠣᠷᠳᠣᠨ ᠤ ᠰᠣᠩᠭᠤᠨ ᠬᠦᠷᠭᠡᠭᠰᠡᠨ ᠬᠤᠶᠠᠷ ᠶᠠᠩᠭᠠᠷ ᠤᠨ ᠠᠩᠭᠢ᠄ ᠳ᠋ᠠ ᠼᠢ ᠵᠡᠭᠡᠯᠢ ᠭᠤᠳᠤᠮᠵᠢ ᠶᠢᠨ ᠱᠢ ᠶᠠᠩ ᠬᠤᠩ ᠶᠠᠩᠭᠠᠷ ᠤᠨ ᠠᠩᠭᠢ᠂ ᠬᠠᠶᠢᠷ᠎ᠠ ᠪᠠᠷ ᠬᠠᠮᠲᠤ ᠬᠦᠳᠡᠯᠦᠯᠴᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠲᠤᠰ ᠤᠳᠠᠭᠠᠨ ᠤ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠪᠠ᠃ ᠶᠠᠩᠭᠠᠷ ︽ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠡᠯᠭᠡᠯᠡᠬᠦ ᠶᠠᠩᠭᠠᠷ︾ ᠨᠢ ᠬᠠᠮᠤᠭ ᠤᠨ ᠰᠢᠯᠢᠳᠡᠭ ᠪᠦᠲᠦᠭᠡᠯᠴᠢ ᠱᠠᠩᠨᠠᠯ ᠬᠦᠷᠲᠡᠵᠦ᠂ ︽ᠪᠠᠶᠠᠷ ᠤᠨ ᠶᠠᠪᠤᠳᠠᠯ ᠵᠠᠯᠭᠠᠯᠳᠤᠭ᠎ᠠ ᠪᠠᠷ︾ ᠨᠢ ᠬᠠᠮᠤᠭ ᠤᠨ ᠰᠢᠯᠢᠳᠡᠭ ᠲᠣᠭᠯᠠᠯᠲᠠ ᠶᠢᠨ ᠱᠠᠩᠨᠠᠯ ᠬᠦᠷᠲᠡᠵᠦ᠂ ᠰᠢᠭᠤᠶᠢᠲᠤ ᠲᠣᠭᠤᠷᠢᠭ ᠤᠨ ᠰᠣᠶᠣᠯ ᠤᠨ ᠣᠷᠳᠣᠨ ᠴᠦ ᠵᠣᠬᠢᠶᠠᠨ ᠪᠠᠶᠢᠭᠤᠯᠤᠯᠲᠠ ᠶᠢᠨ ᠰᠢᠯᠢᠳᠡᠭ ᠱᠠᠩᠨᠠᠯ ᠬᠦᠷᠲᠡᠵᠡᠢ᠃        ᠤᠯᠠᠭᠠᠨ ᠲᠣᠷᠭᠠᠨ ᠪᠦᠴᠡ ᠵᠠᠯᠭᠠᠵᠤ᠂ ᠴᠣᠬᠢᠯᠭ᠎ᠠ ᠶᠢᠨ ᠳᠠᠭᠠᠤ ᠪᠦᠵᠢᠭᠯᠡᠨ᠎ᠡ ᠁ ᠬᠥᠪᠰᠥᠭᠡᠷ ᠪᠥᠵᠢᠭ ᠤᠨ ᠳᠦᠷᠢ ᠪᠠᠶᠢᠳᠠᠯ ᠬᠢᠵᠠᠭᠠᠷ ᠦᠭᠡᠢ ᠠᠮᠢᠵᠢᠷᠠᠯ ᠤᠨ ᠬᠦᠴᠦᠨ ᠪᠠ ᠴᠤᠭ ᠵᠢᠪᠬᠤᠭ᠎ᠠ ᠪᠠᠷ ᠪᠢᠯᠬᠠᠨ᠎ᠠ᠃
图片15.png
        ᠵᠣᠯ ᠵᠢᠷᠭᠠᠯ ᠢᠶᠠᠨ ᠪᠥᠵᠢᠭᠯᠡᠵᠦ᠂ ᠬᠦᠷ ᠬᠥᠭᠵᠢᠶᠡᠨ ᠢᠶᠠᠨ ᠪᠦᠵᠢᠭᠯᠡᠵᠦ᠂ ᠴᠤᠭ ᠵᠢᠪᠬᠤᠭ᠎ᠠ ᠪᠠᠨ ᠪᠦᠵᠢᠭᠯᠡᠶ᠎ᠡ᠃ ᠤᠷᠤᠯᠳᠤᠭᠠᠨ ᠳᠤ ᠣᠷᠣᠯᠴᠠᠭᠰᠠᠳ ᠪᠠᠶᠠᠷ ᠬᠥᠷ ᠲᠠᠢ ᠠᠶᠢᠵᠠᠮ ᠪᠣᠯᠤᠨ ᠠᠮᠢᠳᠤᠯᠢᠭ ᠲᠣᠭᠯᠠᠯᠲᠠ ᠪᠠᠷ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠥᠪᠡᠷᠮᠢᠴᠡ ᠣᠨᠴᠠᠯᠢᠭ ᠲᠠᠢ᠂ ᠤᠯᠠᠨ ᠲᠦᠮᠡᠨ ᠲᠠᠢ ᠤᠢᠢᠷᠠᠳᠤᠭᠰᠠᠨ ᠦᠪᠡᠳᠡᠭᠰᠢ ᠳᠠᠶᠢᠯᠠᠯᠭ᠎ᠠ  ᠶᠢ ᠳᠡᠯᠭᠡᠨ ᠦᠵᠡᠭᠦᠯᠪᠡ ᠂ ᠭᠤᠶᠢᠳᠠ ᠰᠠᠶᠢᠬᠠᠨ ᠪᠥᠵᠢᠭ ᠤᠨ ᠳᠦᠷᠰᠦ ᠪᠠᠶᠢᠳᠠᠯ ᠨᠢ ᠣᠷᠭᠢᠯᠤᠮ᠎ᠠ ᠬᠠᠯᠠᠭᠤᠨ ᠰᠡᠳᠬᠢᠯᠭᠡ ᠶᠢ ᠪᠠᠳᠠᠷᠠᠭᠤᠯᠵᠤ᠂ ᠡᠪᠦᠯ ᠤᠨ ᠡᠳᠦᠷ ᠤᠨ ᠬᠦᠭ ᠠᠶᠠᠰ ᠢ ᠴᠢᠪᠬᠠᠳᠠᠵᠤ᠂ ᠪᠤᠭᠤᠳᠤ ᠬᠤᠳᠠ ᠶᠢᠨ ᠠᠷᠠᠳ ᠲᠦᠮᠡᠨ ᠤ ᠡᠷᠡᠭᠦᠯ ᠥᠭᠡᠳᠡᠷᠬᠡᠭ᠂ ᠢᠳᠡᠪᠬᠢᠲᠡᠢ ᠪᠠᠶᠠᠰᠤᠩᠭᠤᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃
图片16.png
        ᠲᠣᠰ ᠤᠳᠠᠭᠠᠨ ᠤ ᠦᠵᠡᠭᠦᠯᠦᠯᠭᠡ ᠶᠢᠨ ᠲᠣᠭᠯᠠᠯᠲᠠ ᠨᠢ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠤᠷᠢᠵᠤ ᠰᠢᠯᠭᠠᠷᠠᠭᠤᠯᠬᠤ ᠺᠣᠮᠢᠰ ᠤᠨ ᠭᠡᠰᠢᠭᠦᠨ ᠤ ᠲᠤᠰᠢᠶᠠᠯ ᠢ ᠡᠭᠦᠷᠭᠡᠯᠡᠭᠦᠯᠵᠦ᠂ ᠰᠢᠯᠭᠠᠷᠠᠭᠤᠯᠬᠤ ᠲᠦᠷᠢᠮ ᠶᠣᠰᠣᠭᠠᠷ ᠲᠤᠬᠠᠶ ᠶᠢᠨ ᠲᠠᠯᠠᠪᠤᠷ ᠲᠤ ᠲᠥᠪ ᠭᠤᠤᠯᠴᠢ ᠨᠠᠷᠢᠨ ᠨᠢᠮᠪᠠᠶ ᠬᠤᠪᠢ ᠣᠯᠭᠤᠪᠠ᠂ ᠬᠠᠮᠤᠭ ᠡᠴᠦᠰ ᠲᠤ ᠬᠠᠮᠤᠭ ᠤᠨ ᠰᠢᠯᠢᠳᠡᠭ ᠲᠣᠭᠯᠠᠯᠲᠠ ᠶᠢᠨ ᠱᠠᠩᠨᠠᠯ 2᠂ ᠬᠠᠮᠤᠭ ᠤᠨ ᠰᠢᠯᠢᠳᠡᠭ ᠪᠦᠲᠦᠭᠡᠯᠴᠢ ᠱᠠᠩᠨᠠᠯ 4᠂ ᠬᠠᠮᠤᠭ ᠤᠨ ᠰᠢᠯᠢᠳᠡᠭ ᠦᠵᠡᠭᠦᠯᠭᠡ ᠶᠢᠨ ᠱᠠᠩᠨᠠᠯ 5᠂ ᠰᠢᠯᠢᠳᠡᠭ ᠲᠣᠭᠯᠠᠯᠲᠠ ᠶᠢᠨ ᠱᠠᠩᠨᠠᠯ 6᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ 11 ᠶᠢ ᠰᠢᠯᠭᠠᠷᠠᠭᠤᠯᠤᠨ ᠭᠠᠷᠭᠠᠪᠠ᠃
图片17.png
        ᠰᠢᠭᠤᠶᠢᠲᠤ ᠲᠣᠭᠤᠷᠢᠭ ᠤᠨ ᠳ᠋ᠠ ᠼᠢ ᠵᠡᠭᠡᠯᠢ ᠭᠤᠳᠤᠮᠵᠢ ᠶᠢᠨ ᠱᠢ ᠶᠠᠩ ᠬᠤᠩ ᠶᠠᠩᠭᠠᠷ ᠤᠨ ᠠᠩᠭᠢ ᠬᠠᠮᠤᠭ ᠤᠨ ᠰᠢᠯᠢᠳᠡᠭ ᠪᠦᠲᠦᠭᠡᠯᠴᠢ ᠱᠠᠩᠨᠠᠯ ᠬᠦᠷᠲᠡᠪᠡ
图片18.png
        ᠰᠢᠭᠤᠶᠢᠲᠤ ᠲᠣᠭᠤᠷᠢᠭ ᠤᠨ ᠬᠠᠶᠢᠷ᠎ᠠ ᠪᠠᠷ ᠬᠠᠮᠲᠤ ᠬᠦᠳᠡᠯᠦᠯᠴᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠰᠢᠯᠢᠳᠡᠭ ᠦᠵᠡᠭᠦᠯᠦᠯᠭᠡ ᠶᠢᠨ ᠱᠠᠩᠨᠠᠯ ᠬᠦᠷᠲᠡᠪᠡ
图片19.png
        ᠰᠢᠭᠤᠶᠢᠲᠤ ᠲᠣᠭᠤᠷᠢᠭ ᠤᠨ ᠰᠣᠶᠣᠯ ᠤᠨ ᠣᠷᠳᠣᠨ ᠰᠢᠯᠢᠳᠡᠭ ᠵᠣᠬᠢᠶᠠᠨ ᠪᠠᠶᠢᠭᠤᠤᠯᠲᠠ ᠶᠢᠨ ᠱᠠᠩᠨᠠᠯ ᠬᠦᠷᠲᠡᠪᠡ
图片20.png
        ᠶᠠᠩᠭᠠᠷ ᠤᠨ ᠠᠩᠭᠢ ᠶᠢᠨ ᠣᠷᠭᠢᠯᠤᠮ᠎ᠠ ᠬᠠᠯᠠᠭᠤᠨ ᠲᠣᠭᠯᠠᠯᠲᠠ ᠨᠢ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠢ ᠨᠠᠩ ᠴᠤ ᠣᠷᠭᠢᠯ ᠳᠤᠨᠢ ᠬᠦᠷᠭᠡᠭᠰᠡᠨ ᠪᠠᠶᠢᠨ᠎ᠠ᠃ ᠲᠡᠳᠡ ᠨᠠᠷ ᠬᠢᠯᠠᠭᠠᠷ ᠰᠠᠶᠢᠶᠢᠬᠠᠨ ᠬᠤᠪᠴᠠᠰᠤ ᠡᠮᠦᠰᠴᠦ᠂ ᠭᠠᠷ ᠲᠤ ᠪᠠᠨ ᠤᠯᠠᠭᠠᠨ ᠲᠤᠷᠠᠭ᠎ᠠ ᠪᠠᠷᠢᠵᠤ᠂ ᠪᠠᠶᠠᠷ ᠪᠠᠶᠠᠰᠬᠤᠯᠠᠩᠲᠤ ᠬᠥᠭ ᠠᠶᠠᠰ ᠤᠨ ᠳᠤᠮᠲᠠ ᠪᠦᠵᠢᠭᠯᠡᠨ᠎ᠡ᠃ ᠲᠡᠷᠡᠬᠦ ᠢᠳᠡᠷᠡᠭᠦᠨ ᠠᠯᠬᠤᠭ᠎ᠠ᠂ ᠭᠤᠶᠤ ᠰᠠᠶᠢᠬᠠᠨ ᠪᠡᠶ᠎ᠡ᠂ ᠭᠡᠷᠡᠯ ᠰᠠᠴᠤᠷᠠᠩᠭᠤᠢ ᠢᠨᠢᠶᠡᠮᠰᠦᠭᠯᠡᠯ ᠨᠢ ᠰᠢᠭᠤᠶᠢᠲᠤ ᠲᠣᠭᠤᠷᠢᠭ ᠤᠨ ᠠᠷᠠᠳ ᠲᠦᠮᠡᠨ ᠤ ᠡᠷᠡᠭᠦᠯ ᠥᠭᠡᠳᠡᠷᠬᠡᠭ ᠠᠮᠢᠳᠤᠷᠠᠯ ᠤᠨ ᠣᠪᠣᠷ ᠢ ᠬᠠᠷᠠᠭᠤᠯᠤᠨ᠎ᠠ᠃ ᠲᠡᠳᠡ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠢᠳᠡᠪᠬᠢᠲᠡᠶ ᠪᠠᠶᠠᠰᠤᠩᠭᠤᠶ ᠠᠮᠢᠳᠤᠷᠠᠯ ᠤᠨ ᠢᠲᠡᠭᠡᠯ ᠵᠣᠷᠢᠭ ᠢ ᠲᠠᠶᠢᠯᠪᠤᠷᠢᠯᠠᠵᠠᠶ᠃ ᠲᠡᠳᠡᠨ ᠤ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠲᠣᠭᠯᠠᠯᠲᠠ ᠨᠢ ᠬᠠᠪᠤᠷ ᠤᠨ ᠤᠯᠠᠷᠢᠯ ᠤᠨ ᠡᠯᠴᠢ ᠮᠡᠲᠤ ᠠᠮᠢᠵᠢᠷᠠᠯ ᠤᠨ ᠬᠦᠴᠦᠨ ᠢ ᠠᠪᠴᠢᠷᠠᠵᠤ᠂ ᠰᠢᠭᠤᠶᠢᠲᠤ ᠲᠣᠭᠤᠷᠢᠭ ᠤᠨ ᠠᠷᠠᠳ ᠲᠦᠮᠡᠨ ᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠵᠤ᠂ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠲᠡᠳᠡ ᠥᠪᠡᠷ ᠤᠨ ᠠᠵᠢᠯᠯᠠᠭ᠎ᠠ ᠪᠠᠷ ᠢᠶᠠᠨ ᠰᠢᠭᠤᠶᠢᠲᠤ ᠲᠣᠭᠤᠷᠢᠭ ᠤᠨ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠵᠦ᠂ ᠡᠨᠡᠬᠦ ᠭᠠᠵᠠᠷ ᠰᠢᠷᠣᠢ ᠳᠤ ᠥᠩᠭᠡ ᠭᠡᠷᠡᠯ ᠨᠡᠮᠡᠷᠢᠯᠡᠭᠰᠡᠨ ᠪᠠᠶᠢᠨ᠎ᠠ᠃ 
 
ᠢᠷᠡᠯᠲᠡ᠄ ᠰᠣᠶᠣᠯ ᠵᠢᠭᠤᠯᠴᠢᠯᠠᠯ ᠤᠨ ᠰᠢᠭᠤᠶᠢᠲᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号