ᠰᠢᠭᠤᠶᠢᠲᠤ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠵᠢᠷᠭᠤᠳᠤᠭᠠᠷ ᠪᠠᠶᠢᠴᠠᠭᠠᠬᠤ ᠳᠤᠭᠤᠢᠯᠠᠩ ᠰᠤᠷᠭᠠᠭᠤᠯᠢ ᠶᠢᠨ ᠬᠦᠷᠢᠶᠡᠨ ᠤ ᠠᠮᠤᠷ ᠲᠥᠪᠰᠢᠨ ᠢ ᠪᠠᠶᠢᠴᠠᠭᠠᠪᠠ
ᠨᠡᠶᠢᠲᠡᠯᠡᠭᠰᠡᠨ ᠴᠠᠭ᠄
2024/12/30
        ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠬᠢᠭᠡᠳ ᠰᠤᠷᠭᠠᠭᠤᠯᠢ ᠶᠢᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠵᠢᠷᠭᠤᠳᠤᠭᠠᠷ ᠠᠵᠢᠯᠯᠠᠬᠤ ᠳᠤᠭᠤᠶᠢᠯᠠᠩ ᠤᠨ ᠳᠠᠷᠤᠭ᠎ᠠ ᠱᠠᠩ ᠶᠦᠩ ᠵᠧᠨ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠢᠷᠭᠤᠳᠤᠭᠠᠷ ᠠᠵᠢᠯᠯᠠᠬᠤ ᠳᠤᠭᠤᠶᠢᠯᠠᠩ ᠤᠨ ᠳᠡᠳ᠋ ᠳᠠᠷᠤᠭ᠎ᠠ ᠶᠤᠸᠠᠢ ᠵᠢᠶᠠᠨ ᠪᠢᠨ ᠪᠦᠯᠬᠦᠮ ᠳᠠᠭᠠᠭᠤᠯᠤᠨ᠂ ᠪᠤᠭᠤᠲᠤ ᠬᠤᠲᠠ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶ ᠨᠠᠷᠢᠨ ᠨᠢᠮᠪᠠᠶ ᠠᠮᠤᠷ ᠲᠦᠪᠰᠢᠨ ᠤ ᠪᠠᠶᠢᠴᠠᠭᠠᠯᠲᠠ ᠬᠢᠪᠠ᠃        ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠵᠢᠭᠠᠨ ᠰᠤᠷᠭᠠᠯᠲᠠ ᠶᠢᠨ ᠠᠰᠠᠷ᠂ ᠪᠠᠶᠢᠷᠢ ᠶᠢᠨ ᠠᠰᠠᠷ᠂ ᠤᠷᠠᠯᠢᠭ ᠤᠨ ᠠᠰᠠᠷ᠂ ᠬᠤᠭᠤᠯᠠᠨ ᠭᠡᠷ ᠵᠡᠷᠭᠡ ᠭᠤᠣᠯᠳᠠᠯᠭ᠎ᠠ ᠪᠣᠯᠬᠤ ᠣᠷᠣᠨ ᠪᠦᠰᠡ ᠳᠤ ᠭᠦᠨᠵᠡᠭᠡᠶᠢᠷᠡᠵᠦ᠂ ᠭᠠᠯ ᠤᠨᠲᠠᠷᠠᠭᠠᠬᠤ ᠠᠮᠤᠷ ᠲᠦᠪᠰᠢᠨ᠂ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠡᠢ᠃ ᠬᠦᠷᠦᠭᠰᠡᠨ ᠭᠠᠵᠠᠷ ᠪᠣᠯᠭᠠᠨ ᠳᠤ᠂ ᠰᠤᠷᠭᠠᠭᠤᠯᠢ ᠶᠢᠨ ᠬᠠᠷᠢᠭᠤᠴᠠᠯᠭᠠᠲᠠᠨ ᠤ ᠠᠮᠤᠷ ᠲᠦᠪᠰᠢᠨ ᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠯᠠᠪᠯᠠᠨ ᠠᠰᠠᠭᠤᠨ᠎ᠠ᠃ᠵᠢᠭᠠᠨ ᠰᠤᠷᠭᠠᠯᠲᠠ ᠶᠢᠨ ᠠᠰᠠᠷ ᠪᠠ ᠪᠠᠶᠢᠷᠢ ᠶᠢᠨ ᠠᠰᠠᠷ ᠲᠤ᠂ ᠪᠠᠶᠢᠴᠠᠭᠠᠬᠤ ᠳᠤᠭᠤᠶᠢᠯᠠᠩ ᠭᠠᠯ ᠤᠨᠲᠠᠷᠠᠭᠠᠬᠤ ᠮᠤᠰᠬᠢᠭᠤᠷ ᠤᠨ ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠲᠥᠬᠦᠭᠡᠷᠦᠮᠵᠢ ᠨᠢ ᠪᠦᠷᠢᠨ ᠪᠦᠲᠦᠨ ᠪᠥᠭᠡᠳ ᠪᠦᠲᠦᠮᠵᠢᠲᠡᠶ ᠡᠰᠡᠬᠦ᠂ ᠲᠠᠷᠬᠠᠭᠠᠬᠤ ᠵᠠᠮ ᠨᠢ ᠰᠠᠭᠠᠳ ᠥᠬᠡᠶ ᠪᠠᠶᠢᠬᠤ ᠡᠰᠡᠬᠦ᠂ ᠵᠢᠴᠢ ᠲᠣᠭᠲᠠᠭᠠᠯ ᠠᠴᠠ ᠵᠥᠷᠢᠴᠡᠨ ᠴᠠᠬᠢᠯᠭᠠᠨ ᠬᠡᠷᠡᠭᠰᠡᠯ ᠬᠡᠷᠡᠭᠯᠡᠭᠰᠡᠨ ᠡᠰᠡᠬᠦ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠬᠤᠭᠤᠯᠠᠨ ᠭᠡᠷ ᠲᠤ᠂ ᠪᠠᠶᠢᠴᠠᠭᠠᠬᠤ ᠳᠤᠭᠤᠶᠢᠯᠠᠩ ᠤᠨ ᠬᠢᠨ ᠰᠢᠲᠠᠭᠠᠯᠭ᠎ᠠ᠂ ᠢᠳᠡᠭᠡᠨ ᠤ ᠢᠷᠡᠯᠲᠡ᠂ ᠢᠳᠡᠭᠡᠨ ᠪᠣᠯᠪᠠᠰᠤᠷᠠᠭᠤᠯᠬᠤ ᠶᠠᠪᠤᠴᠠ᠂ ᠬᠤᠭᠤᠯᠠᠨ ᠤ ᠬᠡᠷᠡᠭᠰᠡᠯ ᠢ ᠠᠷᠢᠭᠤᠳᠬᠠᠬᠤ ᠵᠡᠷᠭᠡ ᠭᠤᠭᠴᠤᠭ᠎ᠠ ᠳᠤ ᠪᠣᠭᠤᠮᠲᠠ ᠶᠢ ᠴᠢᠩᠭ᠎ᠠ ᠠᠳᠬᠤᠵᠤ᠂ ᠢᠳᠡᠭᠡᠨ ᠤ ᠠᠷᠢᠭᠤᠨ ᠴᠡᠪᠡᠷ ᠠᠮᠤᠷ ᠲᠦᠪᠰᠢᠨ ᠢ ᠪᠠᠲᠤᠯᠠᠪᠠ᠃
图片1.png
        ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠰᠤᠷᠭᠠᠭᠤᠯᠢ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠶᠢᠨ ᠬᠠᠮᠲᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠪᠠᠶᠢᠴᠠᠭᠠᠬᠤ ᠳᠤᠭᠤᠶᠢᠯᠠᠩ ᠠᠴᠠ ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯ ᠰᠤᠷᠭᠠᠭᠤᠯᠢ ᠶᠢᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠂ ᠡᠷᠬᠡᠪᠰᠢ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃        ᠱᠠᠩ ᠶᠦᠩ ᠵᠧᠨ ᠂ ᠠᠮᠤᠷ ᠲᠦᠪᠰᠢᠨ ᠠᠯᠢᠪᠠ ᠠᠴᠠ ᠡᠷᠬᠢᠮ ᠶᠤᠮ᠂ ︽ᠠᠮᠢ ᠨᠠᠰᠤ ᠶᠢ ᠳᠡᠭᠡᠳᠦᠯᠡᠵᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠯᠤᠰ ᠲᠦᠷᠦ ᠶᠢᠨ ᠦᠨᠳᠦᠷᠴᠡ ᠠᠴᠠ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠨᠢᠭᠡ ᠳᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠨᠠᠮ ᠵᠠᠰᠠᠭ ᠤᠨ ᠬᠠᠷᠢᠭᠤᠴᠠᠯᠭᠠᠲᠠᠨ ᠪᠡᠶ᠎ᠡ ᠪᠠᠷ ᠢᠶᠠᠨ ᠣᠷᠣᠯᠴᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠲᠤᠰᠬᠠᠶ ᠮᠡᠷᠭᠡᠵᠢᠯ᠂ ᠵᠢᠷᠤᠮᠵᠢᠭᠰᠠᠨ ᠠᠮᠤᠷ ᠲᠦᠪᠰᠢᠨ ᠤ ᠪᠣᠯᠪᠠᠰᠤᠷᠠᠯ ᠢ ᠥᠷᠨᠢᠭᠦᠯᠵᠦ᠂ ᠪᠠᠭᠰᠢ ᠰᠣᠷᠣᠭᠴᠢ ᠠᠵᠢᠯᠲᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨ ᠬᠦ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠨᠠᠷᠢᠯᠢᠭ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠨᠢ ᠭᠦᠨᠵᠡᠭᠡᠶ ᠥᠬᠡᠶ᠂ ᠪᠥᠬᠦ ᠲᠠᠯ᠎ᠠ ᠪᠠᠷ ᠪᠢᠰᠢ᠂ ᠬᠡᠯᠪᠡᠷᠢ ᠶᠢᠨ ᠲᠡᠳᠦᠶ ᠪᠣᠯᠬᠤ᠂ ᠬᠠᠰᠢ ᠶᠠᠰᠢ ᠪᠠᠷ ᠥᠩᠭᠡᠷᠡᠭᠦᠯᠬᠦ ᠵᠡᠷᠭᠡ ᠠᠰᠠᠭᠤᠳᠠᠯ ᠢ ᠡᠷᠡᠰ ᠬᠤᠷᠢᠭᠯᠠᠨ᠎ᠠ᠃ ᠭᠤᠷᠪᠠ ᠳᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠲᠣᠭᠲᠠᠮᠠᠯ ᠬᠤᠭᠤᠴᠠᠭ᠎ᠠ ᠲᠠᠢ ᠪᠠᠷ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠳ ᠲᠣᠭᠲᠠᠮᠠᠯ ᠬᠤᠭᠤᠴᠠᠭ᠎ᠠ ᠲᠠᠢ ᠪᠠᠷ ᠥᠪᠡᠰᠦᠪᠡᠨ ᠪᠠᠶᠢᠴᠠᠭᠠᠬᠤ ᠶᠢ ᠥᠷᠨᠢᠭᠦᠯᠵᠦ᠂ ᠭᠤᠤᠯᠳᠠᠯᠭ᠎ᠠ ᠪᠣᠯᠬᠤ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠮᠤᠷ ᠲᠦᠪᠰᠢᠨ ᠤ ᠬᠠᠷᠢᠭᠤᠴᠠᠯᠭ᠎ᠠ ᠲᠣᠳᠣᠷᠬᠠᠶ ᠪᠠᠶᠢᠬᠤ᠂ ᠠᠮᠤᠷ ᠲᠦᠪᠰᠢᠨ ᠤ ᠡᠬᠡ ᠲᠠᠩᠰᠠ ᠶᠢ ᠲᠡᠭᠦᠯᠳᠡᠷᠵᠢᠭᠦᠯᠬᠦ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ ᠲᠦᠷᠪᠡ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠥᠨᠳᠥᠷ ᠪᠠᠷᠢᠮᠵᠢᠶ᠎ᠠ ᠪᠠᠷ ᠪᠠᠬᠢᠵᠢᠭᠦᠯᠵᠦ᠂ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
图片2.png
        ᠲᠣᠰ ᠤᠳᠠᠭᠠᠨ ᠤ ᠪᠠᠶᠢᠴᠠᠭᠠᠯᠲᠠ ᠨᠢ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠠᠮᠤᠷ ᠠᠮᠤᠭᠤᠯᠠᠩ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠪᠠᠭᠰᠢ ᠰᠣᠷᠣᠭᠴᠢ ᠨᠢᠭᠡᠪᠦᠷᠢ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃        ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠠ ᠯᠢ ᠮᠢᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠪᠤᠭᠤᠲᠤ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠬᠠᠮᠢᠶ᠎ᠠ ᠪᠥᠬᠦᠶ ᠬᠥᠮᠦᠰ ᠪᠠᠷ᠎ᠠ ᠪᠣᠯᠵᠣ ᠪᠠᠶᠢᠴᠠᠭᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号