︽ᠳᠠᠷᠤᠭᠠᠰᠤ︾ ᠨᠢ ︽ᠡᠳ᠋ ᠪᠠᠶᠠᠯᠢᠭ︾ ᠪᠣᠯᠵᠤ ᠬᠤᠪᠢᠷᠠᠪᠠ︕ ᠰᠢᠭᠤᠶᠢᠲᠤ ᠵᠡᠭᠡᠯᠢ ᠭᠤᠳᠤᠮᠵᠢ  ᠬᠠᠳᠠᠭᠠᠯᠠᠮᠵᠢ ᠪᠠᠨ ᠠᠮᠢᠳᠤᠯᠢᠭᠵᠢᠭᠤᠯᠪᠠ
ᠨᠡᠶᠢᠲᠡᠯᠡᠭᠰᠡᠨ ᠴᠠᠭ᠄
2024/12/31
        ᠡᠨᠡ ᠵᠢᠯ ᠠᠴᠠ ᠨᠠᠭᠠᠰᠢ᠂ ᠰᠢᠭᠤᠶᠢᠲᠤ ᠵᠡᠭᠡᠯᠢ ᠭᠤᠳᠤᠮᠵᠢ ᠨᠢ ᠬᠠᠳᠠᠭᠠᠯᠠᠮᠵᠢ ᠶᠢᠨ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠲᠠᠯ᠎ᠠ ᠪᠠᠷ ᠨᠠᠷᠢᠯᠢᠭ ᠨᠢᠮᠪᠠᠢ ᠠᠵᠢᠯᠯᠠᠵᠤ᠂ ︽ᠠᠮᠢᠳᠤᠯᠢᠭᠵᠢᠭᠤᠯᠬᠤ︾ ᠲᠠᠯ᠎ᠠ ᠪᠠᠷ ᠰᠢᠪᠲᠤᠯᠤᠯᠲᠠ ᠡᠷᠢᠵᠦ᠂ ᠪᠠᠰᠠ ︽ᠦᠷ᠎ᠡ ᠪᠦᠲᠦᠮᠵᠢ︾ ᠶᠢᠨ ᠲᠠᠯ᠎ᠠ ᠪᠠᠷ ᠳᠠᠯᠳᠠ ᠬᠦᠴᠦᠨ ᠢ ᠭᠦᠨ ᠠᠭᠤᠳᠠᠯᠵᠤ᠂ ᠪᠦᠬᠦ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠴᠣ ᠰᠢᠨ᠎ᠡ ᠠᠮᠢᠵᠢᠷᠠᠯ ᠤᠨ ᠬᠦᠴᠦᠨ ᠤ ᠡᠬᠢ ᠪᠤᠯᠠᠭ ᠨᠡᠮᠡᠷᠢᠯᠡᠭᠰᠡᠨ ᠪᠠᠶᠢᠨ᠎ᠠ᠃        ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠵᠢᠴᠢ ᠡᠯ᠎ᠡ ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠵᠣᠷᠢᠭᠵᠢᠭᠤᠯᠤᠯ ᠪᠠ ᠳᠠᠭᠠᠭᠤᠯᠭ᠎ᠠ ᠳᠣᠣᠷ᠎ᠠ᠂ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠡᠩ ᠲᠡᠷᠢᠭᠦᠨ ᠳᠤ ᠰᠢᠭᠤᠶᠢᠲᠤ ᠲᠣᠭᠤᠷᠢᠭ ᠤᠨ ᠠᠩᠬᠠᠳᠠᠭᠴᠢ ᠨᠡᠶᠢᠭᠡᠮ ᠲᠣᠭᠤᠷᠢᠭ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ — ︽ᠰᠢᠨ ᠸᠠᠩ ᠢᠷᠡᠭᠡᠳᠦᠢ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︾ ᠶᠢ ᠪᠠᠶᠢᠭᠤᠯᠪᠠ᠃        ᠲᠣᠰ ᠺᠣᠮᠫᠠᠨᠢ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠵᠠᠭᠪᠤᠷ ᠢᠶᠠᠷ ᠳᠠᠮᠵᠢᠭᠤᠯᠤᠨ᠂ ᠳᠥᠷᠪᠡᠨ ᠭᠠᠵᠠᠷ ᠤᠨ ᠨᠠᠮ ᠵᠢᠮ ᠲᠠᠯᠠᠪᠤᠷ ᠭᠠᠵᠠᠷ᠂ ᠭᠤᠴᠢ ᠭᠠᠷᠤᠶ ᠲᠠᠰᠤᠯᠭ᠎ᠠ ᠣᠷᠣᠨ ᠰᠠᠭᠤᠴᠠ ᠵᠢᠴᠢ ᠨᠢᠭᠡ ᠲᠡᠷᠭᠡᠨ ᠵᠣᠭᠰᠣᠭᠠᠯ ᠢ ᠬᠥᠭᠵᠢᠯᠲᠡ ᠶᠢᠨ ᠦᠨᠡᠲᠦ ᠡᠷᠳᠡᠨᠢ ᠪᠣᠯᠭᠠᠨ ᠬᠤᠪᠢᠷᠠᠭᠤᠯᠵᠤ᠂ ᠠᠷᠪᠠᠨ ᠨᠠᠢᠮᠠᠨ ᠵᠦᠢᠯ ᠤᠨ ᠦᠢᠯᠡᠴᠢᠯᠡᠭᠡᠨ ᠤ ᠵᠦᠢᠯᠡᠰ ᠢ ᠨᠠᠷᠢᠨ ᠨᠢᠮᠪᠠᠶ ᠨᠡᠭᠡᠭᠡᠨ ᠭᠠᠷᠭᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠲᠥᠬᠦᠮ ᠨᠥᠬᠦᠴᠡᠯ ᠢ ᠲᠦᠢᠯ ᠤᠨ ᠶᠡᠭᠡ ᠪᠠᠷ ᠪᠠᠶᠠᠯᠢᠭᠵᠢᠭᠤᠯᠪᠠ᠃        ︽ᠰᠢᠭᠤᠶᠢᠲᠤ ᠵᠡᠭᠡᠯᠢ ᠭᠤᠳᠤᠮᠵᠢ ᠨᠢ ᠰᠤᠯᠠ ᠪᠠᠶᠢᠭ᠎ᠠ ᠡᠳ᠋ ᠬᠥᠷᠥᠩᠭᠡ ᠶᠢ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠠᠯᠲᠠᠨ ᠦᠰᠦᠭᠲᠦ ᠫᠠᠶᠢᠰᠠ᠂ ᠵᠣᠷᠢᠭᠲᠠᠢ ᠪᠠᠷ ᠬᠠᠶᠢᠨ ᠰᠦᠪᠡᠭᠴᠢᠯᠡᠬᠦ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠶᠠᠯᠠᠯ ᠤᠨ ᠵᠠᠮ ᠢᠶᠠᠷ ᠦᠵᠡᠪᠡ᠃ ᠨᠡᠶᠢᠭᠡᠮ ᠲᠣᠭᠤᠷᠢᠭ ᠤᠨ ᠺᠠᠳ᠋ᠷᠴᠤᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠬᠤᠷᠠᠮᠳᠤᠭᠤᠯᠵᠤ᠂ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ ᠨᠢᠭᠡᠴᠢ᠂ ᠬᠥᠷᠰᠢ ᠵᠡᠷᠭᠡᠯᠡᠳᠡᠭᠡ ᠠᠵᠤ ᠠᠬᠤᠶᠢᠯᠠᠯ ᠵᠢᠴᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠪᠣᠯᠤᠨ ᠬᠠᠯᠠᠭᠤᠨ ᠰᠡᠳᠬᠢᠯᠲᠦ ᠰᠠᠭᠤᠭᠠᠯᠢ ᠠᠷᠠᠳ ᠢ ᠲᠠᠶᠢᠴᠢᠯᠠᠨ ᠭᠠᠷ ᠬᠤᠯᠪᠣᠨ ᠵᠡᠷᠭᠡ ᠪᠠᠷ ᠤᠷᠤᠭᠰᠢᠯᠠᠭᠤᠯᠵᠤ᠂ ᠨᠡᠶᠢᠭᠡᠮ ᠲᠣᠭᠤᠷᠢᠭ ᠤᠨ ᠬᠥᠭᠵᠢᠯᠲᠡ ᠳᠤ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠨᠡᠮᠡᠷᠢᠯᠡᠬᠦ ᠶᠢ ᠳᠠᠶᠢᠴᠢᠯᠠᠪᠠ᠃ ᠲᠣᠰ ᠠᠷᠭ᠎ᠠ ᠬᠡᠮᠵᠢᠶ᠎ᠡ ᠨᠢ ᠵᠡᠭᠡᠯᠢ ᠭᠤᠳᠤᠮᠵᠢ ᠶᠢᠨ ᠣᠯᠠᠨ ᠵᠢᠯ ᠤᠨ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠭᠰᠠᠨ ᠢᠶᠠᠷ ᠪᠠᠷᠠᠬᠤ ᠥᠬᠡᠶ ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠵᠤ᠂ ᠨᠠᠩ ᠴᠤ ᠨᠡᠶᠢᠭᠡᠮ ᠲᠣᠭᠤᠷᠢᠭ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠳᠤ ᠮᠠᠰᠢ ᠰᠠᠶᠢᠨ ᠠᠰᠢᠭ ᠣᠷᠣᠯᠭ᠎ᠠ ᠠᠪᠴᠢᠷᠠᠵᠠᠢ︾ ᠭᠡᠵᠦ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠡᠳᠬᠢᠯ ᠳᠣᠭᠳᠣᠯᠤᠨ ᠬᠡᠯᠡᠪᠡ᠃        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠦᠷᠭᠦᠯᠵᠢᠯᠡᠨ ᠬᠦᠴᠦᠯᠡᠵᠦ᠂ ᠪᠦᠬᠦ ᠬᠦᠴᠦᠨ ᠢᠶᠠᠷ ᠢᠶᠠᠨ ᠬᠠᠳᠠᠭᠠᠯᠠᠮᠵᠢ ᠡᠬᠢ ᠪᠠᠶᠠᠯᠢᠭ ᠤᠨ ᠳᠠᠯᠳᠠ ᠦᠷᠳᠡᠭ ᠢ ᠬᠥᠭᠵᠢᠭᠡᠵᠦ᠂ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠬᠤ ᠮᠥᠷᠲᠡᠭᠡᠨ ᠪᠠᠰᠠ ᠨᠡᠮᠡᠭᠳᠡᠯ ᠤᠨ ᠬᠡᠮᠵᠢᠶ᠎ᠡ ᠶᠢ ᠪᠤᠶᠢᠵᠢᠭᠤᠯᠵᠤ ᠂ ᠶᠠᠰᠤ ᠴᠢᠨᠠᠷ ᠢ ᠨᠡᠩ ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ ᠦᠢᠯᠡᠳᠪᠦᠷᠢᠯᠡᠯ ᠤᠨ ᠬᠦᠴᠦᠨ ᠤ ᠲᠣᠭᠲᠠᠯᠴᠠᠭ᠎ᠠ ᠶᠢ ᠲᠦᠷᠭᠡᠨ ᠪᠠᠶᠢᠭᠤᠯᠵᠤ᠂ ᠬᠠᠳᠠᠭᠠᠯᠠᠮᠵᠢ ᠡᠳ᠋ ᠬᠦᠷᠦᠩᠭᠡ ᠪᠣᠯᠤᠨ ᠰᠢᠨ᠎ᠡ ᠪᠠᠷ ᠨᠡᠮᠡᠭᠳᠡᠭᠰᠡᠨ ᠪᠡᠯᠡ ᠣᠷᠣᠭᠤᠯᠤᠯᠲᠠ ᠶᠢᠨ ᠰᠠᠶᠢᠨ ᠬᠤᠷᠰᠢᠯᠴᠠᠭ᠎ᠠ ᠪᠣᠯᠤᠨ ᠣᠷᠴᠢᠯ ᠢ ᠪᠡᠶᠡᠯᠡᠭᠦᠯᠵᠦ᠂ ᠡᠭᠦᠨ ᠤ ᠤᠯᠠᠮ ᠠᠴᠠ ᠰᠢᠭᠤᠶᠢᠲᠤ ᠵᠡᠭᠡᠯᠢ ᠭᠤᠳᠤᠮᠵᠢ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠪᠣᠯᠤᠨ ᠦᠷᠢᠰᠦᠯᠳᠦᠬᠦ ᠬᠦᠴᠦᠨ ᠢ ᠦᠨᠡᠨ ᠬᠦ ᠴᠢᠩᠭᠠᠳᠬᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号